ᠪᠠᠶᠠᠷ ᠤᠨ ᠴᠢᠮᠡᠭᠡ︕ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ 2 ᠬᠡᠷᠡᠭ ᠦᠨ ᠵᠢᠱᠢᠶ᠎ᠡ 1 ᠥᠭᠦᠯᠡᠯ ᠱᠠᠩᠨᠠᠯ ᠭᠥᠷᠳᠡᠪᠡ
ᠣᠶᠢᠷ᠎ᠠ ᠳᠤ ᠂ ᠬᠠᠸᠯᠢ ᠪᠠᠷ ᠵᠠᠰᠠᠬᠤ ᠡᠳᠦᠷ ᠦᠨ ᠰᠣᠨᠢᠨ ᠤ ᠬᠣᠷᠢᠶ᠎ᠠ ᠂ ᠪᠡᠭᠡᠵᠢᠩ ᠦᠨ ᠠᠮᠤᠷ ᠲᠦᠪᠰᠢᠨ ᠦ ᠰᠡᠷᠭᠡᠶᠢᠯᠡᠯᠲᠡ ᠶᠢᠨ ᠠᠵᠢᠯ ᠲᠥᠷᠥᠯ ᠦᠨ ᠨᠡᠶᠢᠭᠡᠮᠯᠢᠭ ᠡᠴᠡ ᠬᠠᠮᠲᠤᠷᠠᠨ ᠡᠷᠭᠢᠯᠡᠭᠰᠡᠨ ︽ 2021 ᠣᠨ ᠤ ᠤᠯᠤᠰ ᠲᠥᠷᠥ ᠬᠠᠸᠯᠢ ᠴᠠᠭᠠᠵᠠ ᠶᠢᠨ ᠤᠶᠤᠨᠴᠢᠯᠠᠯᠳᠠ ᠵᠢᠨ ᠪᠠᠶᠢᠭᠤᠯᠤᠯᠲᠠ ᠶᠢᠨ ᠮᠡᠷᠭᠡᠵᠢᠯ ᠦᠨ ᠲᠣᠨᠣᠭ ᠲᠥᠬᠥᠭᠡᠷᠦᠮᠵᠢ ᠵᠢᠴᠢ ᠦᠷ᠎ᠡ ᠪᠦᠲᠦᠭᠡᠯ ᠦᠨ ᠦᠵᠡᠭᠦᠯᠦᠯᠭᠡ ︾ ᠪᠡᠭᠡᠵᠢᠩ ᠳᠦ ᠶᠠᠪᠤᠭᠳᠠᠪᠠ ᠃ ᠬᠤᠷᠠᠯ ᠳᠡᠭᠡᠷ᠎ᠡ ᠤᠶᠤᠨᠲᠤ ᠵᠠᠰᠠᠯᠲᠠ᠂ ᠤᠶᠤᠨᠲᠤ ᠰᠢᠭᠦᠬᠦ ᠬᠣᠷᠢᠢ᠎ᠠ᠂ ᠤᠶᠤᠨᠲᠤ ᠪᠠᠶᠢᠴᠠᠭᠠᠬᠤ ᠠᠵᠢᠯ᠂ ᠤᠶᠤᠨᠲᠤ ᠴᠠᠭᠳᠠᠭᠠᠨ ᠤ ᠶᠠᠪᠤᠳᠠᠯ᠂ ᠤᠶᠤᠨᠲᠤ ᠬᠠᠤᠯᠢ ᠴᠠᠭᠠᠵᠠ ᠶᠢᠨ ᠰᠢᠨ᠎ᠡ ᠶᠢ ᠡᠭᠦᠳᠦᠭᠰᠡᠨ ᠬᠡᠷᠡᠭ ᠦᠨ ᠵᠢᠱᠢᠢ᠎ᠡ᠂ ᠰᠢᠨ᠎ᠡ ᠶᠢ ᠡᠭᠦᠳᠦᠭᠰᠡᠨ ᠲᠥᠰᠦᠯ᠂ ᠰᠢᠨ᠎ᠡ ᠶᠢ ᠡᠭᠦᠳᠦᠭᠰᠡᠨ ᠦᠢᠯᠡᠳᠬᠦᠨ ᠵᠢᠴᠢ ᠡᠯ᠎ᠡ ᠲᠦᠷᠦᠯ ᠦᠨ ᠱᠠᠩᠨᠠᠯ ᠬᠦᠷᠳᠡᠭᠰᠡᠡ ᠥᠭᠦᠯᠡᠯ ᠢ ᠨᠡᠶᠢᠲᠡᠯᠡᠪᠡ᠃ ᠡᠭᠦᠨ ᠳᠦ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ 2 ᠬᠡᠷᠡᠭ ᠦᠨ ᠵᠢᠱᠢᠶ᠎ᠡ 1 ᠥᠭᠦᠯᠡᠯ ᠱᠠᠩᠨᠠᠯ ᠭᠥᠷᠳᠡᠪᠡ ᠃
ᠣᠶᠢᠯᠠᠭᠠᠭᠰᠠᠨ ᠢᠶᠠᠷ ᠂ ᠡᠨᠡ ᠵᠢᠯ ᠦᠨ 3 ᠰᠠᠷ᠎ᠠ ᠠᠴᠠ ᠡᠬᠢᠯᠡᠨ ᠂ ᠬᠠᠸᠯᠢ ᠪᠠᠷ ᠵᠠᠰᠠᠬᠤ ᠡᠳᠦᠷ ᠦᠨ ᠰᠣᠨᠢᠨ ᠤ ᠬᠣᠷᠢᠶ᠎ᠠ 2021 ᠣᠨ ᠤ ᠤᠯᠤᠰ ᠲᠥᠷᠥ ᠬᠠᠸᠯᠢ ᠴᠠᠭᠠᠵᠠ ᠶᠢᠨ ᠤᠶᠤᠨᠴᠢᠯᠠᠯᠳᠠ ᠵᠢᠨ ᠪᠠᠶᠢᠭᠤᠯᠤᠯᠲᠠ ᠶᠢᠨ ᠰᠢᠨ᠎ᠡ ᠶᠢ ᠡᠭᠦᠳᠦᠭᠰᠡᠨ ᠬᠡᠷᠡᠭ ᠦᠨ ᠵᠢᠱᠢᠶ᠎ᠡ ᠶᠢ ᠡᠯᠰᠡᠬᠦ ᠠᠵᠢᠯᠯᠠᠭ᠎ᠠ ᠶᠢ ᠵᠢᠩᠬᠢᠨᠢ ᠪᠡᠷ ᠡᠬᠢᠯᠡᠭᠦᠯᠵᠦ ᠂ ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ 37 ᠬᠡᠷᠡᠭ ᠦᠨ ᠵᠢᠱᠢᠶ᠎ᠡ ︽ ᠤᠶᠤᠨᠲᠤ ᠪᠠᠶᠢᠴᠠᠭᠠᠬᠤ ᠠᠵᠢᠯ ︾ ᠤᠨ ᠰᠢᠯᠭᠠᠷᠠᠭᠤᠯᠤᠯᠲᠠ ᠳᠤ ᠣᠷᠣᠯᠴᠠᠵᠤ ᠂ ᠱᠠᠲᠤ ᠱᠠᠲᠤ ᠪᠠᠷ ᠰᠢᠯᠢᠨ ᠰᠣᠩᠭᠣᠬᠤ ᠂ ᠰᠦᠯᠵᠢᠶᠡᠨ ᠳᠡᠭᠡᠷ᠎ᠡ ᠪᠢᠯᠧᠲ᠋ ᠥᠭᠬᠦ ᠂ ᠣᠯᠠᠨ ᠡᠭᠡᠯᠵᠢ ᠶᠢᠨ ᠲᠤᠰᠬᠠᠶ ᠮᠡᠷᠭᠡᠵᠢᠯᠲᠡᠨ ᠦ ᠰᠢᠯᠭᠠᠷᠠᠭᠤᠯᠤᠯᠲᠠ ᠪᠠᠷ ᠳᠡᠮᠵᠢᠨ ᠂ ᠡᠴᠦᠰ ᠲᠡᠬᠡᠨ 27 ᠬᠡᠷᠡᠭ ᠦᠨ ᠵᠢᠱᠢᠶ᠎ᠡ ᠶᠢ ᠰᠢᠯᠭᠠᠷᠠᠭᠤᠯᠤᠭᠰᠠᠨ ᠪᠠᠶᠢᠨ᠎ᠠ ᠃
ᠰᠢᠨ᠎ᠡ ᠶᠢ ᠡᠭᠦᠳᠦᠭᠰᠡᠨ ᠬᠡᠷᠡᠭ ᠦᠨ ᠵᠢᠱᠢᠶ᠎ᠡ
ᠤᠶᠤᠨᠲᠤ ᠪᠠᠶᠢᠴᠠᠭᠠᠬᠤ ᠠᠵᠢᠯ
ᠬᠡᠷᠡᠭ ᠦᠨ ᠵᠢᠱᠢᠶ᠎ᠡ ᠶᠢᠨ ᠨᠡᠷᠡᠶᠢᠳᠦᠯ ᠄
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠮᠣᠩᠭᠣᠯ ᠬᠡᠯᠡᠨ ᠦ ᠲᠤᠭᠠᠴᠢᠯᠠᠭᠰᠠᠨ ᠲᠠᠪᠴᠠᠩ
ᠮᠡᠳᠡᠭᠦᠯᠦᠭᠰᠡᠨ ᠨᠢᠭᠡᠴᠢ ᠄
ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ
ᠣᠶᠢᠷ᠎ᠠ ᠶᠢᠨ ᠵᠢᠯ ᠳᠦ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠰᠢᠨ᠎ᠡ ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ ᠤᠶᠤᠨᠲᠤ ᠪᠠᠶᠢᠴᠠᠭᠠᠬᠤ ᠠᠵᠢᠯ ᠤᠨ ᠭᠤᠷᠪᠠᠨ ᠶᠡᠬᠡ ᠰᠢᠰᠲ᠋ᠧᠮ ᠦᠨ ᠪᠠᠶᠢᠭᠤᠯᠤᠯᠲᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ ᠂ ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠦᠨ ᠬᠦᠴᠦᠨ ᠪᠣᠯᠤᠨ ᠦᠨᠳᠦᠰᠦᠲᠡᠨ ᠦ ᠣᠷᠣᠨ ᠤ ᠬᠠᠤᠯᠢ ᠴᠠᠭᠠᠵᠠ ᠶᠢᠨ ᠦᠢᠯᠡᠳᠦᠯᠭᠡ ᠶᠢ ᠣᠷᠭᠠᠨᠢᠭ ᠢᠶᠠᠷ ᠤᠶᠠᠯᠳᠤᠭᠤᠯᠵᠤ ᠂ ᠮᠣᠩᠭᠣᠯ ᠦᠭᠡ ᠬᠡᠯᠡ ᠦᠰᠦᠭ ᠪᠢᠴᠢᠭ ᠢᠶᠡᠷ ᠠᠴᠢᠶᠠᠯᠠᠪᠤᠷᠢ ᠪᠣᠯᠭᠠᠭᠰᠠᠨ 《 ᠲᠣᠭᠠᠴᠢᠯᠠᠭᠰᠠᠨ ᠲᠠᠪᠴᠠᠩ 