ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠵᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
11 ᠳ᠋ᠦ᠋ᠭᠡᠷ ᠰᠠᠷ᠎ᠠ ᠶᠢᠨ 15 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠣᠸᠯ ᠳᠤᠭᠤᠶᠢᠯᠠᠩ ︵ᠥᠷᠭᠡᠳᠬᠡᠭᠰᠡᠨ ︶ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠥᠬᠥᠳᠡ ᠬᠤᠷᠠᠯᠳᠤᠭᠠᠨ ᠤ ᠠᠯᠪᠠᠨ ᠮᠡᠳᠡᠭᠡ ᠪᠠ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠦᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠦᠪᠯᠡᠷᠡᠨ ᠰᠤᠷᠤᠯᠴᠠᠪᠠ ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠴᠢ ᠯᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃
ᠯᠢ ᠴᠢ ᠯᠢᠨ ᠵᠢᠭᠠᠵᠤ ᠭᠠᠷᠭᠠᠭᠰᠠᠨ ᠨᠢ ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠬᠢᠵᠦ ᠂ ᠣᠳᠣᠬᠠᠨ ᠤ ᠪᠠ ᠬᠣᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠬᠡ ᠤᠯᠤᠰ ᠲᠦᠷᠦ ᠶᠢᠨ ᠡᠭᠦᠷᠭᠡ ᠪᠤᠯᠠᠭᠠᠨ᠂ ᠤᠯᠠᠨ ᠲᠡᠰ ᠳᠠᠪᠬᠤᠷᠭ᠎ᠠ᠂ ᠤᠯᠠᠨ ᠬᠠᠷᠠᠭᠠᠰᠤ᠂ ᠤᠯᠠᠨ ᠬᠡᠯᠪᠡᠷᠢ ᠶᠢᠨ ᠰᠤᠷᠤᠯᠴᠠᠯᠭ᠎ᠠ ᠶᠢᠨ ᠠᠵᠢᠯᠯᠠᠭ᠎ᠠ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠭᠣᠣᠯ ᠳᠤᠭᠤᠶᠢᠯᠠᠩ ᠤᠨ ᠰᠤᠷᠤᠯᠴᠠᠯᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠡᠭᠦᠷ ᠦᠨ ᠰᠤᠷᠤᠯᠴᠠᠯᠭ᠎ᠠ ᠪᠠᠷ ᠭᠠᠷᠳᠠᠴᠠ ᠪᠣᠯᠭᠠᠵᠤ᠂ ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠵᠤ᠂ ᠲᠥᠪ ᠦᠨ ᠰᠢᠢᠳᠪᠦᠷᠢᠲᠦ ᠪᠤᠳᠤᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃
ᠯᠢ ᠴᠢ ᠯᠢᠨ ᠱᠠᠭᠠᠷᠳᠠᠭᠰᠠᠨ ᠨᠢ ᠂ ᠭᠣᠣᠯ ᠴᠢᠬᠤᠯᠠ ᠠᠭᠤᠯᠭ᠎ᠠ ᠶᠢ ᠡᠵᠡᠮᠳᠡᠵᠦ᠂ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠤᠯᠤᠰ ᠲᠦᠷᠦ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠬᠦᠳᠠ ᠬᠤᠷᠠᠯᠳᠤᠭᠠᠨ ᠤ ᠬᠢᠨᠠᠨ ᠵᠥᠪᠯᠡᠵᠦ ᠪᠠᠲᠤᠯᠠᠭᠰᠠᠨ︽ᠨᠠᠮ ᠤᠨ ᠵᠠᠭᠤᠨ ᠵᠢᠯ ᠦᠨ ᠲᠡᠮᠡᠴᠡᠯ ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠰᠢᠢᠳᠪᠦᠷᠢ︾︵ᠳᠣᠷᠣᠭᠰᠢ︽ᠰᠢᠢᠳᠪᠦᠷᠢ︾ᠭᠡᠵᠦ ᠨᠡᠷᠡᠯᠡᠨ᠎ᠡ︶ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠦᠨ ᠲᠡᠮᠡᠴᠡᠯ ᠦᠨ ᠭᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠪᠦᠬᠦ ᠲᠠᠯ᠎ᠠ ᠪᠡᠷ ᠡᠷᠭᠢᠴᠡᠭᠦᠯᠵᠦ᠂ ᠵᠠᠭᠤᠨ ᠵᠢᠯ ᠦᠨ 《 ᠳᠥᠷᠪᠡᠨ ᠠᠭᠤᠤ ᠶᠡᠬᠡ ᠠᠮᠵᠢᠯᠲᠠ 》 ᠶᠢ ᠰᠢᠰᠲ᠋ᠧᠮ ᠲᠡᠶ ᠳ᠋ᠦᠩᠨᠡᠵᠦ ᠂ 《 ᠬᠣᠶᠠᠷ ᠢ ᠲᠣᠭᠲᠠᠭᠠᠬᠤ 》 ᠶᠢ ᠡᠭᠦᠳᠦᠯᠲᠡ ᠶᠢᠨ ᠴᠢᠨᠠᠷᠲᠠᠶ ᠳᠤᠷᠠᠳᠴᠤ ᠂《 ᠠᠷᠪᠠ ᠶᠢ ᠪᠠᠷᠢᠮᠲᠠᠯᠠᠬᠤ 》 ᠵᠢᠨ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠶᠢᠨ ᠴᠢᠨᠠᠷᠲᠠᠶ ᠬᠤᠷᠢᠶᠠᠩᠭᠤᠶᠢᠯᠠᠵᠤ ᠂ ᠨᠠᠮ ᠤᠨ ᠵᠠᠭᠤᠨ ᠵᠢᠯ ᠦᠨ ᠲᠡᠮᠡᠴᠡᠯ ᠦᠨ ᠲᠤᠬᠠᠶ ᠨᠠᠮ ᠤᠨ ᠲᠥᠪ ᠬᠣᠷᠢᠶᠠᠨ ᠤ ᠰᠢᠨ᠎ᠡ ᠲᠠᠨᠢᠯᠲᠠ ᠶᠢ ᠢᠯᠡᠷᠡᠭᠦᠯᠵᠦ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠤᠯᠤᠰ ᠲᠦᠷᠦ ᠶᠢᠨ ᠲᠤᠩᠬᠠᠭ ᠮᠦᠨ᠂ ᠲᠡᠦᠬᠡ ᠪᠡᠷ ᠲᠤᠯᠢ ᠪᠤᠯᠭᠠᠵᠤ᠂ ᠢᠷᠡᠭᠡᠳᠦᠢ ᠶᠢ ᠨᠡᠭᠡᠭᠡᠬᠦ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠵᠢᠯᠯᠠᠭᠠᠨ ᠤ ᠵᠦᠭᠯᠡᠭᠦᠷ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠦᠢᠯᠡᠰ ᠦᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ ᠲᠠᠶ ᠶᠤᠮ᠃ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠪᠣᠯᠤᠨ ᠪᠦᠬᠦ ᠪᠠᠶᠢᠴᠠᠭᠠᠬᠤ ᠠᠵᠢᠯᠲᠠᠳ ᠤᠬᠠᠮᠰᠠᠷ ᠠᠴᠠ ᠪᠠᠨ 《 ᠭᠤᠷᠪᠠᠨ ᠬᠡᠷᠡᠭᠴᠡᠭᠡ 》 ᠶᠢᠨ ᠤᠯᠤᠰ ᠲᠥᠷᠥ ᠶᠢᠨ ᠦᠨᠳᠦᠷᠴᠡ ᠳᠡᠭᠡᠷ᠎ᠡ ᠵᠣᠭᠰᠣᠵᠤ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠭᠦᠳᠡ ᠬᠤᠷᠠᠯᠳᠤᠭᠠᠨ ᠤ ᠴᠢᠬᠤᠯᠠ ᠶᠡᠬᠡ ᠠᠴᠢ ᠬᠣᠯᠪᠣᠭᠳᠠᠯ ᠢ ᠭᠦᠢᠴᠡᠳ ᠲᠠᠨᠢᠵᠤ ᠂ ᠮᠠᠨ ᠤ ᠨᠠᠮ ᠤᠨ ᠵᠠᠭᠤᠨ ᠵᠢᠯ ᠦᠨ ᠲᠤᠮᠤ ᠨᠠᠮ ᠪᠣᠯᠤᠭᠰᠠᠨ ᠤ ᠬᠤᠪᠢ ᠳᠠᠬᠢ ᠭᠦᠨ ᠵᠤᠵᠠᠭᠠᠨ ᠲᠡᠦᠬᠡᠨ ᠬᠠᠶᠢᠷ᠎ᠠ ᠰᠡᠳᠬᠢᠯᠭᠡ ᠶᠢ ᠭᠦᠨᠵᠡᠭᠡᠢ ᠣᠶᠢᠯᠠᠭᠠᠵᠤ᠂ ᠲᠡᠦᠬᠡ ᠶᠢᠨ ᠢᠲᠡᠭᠡᠯ ᠢᠶᠡᠨ ᠪᠠᠲᠤᠳᠬᠠᠵᠤ᠂ ᠳᠡᠭᠡᠳᠦ ᠬᠡᠮᠵᠢᠶᠡᠨ ᠦ ᠲᠡᠦᠬᠡ ᠶᠢᠨ ᠤᠬᠠᠮᠰᠠᠷ ᠲᠠᠶ ᠪᠠᠶᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠣᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠭᠣᠣᠯ ᠳᠤ ᠪᠠᠨ ᠦᠨᠡᠨᠴᠢ ᠰᠢᠳᠤᠷᠭᠤ᠂ ᠭᠣᠣᠯ ᠢᠶᠠᠨ ᠬᠦᠷᠢᠶᠡᠯᠡᠬᠦ᠂ ᠭᠣᠣᠯ ᠲᠠᠶ ᠨᠢᠭᠡᠳᠦᠯᠲᠡᠢ ᠪᠠᠶᠢᠵᠤ᠂ ᠭᠣᠣᠯ ᠢ ᠬᠠᠮᠠᠭᠠᠯᠠᠬᠤ ᠳᠤ ᠨᠡᠩ ᠡᠷᠡᠰ ᠪᠠᠲᠤ ᠤᠬᠠᠮᠰᠠᠷ ᠠᠴᠠ ᠪᠠᠨ ︽ᠬᠣᠶᠠᠷ ᠢ ᠬᠠᠮᠠᠭᠠᠯᠠᠬᠤ︾ᠵᠢ ᠪᠡᠶᠡᠯᠡᠭᠦᠯᠬᠦ ᠬᠡᠷᠡᠭᠲᠡᠢ᠃
ᠯᠢ ᠴᠢ ᠯᠢᠨ ᠴᠢᠩᠭᠠᠳᠬᠠᠭᠰᠠᠨ ᠨᠢ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠦᠬᠦ ᠣᠷᠣᠨ ᠤ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠬᠦᠳᠡ ᠬᠤᠷᠠᠯᠳᠤᠭᠠᠨ ᠠᠴᠠ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠩ ᠠᠭᠤᠤ ᠶᠡᠬᠡ ᠢᠯᠠᠯᠲᠠ ᠪᠠ ᠢᠷᠠᠭᠤ ᠠᠯᠳᠠᠷ ᠢ ᠲᠡᠮᠡᠴᠡᠨ ᠤᠯᠬᠤ ᠵᠠᠷᠯᠢᠭ ᠪᠠᠭᠤᠯᠭᠠᠵᠠᠢ᠃ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠶᠢ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠳᠤ ᠠᠭᠤᠰᠤᠯᠴᠠᠭᠤᠯᠵᠤ᠂ ᠬᠣᠶᠠᠳᠤᠭᠠᠷ ᠵᠠᠭᠤᠨ ᠵᠢᠯ ᠦᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠦ ᠪᠠᠶᠢᠴᠠᠭᠠᠬᠤ ᠬᠦᠴᠦᠨ ᠴᠢᠳᠠᠯ ᠢᠶᠠᠨ ᠡᠷᠭᠦᠬᠦ ᠪᠡᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ᠎ᠠ᠃ ᠬᠦᠰᠡᠯᠡᠩ ᠢᠲᠡᠭᠡᠯ ᠵᠣᠷᠢᠭ ᠤᠨ ᠬᠥᠮᠦᠵᠢᠯ ᠪᠠ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠣᠶᠢᠯᠠᠭᠠᠭᠳᠠᠬᠤᠨ ᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠣᠭᠲᠤᠬᠠᠨ ᠴᠦ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠪᠣᠳᠠᠲᠤ ᠠᠵᠢᠯᠯᠠᠭ᠎ᠠ ᠪᠠᠷ ᠢᠶᠠᠨ 《ᠲᠦᠷᠪᠡᠨ ᠤᠬᠠᠮᠰᠠᠷ》 ᠢ ᠦᠢᠯᠡᠳᠦᠯᠭᠡᠵᠢᠭᠦᠯᠵᠦ᠂ 《ᠲᠦᠷᠪᠡᠨ ᠢᠲᠡᠭᠡᠯ》 ᠢᠶᠡᠨ ᠪᠠᠲᠤᠳᠬᠠᠵᠤ᠂ 《ᠬᠣᠶᠠᠷ ᠢ ᠬᠠᠮᠠᠭᠠᠯᠠᠬᠤ》 ᠶᠢ ᠪᠡᠶᠡᠯᠡᠭᠦᠯᠦᠨ᠎ᠡ᠃ ᠠᠷᠠᠳ ᠲᠦᠮᠡᠨ ᠢᠶᠡᠷ ᠭᠣᠣᠯ ᠪᠣᠯᠭᠠᠬᠤ ᠶᠢ ᠢᠳᠡᠪᠬᠢᠲᠡᠶ ᠦᠢᠯᠡᠳᠦᠯᠭᠡᠵᠢᠭᠦᠯᠦᠨ᠎ᠡ᠃ ᠤᠯᠠᠨ ᠲᠦᠮᠡᠨ ᠦ ᠳᠡᠷᠭᠡᠳᠡᠬᠢ 《ᠪᠠᠭ᠎ᠠ ᠬᠡᠷᠡᠭ》 ᠢ ᠣᠨᠣᠪᠴᠢᠲᠠᠶ ᠰᠠᠶᠢᠲᠤᠷ ᠰᠢᠶᠳᠪᠦᠷᠢᠯᠡᠵᠦ᠂ ᠠᠷᠠᠳ ᠤᠯᠠᠨ ᠤ ᠪᠤᠳᠤᠯᠭᠠᠰᠢᠷᠠᠵᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠠᠷᠠᠳ ᠤᠯᠠᠨ ᠤ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠳᠦ ᠢᠳᠡᠪᠬᠢᠲᠡᠶ ᠪᠡᠷ ᠨᠡᠶᠢᠴᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠬᠡᠷᠡᠭ ᠰᠢᠶᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠪᠡᠷ ᠢᠶᠡᠨ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠦ ᠲᠦᠷᠦᠭᠳᠡᠯ ᠢ ᠨᠡᠮᠡᠭᠳᠡᠭᠦᠯᠦᠨ᠎ᠡ᠃ ᠬᠠᠤᠯᠢ ᠪᠠᠷᠢᠬᠤ ᠵᠥᠪ ᠣᠶᠢᠯᠠᠭᠠᠭᠳᠠᠬᠤᠨ ᠢ ᠪᠠᠲᠤ ᠪᠡᠬᠢ ᠪᠤᠢ ᠪᠣᠯᠭᠠᠨ᠎ᠠ᠃ ᠬᠣᠶᠠᠷ ᠲᠠᠯ᠎ᠠ ᠪᠠᠷ ᠢᠶᠠᠨ ᠠᠰᠢᠭ ᠬᠥᠷᠳᠡᠵᠤ ᠤᠯᠠᠨ ᠲᠠᠯ᠎ᠠ ᠪᠠᠷ ᠠᠰᠢᠭ ᠬᠥᠷᠳᠡᠵᠤ ᠬᠠᠮᠲᠤ ᠪᠠᠷ ᠠᠰᠢᠭ ᠬᠥᠷᠳᠡᠬᠥ ᠣᠶᠢᠯᠠᠭᠠᠭᠳᠠᠬᠤᠨ ᠢ ᠬᠠᠤᠯᠢ ᠪᠠᠷᠢᠵᠤ ᠬᠡᠷᠡᠭ ᠰᠢᠶᠳᠪᠦᠷᠢᠯᠡᠬᠦ ᠦᠢᠯᠡᠳᠦᠯᠭᠡ ᠶᠢᠨ ᠳᠤᠮᠳᠠ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠶᠠᠯ᠎ᠠ ᠪᠠᠨ ᠮᠡᠳᠡᠷᠡᠵᠦ ᠰᠢᠳᠬᠡᠯ ᠢ ᠬᠦᠯᠢᠶᠡᠬᠦ᠂ ᠢᠯᠡ ᠪᠡᠷ ᠭᠡᠷᠡᠴᠢᠯᠡᠭᠡ ᠰᠣᠨᠣᠰᠬᠤ᠂ ᠪᠠᠶᠢᠴᠠᠭᠠᠬᠤ ᠰᠠᠨᠠᠭᠤᠯᠭ᠎ᠠ ᠳᠤᠷᠠᠳᠬᠤ ᠵᠡᠷᠭᠡ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ᠂ ᠨᠡᠶᠢᠭᠡᠮ ᠦᠨ ᠵᠠᠰᠠᠯᠲᠠ ᠶᠢ ᠠᠬᠢᠭᠤᠯᠬᠤ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠪᠠᠷᠢᠵᠤ ᠬᠡᠷᠡᠭ ᠰᠢᠶᠳᠪᠦᠷᠢᠯᠡᠬᠦ ᠶᠢᠨ 《ᠰᠡᠭᠦᠯᠴᠢ ᠶᠢᠨ ᠬᠠᠭᠠᠰ ᠵᠣᠬᠢᠶᠠᠯ》 ᠢ ᠰᠠᠶᠢᠲᠤᠷ ᠪᠢᠴᠢᠬᠦ ᠶᠢ ᠴᠢᠬᠤᠯᠠᠴᠢᠯᠠᠵᠤ᠂ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠡᠭᠡᠨ ᠬᠠᠤᠯᠢ ᠪᠠᠷ ᠵᠠᠰᠠᠬᠤ ᠨᠡᠶᠢᠭᠡᠮ ᠦᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠠᠷ ᠴᠢᠷᠮᠠᠶᠢᠨ᠎ᠠ᠃ ᠲᠥᠪ ᠭᠣᠣᠯᠴᠢ ᠰᠢᠳᠤᠷᠭᠤ ᠶᠣᠰᠣ ᠶᠢ ᠬᠠᠮᠠᠭᠠᠯᠠᠬᠤ ᠴᠢᠬᠤᠯᠠ ᠶᠡᠬᠡ ᠡᠭᠦᠷᠭᠡ ᠶᠢ ᠦᠨᠡᠨ ᠬᠦ ᠰᠠᠶᠢᠲᠤᠷ ᠡᠭᠦᠷᠭᠡᠯᠡᠨ᠎ᠡ᠃ 《 ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠰᠠᠨᠠᠯ 》 ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠵᠣᠷᠢᠭ ᠦᠭᠡᠶ ᠂ ᠬᠢᠨᠠᠯᠲᠠ ᠲᠠᠯᠪᠢᠬᠤ ᠳᠤᠷ᠎ᠠ ᠦᠭᠡᠶ ᠂ ᠬᠢᠨᠠᠯᠲᠠ ᠲᠠᠯᠪᠢᠬᠤ ᠳᠠᠭᠠᠨ ᠴᠢᠳᠠᠮᠠᠭᠠᠶ ᠪᠤᠰᠤ ᠵᠡᠷᠭᠡ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠂ ᠪᠠᠭᠤᠷᠠᠶ ᠵᠦᠢᠯᠡᠰ ᠢᠶᠡᠨ ᠠᠯᠢ ᠲᠦᠷᠭᠡᠨ ᠢᠶᠡᠷ ᠨᠦᠬᠦᠪᠦᠷᠢᠯᠡᠨ ᠬᠦᠴᠦᠷᠬᠡᠭᠵᠢᠭᠦᠯᠵᠦ᠂ ᠪᠠᠶᠢᠴᠠᠭᠠᠬᠤ ᠡᠷᠬᠡ ᠶᠢᠨ ᠠᠵᠢᠯᠯᠠᠭᠠᠨ ᠤ ᠬᠢᠵᠠᠭᠠᠷᠯᠠᠯ ᠬᠢᠨᠠᠯᠲᠠ ᠶᠢ ᠴᠢᠩᠭᠠᠳᠬᠠᠵᠤ ᠂ ᠲᠤᠰ ᠪᠡᠶ᠎ᠡ ᠶᠢᠨ ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠢᠶᠠᠷ ᠬᠠᠤᠯᠢ ᠪᠠᠷᠢᠬᠤ ᠶᠢ ᠪᠠᠲᠤᠯᠠᠵᠤ ᠂ ᠪᠠᠰᠠ 《ᠲᠦᠷᠪᠡᠨ ᠶᠡᠬᠡ ᠪᠠᠶᠢᠴᠠᠭᠠᠯᠲᠠ》 ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠲᠠᠯ᠎ᠠ ᠪᠠᠷ ᠬᠢ ᠲᠤᠪᠤᠢᠢᠮ᠎ᠠ ᠠᠰᠠᠭᠤᠳᠠᠯ ᠢ ᠬᠢᠨᠠᠵᠤ ᠵᠠᠯᠠᠷᠠᠭᠤᠯᠬᠤ ᠡᠷᠴᠢᠮ ᠢᠶᠡᠨ ᠴᠢᠩᠭᠠᠷᠠᠭᠤᠯᠵᠤ᠂ ᠬᠠᠤᠯᠢ ᠪᠠᠷᠢᠬᠤ ᠬᠡᠷᠡᠭ ᠨᠢᠭᠡᠪᠦᠷᠢ ᠡᠴᠡ ᠠᠷᠠᠳ ᠤᠯᠠᠨ ᠳᠤ ᠲᠥᠪ ᠭᠣᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠡᠷ ᠴᠢᠷᠮᠠᠶᠢᠵᠤ᠂ ᠠᠷᠠᠳᠴᠢᠯᠠᠯ᠂ ᠬᠠᠤᠯᠢ ᠪᠠᠷ ᠵᠠᠰᠠᠬᠤ᠂ ᠲᠥᠪ ᠭᠣᠣᠯᠴᠢ᠂ ᠰᠢᠳᠤᠷᠭᠤ ᠶᠣᠰᠣ᠂ ᠠᠮᠤᠷ ᠲᠦᠪᠰᠢᠨ᠂ ᠣᠷᠴᠢᠨ ᠠᠬᠤᠶ ᠵᠡᠷᠭᠡ ᠲᠠᠯ᠎ᠠ ᠪᠠᠷ ᠬᠢ ᠠᠷᠠᠳ ᠤᠯᠠᠨ ᠤ ᠨᠡᠩ ᠡᠯᠪᠡᠭ ᠪᠠᠶᠠᠯᠢᠭ ᠨᠡᠩ ᠥᠨᠳᠥᠷ ᠬᠢᠷᠢ ᠬᠡᠮᠵᠢᠶᠡᠨ ᠦ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠶ᠃ ᠰᠢᠯᠭᠠᠷᠠᠭᠰᠠᠨ ᠡᠩᠨᠡᠭᠡᠨ ᠦ ᠪᠠᠶᠢᠭᠤᠯᠤᠯᠲᠠ ᠶᠢ ᠶᠡᠬᠡ ᠬᠦᠴᠦ ᠣᠷᠣᠭᠤᠯᠤᠨ ᠴᠢᠩᠭᠠᠳᠬᠠᠨ᠎ᠠ᠃ ᠣᠳᠣᠬᠠᠨ ᠳᠤ ᠂ ᠬᠣᠶᠠᠳᠤᠭᠠᠷ ᠪᠦᠯᠦᠭ ᠪᠠᠶᠢᠴᠠᠭᠠᠬᠤ ᠡᠩᠨᠡᠭᠡᠨ ᠦ ᠬᠥᠮᠦᠵᠢᠯ ᠴᠡᠭᠴᠡᠯᠡᠯᠲᠡ ᠬᠡᠳᠦᠶᠢᠪᠡᠷ ᠰᠢᠪᠲᠤᠷᠭᠠᠨ ᠳᠠᠭᠠᠨ ᠣᠷᠣᠵᠠᠢ ᠂ ᠭᠡᠪᠡᠴᠦ ᠪᠠᠶᠢᠴᠠᠭᠠᠬᠤ ᠬᠣᠷᠢᠶ᠎ᠠ ᠶᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠬᠡᠵᠢᠶᠡᠳᠡ ᠳᠠᠭᠤᠰᠤᠰᠢ ᠦᠭᠡᠶ ᠶᠠᠪᠤᠭᠳᠠᠵᠤ ᠂ ᠪᠢᠳᠡ ᠪᠦᠬᠦ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠦ ᠬᠥᠮᠦᠵᠢᠯ ᠴᠡᠭᠴᠡᠯᠡᠯᠲᠡ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠲᠥᠪ ᠦᠨ ᠬᠢᠨᠠᠨ ᠵᠢᠯᠣᠭᠣᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠳ᠋ᠡᠬᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠬᠦᠴᠦᠨ ᠢᠶᠡᠨ ᠲᠥᠪᠯᠡᠷᠡᠭᠦᠯᠦᠨ ᠰᠠᠶᠢᠲᠤᠷ ᠠᠳᠬᠤᠵᠤ᠂ ᠲᠦᠷᠢᠮ ᠲᠣᠭᠲᠠᠭᠠᠯ ᠲᠣᠭᠲᠠᠭᠠᠬᠤ ᠶᠢ ᠬᠦᠴᠦᠯᠡᠨ ᠰᠠᠶᠢᠲᠤᠷ ᠠᠳᠬᠤᠵᠤ᠂ ᠡᠷᠬᠡ ᠬᠠᠷᠢᠭᠤᠴᠠᠯᠭ᠎ᠠ ᠲᠣᠳᠣᠷᠬᠠᠢ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠬᠢᠨᠠᠯᠲᠠ ᠬᠠᠮᠢᠶᠠᠷᠤᠯᠲᠠ ᠪᠦᠲᠦᠮᠵᠢᠲᠡᠢ᠂ ᠪᠠᠲᠤᠯᠠᠭ᠎ᠠ ᠬᠦᠴᠦᠲᠡᠢ ᠬᠠᠷᠢᠭᠤᠴᠠᠯᠭ᠎ᠠ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠶ ᠪᠠᠶᠢᠴᠠᠭᠠᠬᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃
ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠬᠣᠷᠢᠶᠠᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠲᠤᠬᠢᠷᠠᠭᠤᠯᠤᠨ ᠪᠠᠶᠢᠷᠢᠯᠠᠭᠤᠯᠵᠤ᠂ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠦᠷᠭᠡᠨ ᠲᠥᠯᠥᠪᠯᠡᠬᠦ ᠬᠡᠷᠡᠭᠲᠡᠢ᠃ ᠰᠤᠷᠤᠯᠴᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠥᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠡᠳᠬᠢᠯ ᠳᠦ ᠪᠠᠨ ᠬᠠᠳᠠᠩᠰᠢᠭᠤᠯᠬᠤ ᠶᠢ ᠦᠨᠡᠨ ᠬᠦ ᠪᠠᠲᠤᠯᠠᠨ᠎ᠠ᠃ ᠪᠥᠬᠥᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠦᠨ ᠲᠥᠯᠥᠪᠯᠡᠭᠡ ᠳᠦ ᠣᠷᠣᠭᠤᠯᠵᠤ ᠂ ᠰᠢ ᠶᠢᠨ ᠫᠢᠩ ᠶᠡᠷᠦᠩᠬᠡᠶ ᠱᠦᠵᠢ ᠶᠢᠨ 《 ᠳᠣᠯᠣᠭᠠᠨ ᠰᠠᠷ᠎ᠠ ᠶᠢᠨ ᠨᠢᠭᠡᠨ 》 ᠦ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠦ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠣᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠴᠣᠬᠣᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠲᠠᠶ ᠤᠶᠠᠯᠳᠤᠭᠤᠯᠵᠤ ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠣᠣᠯ ᠳᠤᠭᠤᠶᠢᠯᠠᠩ ᠂ ᠨᠠᠮ ᠤᠨ ᠡᠭᠦᠷ ᠦᠨ︽ᠭᠤᠷᠪᠠᠨ ᠬᠤᠷᠠᠯ ᠨᠢᠭᠡ ᠬᠢᠴᠢᠶᠡᠯ︾᠂ ᠭᠣᠣᠯ ᠰᠡᠳᠦᠪᠲᠦ ᠨᠠᠮ ᠤᠨ ᠡᠳᠦᠷᠯᠢᠭ ᠪᠣᠯᠤᠨ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠤᠨ ᠴᠢᠬᠤᠯᠠ ᠠᠭᠤᠯᠭ᠎ᠠ ᠪᠤᠯᠭᠠᠨ᠎ᠠ᠃ ᠲᠤᠰᠬᠠᠶ ᠰᠡᠳᠦᠪ ᠢᠶᠡᠷ ᠰᠤᠳᠤᠯᠤᠨ ᠶᠠᠷᠢᠯᠴᠠᠬᠤ᠂ ᠶᠠᠷᠢᠯᠴᠠᠨ ᠰᠣᠯᠢᠯᠴᠠᠬᠤ᠂ ᠲᠤᠰᠬᠠᠶ ᠮᠡᠷᠭᠡᠵᠢᠯᠲᠡᠨ ᠢᠶᠡᠷ ᠬᠠᠪᠰᠤᠷᠤᠨ ᠵᠢᠯᠣᠭᠣᠳᠬᠤ᠂ ᠰᠢᠯᠭᠠᠯᠲᠠ ᠬᠢᠬᠦ ᠵᠡᠷᠭᠡ ᠤᠯᠠᠨ ᠵᠦᠢᠯ ᠦᠨ ᠬᠡᠯᠪᠡᠷᠢ ᠶᠢ ᠥᠷᠭᠡᠨ ᠢᠶᠡᠷ ᠬᠡᠷᠡᠭᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠯᠭ᠎ᠠ ᠶᠢᠨ ᠠᠵᠢᠯᠯᠠᠭ᠎ᠠ ᠶᠢ ᠨᠠᠷᠢᠨ ᠬᠢᠨᠠᠮᠠᠭᠠᠶ ᠦᠷᠨᠢᠭᠦᠯᠦᠨ᠎ᠡ᠃ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠡᠯ᠎ᠡ ᠲᠦᠷᠦᠯ ᠦᠨ ᠬᠥᠮᠦᠵᠢᠯ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠪᠣᠯᠤᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠭᠦᠨᠵᠡᠭᠡᠢ ᠠᠭᠤᠰᠤᠯᠴᠠᠬᠤ ᠶᠢ ᠠᠭᠢᠭᠤᠯᠤᠨ᠎ᠠ᠃ ᠤᠳᠤᠷᠢᠳᠬᠤ ᠺᠠᠳ᠋ᠷ ᠲᠦᠷᠦᠭᠦᠯᠡᠨ ᠬᠢᠬᠦ ᠶᠢ ᠪᠠᠷᠢᠮᠲᠠᠯᠠᠵᠤ᠂ ᠤᠬᠠᠭᠤᠯᠤᠨ ᠶᠠᠷᠢᠵᠤ ᠲᠣᠳᠣᠷᠬᠠᠶᠢᠯᠠᠨ ᠲᠠᠶᠢᠯᠪᠤᠷᠢᠯᠠᠬᠤ ᠶᠢ ᠦᠷᠨᠢᠭᠦᠯᠦᠨ᠎ᠡ᠃ ᠤᠬᠠᠭᠤᠯᠭ᠎ᠠ ᠶᠢᠨ ᠡᠷᠴᠢᠮ ᠢᠶᠡᠨ ᠴᠢᠩᠭᠠᠷᠠᠭᠤᠯᠵᠤ᠂ ᠶᠠᠷᠢᠶ᠎ᠠ ᠬᠡᠯᠡᠯᠴᠡᠭᠡᠨ ᠦ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠶᠡᠬᠡ ᠲᠠᠯ᠎ᠠ ᠳᠤ ᠦᠢᠯᠡᠴᠢᠯᠡᠬᠦ᠂ ᠡᠭᠦᠷᠭᠡ ᠲᠤᠰᠢᠶᠠᠯ ᠢᠶᠠᠨ ᠦᠨᠡᠨᠴᠢ ᠪᠡᠷ ᠭᠦᠢᠴᠡᠳᠬᠡᠬᠦ᠂ ᠠᠷᠠᠳ ᠤᠨ ᠲᠥᠯᠥᠭᠡ ᠬᠠᠤᠯᠢ ᠪᠠᠷᠢᠬᠤ ᠰᠠᠢᠢᠨ ᠳᠠᠭᠤ ᠬᠤᠭᠤᠯᠠᠢ᠂ ᠰᠠᠢᠢᠨ ᠲᠦᠷᠢ ᠲᠥᠷᠬᠦ᠂ ᠰᠢᠨ᠎ᠡ ᠦᠷ᠎ᠡ ᠪᠦᠲᠦᠮᠵᠢ ᠶᠢ ᠠᠮᠢᠳᠤᠯᠢᠭ ᠢᠶᠠᠷ ᠳᠡᠯᠭᠡᠨ ᠦᠵᠡᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠢᠩᠬᠢᠮ ᠦᠨ ᠲᠡᠰ ᠤᠨ ᠺᠠᠳ᠋ᠷ᠂ ᠪᠠᠶᠢᠭᠤᠯᠭ᠎ᠠ ᠶᠢᠨ ᠡᠯ᠎ᠡ ᠳᠣᠲᠣᠭᠠᠳᠤ ᠪᠠᠶᠢᠭᠤᠯᠤᠮᠵᠢ ᠵᠢᠴᠢ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ ᠶᠢᠨ ᠭᠣᠣᠯ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠪᠠ᠃ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠪᠠᠷ ᠳᠡᠮᠵᠢᠨ ᠂ ᠤᠯᠠᠨ ᠢᠶᠠᠷ ᠢᠶᠠᠨ ᠪᠠᠶᠢᠴᠠᠭᠠᠬᠤ ᠪᠠᠶᠢᠭᠤᠯᠭ᠎ᠠ ᠪᠣᠯ ᠤᠯᠤᠰ ᠲᠦᠷᠦ ᠶᠢᠨ ᠪᠠᠶᠢᠭᠤᠯᠭ᠎ᠠ ᠮᠥᠨ᠂ ᠡᠷᠬᠡᠪᠰᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠪᠡᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠬᠡᠪᠰᠢ ᠤᠷᠢᠳ ᠢᠶᠠᠷ ᠰᠤᠷᠤᠯᠴᠠᠵᠤ᠂ ᠤᠷᠢᠳ ᠢᠶᠠᠷ ᠬᠢᠵᠦ ᠂ ᠪᠦᠬᠦᠳᠡ ᠬᠤᠷᠠᠯᠳᠤᠭᠠᠨ ᠤ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠤᠨ ᠭᠣᠣᠯ ᠴᠢᠬᠤᠯᠠ ᠠᠭᠤᠯᠭ᠎ᠠ ᠶᠢ ᠪᠦᠬᠦ ᠲᠠᠯ᠎ᠠ ᠪᠠᠷ ᠰᠢᠰᠲᠸᠮ ᠲᠠᠢ ᠰᠤᠷᠤᠯᠴᠠᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠦᠨ ᠭᠦᠨᠵᠡᠭᠡᠶᠢᠷᠡᠨ ᠥᠷᠭᠡᠵᠢᠬᠦ ᠶᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠲᠡᠦᠬᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠡᠷᠴᠢ ᠵᠣᠷᠢᠭ ᠢᠶᠠᠨ ᠪᠠᠳᠠᠷᠠᠭᠤᠯᠤᠨ ᠢᠷᠡᠭᠡᠳᠦᠢ ᠲᠡᠰᠢ ᠤᠷᠤᠭᠰᠢᠯᠠᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠦᠨ ᠨᠠᠢᠮᠠᠳᠤᠭᠠᠷ ᠲᠣᠭᠣᠷᠢᠨ ᠵᠢᠯᠣᠭᠣᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠣᠷᠢᠢ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠵᠢᠭᠠᠨ ᠵᠢᠯᠣᠭᠣᠳᠪᠠ᠃