ᠠᠩᠬᠠᠳᠤᠭᠠᠷ ᠬᠤᠭᠤᠴᠠᠭᠠᠨ ᠤ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠢᠷᠭᠡᠨ ᠦ ᠬᠡᠷᠡᠭ ᠦᠨ ᠪᠠᠶᠢᠴᠠᠭᠠᠬᠤ ᠡᠷᠬᠢᠯᠡᠭᠰᠡᠨ ᠠᠵᠢᠯ ᠤᠨ ᠤᠷᠤᠯᠳᠤᠭᠠᠨ ᠨᠢ ᠤᠶᠤᠨ ᠤ ᠮᠠᠩᠯᠠᠢ ᠨᠤᠭᠤᠳ ᠢ ᠢᠯᠡᠷᠡᠭᠦᠯᠵᠡᠢ
9 ᠰᠠᠷ᠎ᠠ ᠶᠢᠨ 24 ᠦ ᠡᠳᠦᠷ ᠡᠴᠡ 28 ᠤ ᠡᠳᠦᠷ ᠪᠣᠯᠲᠠᠯ᠎ᠠ ᠂ ᠠᠩᠬᠠᠳᠤᠭᠠᠷ ᠬᠤᠭᠤᠴᠠᠭᠠᠨ ᠤ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠢᠷᠭᠡᠨ ᠦ ᠬᠡᠷᠡᠭ ᠦᠨ ᠪᠠᠶᠢᠴᠠᠭᠠᠬᠤ ᠡᠷᠬᠢᠯᠡᠭᠰᠡᠨ ᠠᠵᠢᠯ ᠤᠨ ᠤᠷᠤᠯᠳᠤᠭᠠᠨ ᠥᠪᠥᠷ ᠮᠣᠩᠭᠣᠯ ᠤᠨ ᠪᠠᠶᠢᠴᠠᠭᠠᠬᠤ ᠲᠤᠰᠢᠶᠠᠯᠲᠠᠨ ᠤ ᠳᠠᠪᠲᠠᠨ ᠪᠣᠯᠪᠠᠰᠤᠷᠠᠭᠤᠯᠬᠤ ᠳᠡᠭᠡᠳᠦ ᠰᠤᠷᠭᠠᠭᠤᠯᠢ ᠳᠤ ᠶᠠᠪᠤᠭᠳᠠᠵᠤ ᠂ ᠪᠥᠬᠥ ᠣᠷᠣᠨ ᠤ ᠭᠤᠷᠪᠠᠨ ᠱᠠᠲᠤᠨ ᠤ ᠪᠠᠶᠢᠴᠠᠭᠠᠬᠤ ᠬᠣᠷᠢᠶ᠎ᠠ ᠶᠢᠨ ᠰᠤᠩᠭᠤᠭᠰᠠᠨ 51 ᠪᠠᠶᠢᠴᠠᠭᠠᠬᠤ ᠠᠵᠢᠯᠳᠠᠨ ᠤᠷᠤᠯᠳᠤᠭᠠᠨ ᠳᠤ ᠣᠷᠣᠯᠴᠠᠵᠠᠶ ᠃ ᠬᠡᠷᠡᠭ ᠢ ᠬᠢᠨᠠᠨ ᠪᠠᠶᠢᠴᠠᠭᠠᠬᠤ ᠪᠠ ᠪᠢᠴᠢᠭ ᠬᠠᠷ᠎ᠠ ᠵᠣᠬᠢᠶᠠᠬᠤ ᠂ ᠶᠡᠷᠦᠩᠬᠡᠶᠢᠯᠡᠭᠰᠡᠨ ᠡᠷᠬᠢᠯᠡᠭᠰᠡᠨ ᠠᠵᠢᠯ ᠤᠨ ᠮᠡᠳᠡᠯᠭᠡ ᠶᠢᠨ ᠪᠢᠷ ᠦᠨ ᠰᠢᠯᠭᠠᠯᠲᠠ ᠬᠢᠬᠦ ᠂ ᠬᠡᠷᠡᠭ ᠢ ᠬᠠᠷᠢᠭᠤ ᠮᠡᠳᠡᠭᠦᠯᠬᠦ ᠪᠠ ᠬᠠᠷᠢᠭᠤ ᠮᠠᠷᠭᠤᠬᠤ ᠭᠤᠷᠪᠠᠨ ᠭᠣᠭᠴᠣᠭ᠎ᠠ ᠶᠢᠨ ᠥᠷᠢᠰᠥᠯᠳᠦᠭᠡᠨ ᠢᠶᠡᠷ ᠳᠡᠮᠵᠢᠨ ᠂ ᠶᠠᠩ ᠶᠠᠨ ᠹᠸᠨ ᠵᠡᠷᠭᠡ 10 ᠪᠠᠶᠢᠴᠠᠭᠠᠬᠤ ᠠᠵᠢᠯᠳᠠᠨ ︽ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠢᠷᠭᠡᠨ ᠦ ᠬᠡᠷᠡᠭ ᠦᠨ ᠪᠠᠶᠢᠴᠠᠭᠠᠬᠤ ᠡᠷᠬᠢᠯᠡᠭᠰᠡᠨ ᠠᠵᠢᠯ ᠤᠨ ᠵᠢᠱᠢᠶᠡᠴᠢ ︾ ᠪᠠᠷ ᠰᠣᠩᠭᠣᠭᠳᠠᠵᠤ ᠂ ᠸᠠᠩ ᠶᠠᠩ ᠵᠡᠷᠭᠡ 16 ᠪᠠᠶᠢᠴᠠᠭᠠᠬᠤ ᠠᠵᠢᠯᠲᠠᠨ ︽ ᠪᠥᠬᠥ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠢᠷᠭᠡᠨ ᠦ ᠬᠡᠷᠡᠭ ᠦᠨ ᠪᠠᠶᠢᠴᠠᠭᠠᠬᠤ ᠡᠷᠬᠢᠯᠡᠭᠰᠡᠨ ᠠᠵᠢᠯ ᠤᠨ ᠴᠢᠳᠠᠪᠤᠷᠢᠲᠠᠨ ︾ ᠢᠶᠠᠷ ᠰᠣᠩᠭᠣᠭᠳᠠᠵᠤ ᠂ ᠬᠥᠬᠡᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠵᠡᠷᠭᠡ 5 ᠨᠢᠭᠡᠴᠡ ︽ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ︾ ᠬᠦᠷᠲᠡᠪᠠ ᠃
ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠵᠧᠩ ᠵᠢᠶᠠ ᠮᠧᠶ ᠂ ᠨᠢᠭᠡᠳᠦᠭᠡᠷ ᠳᠡᠰ ᠤᠨ ᠳᠡᠭᠡᠳᠦ ᠵᠡᠷᠭᠡ ᠶᠢᠨ ᠪᠠᠶᠢᠴᠠᠭᠠᠬᠤ ᠲᠤᠰᠢᠶᠠᠯᠲᠠᠨ ᠶᠠᠩ ᠱᠦ ᠯᠢᠨ ᠡᠴᠡ ᠱᠠᠩᠨᠠᠯ ᠣᠯᠤᠭᠰᠠᠨ ᠨᠢᠭᠡᠴᠡ ᠪᠠ ᠣᠷᠣᠯᠴᠠᠭᠴᠢ ᠳᠤ ᠱᠠᠩᠨᠠᠯ ᠭᠠᠷᠳᠠᠭᠤᠯᠪᠠ ᠃
ᠶᠠᠩ ᠱᠦ ᠯᠢᠨ ᠣᠳᠣᠬᠠᠨ ᠤ ᠢᠷᠭᠡᠨ ᠦ ᠬᠡᠷᠡᠭ ᠦᠨ ᠪᠠᠶᠢᠴᠠᠭᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠵᠢᠨ ᠡᠭᠦᠷᠭᠡ ᠲᠡᠶ ᠤᠶᠠᠯᠳᠤᠭᠤᠯᠤᠨ ᠳ᠋ᠦᠩᠨᠡᠯᠲᠡ ᠬᠢᠭᠰᠡᠨ ᠪᠥᠭᠡᠳ ᠢᠷᠭᠡᠨ ᠦ ᠬᠡᠷᠡᠭ ᠦᠨ ᠪᠠᠶᠢᠴᠠᠭᠠᠬᠤ ᠡᠩᠨᠡᠭᠡᠨ ᠦ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠱᠠᠭᠠᠷᠳᠠᠯᠭ᠎ᠠ ᠭᠠᠷᠭᠠᠪᠠ᠄
ᠬᠡᠷᠡᠭ ᠢ ᠬᠢᠨᠠᠨ ᠪᠠᠶᠢᠴᠠᠭᠠᠬᠤ ᠪᠠ ᠪᠢᠴᠢᠭ ᠬᠠᠷ᠎ᠠ ᠵᠣᠬᠢᠶᠠᠬᠤ ᠭᠣᠭᠴᠣᠭ᠎ᠠ ᠳᠤ ᠂ ᠵᠣᠪ ᠵᠤᠵᠠᠭᠠᠨ ᠬᠡᠷᠡᠭ ᠦᠨ ᠵᠢᠱᠢᠶ᠎ᠡ ᠶᠢᠨ ᠮᠠᠲ᠋ᠧᠷᠢᠶᠠᠯ ᠤᠨ ᠡᠮᠦᠨ᠎ᠡ ᠂ ᠲᠣᠰ ᠭᠣᠭᠴᠣᠭ᠎ᠠ ᠳᠤ ᠣᠷᠣᠯᠴᠠᠭᠰᠠᠳ ᠢ 4 ᠴᠠᠭ ᠤᠨ ᠳᠣᠲᠣᠷ᠎ᠠ ᠮᠠᠷᠭᠤᠯᠳᠤᠭᠠᠨ ᠤ ᠲᠥᠪᠯᠡᠷᠡᠯ ᠦᠨ ᠴᠡᠭ ᠢ ᠬᠤᠷᠢᠶᠠᠩᠭᠤᠶᠢᠯᠠᠵᠤ ᠂ ᠳᠠᠭᠠᠭᠠᠨ ᠰᠢᠶᠳᠪᠦᠷᠢᠯᠡᠬᠦ ᠰᠠᠨᠠᠯ ᠢ ᠪᠦᠷᠢᠯᠳᠦᠭᠦᠯᠦᠨ ᠂ ᠰᠢᠭᠦᠵᠦ ᠳᠠᠭᠤᠰᠬᠠᠭᠰᠠᠨ ᠮᠡᠳᠡᠭᠦᠯᠦᠯᠲᠡ ᠶᠢ ᠪᠢᠴᠢᠬᠦ ᠶᠢᠨ ᠬᠠᠮᠲᠤ ᠬᠠᠷᠢᠭᠤ ᠮᠡᠳᠡᠭᠦᠯᠵᠦ ᠬᠠᠷᠢᠭᠤ ᠮᠠᠷᠭᠤᠬᠤ ᠱᠠᠲᠤᠨ ᠤ PPT ᠵᠢ ᠰᠠᠶᠢᠲᠤᠷ ᠵᠣᠬᠢᠶᠠᠬᠤ ᠬᠡᠷᠡᠭᠲᠡᠶ ᠭᠡᠵᠦ ᠱᠠᠭᠠᠷᠳᠠᠵᠠᠶ ᠃ ᠤᠷᠤᠯᠳᠤᠭᠠᠨ ᠳᠤ ᠤᠷᠤᠯᠴᠠᠭᠰᠠᠳ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠂ ᠬᠠᠸᠯᠢ ᠴᠠᠭᠠᠵᠠ ᠶᠢ ᠬᠡᠷᠡᠭᠯᠡᠬᠦ ᠂ ᠵᠠᠳᠠᠯᠤᠨ ᠶᠣᠰᠣ ᠶᠠᠷᠢᠬᠤ ᠵᠡᠷᠭᠡ ᠲᠠᠯ᠎ᠠ ᠶᠢᠨ ᠦᠨᠳᠦᠰᠦᠨ ᠬᠡᠪ ᠴᠢᠨᠠᠷ ᠪᠠ ᠲᠤᠰᠬᠠᠶ ᠮᠡᠷᠭᠡᠵᠢᠯ ᠦᠨ ᠴᠢᠳᠠᠪᠤᠷᠢ ᠶᠢ ᠭᠣᠸᠯᠳᠠᠯᠭ᠎ᠠ ᠲᠠᠶ ᠰᠢᠯᠭᠠᠨ ᠪᠠᠶᠢᠴᠠᠭᠠᠨ᠎ᠠ ᠃ ᠨᠠᠮ ᠵᠢᠮ ᠰᠢᠯᠭᠠᠯᠲᠠ ᠶᠢᠨ ᠲᠠᠯᠠᠪᠤᠷ ᠲᠤ ᠂ ᠤᠷᠤᠯᠳᠤᠭᠠᠨ ᠳᠤ ᠤᠷᠤᠯᠴᠠᠭᠰᠠᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠂ ᠴᠠᠭ ᠮᠥᠴᠡ ᠶᠢ ᠠᠯᠳᠠᠯ ᠥᠬᠡᠶ ᠤᠷᠤᠯᠳᠤᠨ ᠂ ᠣᠶᠤᠨ ᠤᠬᠠᠭᠠᠨ ᠪᠠ ᠪᠡᠶ᠎ᠡ ᠶᠢᠨ ᠬᠦᠴᠦᠨ ᠦ ᠬᠣᠸᠰ ᠮᠥᠷᠥᠶᠢᠴᠡᠭᠡᠨ ᠢ ᠢᠯᠡᠷᠡᠭᠦᠯᠦᠭᠰᠡᠨ ᠪᠠᠶᠢᠨ᠎ᠠ ᠃
ᠢᠷᠭᠡᠨ ᠦ ᠬᠡᠷᠡᠭ ᠦᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠡᠷᠬᠢᠯᠡᠭᠰᠡᠨ ᠠᠵᠢᠯ ᠤᠨ ᠮᠡᠳᠡᠯᠭᠡ ᠶᠢᠨ ᠪᠢᠷ ᠦᠨ ᠰᠢᠯᠭᠠᠯᠲᠠ ᠳᠤ ᠪᠢᠳᠡᠭᠦᠮᠵᠢᠯᠡᠨ ᠰᠢᠯᠭᠠᠬᠤ ᠬᠡᠯᠪᠡᠷᠢ ᠶᠢ ᠬᠡᠷᠡᠭᠯᠡᠵᠦ ᠂ 3 ᠴᠠᠭ ᠢ ᠬᠡᠷᠡᠭᠰᠡᠪᠡ᠃ ᠪᠢᠷ ᠦᠨ ᠰᠢᠯᠭᠠᠯᠲᠠ ᠶᠢᠨ ᠰᠡᠳᠦᠪ ᠨᠢ ᠢᠷᠭᠡᠨ ᠦ ᠬᠡᠷᠡᠭ ᠦᠨ ᠪᠠᠶᠢᠴᠠᠭᠠᠯᠲᠠ ᠶᠢᠨ ᠪᠣᠳᠠᠲᠤ ᠪᠠᠶᠢᠳᠠᠯ ᠲᠠᠶ ᠨᠢᠭᠲᠠ ᠤᠶᠠᠯᠳᠤᠵᠤ ᠂ ᠤᠯᠤᠰ ᠲᠥᠷᠥ ᠶᠢᠨ ᠣᠨᠣᠯ ᠤᠨ ᠮᠡᠳᠡᠯᠭᠡ ᠂ ᠢᠷᠭᠡᠨ ᠦ ᠬᠠᠸᠯᠢ ᠶᠢᠨ ᠪᠢᠴᠢᠭ ᠵᠡᠷᠭᠡ ᠪᠠᠲᠠᠳᠦ ᠬᠠᠸᠯᠢ ᠂ ᠢᠷᠭᠡᠨ ᠦ ᠵᠠᠷᠭᠤ ᠶᠢᠨ ᠬᠠᠸᠯᠢ ᠵᠢᠴᠢ ᠢᠷᠭᠡᠨ ᠦ ᠵᠠᠷᠭᠤ ᠳᠤ ᠬᠢᠨᠠᠯᠲᠠ ᠲᠠᠯᠪᠢᠬᠤ ᠲᠦᠷᠢᠮ ᠵᠡᠷᠭᠡ ᠠᠭᠤᠯᠭ᠎ᠠ ᠶᠢ ᠬᠠᠮᠤᠷᠴᠤ ᠂ ᠣᠷᠣᠯᠴᠠᠭᠰᠠᠳ ᠤᠨ ᠮᠡᠳᠡᠯᠭᠡ ᠶᠢᠨ ᠨᠥᠭᠡᠴᠡ ᠂ ᠬᠠᠸᠯᠢ ᠴᠠᠭᠠᠵᠠ ᠶᠢᠨ ᠰᠠᠭᠤᠷᠢ ᠪᠠ ᠡᠷᠬᠢᠯᠡᠭᠰᠡᠨ ᠠᠵᠢᠯ ᠤᠨ ᠬᠢᠷᠢ ᠲᠦᠪᠰᠢᠨ ᠦ ᠨᠢᠭᠡ ᠤᠳᠠᠭᠠᠨ ᠤ ᠰᠢᠰᠲ᠋ᠧᠮ ᠲᠡᠶ ᠰᠢᠯᠭᠠᠨ ᠪᠠᠶᠢᠴᠠᠭᠠᠯᠲᠠ ᠪᠣᠯᠤᠨ᠎ᠠ ᠃
ᠬᠣᠶᠠᠷ ᠡᠳᠦᠷ ᠦᠨ ᠬᠡᠷᠡᠭ ᠦᠨ ᠪᠢᠴᠢᠭ ᠬᠠᠷ᠎ᠠ ᠶᠢᠨ ᠬᠢᠨᠠᠨ ᠪᠠᠶᠢᠴᠠᠭᠠᠯᠲᠠ ᠪᠠ ᠶᠡᠷᠦᠩᠬᠡᠶᠢᠯᠡᠭᠰᠡᠨ ᠡᠷᠬᠢᠯᠡᠭᠰᠡᠨ ᠠᠵᠢᠯ ᠤᠨ ᠮᠡᠳᠡᠯᠭᠡ ᠶᠢᠨ ᠪᠢᠷ ᠦᠨ ᠰᠢᠯᠭᠠᠯᠲᠠ ᠶᠢᠨ ᠰᠢᠷᠦᠭᠦᠨ ᠥᠷᠢᠰᠥᠯᠳᠦᠭᠡᠨ ᠢᠶᠡᠷ ᠳᠡᠮᠵᠢᠨ ᠂ ᠡᠮᠦᠨ᠎ᠡ 26 ᠨᠡᠷᠡᠰ ᠲᠦ ᠵᠢᠭᠰᠠᠭᠠᠭᠳᠠᠭᠰᠠᠨ ᠬᠢᠷᠢ ᠪᠦᠲᠦᠮᠵᠢ ᠶᠢᠨ ᠠᠵᠢᠯᠲᠠᠨ ᠴᠣᠯᠭᠣᠷᠠᠨ ᠭᠠᠷᠴᠤ ᠂ ᠬᠡᠷᠡᠭ ᠦᠨ ᠬᠠᠷᠢᠭᠤ ᠮᠡᠳᠡᠭᠦᠯᠦᠯᠲᠡ ᠪᠠ ᠬᠠᠷᠢᠭᠤ ᠮᠠᠷᠭᠤᠬᠤ ᠵᠠᠩᠭᠢᠯᠠᠭ᠎ᠠ ᠶᠢᠨ ᠱᠠᠲᠤᠨ ᠳᠤ ᠠᠮᠵᠢᠯᠲᠠ ᠲᠠᠶ ᠳᠡᠪᠰᠢᠪᠡ ᠃ ᠤᠷᠤᠯᠳᠤᠭᠠᠨ ᠳᠤ ᠤᠷᠤᠯᠴᠠᠭᠰᠠᠳ 10 ᠮᠢᠨᠦ᠋ᠲ ᠦᠨ ᠳᠣᠲᠣᠷ᠎ᠠ ᠬᠤᠪᠢ ᠬᠥᠮᠦᠨ ᠦ ᠦᠢᠯᠡᠳᠦᠭᠰᠡᠨ ᠬᠡᠷᠡᠭ ᠢ ᠬᠢᠨᠠᠨ ᠪᠠᠶᠢᠴᠠᠭᠠᠵᠤ ᠳᠠᠭᠤᠰᠬᠠᠭᠰᠠᠨ ᠮᠡᠳᠡᠭᠦᠯᠦᠯᠲᠡ ᠳᠦ ᠴᠢᠭᠯᠡᠭᠦᠯᠦᠨ PPT ᠦᠵᠡᠭᠦᠯᠦᠯᠭᠡ ᠶᠢᠨ ᠬᠠᠷᠢᠭᠤ ᠮᠡᠳᠡᠭᠦᠯᠦᠯᠲᠡ ᠬᠢᠬᠦ ᠶᠢᠨ ᠬᠠᠮᠲᠤ ᠲᠤᠬᠠᠶ ᠶᠢᠨ ᠲᠠᠯᠠᠪᠤᠷ ᠲᠤ ᠵᠠᠪᠠᠯ ᠬᠠᠷᠢᠭᠤᠯᠬᠤ ᠰᠡᠳᠦᠪ ᠪᠠ ᠰᠢᠯᠭᠠᠷᠠᠭᠤᠯᠬᠤ ᠺᠣᠮᠢᠰ ᠤᠨ ᠭᠡᠰᠢᠭᠦᠨ ᠦ ᠨᠡᠬᠡᠮᠵᠢᠯᠡᠨ ᠠᠰᠠᠭᠤᠭᠰᠠᠨ ᠢ ᠬᠠᠷᠢᠭᠤᠯᠬᠤ ᠬᠡᠷᠡᠭᠲᠡᠶ ᠂ ᠴᠠᠭ ᠨᠢ 5 ᠮᠢᠨᠦ᠋ᠲ ᠪᠣᠯᠤᠨ᠎ᠠ ᠃ ᠬᠠᠷᠢᠭᠤ ᠮᠡᠳᠡᠭᠦᠯᠬᠦ ᠪᠠ ᠬᠠᠷᠢᠭᠤ ᠮᠠᠷᠭᠤᠬᠤ ᠳᠤ ᠣᠷᠣᠯᠴᠠᠭᠴᠢ ᠶᠢ ᠪᠦᠬᠦ ᠶᠠᠪᠤᠴᠠ ᠳᠤ ᠪᠢᠴᠢᠵᠦ ᠳᠠᠭᠤᠰᠬᠠᠬᠤ ᠶᠢ ᠱᠠᠭᠠᠷᠳᠠᠨ᠎ᠠ ᠃ ᠲᠤᠰ ᠭᠣᠭᠴᠣᠭ᠎ᠠ ᠳᠤ ᠭᠣᠣᠯᠳᠠᠭᠤ ᠤᠷᠤᠯᠳᠤᠭᠠᠨ ᠳᠤ ᠤᠷᠤᠯᠴᠠᠭᠰᠠᠳ ᠤᠨ ᠦᠭᠡ ᠶᠠᠷᠢᠶᠠᠨ ᠦ ᠢᠯᠡᠳᠬᠡᠯ᠂ ᠬᠤᠷᠢᠶᠠᠩᠭᠤᠶᠢᠯᠠᠨ ᠵᠠᠳᠠᠯᠬᠤ᠂ ᠲᠤᠬᠠᠢ ᠶᠢᠨ ᠲᠠᠯᠠᠪᠤᠷ ᠤᠨ ᠠᠷᠭᠠᠴᠠᠬᠤ ᠪᠠ ᠮᠡᠳᠡᠯᠭᠡ ᠶᠢᠨ ᠨᠥᠭᠡᠴᠡ ᠵᠡᠷᠭᠡ ᠲᠠᠯ᠎ᠠ ᠶᠢᠨ ᠴᠢᠳᠠᠪᠤᠷᠢ ᠶᠢ ᠰᠢᠯᠭᠠᠨ ᠪᠠᠶᠢᠴᠠᠭᠠᠪᠠ᠃ ᠤᠷᠤᠯᠳᠤᠭᠠᠨ ᠳᠤ ᠤᠷᠤᠯᠴᠠᠭᠰᠠᠳ ᠬᠠᠷᠢᠭᠤ ᠮᠡᠳᠡᠭᠦᠯᠦᠯᠲᠡ ᠪᠠ ᠬᠠᠷᠢᠭᠤ ᠮᠠᠷᠭᠤᠭᠠᠨ ᠤ ᠳᠤᠮᠳᠠ ᠪᠤᠳᠤᠵᠤ ᠰᠡᠳᠬᠢᠬᠦ ᠨᠢ ᠲᠣᠳᠣᠷᠬᠠᠶ᠂ ᠳᠡᠰ ᠳᠠᠪᠬᠤᠷᠭ᠎ᠠ ᠨᠢ ᠲᠣᠳᠣᠷᠬᠠᠶ᠂ ᠨᠤᠲᠠᠯᠠᠯᠲᠠ ᠨᠢ ᠬᠦᠴᠦᠨ ᠲᠡᠶ᠃ ᠲᠣᠰ ᠭᠣᠭᠴᠣᠭ᠎ᠠ ᠳᠤ ᠪᠠᠰᠠ ᠬᠠᠸᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠵᠢᠴᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠬᠣᠯᠪᠣᠭᠳᠠᠯ ᠪᠥᠬᠥᠶ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠢ ᠤᠷᠢᠵᠤ ᠰᠢᠯᠭᠠᠷᠠᠭᠤᠯᠬᠤ ᠺᠣᠮᠢᠰ ᠤᠨ ᠭᠡᠰᠢᠭᠦᠨ ᠦ ᠲᠤᠰᠢᠶᠠᠯ ᠢ ᠡᠭᠦᠷᠭᠡᠯᠡᠭᠦᠯᠵᠦ ᠂ ᠰᠢᠯᠭᠠᠷᠠᠭᠤᠯᠬᠤ ᠺᠣᠮᠢᠰ ᠤᠨ ᠭᠡᠰᠢᠭᠦᠨ ᠣᠷᠣᠯᠴᠠᠭᠴᠢ ᠶᠢᠨ ᠢᠯᠡᠷᠡᠯ ᠢ ᠦᠨᠳᠦᠰᠦᠯᠡᠨ ᠲᠤᠬᠠᠶ ᠶᠢᠨ ᠲᠠᠯᠠᠪᠤᠷ ᠲᠤ ᠬᠤᠪᠢ ᠥᠭᠪᠡ᠃
ᠤᠷᠤᠯᠳᠤᠭᠠᠨ ᠤ ᠬᠤᠭᠤᠴᠠᠭᠠᠨ ᠳᠤ ᠪᠠᠰᠠ ᠢᠷᠭᠡᠨ ᠦ ᠬᠡᠷᠡᠭ ᠦᠨ ᠪᠠᠶᠢᠴᠠᠭᠠᠬᠤ ᠠᠵᠢᠯ ᠤᠨ ᠭᠣᠣᠯ ᠪᠣᠯᠬᠤ ᠶᠠᠰᠤ ᠴᠢᠨᠠᠷ ᠤᠨ ᠦᠨᠡᠯᠡᠯᠲᠡ ᠶᠢᠨ ᠭᠦᠢᠴᠡᠳᠬᠡᠯ ᠲᠣᠭ᠎ᠠ ᠶᠢᠨ ᠪᠠᠶᠢᠳᠠᠯ ᠤᠨ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠵᠤ᠂ 1—8 ᠰᠠᠷ᠎ᠠ ᠶᠢᠨ ᠪᠦᠬᠦ ᠣᠷᠣᠨ ᠤ ᠢᠷᠭᠡᠨ ᠦ ᠬᠡᠷᠡᠭ ᠦᠨ ᠪᠠᠶᠢᠴᠠᠭᠠᠬᠤ ᠠᠵᠢᠯ ᠤᠨ ᠭᠣᠣᠯ ᠪᠣᠯᠬᠤ ᠶᠠᠰᠤ ᠴᠢᠨᠠᠷ ᠤᠨ ᠦᠨᠡᠯᠡᠯᠲᠡ ᠶᠢᠨ ᠭᠦᠢᠴᠡᠳᠬᠡᠯ ᠲᠣᠭ᠎ᠠ ᠶᠢᠨ ᠪᠠᠶᠢᠳᠠᠯ ᠢ ᠮᠡᠳᠡᠭᠡᠯᠡᠵᠦ᠂ ᠤᠯᠠᠨ ᠢᠶᠠᠷ ᠢᠶᠠᠨ ᠲᠤᠰ ᠭᠠᠵᠠᠷ ᠣᠷᠣᠨ ᠤ ᠢᠷᠭᠡᠨ ᠦ ᠬᠡᠷᠡᠭ ᠦᠨ ᠪᠠᠶᠢᠴᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠤᠷᠰᠢᠯᠭ᠎ᠠ ᠠᠷᠭ᠎ᠠ ᠬᠢᠳᠡᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠵᠡᠷᠭᠡ ᠠᠭᠤᠯᠭ᠎ᠠ ᠶᠢᠨ ᠲᠤᠬᠠᠢ ᠬᠥᠭᠵᠢᠶᠡᠨᠲᠡᠢ ᠶᠠᠷᠢᠯᠴᠠᠪᠠ᠃