》 《 ᠬᠡᠷᠡᠭ ᠰᠢᠶᠳᠪᠦᠷᠢᠯᠡᠬᠦ ᠳ᠋ᠠᠶᠢᠲ᠋ᠠ ᠬᠥᠮᠥᠷᠭᠡ 》 《 ᠬᠡᠷᠡᠭ ᠦᠨ ᠮᠡᠳᠡᠭᠡ ᠵᠠᠩᠭᠢ ᠶᠢ ᠢᠯᠡ ᠪᠣᠯᠭᠠᠬᠤ ᠰᠦᠯᠵᠢᠶ᠎ᠡ 》 《 ᠤᠶᠤᠨᠲᠤ ᠬᠡᠷᠡᠭ ᠰᠢᠶᠳᠪᠦᠷᠢᠯᠡᠬᠦ ᠪᠠᠭᠠᠵᠢ 》 ᠪᠦᠬᠦ ᠣᠷᠣᠨ ᠤ ᠣᠶᠤᠨᠴᠢ ᠪᠠᠷ ᠬᠡᠷᠡᠭ ᠰᠢᠶᠳᠪᠦᠷᠢᠯᠡᠬᠦ ᠪᠠ ᠰᠦᠯᠵᠢᠶᠡᠨ ᠦ ᠮᠡᠳᠡᠭᠡ ᠵᠠᠩᠭᠢ ᠶᠢᠨ ᠦᠢᠯᠡᠴᠢᠯᠡᠭᠡᠨ ᠦ ᠲᠠᠪᠴᠠᠩ ᠢ ᠪᠠᠶᠢᠭᠤᠯᠵᠤ ᠂ ᠮᠣᠩᠭᠣᠯ ᠬᠡᠯᠡᠨ ᠦ ᠮᠡᠳᠡᠭᠡ ᠵᠠᠩᠭᠢᠴᠢᠯᠠᠯᠲᠠ ᠪᠣᠯᠤᠨ ᠪᠠᠶᠢᠴᠠᠭᠠᠬᠤ ᠠᠵᠢᠯ ᠤᠨ ᠬᠣᠣᠰ ᠬᠡᠯᠡᠨ ᠦ ᠠᠵᠢᠯ ᠤᠨ ᠭᠦᠨᠵᠡᠭᠡᠶ ᠠᠭᠤᠰᠤᠯᠴᠠᠯ ᠢ ᠪᠦᠲᠦᠮᠵᠢᠲᠡᠶ ᠠᠬᠢᠭᠤᠯᠵᠤ ᠂ ᠥᠪᠥᠷ ᠮᠣᠩᠭᠣᠯ ᠤᠨ ᠣᠨᠴᠠᠯᠢᠭ ᠲᠠᠶ ᠮᠡᠳᠡᠭᠡ ᠵᠠᠩᠭᠢᠴᠢᠯᠠᠯᠲᠠ ᠶᠢᠨ ᠰᠢᠨ᠎ᠡ ᠵᠠᠭᠪᠤᠷ ᠢ ᠡᠭᠦᠳᠴᠦ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ︽ ᠪᠥᠬᠥ ᠲᠤᠬᠠᠶᠢᠯᠠᠭᠰᠠᠨ ᠠᠵᠢᠯ ᠤᠨ ᠣᠶᠤᠨᠴᠢ ᠪᠠᠷ ᠬᠡᠷᠡᠭ ᠰᠢᠶᠳᠪᠦᠷᠢᠯᠡᠬᠦ ᠂ ᠪᠥᠬᠥ ᠡᠯᠧᠮᠧᠨ᠋ᠲ ᠦᠨ ᠣᠶᠤᠨᠴᠢ ᠪᠠᠷ ᠬᠠᠮᠢᠶᠠᠷᠬᠤ ᠂ ᠪᠥᠬᠥ ᠲᠠᠯ᠎ᠠ ᠪᠠᠷ ᠣᠶᠤᠨᠴᠢ ᠪᠠᠷ ᠦᠶᠯᠡᠴᠢᠯᠡᠬᠦ ᠂ ᠪᠥᠬᠥ ᠬᠦᠷᠢᠶᠡᠨ ᠳᠡᠬᠢ ᠣᠶᠤᠨᠴᠢ ᠪᠠᠷ ᠲᠤᠯᠭᠠᠭᠤᠷᠢᠯᠠᠬᠤ ︾ ᠤᠶᠤᠨᠲᠦ ᠪᠠᠶᠢᠴᠠᠭᠠᠬᠤ ᠠᠵᠢᠯ ᠤᠨ ᠪᠣᠷᠣ ᠲᠥᠯᠥᠪ ᠲᠦ ᠴᠢᠬᠤᠯᠠ ᠦᠶᠯᠡᠳᠦᠯ ᠦᠵᠡᠭᠦᠯᠵᠦ ᠂ ᠪᠥᠬᠥ ᠤᠯᠤᠰ ᠤᠨ ᠮᠣᠩᠭᠣᠯ ᠦᠨᠳᠦᠰᠦᠲᠡᠨ ᠦ ᠣᠯᠠᠨ ᠲᠦᠮᠡᠨ ᠵᠢᠴᠢ ᠬᠣᠸᠰ ᠬᠡᠯᠡᠨ ᠦ ᠬᠠᠸᠯᠢ ᠴᠠᠭᠠᠵᠠ ᠶᠢᠨ ᠠᠵᠢᠯᠲᠠᠳ ᠲᠤ ᠬᠣᠸᠰ ᠬᠡᠯᠡᠨ ᠦ ᠪᠠᠶᠢᠴᠠᠭᠠᠬᠤ ᠠᠵᠢᠯ ᠤᠨ ᠮᠡᠳᠡᠭᠡ ᠵᠠᠩᠭᠢᠴᠢᠯᠠᠯᠲᠠ ᠂ ᠰᠦᠯᠵᠢᠶᠡᠵᠢᠯᠲᠡ ᠂ ᠤᠶᠤᠨᠴᠢᠯᠠᠯᠳᠠ ᠵᠢᠨ ᠪᠠᠶᠢᠴᠠᠭᠠᠬᠤ ᠦᠶᠯᠡᠴᠢᠯᠡᠭᠡ ᠬᠠᠩᠭᠠᠪᠠ ᠃
ᠲᠣᠭᠠᠴᠢᠯᠠᠭᠰᠠᠨ ᠲᠠᠪᠴᠠᠩ ᠨᠢ︽ᠬᠠᠤᠯᠢ ᠴᠠᠭᠠᠵᠠ ᠬᠠᠤᠯᠢ ᠲᠣᠭᠲᠠᠭᠠᠯ︾᠂︽ᠬᠠᠤᠯᠢ ᠴᠠᠭᠠᠵᠠ ᠶᠢᠨ ᠲᠠᠶᠢᠯᠪᠤᠷᠢᠯᠠᠯᠲᠠ︾᠂︽ᠰᠢᠨ᠎ᠡ ᠦᠭᠡ ᠨᠡᠷ᠎ᠡ ᠲᠣᠮᠢᠶ᠎ᠠ︾᠂︽ᠪᠠᠶᠢᠴᠠᠭᠠᠬᠤ ᠪᠠᠶᠢᠭᠤᠯᠭ᠎ᠠ ᠶᠢᠨ ᠦᠩᠭᠡᠨ ᠬᠡᠷᠡᠭᠯᠡᠭᠡᠨ ᠦ ᠦᠭᠡᠰ ︾ᠵᠡᠷᠭᠡ ᠪᠤᠯᠤᠩ ᠢᠶᠠᠷ ᠪᠦᠷᠢᠯᠳᠦᠵᠦ᠂ ᠨᠡᠢᠢᠳᠡ 230 ᠭᠠᠷᠤᠢ ᠬᠠᠤᠯᠢ ᠴᠠᠭᠠᠵᠠ ᠬᠠᠤᠯᠢ ᠲᠣᠭᠲᠠᠭᠠᠯ᠂ 70 ᠭᠠᠷᠤᠢ ᠬᠠᠤᠯᠢ ᠴᠠᠭᠠᠵᠠ ᠶᠢᠨ ᠲᠠᠶᠢᠯᠪᠤᠷᠢᠯᠠᠯᠲᠠ᠂ 36 ᠳᠡᠪᠲᠡᠷ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠴᠤᠪᠤᠷᠠᠯ ᠪᠢᠴᠢᠭ ᠢ ᠨᠡᠶᠢᠲᠡᠯᠡᠵᠦ᠂ ᠵᠢᠯ ᠪᠦᠷᠢ ᠳᠤᠮᠳᠠᠴᠢ ᠪᠠᠷ 300 ᠭᠠᠷᠤᠢ ᠡᠯ᠎ᠡ ᠲᠦᠷᠦᠯ ᠦᠨ ᠮᠡᠳᠡᠭᠡ ᠵᠠᠩᠭᠢ ᠶᠢ ᠨᠡᠶᠢᠲᠡᠯᠡᠵᠦ᠂ 10 ᠲᠦᠮᠡ ᠭᠠᠷᠤᠢ ᠰᠢᠨ᠎ᠡ ᠦᠭᠡ ᠨᠡᠷ᠎ᠡ ᠲᠣᠮᠢᠶ᠎ᠠ᠂ 10 ᠲᠦᠮᠡ ᠭᠠᠷᠤᠢ ᠮᠣᠩᠭᠣᠯ ᠬᠢᠲᠠᠳ ᠬᠠᠷᠢᠴᠠᠭᠤᠯᠤᠭᠰᠠᠨ ᠬᠠᠤᠯᠢ ᠴᠠᠭᠠᠵᠠ ᠶᠢᠨ ᠨᠡᠷ᠎ᠡ ᠲᠣᠮᠢᠶ᠎ᠠ ᠶᠢ ᠨᠠᠶᠢᠷᠠᠭᠤᠯᠤᠨ ᠣᠷᠣᠭᠤᠯᠵᠠᠢ᠃ ᠬᠡᠷᠡᠭ ᠰᠢᠶᠳᠪᠦᠷᠢᠯᠡᠬᠦ ᠲᠣᠭ᠎ᠠ ᠪᠠᠷᠢᠮᠲᠠ ᠶᠢᠨ ᠬᠥᠮᠥᠷᠭᠡ ᠨᠢ ᠨᠢᠭᠡᠳᠦᠯᠲᠡᠶ ᠤᠷᠴᠢᠭᠤᠯᠭ᠎ᠠ ᠪᠠ ᠡᠯᠧᠺᠲ᠋ᠷᠣᠨ ᠬᠡᠪᠯᠡᠯ ᠦᠨ ᠲᠤᠬᠠᠶᠢᠯᠠᠭᠰᠠᠨ ᠠᠵᠢᠯ ᠤᠨ ᠲᠥᠷᠥᠯ ᠢᠯᠭᠠᠯ ᠤᠨ ᠬᠠᠸᠯᠢ ᠴᠠᠭᠠᠵᠠ ᠶᠢᠨ ᠪᠢᠴᠢᠭ ᠬᠠᠷ᠎ᠠ ᠶᠢ ᠵᠣᠬᠢᠶᠠᠬᠤ ᠪᠠᠷ ᠳᠠᠮᠵᠢᠭᠤᠯᠤᠨ ︽ ᠳᠥᠷᠪᠡᠨ ᠶᠡᠬᠡ ᠪᠠᠶᠢᠴᠠᠭᠠᠬᠤ ᠠᠵᠢᠯ ︾ ︽ ᠠᠷᠪᠠᠨ ᠶᠡᠬᠡ ᠲᠤᠬᠠᠶᠢᠯᠠᠭᠰᠠᠨ ᠠᠵᠢᠯ ︾ ᠤᠨ ᠮᠣᠩᠭᠣᠯ ᠬᠡᠯᠡ ᠥᠬᠡᠶ ᠪᠡᠷ ᠬᠡᠷᠡᠭ ᠰᠢᠶᠳᠪᠦᠷᠢᠯᠡᠬᠦ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ ᠃ ᠬᠡᠷᠡᠭ ᠦᠨ ᠮᠡᠳᠡᠭᠡ ᠵᠠᠩᠭᠢ ᠶᠢ ᠢᠯᠡ ᠪᠣᠯᠭᠠᠬᠤ ᠰᠦᠯᠵᠢᠶ᠎ᠡ ᠨᠢ ᠵᠢᠯ ᠪᠦᠷᠢ ᠳᠤᠮᠳᠠᠴᠢ ᠪᠠᠷ ᠴᠢᠬᠤᠯᠠ ᠬᠡᠷᠡᠭ ᠦᠨ ᠮᠡᠳᠡᠭᠡ ᠵᠠᠩᠭᠢ ᠪᠠ ᠬᠠᠤᠯᠢ ᠴᠠᠭᠠᠵᠠ ᠶᠢᠨ ᠪᠢᠴᠢᠭ ᠬᠠᠷ᠎ᠠ ᠶᠢ 300 ᠭᠠᠷᠤᠶ ᠵᠤᠷᠪᠤᠰ ᠨᠡᠶᠢᠲᠡᠯᠡᠵᠡᠶ᠃ ᠤᠶᠤᠨᠲᠤ ᠬᠡᠷᠡᠭ ᠰᠢᠶᠳᠪᠦᠷᠢᠯᠡᠬᠦ ᠪᠠᠭᠠᠵᠢ ᠨᠢ ᠬᠣᠸᠰ ᠬᠡᠯᠡᠨ ᠦ ᠬᠡᠷᠡᠭ ᠰᠢᠶᠳᠪᠦᠷᠢᠯᠡᠬᠦ ᠠᠵᠢᠯᠲᠠᠨ ᠤ ᠬᠡᠷᠡᠭ ᠰᠢᠶᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠦ ᠨᠠᠩ ᠰᠠᠶᠢᠨ ᠬᠠᠪᠰᠤᠷᠤᠮᠵᠢ ᠪᠣᠯᠵᠣ ᠂ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠮᠣᠩᠭᠣᠯ ᠬᠡᠯᠡᠨ ᠦ ᠮᠡᠳᠡᠭᠡ ᠵᠠᠩᠭᠢᠴᠢᠯᠠᠯᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠂ ᠦᠨᠳᠦᠰᠦᠲᠡᠨ ᠦ ᠦᠭᠡ ᠬᠡᠯᠡ ᠬᠢᠭᠡᠳ ᠬᠠᠸᠯᠢ ᠪᠠᠷ ᠵᠠᠰᠠᠬᠤ ᠬᠡᠯᠡᠨ ᠦ ᠮᠡᠳᠡᠭᠡ ᠵᠠᠩᠭᠢᠴᠢᠯᠠᠯᠲᠠ ᠶᠢᠨ ᠠᠭᠤᠰᠤᠯᠴᠠᠯ ᠢ ᠠᠬᠢᠭᠤᠯᠬᠤ ᠳᠤ ᠴᠢᠬᠤᠯᠠ ᠦᠶᠯᠡᠳᠦᠯ ᠦᠵᠡᠭᠦᠯᠪᠡ ᠃
ᠲᠣᠰ ᠲᠠᠪᠴᠠᠩ ᠨᠢ ︽ ᠳᠥᠷᠪᠡᠨ ᠨᠢᠭᠡᠳᠦᠭᠡᠷ ︾ ᠢ ᠪᠡᠶᠡᠯᠡᠭᠦᠯᠵᠦ ᠂ ︽ ᠲᠠᠪᠤᠨ ᠵᠦᠶᠯ ᠦᠨ ᠦᠷ᠎ᠡ ᠪᠦᠲᠦᠭᠡᠯ ︾ ᠣᠯᠤᠭᠰᠠᠨ ᠪᠠᠶᠢᠨ᠎ᠠ ᠃ ᠪᠦᠬᠦ ᠤᠯᠤᠰ ᠤᠨ ᠪᠠᠶᠢᠴᠠᠭᠠᠬᠤ ᠰᠢᠰᠲ᠋ᠧᠮ ᠳᠦ ᠠᠩᠬ᠎ᠠ ᠤᠳᠠᠭ᠎ᠠ ᠴᠥᠭᠡᠨ ᠲᠣᠭᠠᠲᠤ ᠦᠨᠳᠦᠰᠦᠲᠡᠨ ᠦ ᠦᠭᠡ ᠬᠡᠯᠡ ᠦᠰᠦᠭ ᠪᠢᠴᠢᠭ ᠦᠨ ᠲᠣᠭᠠᠨ ᠤ ᠲᠠᠪᠴᠠᠩ ᠢ ᠪᠠᠶᠢᠭᠤᠯᠵᠤ᠂ ᠠᠩᠬ᠎ᠠ ᠤᠳᠠᠭ᠎ᠠ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠦ ᠰᠢᠰᠲ᠋ᠧᠮ ᠦᠨ ᠴᠥᠭᠡᠨ ᠲᠣᠭᠠᠲᠤ ᠦᠨᠳᠦᠰᠦᠲᠡᠨ ᠦ ᠦᠰᠦᠭ ᠪᠢᠴᠢᠭ ᠦᠨ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠵᠠᠭᠪᠤᠷ ᠢ ᠨᠡᠭᠡᠭᠡᠵᠦ᠂ ᠠᠩᠬ᠎ᠠ ᠤᠳᠠᠭ᠎ᠠ ᠴᠥᠭᠡᠨ ᠲᠣᠭᠠᠲᠤ ᠦᠨᠳᠦᠰᠦᠲᠡᠨ ᠦ ᠦᠭᠡ ᠬᠡᠯᠡ ᠦᠰᠦᠭ ᠪᠢᠴᠢᠭ ᠢ ᠬᠡᠷᠡᠭᠯᠡᠨ ᠪᠠᠶᠢᠴᠠᠭᠠᠬᠤ ᠠᠵᠢᠯ ᠢ ᠢᠯᠡ ᠪᠣᠯᠭᠠᠵᠤ᠂ ᠠᠩᠬ᠎ᠠ ᠤᠳᠠᠭ᠎ᠠ ᠪᠦᠬᠦ ᠤᠯᠤᠰ ᠲᠤ ᠴᠥᠭᠡᠨ ᠲᠣᠭᠠᠲᠤ ᠦᠨᠳᠦᠰᠦᠲᠡᠨ ᠦ ᠦᠰᠦᠭ ᠪᠢᠴᠢᠭ ᠦᠨ ᠡᠯᠧᠺᠲ᠋ᠷᠣᠨ ᠬᠡᠪᠯᠡᠯ ᠦᠨ ᠬᠠᠤᠯᠢ ᠴᠠᠭᠠᠵᠠ ᠬᠠᠤᠯᠢ ᠲᠣᠭᠲᠠᠭᠠᠯ᠂ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠳ᠋ᠠᠶᠢᠲ᠋ᠠ ᠬᠥᠮᠥᠷᠭᠡ ᠶᠢ ᠨᠠᠶᠢᠷᠠᠭᠤᠯᠤᠨ ᠵᠣᠬᠢᠶᠠᠪᠠ᠃ ᠦᠨᠳᠦᠰᠦᠲᠡᠨ ᠦ ᠭᠠᠵᠠᠷ ᠣᠷᠣᠨ ᠤ ᠮᠣᠩᠭᠣᠯ ᠬᠡᠯᠡᠨ ᠦ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠬᠣᠭᠣᠰᠣᠨ᠂ ᠪᠠᠶᠢᠴᠠᠭᠠᠬᠤ ᠠᠵᠢᠯ ᠤᠨ ᠮᠣᠩᠭᠣᠯ ᠬᠡᠯᠡᠨ ᠦ ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠶᠢᠨ ᠬᠣᠭᠣᠰᠣᠨ᠂ ᠮᠣᠩᠭᠣᠯ ᠬᠡᠯᠡᠨ ᠦ ᠬᠠᠤᠯᠢ ᠴᠠᠭᠠᠵᠠ ᠬᠠᠤᠯᠢ ᠲᠣᠭᠲᠠᠭᠠᠯ᠂ ᠬᠠᠤᠯᠢ ᠴᠠᠭᠠᠵᠠ ᠶᠢᠨ ᠲᠠᠶᠢᠯᠪᠤᠷᠢᠯᠠᠯᠲᠠ᠂ ᠬᠠᠤᠯᠢ ᠴᠠᠭᠠᠵᠠ ᠶᠢᠨ ᠨᠡᠷ᠎ᠡ ᠲᠣᠮᠢᠶ᠎ᠠ ᠶᠢᠨ ᠣᠷᠴᠢᠭᠤᠯᠭ᠎ᠠ ᠶᠢᠨ ᠨᠢᠭᠡᠳᠦᠯᠲᠡᠶ ᠳᠦᠷᠢᠮᠵᠢᠯ᠂ ᠨᠠᠢᠮᠠᠨ ᠮᠤᠵᠢ ᠣᠷᠣᠨ ᠤ ᠮᠣᠩᠭᠣᠯ ᠬᠡᠯᠡᠨ ᠦ ᠪᠠᠶᠢᠴᠠᠭᠠᠬᠤ ᠮᠡᠳᠡᠭᠡ ᠵᠠᠩᠭᠢ ᠶᠢᠨ ᠡᠬᠢ ᠪᠠᠶᠠᠯᠢᠭ ᠤᠨ ᠪᠡᠬᠢᠯᠡᠯᠲᠡ ᠶᠢ ᠪᠦᠲᠦᠮᠵᠢᠲᠡᠶ ᠪᠡᠷ ᠰᠢᠶᠳᠪᠦᠷᠢᠯᠡᠵᠦ᠂ ᠳᠡᠯᠭᠡᠷᠡᠭᠦᠯᠦᠨ ᠳᠠᠭᠤᠷᠢᠶᠠᠵᠤ ᠯᠠᠪᠯᠠᠯᠲᠠ ᠪᠣᠯᠭᠠᠵᠤ ᠪᠣᠯᠬᠤ 《ᠥᠪᠥᠷ ᠮᠣᠩᠭᠣᠯ ᠤᠨ ᠬᠣᠣᠰ ᠬᠡᠯᠡᠨ ᠦ ᠪᠠᠶᠢᠴᠠᠭᠠᠬᠤ ᠲᠤᠷᠰᠢᠯᠭ᠎ᠠ》 ᠶᠢ ᠪᠦᠷᠢᠯᠳᠦᠭᠦᠯᠪᠡ᠃ 2020 ᠣᠨ ᠳᠤ ᠂ ᠥᠪᠥᠷ ᠮᠣᠩᠭᠣᠯ ᠤᠨ ᠪᠠᠶᠢᠴᠠᠭᠠᠬᠤ ᠪᠠᠶᠢᠭᠤᠯᠭ᠎ᠠ ᠶᠢᠨ ᠮᠣᠩᠭᠣᠯ ᠬᠡᠯᠡᠨ ᠦ ᠲᠣᠭᠠᠴᠢᠯᠠᠭᠰᠠᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ 2013 ︱ 2018 ᠣᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠮᠣᠩᠭᠣᠯ ᠦᠭᠡ ᠬᠡᠯᠡ ᠥᠰᠥᠭ ᠪᠢᠴᠢᠭ ᠦᠨ ᠮᠡᠳᠡᠭᠡ ᠵᠠᠩᠭᠢᠴᠢᠯᠠᠯᠲᠠ ᠶᠢᠨ ᠲᠤᠰᠬᠠᠶ ᠵᠦᠶᠯ ᠢᠶᠡᠷ ᠲᠡᠳᠬᠦᠨ ᠳᠡᠮᠵᠢᠬᠦ ᠲᠥᠷᠥᠯ ᠵᠦᠶᠯ ᠦᠨ ᠴᠣᠷ ᠤᠨ ᠭᠠᠭᠴᠠ ︽ ᠠᠯᠲᠠᠨ ᠱᠠᠩᠨᠠᠯ ︾ ᠢ ᠭᠥᠷᠳᠡᠪᠡ ᠃
ᠬᠡᠷᠡᠭ ᠦᠨ ᠵᠢᠱᠢᠶ᠎ᠡ ᠶᠢᠨ ᠨᠡᠷᠡᠶᠢᠳᠦᠯ ᠄
ᠮᠠᠰᠢᠨ ᠬᠥᠮᠦᠨ ︽ᠰᠢᠶᠣᠣ ᠯᠢᠦᠢ ︾ᠣᠶᠤᠨᠴᠢ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠦᠶᠯᠡᠴᠢᠯᠡᠭᠡᠨ ᠦ ᠰᠢᠰᠲ᠋ᠧᠮ
ᠮᠡᠳᠡᠭᠦᠯᠦᠭᠰᠡᠨ ᠨᠢᠭᠡᠴᠢ ᠄
ᠡᠷᠭᠦᠨ᠎ᠡ ᠬᠤᠲᠠ ᠶᠢᠨ ᠪᠠᠶᠢᠴᠠᠭᠠᠬᠤ ᠬᠣᠷᠢᠶ᠎ᠠ
2020 ᠣᠨ ᠳᠤ᠂ ᠡᠷᠭᠦᠨ᠎ᠡ ᠬᠤᠳᠠ ᠶᠢᠨ ᠪᠠᠶᠢᠴᠠᠭᠠᠬᠤ ᠬᠣᠷᠢᠢ᠎ᠠ ᠠᠩᠬᠠᠳᠠᠭᠴᠢ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠰᠤᠷᠭᠠᠨ ᠬᠥᠮᠦᠵᠢᠯ ᠦᠨ ᠰᠠᠭᠤᠷᠢᠨ ᠭᠠᠵᠠᠷ ᠢ ᠪᠠᠶᠢᠭᠤᠯᠵᠤ᠂ ᠮᠠᠰᠢᠨ ᠬᠥᠮᠦᠨ︽ᠰᠢᠶᠣᠣ ᠯᠢᠦᠢ︾ᠵᠢ ᠲᠠᠶᠢᠯᠪᠤᠷᠢᠯᠠᠭᠴᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠶᠠᠪᠤᠴᠠ ᠶᠢᠨ ᠠᠦ᠋ᠲ᠋ᠣᠴᠢᠯᠠᠯᠲᠠ ᠶᠢᠨ ᠮᠡᠷᠭᠡᠵᠢᠯ ᠢ ᠬᠡᠷᠡᠭᠯᠡᠵᠦ᠂ ᠬᠥᠮᠦᠨ ᠮᠠᠰᠢᠨ ᠬᠠᠮᠵᠢᠯᠴᠠᠭᠰᠠᠨ ᠨᠠᠰᠤᠨ ᠳᠤ ᠦᠯᠦ ᠬᠦᠷᠦᠭᠰᠡᠳ ᠦᠨ ᠪᠠᠶᠢᠴᠠᠭᠠᠬᠤ ᠤᠬᠠᠭᠤᠯᠭ᠎ᠠ ᠶᠢᠨ ᠰᠢᠨ᠎ᠡ ᠵᠠᠭᠪᠤᠷ ᠢ ᠪᠦᠷᠢᠯᠳᠦᠭᠦᠯᠪᠡ᠃ ᠣᠳᠣᠬᠠᠨ ᠳᠤ ᠂ ︽ᠰᠢᠶᠣᠣ ᠯᠢᠦᠢ ︾ ᠨᠢ ᠨᠡᠶᠢᠲᠡ 600 ᠭᠠᠷᠤᠶ ᠬᠥᠮᠦᠨ ᠤᠳᠠᠭ᠎ᠠ ᠳᠤ ᠲᠣᠭᠣᠷᠢᠨ ᠦᠵᠡᠵᠦ ᠬᠥᠲᠥᠯᠦᠨ ᠵᠢᠯᠣᠭᠣᠳᠬᠤ ᠪᠠ ᠲᠠᠶᠢᠯᠪᠤᠷᠢᠯᠠᠬᠤ ᠦᠶᠯᠡᠴᠢᠯᠡᠭᠡ ᠬᠠᠩᠭᠠᠵᠤ ᠪᠠᠶᠢᠨ᠎ᠠ ᠃
︽ ᠰᠢᠶᠣᠣ ᠯᠢᠦᠢ︾ ᠨᠢ ᠺᠧ ᠳ᠋ᠠ ᠰᠢᠶᠦ᠋ᠨ ᠹᠸᠢ ᠵᠢᠨ ᠠᠪᠢᠶ᠎ᠠ ᠶᠢ ᠢᠯᠭᠠᠨ ᠲᠠᠨᠢᠬᠤ ᠮᠡᠷᠭᠡᠵᠢᠯ ᠢ ᠬᠡᠷᠡᠭᠯᠡᠨ ᠂ ︽ ᠳᠠᠷᠤᠶ ᠡᠷᠢᠪᠡᠯ ᠳᠠᠷᠤᠶ ᠤᠯᠬᠤ ︾ ᠴᠢᠳᠠᠮᠵᠢ ᠶᠢ ᠪᠡᠶᠡᠯᠡᠭᠦᠯᠵᠦ ᠂ ᠬᠥᠮᠦᠨ ᠮᠠᠰᠢᠨ ᠤ ᠰᠣᠯᠢᠯᠴᠠᠭᠠᠨ ᠤ ᠣᠶᠢᠯᠠᠭᠠᠯᠴᠠᠭ᠎ᠠ ᠶᠢ ᠰᠢᠯᠢᠳᠡᠭᠵᠢᠭᠦᠯᠪᠡ ᠃ 《ᠰᠢᠶᠣᠣ ᠯᠢᠦᠢ》 ᠶᠢᠨ 《ᠶᠡᠬᠡ ᠲᠠᠷᠢᠬᠢᠨ》 ᠳᠤ ᠶᠡᠬᠡ ᠬᠡᠮᠵᠢᠶᠡᠨ ᠦ ᠬᠠᠤᠯᠢ ᠴᠠᠭᠠᠵᠠ ᠶᠢᠨ ᠮᠡᠳᠡᠯᠭᠡ ᠬᠠᠳᠠᠭᠠᠯᠠᠭᠳᠠᠵᠤ ᠪᠠᠶᠢᠳᠠᠭ᠃ ᠣᠶᠤᠨᠴᠢ ᠶᠠᠷᠢᠯᠴᠠᠭ᠎ᠠ ᠪᠠᠷ ᠳᠠᠮᠵᠢᠭᠤᠯᠤᠨ ᠬᠠᠷᠢᠯᠴᠠᠨ ᠬᠥᠳᠡᠯᠦᠯᠴᠡᠬᠦ ᠶᠢᠨ ᠬᠠᠮᠲᠤ ᠡᠯ᠎ᠡ ᠵᠦᠢᠯ ᠦᠨ ᠬᠠᠤᠯᠢ ᠴᠠᠭᠠᠵᠠ ᠶᠢᠨ ᠠᠰᠠᠭᠤᠳᠠᠯ ᠳᠤ ᠬᠠᠷᠢᠭᠤᠯᠲᠠ ᠥᠭᠴᠦ ᠂ ᠵᠣᠬᠢᠶᠠᠮᠠᠯ ᠤᠶᠤᠨ ᠴᠢᠳᠠᠪᠤᠷᠢ᠂ ᠲᠤᠮᠤ ᠳ᠋ᠠᠶᠢᠲ᠋ᠠ ᠪᠠ ᠰᠦᠯᠵᠢᠶᠡᠨ ᠦ ᠳᠠᠪᠠᠭᠤᠯᠢᠭ ᠲᠠᠶ ᠭᠦᠢᠴᠡᠳ ᠤᠶᠠᠯᠳᠤᠭᠤᠯᠵᠤ᠂ ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠦ ᠣᠷᠣᠭᠤᠯᠬᠤ᠂ ᠬᠠᠤᠯᠢ ᠪᠠᠷ ᠵᠠᠰᠠᠬᠤ ᠤᠬᠠᠭᠤᠯᠭ᠎ᠠ ᠬᠢᠬᠦ ᠵᠡᠷᠭᠡ ᠵᠠᠭᠪᠤᠷ ᠢ ᠲᠤᠬᠢᠷᠠᠭᠤᠯᠵᠤ᠂ ᠪᠠᠰᠠ ᠰᠦᠯᠵᠢᠶᠡᠨ ᠳᠡᠭᠡᠷ᠎ᠡ ᠠᠵᠢᠯ ᠶᠠᠪᠤᠳᠠᠯ ᠡᠷᠬᠢᠯᠡᠬᠦ ᠵᠦᠭᠯᠡᠭᠦᠷ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠤᠯᠠᠨ ᠵᠦᠢᠯ ᠦᠨ ᠴᠢᠳᠠᠪᠬᠢ ᠶᠢ ᠬᠠᠩᠭᠠᠵᠤ᠂ ᠬᠡᠷᠡᠭᠯᠡᠭᠴᠢᠳ ᠦᠨ ᠭᠠᠷ ᠤᠲᠠᠰᠤ ᠪᠠᠷ ᠬᠣᠶᠠᠷ ᠬᠡᠮᠵᠢᠯᠳᠦ ᠺᠣᠳ᠋ ᠢ ᠰᠢᠷᠪᠢᠬᠦ ᠪᠡᠷ ᠳᠠᠮᠵᠢᠨ ︽ᠰᠢᠷᠪᠢᠪᠡᠯ ᠳᠠᠷᠤᠢ ᠶᠠᠪᠤᠬᠤ︾᠂ ᠲᠣᠭ᠎ᠠ ᠪᠠᠷᠢᠮᠲᠠ ᠶᠢ ᠬᠣᠯᠪᠣᠯᠳᠤᠭᠤᠯᠤᠨ ᠨᠡᠪᠲᠡᠷᠡᠯᠴᠡᠭᠦᠯᠬᠦ ᠶᠢ ᠳᠡᠮᠵᠢᠵᠦ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ ᠪᠠᠬᠠᠷᠬᠠᠯ ᠢ ᠣᠯᠤᠭᠰᠠᠨ ᠪᠠᠶᠢᠨ᠎ᠠ᠃
ᠱᠠᠩᠨᠠᠯ ᠤᠯᠤᠭᠰᠠᠨ ᠥᠭᠦᠯᠡᠯ ᠬᠣᠶᠠᠳᠤᠭᠠᠷ ᠳᠡᠰ ᠤᠨ ᠱᠠᠩᠨᠠᠯ
ᠤᠶᠤᠨᠲᠤ ᠪᠠᠶᠢᠴᠠᠭᠠᠬᠤ ᠠᠵᠢᠯ
ᠪᠠᠶᠢᠴᠠᠭᠠᠬᠤ ᠲᠣᠮᠣ ᠳ᠋ᠠᠶᠢᠲ᠋ᠠ ᠶᠢᠨ ᠬᠡᠷᠡᠭ ᠦᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠬᠡᠷᠡᠭᠯᠡᠯᠲᠡ ᠶᠢᠨ ᠠᠰᠠᠭᠤᠳᠠᠯ ᠤᠨ ᠠᠷᠭᠠᠴᠠᠬᠤ ᠪᠣᠳᠣᠯᠭ᠎ᠠ ᠶᠢᠨ ᠰᠤᠳᠤᠯᠤᠯ
ᠵᠣᠬᠢᠶᠠᠭᠴᠢ ᠄ ᠯᠢ ᠸᠧᠶ ᠲᠦᠩ ᠂ ᠵᠠᠩ ᠰᠢᠶᠤᠤ ᠴᠥᠩ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠡᠸᠡᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠤ ᠪᠠᠶᠢᠴᠠᠭᠠᠬᠤ ᠬᠣᠷᠢᠶ᠎ᠠ