ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ︽ᠪᠠᠶᠢᠴᠠᠭᠠᠬᠤ ᠠᠵᠢᠯ ᠤᠨ ᠠᠷᠠᠳ ᠲᠦᠮᠡᠨ ᠦ ᠲᠦᠯᠦᠭᠡ ᠬᠢᠭᠰᠡᠨ ᠪᠣᠳᠠᠲᠤ ᠶᠠᠪᠤᠳᠠᠯ ︾︱ ︱ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠰᠢᠷᠢᠰ ᠨᠡᠶᠢᠲᠡᠯᠢᠭ ᠬᠡᠷᠡᠭ ᠦᠨ ᠵᠢᠱᠢᠶ᠎ᠡ ᠶᠢ ᠨᠡᠶᠢᠲᠡᠯᠡᠪᠡ
ᠳᠡᠭᠡᠷ᠎ᠡ ᠬᠠᠭᠠᠰ ᠵᠢᠯ ᠳᠦ ᠪᠠᠶᠢᠴᠠᠭᠠᠬᠤ ᠪᠠᠶᠢᠭᠤᠯᠭ᠎ᠠ ᠨᠡᠶᠢᠲᠡ 2916 ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨᠬᠦ ᠨᠠᠮᠳᠠᠭᠤᠯᠤᠭᠰᠠᠨ ᠪᠠᠶᠢᠨ᠎ᠠ
8 ᠰᠠᠷ᠎ᠠ ᠶᠢᠨ 6 ᠤ ᠡᠳᠦᠷ ᠂ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ︽ ᠪᠠᠶᠢᠴᠠᠭᠠᠬᠤ ᠠᠵᠢᠯ ᠤᠨ ᠤᠯᠠᠨ ᠲᠦᠮᠡᠨ ᠦ ᠲᠦᠯᠦᠭᠡ ᠬᠢᠭᠰᠡᠨ ᠪᠣᠳᠠᠲᠤ ᠶᠠᠪᠤᠳᠠᠯ︾ ︱ ︱ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠤᠨ ᠰᠢᠷᠢᠰ ᠨᠡᠶᠢᠲᠡᠯᠢᠭ ᠬᠡᠷᠡᠭ ᠦᠨ ᠵᠢᠱᠢᠶ᠎ᠡ ︵ ᠨᠢᠭᠡᠳᠦᠭᠡᠷ ᠪᠦᠯᠦᠭ ︶ ᠶᠢ ᠨᠡᠶᠢᠲᠡᠯᠡᠵᠦ ᠂ ᠡᠭᠦᠨ ᠢᠶᠡᠷ ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠪᠠᠶᠢᠴᠠᠭᠠᠬᠤ ᠰᠠᠯᠠᠭ᠎ᠠ ᠮᠥᠴᠢᠷ ᠢ ᠬᠥᠲᠥᠯᠥᠨ ᠵᠢᠯᠣᠭᠣᠳᠴᠤ ᠪᠠᠶᠢᠭᠠᠳ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨᠬᠦ ᠨᠠᠮᠳᠠᠭᠤᠯᠬᠤ ᠠᠵᠢᠯ ᠢ ᠭᠦᠨᠵᠡᠭᠡᠶᠢᠷᠡᠭᠦᠯᠬᠦ ᠪᠡᠷ ᠬᠥᠲᠥᠯᠦᠮᠵᠢ ᠪᠣᠯᠭᠠᠵᠤ ᠂ ᠠᠷᠠᠳ ᠤᠨ ᠰᠠᠨᠠᠭᠠᠰᠢᠷᠠᠵᠤ ᠪᠠᠶᠢᠭ᠎ᠠ ᠠᠰᠠᠭᠤᠳᠠᠯ ᠂ ᠬᠦᠴᠢᠷ ᠠᠰᠠᠭᠤᠳᠠᠯ ᠢ ᠪᠠᠶᠢᠩᠭᠤᠴᠢᠯᠠᠨ ᠰᠢᠢᠳᠪᠦᠷᠢᠯᠡᠵᠡᠢ ᠃
ᠲᠣᠰ ᠤᠳᠠᠭ᠎ᠠ ᠵᠢᠨ ᠨᠡᠶᠢᠲᠡᠯᠢᠭ ᠬᠡᠷᠡᠭ ᠦᠨ ᠵᠢᠱᠢᠶ᠎ᠡ ᠳᠦ ᠵᠠᠰᠠᠭ ᠵᠠᠬᠢᠷᠭᠠᠨ ᠤ ᠲᠥᠯᠥᠪᠦᠷᠢ ᠶᠢᠨ ᠲᠤᠬᠠᠶ ᠬᠢᠨᠠᠯᠲᠠ ᠲᠠᠯᠪᠢᠭᠰᠠᠨ ᠬᠡᠷᠡᠭ ᠂ ᠵᠢᠱᠢᠶᠡᠯᠡᠪᠡᠯ ᠲᠠᠩ ᠣᠪᠣᠭᠲᠤ ᠾᠸᠪᠸᠢ ᠮᠤᠵᠢ ᠶᠢᠨ ᠨᠢᠭᠡᠨ ᠬᠣᠲᠠ ᠶᠢᠨ ᠢᠳᠡᠭᠡᠨ ᠦ ᠵᠦᠶᠯ ᠡᠮ ᠦᠨ ᠵᠦᠶᠯ ᠦᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠨ ᠬᠠᠸᠯᠢ ᠵᠥᠷᠢᠴᠡᠵᠦ ᠡᠳ᠋ ᠪᠣᠳᠠᠰ ᠲᠠᠷᠤᠨ ᠠᠪᠤᠭᠰᠠᠨ ᠳᠤ ᠨᠤᠲᠠᠯᠠᠯᠲᠠ ᠬᠢᠯᠭᠡᠬᠦ ᠪᠠᠷ ᠵᠠᠭᠠᠯᠳᠤᠭᠰᠠᠨ ᠪᠠᠶᠢᠴᠠᠭᠠᠬᠤ ᠬᠢᠨᠠᠯᠲᠠ ᠲᠠᠯᠪᠢᠯᠲᠠ ᠵᠢᠨ ᠬᠡᠷᠡᠭ ︔ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠬᠢᠨᠠᠯᠲᠠ ᠲᠠᠯᠪᠢᠭᠰᠠᠨ ᠬᠡᠷᠡᠭ ᠂ ᠵᠢᠱᠢᠶᠡᠯᠡᠪᠡᠯ ᠣᠪᠣᠭᠲᠤ ᠵᠧᠵᠢᠶᠠᠩ ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯ ᠦᠨ ᠲᠣᠪᠴᠢᠶ᠎ᠠ ᠵᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠤᠯᠭᠠᠯᠭᠠᠬᠤ ᠪᠠᠷ ᠵᠠᠭᠠᠯᠳᠤᠭᠰᠠᠨ ᠪᠠᠶᠢᠴᠠᠭᠠᠬᠤ ᠬᠢᠨᠠᠯᠲᠠ ᠲᠠᠯᠪᠢᠯᠲᠠ ᠵᠢᠨ ᠬᠡᠷᠡᠭ ᠂ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠵᠢᠴᠢ ᠲᠥᠯᠥᠪᠦᠷᠢ ᠶᠢᠨ ᠬᠦᠷᠢᠶᠡᠨ ᠳᠦ ᠬᠢᠨᠠᠯᠲᠠ ᠲᠠᠯᠪᠢᠭᠰᠠᠨ ᠬᠡᠷᠡᠭ᠂ ᠵᠢᠱᠢᠶᠡᠯᠡᠪᠡᠯ ᠶᠠᠩ ᠣᠪᠣᠭᠲᠤ ᠵᠡᠷᠭᠡ ᠲᠦᠷᠪᠡᠨ ᠬᠥᠮᠦᠨ ᠠᠨᠾᠦ᠋ᠢ ᠮᠤᠵᠢ ᠶᠢᠨ ᠨᠢᠭᠡᠨ ᠬᠤᠳᠠ ᠶᠢᠨ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠬᠤ ᠳᠤ ᠬᠢᠨᠠᠯᠲᠠ ᠲᠠᠯᠪᠢᠭᠤᠯᠬᠤ ᠪᠠᠷ ᠵᠠᠭᠠᠯᠳᠤᠭᠰᠠᠨ ᠬᠡᠷᠡᠭ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠵᠦ ᠪᠠᠳᠤᠯᠠᠭ᠎ᠠ ᠬᠠᠩᠭᠠᠭᠰᠠᠨ ᠬᠡᠷᠡᠭ᠂ ᠵᠢᠱᠢᠶᠡᠯᠡᠪᠠᠯ ᠱᠠᠨᠳᠦ᠋ᠩ ᠦᠨ ᠨᠢᠭᠡᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠣᠷᠴᠢᠨ ᠲᠤᠭᠤᠷᠢᠨ ᠤ ᠬᠠᠤᠯᠢ ᠠᠴᠠ ᠵᠥᠷᠢᠴᠡᠭᠰᠡᠨ ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠴᠡᠳᠬᠡᠯᠲᠡ ᠳᠦ ᠪᠠᠶᠢᠴᠠᠭᠠᠬᠤ ᠬᠢᠨᠠᠯᠲᠠ ᠲᠠᠯᠪᠢᠭᠰᠠᠨ ᠬᠡᠷᠡᠭ᠃
ᠲᠤᠰ ᠪᠦᠯᠦᠭ ᠨᠡᠶᠢᠲᠡᠯᠢᠭ ᠬᠡᠷᠡᠭ ᠦᠨ ᠵᠢᠱᠢᠶ᠎ᠡ ᠨᠢ ᠤᠯᠠᠨ ᠲᠦᠮᠡᠨ ᠦ ᠪᠠᠴᠢᠮ ᠲᠤᠯᠭᠠᠮ᠎ᠠ ᠱᠠᠭᠠᠷᠳᠠᠵᠤ ᠪᠠᠶᠢᠭ᠎ᠠ᠂ ᠵᠣᠪᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠰᠢᠢᠳᠪᠦᠷᠢᠯᠡᠨ᠂ᠵᠠᠰᠠᠭ ᠤᠨ ᠨᠠᠶᠢᠷᠠᠮᠳᠠᠯ ᠢ ᠪᠡᠶᠡᠯᠡᠭᠦᠯᠬᠦ ᠪᠡᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠤᠯᠬᠤ ᠶᠢ ᠵᠠᠰᠠᠭ ᠵᠠᠬᠢᠷᠭᠠᠨ ᠤ ᠵᠠᠷᠭᠤ ᠳᠤ ᠬᠢᠨᠠᠯᠲᠠ ᠲᠠᠯᠪᠢᠬᠤ ᠬᠡᠷᠡᠭ ᠢ ᠬᠢᠨᠠᠨ ᠪᠠᠶᠢᠴᠠᠭᠠᠬᠤ ᠶᠢᠨ ᠵᠠᠪᠠᠯ ᠥᠩᠭᠡᠷᠡᠭᠡᠬᠦ ᠵᠢᠷᠤᠮ ᠪᠣᠯᠭᠠᠵᠤ᠂ ᠬᠢᠨᠠᠯᠲᠠ ᠲᠠᠯᠪᠢᠵᠤ ᠵᠠᠯᠠᠷᠠᠭᠤᠯᠬᠤ᠂ ᠡᠰᠡᠷᠭᠦᠴᠡᠨ ᠵᠠᠭᠠᠯᠳᠤᠬᠤ ᠪᠠᠷ ᠨᠠᠶᠢᠷᠠᠮᠳᠠᠯ ᠢ ᠠᠬᠢᠭᠤᠯᠬᠤ᠂ ᠬᠠᠤᠯᠢ ᠶᠢ ᠲᠠᠶᠢᠯᠪᠤᠷᠢᠯᠠᠨ ᠶᠣᠰᠣ ᠶᠠᠷᠢᠬᠤ᠂ ᠬᠠᠤᠯᠢ ᠪᠠᠷᠢᠯᠲᠠ ᠪᠠᠷ ᠠᠪᠤᠷᠠᠨ ᠲᠤᠰᠠᠯᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨᠬᠦ ᠨᠠᠮᠳᠠᠭᠤᠯᠬᠤ ᠶᠢ ᠠᠬᠢᠭᠤᠯᠪᠠ᠃
ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠳᠣᠯᠣᠳᠤᠭᠠᠷ ᠪᠠᠶᠢᠴᠠᠭᠠᠬᠤ ᠲᠢᠩᠬᠢᠮ ᠦᠨ ᠳᠠᠷᠤᠭ᠎ᠠ ᠵᠠᠩ ᠰᠢᠶᠠᠩ ᠵᠢᠶᠦ᠋ᠨ ᠢᠯᠡᠷᠬᠡᠶᠢᠯᠡᠬᠦ ᠳᠡᠭᠡᠨ ᠂ ᠲᠠᠷᠠᠭᠠᠴᠢ ᠶᠢᠨ ᠠᠯᠬᠤᠮ ᠳᠤ ᠂ ᠪᠠᠶᠢᠴᠠᠭᠠᠬᠤ ᠪᠠᠶᠢᠭᠤᠯᠭ᠎ᠠ ᠶᠢᠨ ᠬᠢᠨ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠶ ᠪᠠᠷ ᠵᠠᠷᠯᠠᠨ ᠮᠡᠳᠡᠭᠡᠯᠡᠬᠦ ᠪᠠ ᠠᠵᠢᠯ ᠤᠨ ᠪᠦᠲᠦᠮᠵᠢ ᠶᠢ ᠰᠢᠯᠭᠠᠨ ᠦᠨᠡᠯᠡᠬᠦ ᠶᠢ ᠦᠷᠭᠦᠯᠵᠢᠯᠡᠨ ᠴᠢᠩᠭᠠᠳᠬᠠᠵᠤ ᠂ ︽ ᠨᠢᠭᠡ ᠬᠡᠷᠡᠭ ᠢ ᠭᠤᠷᠪᠠᠨᠲᠠ ᠪᠠᠶᠢᠴᠠᠭᠠᠬᠤ ︾︵ ᠲᠤᠬᠠᠶᠢᠯᠠᠪᠠᠯ ᠨᠢᠭᠡ ᠲᠤ᠂ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠬᠦᠴᠦᠨ ᠲᠡᠶ ᠪᠣᠯᠤᠭᠰᠠᠨ ᠲᠠᠰᠤᠯᠤᠯᠲᠠ ᠲᠣᠭᠲᠠᠭᠠᠯᠲᠠ ᠨᠢ ᠣᠨᠣᠪᠴᠢᠲᠠᠶ ᠪᠠᠶᠢᠬᠤ ᠡᠰᠡᠬᠦ ᠂ ᠰᠢᠭᠦᠨ ᠲᠠᠰᠤᠯᠬᠤ ᠂ ᠭᠦᠶᠴᠡᠳᠬᠡᠬᠦ ᠠᠵᠢᠯᠯᠠᠭ᠎ᠠ ᠨᠢ ᠬᠠᠸᠯᠢ ᠳᠤ ᠨᠡᠶᠢᠴᠡᠬᠦ ᠡᠰᠡᠬᠦ ᠶᠢ ᠪᠠᠶᠢᠴᠠᠭᠠᠨ᠎ᠠ︔ ᠬᠣᠶᠠᠷ ᠲᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠠᠵᠢᠯᠯᠠᠭ᠎ᠠ ᠨᠢ ᠬᠠᠤᠯᠢ ᠳᠤ ᠨᠠᠶᠢᠴᠡᠬᠦ ᠡᠰᠡᠬᠦ ᠶᠢ ᠪᠠᠶᠢᠴᠠᠭᠠᠨ᠎ᠠ︔ ᠭᠤᠷᠪᠠ ᠳᠤ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨᠬᠦ ᠰᠢᠶᠳᠪᠦᠷᠢᠯᠡᠬᠦ ᠪᠣᠯᠤᠯᠴᠠᠭ᠎ᠠ ᠪᠠᠶᠢᠬᠤ ᠡᠰᠡᠬᠦ ᠶᠢ ᠪᠠᠶᠢᠴᠠᠭᠠᠨ᠎ᠠ) ᠵᠢ ᠨᠠᠶᠢᠳᠠᠪᠤᠷᠢᠵᠢᠭᠤᠯᠤᠨ᠎ᠠ︔ ᠠᠳᠠᠯᠢ ᠲᠦᠷᠦᠯ ᠦᠨ ᠬᠡᠷᠡᠭ ᠲᠦ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠢᠭᠡ ᠲᠦᠷᠦᠯ ᠦᠨ ᠠᠰᠠᠭᠤᠳᠠᠯ ᠢ ᠰᠢᠪᠠᠳᠠᠨ ᠰᠡᠷᠭᠡᠶᠢᠯᠡᠬᠦ ᠪᠠ ᠵᠠᠯᠠᠷᠠᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠬᠦᠴᠦᠨ ᠨᠡᠮᠡᠷᠢᠯᠡᠨ᠎ᠡ᠃ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠪᠠᠶᠢᠴᠠᠭᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨᠬᠦ ᠠᠷᠢᠯᠭᠠᠬᠤ ᠠᠵᠢᠯ ᠤᠨ ᠵᠢᠯᠤᠭᠤᠳᠤᠯᠭ᠎ᠠ ᠶᠢ ᠲᠦᠷᠭᠡᠪᠴᠢᠯᠡᠨ ᠲᠣᠭᠲᠠᠭᠠᠨ ᠨᠡᠶᠢᠲᠡᠯᠡᠵᠦ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ ᠰᠡᠷᠭᠡᠶᠢᠯᠡᠨ ᠠᠷᠢᠯᠭᠠᠬᠤ ᠲᠣᠭᠲᠠᠴᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃
ᠰᠤᠷᠪᠤᠯᠵᠢᠯᠠᠭᠴᠢ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠠᠴᠠ ᠤᠶᠢᠯᠠᠭᠠᠭᠰᠠᠨ ᠢᠶᠠᠷ᠂ ᠡᠨᠡ ᠵᠢᠯ ᠦᠨ ᠲᠦᠷᠦᠭᠦᠸ ᠬᠠᠭᠠᠰ ᠵᠢᠯ ᠳᠦ ᠪᠥᠬᠥ ᠤᠯᠤᠰ ᠤᠨ ᠪᠠᠶᠢᠴᠠᠭᠠᠬᠤ ᠪᠠᠶᠢᠭᠤᠯᠭ᠎ᠠ ᠨᠡᠶᠢᠲᠡ 2916 ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨᠬᠦ ᠨᠠᠮᠳᠠᠭᠤᠯᠤᠵᠤ᠂ ᠡᠭᠦᠨ ᠳᠤ︽ ᠵᠢᠷᠭᠤᠭ᠎ᠠ ᠶᠢ ᠲᠤᠭᠲᠠᠪᠤᠷᠢᠵᠢᠭᠤᠯᠬᠤ︾ ︽ ᠵᠢᠷᠭᠤᠭ᠎ᠠ ᠶᠢ ᠪᠠᠲᠤᠯᠠᠬᠤ ︾ ᠳᠤ ᠦᠢᠯᠡᠴᠢᠯᠡᠨ ᠪᠠᠲᠤᠯᠠᠭ᠎ᠠ ᠬᠠᠩᠭᠠᠬᠤ ᠳᠤ ᠬᠣᠯᠪᠣᠭᠳᠠᠭᠰᠠᠨ ᠬᠡᠷᠡᠭ 413 ︔ ᠤᠳᠤᠷᠢᠳᠤᠯᠭ᠎ᠠ ᠶᠢᠨ ᠳᠠᠭᠠᠭᠠᠴᠢᠯᠠᠵᠤ ᠰᠢᠢᠳᠪᠦᠷᠢᠯᠡᠭᠰᠡᠨ ᠬᠡᠷᠡᠭ ᠦᠨ ᠬᠠᠷᠢᠴᠠᠯ 31% ᠳᠤ ᠬᠦᠷᠴᠦ᠂ 567 ᠤᠳᠠᠭ᠎ᠠ ᠢᠯᠡ ᠪᠡᠷ ᠭᠡᠷᠡᠴᠢᠯᠡᠭᠡ ᠰᠤᠨᠤᠰᠤᠯᠲᠠ ᠬᠢᠭᠰᠡᠨ ᠪᠠᠶᠢᠨ᠎ᠠ ︔58 ᠤᠳᠠᠭ᠎ᠠ ᠬᠠᠥᠯᠢ ᠪᠠᠷᠢᠯᠲᠠ ᠶᠢᠨ ᠲᠤᠰᠠᠯᠠᠮᠵᠢ ᠤᠯᠭᠤᠵᠤ᠂ ᠲᠤᠰᠠᠯᠠᠮᠵᠢ ᠶᠢᠨ ᠮᠥᠩᠭᠥᠨ ᠦ ᠲᠣᠭ᠎ᠠ 72 ᠲᠦᠮᠡ ᠭᠠᠷᠤᠢ ᠲᠥᠭᠥᠷᠢᠭ ᠲᠦ ᠬᠦᠷᠴᠡᠢ︔ 10 ᠵᠢᠯ ᠡᠴᠡ ᠳᠡᠭᠡᠭᠰᠢᠬᠢ ᠵᠠᠰᠠᠭ ᠵᠠᠬᠢᠷᠭᠠᠨ ᠤ ᠮᠠᠷᠭᠤᠯᠳᠤᠭᠠᠨ ᠢ 180 ᠨᠠᠮᠳᠠᠭᠤᠯᠵᠤ᠂ ᠡᠭᠦᠨ ᠳᠦ 20 ᠵᠢᠯ ᠡᠴᠡ ᠳᠡᠭᠡᠭᠰᠢᠬᠢ ᠵᠠᠰᠠᠭ ᠵᠠᠬᠢᠷᠭᠠᠨ ᠤ ᠮᠠᠷᠭᠤᠯᠳᠤᠭᠠᠨ 28 ᠰᠢᠶᠳᠪᠦᠷᠢᠯᠡᠪᠡ᠃