ᠨᠠᠶᠮᠠᠨ ᠬᠣᠰᠢᠭᠤᠨ ᠤ ᠪᠠᠶᠢᠴᠠᠭᠠᠬᠤ ᠬᠣᠷᠢᠶ᠎ᠠ ᠬᠠᠸᠯᠢ ᠪᠠᠷᠢᠯᠲᠠ ᠶᠢᠨ ᠠᠪᠤᠷᠠᠨ ᠲᠤᠰᠠᠯᠠᠯᠲᠠ ᠶᠢᠨ 6 ᠬᠡᠷᠡᠭ ᠲᠦ ︽ᠡᠷᠭᠢᠵᠦ ᠬᠠᠷᠠᠬᠤ︾ ᠠᠵᠢᠯᠯᠠᠭ᠎ᠠ ᠥᠷᠨᠢᠭᠦᠯᠪᠡ
ᠲᠠ ᠮᠥᠨ ᠯᠡ ᠮᠠᠨ ᠦ ᠬᠠᠮᠤᠭ ᠠᠴᠠ ᠢᠯᠡᠭᠦᠦ ᠰᠠᠨᠠᠭᠠᠯᠵᠠᠭᠰᠠᠭᠠᠷ ᠪᠠᠶᠢᠭ᠎ᠠ ᠬᠦᠮᠦᠨ᠁
ᠬᠠᠸᠯᠢ ᠪᠠᠷᠢᠯᠲᠠ ᠶᠢᠨ ᠠᠪᠤᠷᠠᠨ ᠲᠤᠰᠠᠯᠠᠯᠲᠠ ᠭᠥᠷᠳᠡᠬᠦ ᠡᠲᠡᠭᠡᠳ ᠦᠨ ᠠᠮᠢᠳᠤᠷᠠᠯ ᠤᠨ ᠪᠠᠶᠢᠳᠠᠯ ᠨᠢ ᠶᠠᠮᠠᠷ ᠪᠣᠶ︖ ᠪᠠᠰᠠ ᠶᠠᠮᠠᠷ ᠶᠠᠮᠠᠷ ᠬᠦᠴᠢᠷᠳᠡᠯ ᠪᠠᠶᠢᠬᠤ ᠪᠤᠢ︖ ᠡᠲᠡᠭᠡᠷ ᠠᠰᠠᠭᠤᠳᠠᠯ ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠶᠮᠠᠨ ᠬᠣᠰᠢᠭᠤᠨ ᠤ ᠪᠠᠶᠢᠴᠠᠭᠠᠬᠤ ᠬᠣᠷᠢᠶ᠎ᠠ ᠶᠢᠨ ᠺᠠᠳ᠋ᠷ ᠴᠠᠭᠳᠠᠭ᠎ᠠ ᠨᠠᠷ ᠤᠨ ᠰᠡᠳᠬᠢᠯ ᠢ ᠬᠦᠨᠳᠡᠭᠰᠡᠭᠡᠷ ᠢᠷᠡᠵᠡᠶ ᠃ ᠡᠨᠡ ᠵᠢᠯ ᠦᠨ 8 ᠰᠠᠷ᠎ᠠ ᠠᠴᠠ ᠨᠠᠰᠢ ᠂ ᠨᠠᠶᠮᠠᠨ ᠬᠣᠰᠢᠭᠤᠨ ᠤ ᠪᠠᠶᠢᠴᠠᠭᠠᠬᠤ ᠬᠤᠷᠢᠶ᠎ᠠ ᠲᠤᠰ ᠵᠢᠯ ᠦᠨ ᠰᠢᠶᠳᠪᠦᠷᠢᠯᠡᠭᠰᠡᠨ ᠬᠠᠥᠯᠢ ᠪᠠᠷᠢᠯᠲᠠ ᠵᠢᠨ ᠠᠪᠤᠷᠠᠨ ᠲᠤᠰᠠᠯᠠᠯᠲᠠ ᠶᠢᠨ 6 ᠬᠡᠷᠡᠭ ᠲᠤ ᠮᠥᠷᠳᠡᠨ ᠡᠷᠭᠢᠨ ᠬᠠᠷᠠᠯᠲᠠ ᠬᠢᠵᠦ ᠂ ᠠᠪᠤᠷᠠᠨ ᠲᠤᠰᠠᠯᠠᠭᠳᠠᠭᠴᠢ ᠶᠢᠨ ᠦᠵᠡᠯ ᠰᠠᠨᠠᠭ᠎ᠠ ᠤᠷᠮ᠎ᠠ ᠰᠡᠳᠬᠢᠯᠭᠡ ᠂ ᠪᠡᠶ᠎ᠡ ᠮᠠᠬᠠᠪᠣᠳ ᠤᠨ ᠡᠷᠡᠭᠦᠯᠵᠢᠯ ᠦᠨ ᠪᠠᠶᠢᠳᠠᠯ ᠵᠢᠴᠢ ᠠᠮᠢᠳᠤᠷᠠᠯ ᠤᠨ ᠪᠠᠶᠢᠳᠠᠯ ᠵᠡᠷᠭᠡ ᠶᠢ ᠲᠤᠬᠠᠶ ᠶᠢᠨ ᠭᠠᠵᠠᠷ ᠲᠤᠨᠢ ᠬᠦᠷᠴᠦ ᠣᠶᠢᠯᠠᠭᠠᠪᠠ ᠃
ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ 6 ᠬᠡᠷᠡᠭ ᠦᠨ ᠲᠤᠬᠠᠶ ᠶᠢᠨ ᠬᠥᠮᠦᠨ ᠦ ᠳᠣᠲᠣᠷ᠎ᠠ᠂ ᠲᠤᠰ ᠬᠣᠷᠢᠶᠠᠨ ᠤ ᠪᠠᠶᠢᠴᠠᠭᠠᠬᠤ ᠲᠤᠰᠢᠶᠠᠯᠲᠠᠨ ᠤ ᠰᠡᠳᠬᠢᠯ ᠢ ᠬᠠᠮᠤᠭ ᠠᠴᠠ ᠢᠯᠡᠭᠦᠦ ᠬᠥᠨᠳᠡᠭᠰᠡᠨ ᠨᠢ ᠮᠸᠩ ᠭᠤᠸᠠᠶ ᠶᠢᠨ ᠨᠢᠭᠡ ᠭᠡᠷ ᠦᠨ ᠬᠢᠨ ᠪᠣᠯᠤᠨ᠎ᠠ᠃ 2019 ᠣᠨ ᠤ 11 ᠰᠠᠷ᠎ᠠ ᠶᠢᠨ 8 ᠤ ᠡᠳᠦᠷ ᠂ ᠮᠸᠩ ᠭᠤᠸᠠᠶ ᠶᠢᠨ ᠬᠦᠸ ᠮᠸᠩ ᠬᠥᠬᠡ ︵ ᠪᠤᠷᠤᠭᠤᠯᠠᠭᠰᠠᠨ ᠨᠡᠷ᠎ᠡ︶ ᠰᠣᠭᠲᠣᠭᠤ ᠪᠠᠷ ᠬᠣᠶᠠᠷ ᠬᠦᠷᠳᠦᠲᠦ ᠮᠣᠲ᠋ᠣᠷ ᠲᠡᠷᠭᠡ ᠪᠡᠷ ᠡᠬᠡᠨᠡᠷ ᠢᠶᠡᠨ ᠠᠪᠴᠦ ᠬᠡᠷ ᠲᠦ ᠪᠠᠨ ᠬᠠᠷᠢᠬᠤ ᠵᠠᠮ ᠳᠠᠭᠠᠨ ᠵᠠᠮ ᠤᠨ ᠼᠧᠮᠧᠨ᠋ᠲ ᠦᠨ ᠬᠠᠰᠢᠯᠭ᠎ᠠ ᠶᠢ ᠮᠥᠷᠭᠥᠵᠦ ᠂ ᠡᠬᠡᠨᠡᠷ ᠨᠢ ᠲᠡᠷᠡ ᠳᠣᠸᠷ᠎ᠠ ᠪᠠᠨ ᠦᠬᠦᠵᠡᠢ᠃ ᠬᠡᠷᠡᠭ ᠭᠠᠷᠤᠭᠰᠠᠨ ᠤ ᠲᠠᠷᠠᠭ᠎ᠠ᠂ ᠲᠤᠬᠠᠶ ᠶᠢᠨ ᠭᠠᠵᠠᠷ ᠤᠨ ᠰᠢᠭᠦᠬᠦ ᠬᠣᠷᠢᠶ᠎ᠠ ᠮᠸᠩ ᠬᠥᠬᠡ ᠶᠢ ᠡᠷᠡᠭᠦᠦ ᠰᠢᠳᠬᠡᠯ ᠢ ᠠᠯᠭᠤᠷᠯᠠᠭᠤᠯᠬᠤ ᠪᠡᠷ ᠰᠢᠭᠦᠨ ᠲᠠᠰᠤᠯᠵᠠᠢ᠃ ᠰᠡᠭᠦᠯᠡᠷ ᠨᠢ ᠮᠸᠩ ᠬᠥᠬᠡ ᠤᠨᠠᠳᠠᠭ ᠡᠪᠡᠳᠴᠢᠨ ᠳᠦ ᠨᠡᠷᠪᠡᠭᠳᠡᠵᠦ ᠂ ᠭᠡᠷ ᠲᠦ ᠪᠠᠨ ᠪᠠᠰᠠ ᠬᠤᠶᠠᠷ ᠨᠠᠰᠤᠨ ᠳᠤ ᠬᠦᠷᠦᠭᠡᠳᠦᠶ ᠠᠰᠠᠷᠠᠨ ᠲᠡᠵᠢᠭᠡᠬᠦ ᠴᠢᠬᠤᠯᠠᠲᠠᠶ ᠬᠡᠦᠬᠡᠳ ᠲᠠᠢ ᠃
ᠳᠠᠭᠠᠭᠠᠨ ᠰᠢᠶᠳᠪᠦᠷᠢᠯᠡᠬᠦ ᠪᠠᠶᠢᠴᠠᠭᠠᠬᠤ ᠲᠤᠰᠢᠶᠠᠯᠲᠠᠨ ᠮᠸᠩ ᠭᠤᠸᠠᠶ ᠶᠢᠨ ᠭᠡᠷ ᠦᠨ ᠪᠣᠳᠠᠲᠠᠶ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠰᠠᠨᠠᠭᠠᠴᠢᠯᠠᠭ᠎ᠠ ᠠᠴᠠ ᠪᠠᠨ ᠮᠸᠩ ᠭᠤᠸᠠᠶ ᠲᠠᠶ ᠬᠠᠷᠢᠯᠴᠠᠵᠤ᠂ ᠲᠡᠭᠦᠨ ᠳᠦ ᠬᠠᠤᠯᠢ ᠪᠠᠷᠢᠯᠲᠠ ᠵᠢᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠬᠤ ᠶᠢ ᠮᠡᠳᠡᠭᠳᠡᠭᠰᠡᠨ ᠪᠥᠭᠡᠳ ᠲᠡᠭᠦᠨ ᠢ ᠬᠠᠪᠰᠤᠷᠤᠨ ᠬᠠᠤᠯᠢ ᠪᠠᠷᠢᠯᠲᠠ ᠶᠢᠨ ᠠᠪᠤᠷᠠᠨ ᠲᠤᠰᠠᠯᠠᠯᠲᠠ ᠭᠤᠶᠤᠴᠢᠯᠠᠨ ᠦᠭᠭᠦᠭᠰᠡᠨ ᠪᠠᠶᠢᠨ᠎ᠠ᠃ ᠳᠠᠷᠠᠭ᠎ᠠ ᠨᠢ ᠲᠤᠰ ᠬᠣᠷᠢᠶ᠎ᠠ ᠪᠠᠰᠠ ᠮᠸᠩ ᠭᠤᠸᠠᠶ ᠶᠢᠨ ᠪᠠᠶᠢᠭ᠎ᠠ ᠰᠢᠶᠠᠩ ᠪᠠᠯᠭᠠᠰᠤ ᠪᠠ ᠭᠠᠴᠠᠭᠠᠨ ᠤ ᠠᠷᠠᠳ ᠤᠨ ᠳᠤᠭᠤᠶᠢᠯᠠᠩ ᠳᠤ ᠭᠦᠨᠵᠡᠭᠡᠶᠢᠷᠡᠵᠦ᠂ ᠮᠸᠩ ᠭᠤᠸᠠᠶ ᠶᠢᠨ ᠭᠡᠷ ᠪᠦᠯᠢ ᠶᠢᠨ ᠪᠠᠶᠢᠳᠠᠯ᠂ ᠠᠮᠢᠳᠤᠷᠠᠯ ᠤᠨ ᠣᠳᠣᠬᠢ ᠪᠠᠶᠢᠳᠠᠯ ᠵᠢᠴᠢ ᠲᠡᠳᠬᠦᠮᠵᠢ ᠣᠯᠬᠣ ᠠᠷᠭ᠎ᠠ ᠵᠠᠮ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠤ ᠬᠤᠶᠢᠨ᠎ᠠ᠂ ᠲᠡᠭᠦᠨ ᠦ ᠬᠠᠤᠯᠢ ᠪᠠᠷᠢᠯᠲᠠ ᠵᠢᠨ ᠠᠪᠤᠷᠠᠨ ᠲᠤᠰᠠᠯᠠᠯᠲᠠ ᠵᠢᠨ ᠨᠥᠬᠥᠴᠡᠯ ᠳᠦ ᠨᠡᠶᠢᠴᠡᠬᠦ ᠶᠢ ᠨᠤᠲᠠᠯᠠᠪᠠ᠃ ᠡᠨᠡ ᠵᠢᠯ ᠦᠨ 6 ᠰᠠᠷ᠎ᠠ ᠳᠤ᠂ ᠲᠤᠰ ᠬᠣᠷᠢᠶ᠎ᠠ 5 ᠲᠦᠮᠡᠨ ᠲᠥᠭᠥᠷᠢᠭ ᠦᠨ ᠬᠠᠤᠯᠢ ᠪᠠᠷᠢᠯᠲᠠ ᠵᠢᠨ ᠠᠪᠤᠷᠠᠨ ᠲᠤᠰᠠᠯᠠᠯᠲᠠ ᠶᠢᠨ ᠮᠥᠩᠭᠥ ᠶᠢ ᠮᠸᠩ ᠭᠤᠸᠠᠶ ᠶᠢᠨ ᠭᠠᠷ ᠲᠤ ᠠᠳᠬᠤᠭᠤᠯᠪᠠ ᠃
ᠳᠠᠬᠢᠨᠲᠠ ᠬᠠᠷᠢᠭᠤ ᠰᠤᠷᠪᠤᠯᠵᠢᠯᠠᠭ᠎ᠠ ᠬᠢᠬᠦ ᠦᠶ᠎ᠡ ᠳᠦ ᠂ ᠮᠸᠩ ᠭᠤᠸᠠᠶ ᠪᠠᠶᠢᠴᠠᠭᠠᠭᠴᠢ ᠶᠢᠨ ᠭᠠᠷ ᠠᠴᠠ ᠠᠳᠬᠤᠵᠤ ᠄ 《 ᠵᠠᠩᠭᠢᠯᠠᠭ᠎ᠠ ᠶᠢᠨ ᠦᠶ᠎ᠡ ᠳᠦ ᠪᠠᠶᠢᠴᠠᠭᠠᠬᠤ ᠬᠣᠷᠢᠶᠠᠨ ᠠᠴᠠ ᠬᠦᠷᠭᠡᠵᠦ ᠢᠷᠡᠭᠰᠡᠨ ᠠᠪᠤᠷᠠᠨ ᠲᠤᠰᠠᠯᠠᠬᠤ ᠮᠥᠩᠭᠥ ᠶᠡᠬᠡ ᠲᠤᠰᠠ ᠪᠣᠯᠵᠤ ᠂ ᠬᠡᠦᠬᠡᠳ ᠦᠨ ᠠᠮᠢᠳᠤᠷᠠᠯ ᠰᠤᠷᠤᠯᠭ᠎ᠠ ᠶᠢᠨ ᠪᠠᠶᠢᠳᠠᠯ ᠴᠦ ᠮᠠᠰᠢ ᠰᠠᠶᠢᠨ ᠪᠠᠶᠢᠨ᠎ᠠ ᠂ ᠪᠤᠰᠤᠳ ᠢ ᠨᠢ ᠠᠭᠠᠵᠢᠮ ᠳᠤ ᠪᠠᠨ ᠪᠤᠯᠤᠶ᠎ᠠ》 ᠭᠡᠵᠡᠶ ᠃ ᠪᠤᠴᠠᠬᠤ ᠠᠴᠠ ᠪᠠᠨ ᠡᠮᠦᠨ᠎ᠡ᠂ ᠪᠠᠶᠢᠴᠠᠭᠠᠬᠤ ᠲᠤᠰᠢᠶᠠᠯᠲᠠᠨ ᠪᠠᠰᠠ ᠮᠸᠩ ᠬᠥᠬᠡ ᠳᠤ ᠰᠡᠳᠬᠢᠴᠡ ᠶᠢᠨ ᠲᠠᠯ᠎ᠠ ᠵᠢᠨ ᠵᠢᠭᠠᠨ ᠵᠢᠯᠤᠭᠤᠳᠤᠯᠭ᠎ᠠ ᠬᠢᠵᠦ᠂ ᠲᠡᠭᠦᠨ ᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠢᠳᠡᠪᠬᠢᠲᠡᠶ ᠣᠪᠣᠷ ᠢᠶᠠᠷ ᠠᠮᠢᠳᠤᠷᠠᠯ ᠳᠤ ᠬᠠᠨᠳᠤᠬᠤ ᠬᠡᠷᠡᠭᠲᠡᠶ ᠭᠡᠵᠦ ᠵᠣᠷᠢᠭᠵᠢᠭᠤᠯᠵᠠᠶ᠃
ᠬᠡᠷᠡᠭ ᠢ ᠬᠠᠷᠢᠭᠤ ᠰᠤᠷᠪᠤᠯᠵᠢᠯᠠᠬᠤ ᠶᠠᠪᠤᠴᠠ ᠳᠤ᠂ ᠪᠠᠶᠢᠴᠠᠭᠠᠬᠤ ᠲᠤᠰᠢᠶᠠᠯᠲᠠᠨ ᠨᠠᠷ ᠪᠠᠰᠠ ᠬᠠᠤᠯᠢ ᠪᠠᠷᠢᠯᠲᠠ ᠶᠢᠨ ᠠᠪᠤᠷᠠᠨ ᠲᠤᠰᠠᠯᠠᠯᠲᠠ ᠶᠢᠨ ᠨᠡᠶᠢᠲᠡᠯᠢᠭ ᠬᠡᠷᠡᠭ ᠦᠨ ᠵᠢᠱᠢᠶ᠎ᠡ ᠲᠡᠶ ᠤᠶᠠᠯᠳᠤᠭᠤᠯᠤᠨ᠂ ᠠᠪᠤᠷᠠᠨ ᠲᠤᠰᠠᠯᠠᠭᠳᠠᠭᠴᠢ ᠶᠢᠨ ᠪᠠᠶᠢᠭ᠎ᠠ ᠭᠠᠴᠠᠭᠠᠨ ᠤ ᠠᠷᠠᠳ ᠤᠨ ᠵᠥᠪᠯᠡᠯ ᠳᠦ ᠬᠠᠤᠯᠢ ᠪᠠᠷᠢᠯᠲᠠ ᠶᠢᠨ ᠠᠪᠤᠷᠠᠨ ᠲᠤᠰᠠᠯᠠᠯᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢ ᠥᠷᠨᠢᠭᠦᠯᠵᠦ᠂ ᠮᠠᠰᠢ ᠰᠠᠢᠢᠨ ᠲᠤᠰᠬᠠᠯ ᠤᠯᠪᠠ᠃
ᠤᠤᠯ ᠵᠤᠬᠢᠶᠠᠯ ᠤᠨ ᠢᠷᠡᠯᠲᠡ᠄ 8 ᠰᠠᠷ᠎ᠠ ᠶᠢᠨ 31 ᠦ ᠡᠳᠦᠷ ᠦᠨ 《ᠪᠠᠶᠢᠴᠠᠭᠠᠬᠤ ᠡᠳᠦᠷ ᠦᠨ ᠰᠣᠨᠢᠨ》 ᠤ 2 ᠳ᠋ᠤᠭᠠᠷ ᠨᠢᠭᠤᠷ