ᠬᠠᠷᠢᠭᠤ ᠮᠡᠳᠡᠭᠦᠯᠦᠯᠲᠡ ᠶᠢᠨ ᠬᠠᠷᠢᠭᠤ ᠮᠠᠷᠭᠤᠬᠤ ᠠᠵᠢᠯ ᠳᠠᠭᠤᠰᠤᠭᠰᠠᠨ ᠤ ᠲᠠᠷᠠᠭ᠎ᠠ᠂ ᠤᠷᠤᠯᠳᠤᠭᠠᠨ ᠳᠤ ᠣᠷᠣᠯᠴᠠᠭᠰᠠᠳ ᠪᠠᠰᠠ ᠠᠭᠤᠵᠢᠷᠠᠲᠠᠯ᠎ᠠ ᠶᠠᠷᠢᠯᠴᠠᠵᠤ᠂ ᠤᠷᠤᠯᠳᠤᠭᠠᠨ ᠳᠤ ᠪᠡᠯᠡᠳᠬᠡᠭᠰᠡᠨ ᠶᠠᠪᠤᠴᠠ᠂ ᠤᠷᠤᠯᠳᠤᠭᠠᠨ ᠳᠤ ᠣᠷᠣᠯᠴᠠᠭᠰᠠᠨ ᠣᠯᠤᠯᠲᠠ ᠵᠢᠴᠢ ᠢᠷᠭᠡᠨ ᠦ ᠬᠡᠷᠡᠭ ᠦᠨ ᠪᠠᠶᠢᠴᠠᠭᠠᠬᠤ ᠡᠩᠨᠡᠭᠡᠨ ᠦ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠭᠤᠯᠭ᠎ᠠ ᠵᠡᠷᠭᠡ ᠬᠡᠳᠦᠨ ᠲᠠᠯ᠎ᠠ ᠪᠠᠷ ᠲᠦᠷᠦᠭᠳᠡᠯ ᠢᠶᠡᠨ ᠢᠯᠡᠳᠬᠡᠵᠦ᠂ ᠤᠷᠤᠯᠳᠤᠭᠠᠨ ᠳᠤ ᠪᠡᠯᠡᠳᠬᠡᠭᠰᠡᠨ ᠬᠦᠴᠢᠷ ᠢᠶᠠᠨ ᠶᠠᠷᠢᠭᠰᠠᠨ ᠮᠥᠷᠲᠡᠭᠡᠨ ᠪᠠᠰᠠ ᠣᠯᠤᠯᠲᠠ ᠶᠢᠨ ᠪᠠᠶᠠᠷ ᠪᠠᠬᠠᠳᠤᠯ ᠢᠶᠠᠨ ᠴᠤ ᠶᠠᠷᠢᠭᠰᠠᠨ ᠪᠠᠶᠢᠨ᠎ᠠ︔ ᠡᠨᠡ ᠨᠢ ᠤᠷᠤᠯᠳᠤᠭᠠᠨ ᠳᠤ ᠤᠷᠤᠯᠴᠠᠭᠰᠠᠳ ᠤᠨ ᠬᠣᠭᠣᠷᠣᠨᠳᠣᠬᠢ ᠣᠶᠢᠯᠠᠭᠠᠯᠴᠠᠭ᠎ᠠ ᠶᠢ ᠨᠡᠮᠡᠭᠳᠡᠭᠦᠯᠦᠭᠰᠡᠨ ᠢᠶᠡᠷ ᠪᠠᠷᠠᠬᠤ ᠥᠬᠡᠶ ᠂ ᠤᠷᠤᠯᠳᠤᠭᠠᠨ ᠪᠠ ᠬᠣᠶᠢᠰᠢᠳᠠ ᠶᠢᠨ ᠠᠵᠢᠯ ᠢᠶᠠᠨ ᠥᠷᠨᠢᠭᠦᠯᠬᠦ ᠳᠦ ᠴᠦ ᠠᠰᠢᠭᠲᠠᠶ ᠠᠷᠭ᠎ᠠ ᠪᠣᠳᠣᠯᠭ᠎ᠠ ᠬᠠᠩᠭᠠᠭᠰᠠᠨ ᠪᠠᠶᠢᠨ᠎ᠠ ᠃