︽ᠲᠦᠷᠪᠡᠳᠦᠭᠡᠷ ᠲᠣᠭᠠᠲᠤ ᠪᠠᠶᠢᠴᠠᠭᠠᠬᠤ ᠰᠠᠨᠠᠭᠤᠯᠭ᠎ᠠ︾ ᠶᠢ ᠤᠯᠡᠮᠨᠢᠭᠡ ᠠᠯᠬᠤᠮ ᠲᠤᠭᠤᠰᠢᠯᠠᠭᠤᠯᠵᠤ᠂ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠵᠢᠨᠠᠮᠤᠷ ᠲᠦᠪᠰᠢᠨ ᠢ ᠬᠠᠮᠠᠭᠠᠯᠠᠶ᠎ᠠ
ᠣᠷᠴᠢᠮ ᠤᠨ ᠡᠳᠦᠷ᠂ ᠡᠸᠡᠩᠬᠢ ᠬᠤᠰᠢᠭᠤᠨ ᠤ ᠢᠮᠢᠨ ᠭᠤᠣᠯ ᠪᠠᠯᠭᠠᠰᠤᠨ ᠳᠤ ᠨᠢᠭᠡᠨ ᠦᠬᠡᠷ ᠦᠵᠡᠯᠭᠡ ᠵᠢᠨ ᠬᠤᠳᠳᠤᠭ ᠤᠨ ᠠᠮᠠᠰᠠᠷ ᠢ ᠬᠢᠰᠬᠢᠭᠰᠡᠨ ᠠᠴᠠ ᠬᠤᠳᠳᠤᠭ ᠲᠤ ᠤᠨᠠᠭᠰᠠᠨ ᠤᠴᠢᠷ ᠭᠠᠷᠴᠤ᠂ ᠲᠤᠬᠠᠢ ᠶᠢᠨ ᠭᠠᠵᠠᠷ ᠤᠨ ᠲᠣᠮᠢᠯᠠᠭᠰᠠᠨ ᠰᠠᠯᠪᠤᠷᠢ ᠠᠴᠠ ᠴᠠᠭᠳᠠᠭ᠎ᠠ ᠲᠣᠮᠢᠯᠠᠨ ᠠᠪᠤᠷᠠᠭᠰᠠᠨ ᠪᠠᠶᠢᠨ᠎ᠠ᠃
ᠤᠶᠢᠷ᠎ᠠ ᠵᠢᠨ ᠡᠳᠦᠷ᠂ ︽ᠲᠦᠷᠪᠡᠳᠦᠭᠡᠷ ᠲᠣᠭᠠᠲᠤ ᠪᠠᠶᠢᠴᠠᠭᠠᠬᠤ ᠰᠠᠨᠠᠭᠤᠯᠭ᠎ᠠ︾ ᠶᠢ ᠤᠯᠠᠮ ᠨᠢᠭᠡ ᠠᠯᠬᠤᠮ ᠲᠤᠭᠤᠰᠢᠯᠠᠭᠤᠯᠵᠤ᠂ ᠠᠷᠠᠳ ᠲᠦᠮᠡᠨ ᠤ ᠬᠥᠯ ᠳᠣᠣᠷᠠᠬᠢ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠡᠸᠡᠩᠬᠢ ᠬᠤᠰᠢᠭᠤᠨ ᠤ ᠪᠠᠶᠢᠴᠠᠭᠠᠬᠤ ᠬᠤᠷᠢᠶ᠎ᠠ ᠨᠢ ᠬᠥᠯᠥᠨ ᠪᠣᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠮᠢᠨ ᠬᠤᠪᠢᠶᠠᠷᠢ ᠲᠣᠪᠴᠢᠶ᠎ᠠ ᠲᠠᠢ ᠬᠤᠷᠠᠯᠳᠤᠭᠠᠨ ᠬᠢᠵᠦ᠂ ᠦᠵᠡᠯᠭᠡ ᠵᠢᠨ ᠬᠤᠳᠳᠤᠭ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠬᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠰᠠᠨᠠᠯ ᠵᠶ᠋ᠠᠨ ᠰᠣᠯᠢᠯᠴᠠᠭᠰᠠᠨ ᠪᠠᠶᠢᠨ᠎ᠠ᠃ ᠪᠠᠶᠢᠴᠠᠭᠠᠬᠤ ᠪᠠᠶᠢᠭᠤᠯᠭ᠎ᠠ ᠶᠢᠨ ᠦᠵᠡᠬᠦ ᠪᠡᠷ᠂ ᠡᠸᠡᠩᠬᠢ ᠬᠤᠰᠢᠭᠤ ᠨᠢ ᠮᠠᠯ ᠠᠵᠤ ᠠᠬᠤᠢ ᠪᠠᠷ ᠭᠤᠣᠯ ᠪᠣᠯᠭᠠᠭᠰᠠᠨ ᠮᠠᠯᠵᠢᠬᠤ ᠬᠤᠰᠢᠭᠤ ᠤᠴᠢᠷ ᠠᠴᠠ ᠦᠬᠡᠷ ᠮᠠᠯ ᠵᠡᠭᠡᠯᠢ ᠭᠤᠳᠤᠮᠵᠢ ᠪᠠᠷ ᠦᠩᠭᠡᠷᠡᠬᠦ ᠪᠠᠶᠢᠳᠠᠯ ᠦᠷᠬᠦᠯᠵᠢ ᠲᠣᠬᠢᠶᠠᠯᠳᠤᠨ᠎ᠠ᠃︽ᠲᠦᠷᠪᠡᠳᠦᠭᠡᠷ ᠲᠣᠭᠠᠲᠤ ᠪᠠᠶᠢᠴᠠᠭᠠᠬᠤ ᠰᠠᠨᠠᠭᠤᠯᠭ᠎ᠠ︾ ᠶᠢ ᠲᠤᠭᠤᠰᠢᠯᠠᠭᠤᠯᠬᠤ ᠳᠤ ᠬᠠᠨᠳᠤᠯᠭᠠᠲᠤ ᠴᠢᠨᠠᠷ ᠲᠠᠢ ᠪᠠᠶᠢᠬᠤ ᠶᠢ ᠠᠩᠬᠠᠷᠴᠤ᠂ ᠦᠬᠡᠷ ᠮᠠᠯ ᠤᠨ ᠠᠮᠤᠷ ᠲᠦᠪᠰᠢᠨ ᠵᠠᠮ ᠦᠩᠭᠡᠷᠡᠬᠦ ᠳᠤ ᠠᠩᠬᠠᠷᠤᠯ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠠᠴᠠ ᠦᠵᠡᠯᠭᠡ ᠵᠢᠨ ᠬᠤᠳᠳᠤᠭ ᠤᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠪᠠᠲᠤᠯᠠᠪᠠᠯ ᠵᠣᠬᠢᠨ᠎ᠠ᠃
︽ᠲᠦᠷᠪᠡᠳᠦᠭᠡᠷ ᠲᠣᠭᠠᠲᠤ ᠪᠠᠶᠢᠴᠠᠭᠠᠬᠤ ᠰᠠᠨᠠᠭᠤᠯᠭ᠎ᠠ ︾ ᠶᠢ ᠤᠷᠤᠭᠰᠢᠲᠠᠢ ᠲᠤᠭᠤᠰᠢᠯᠠᠭᠤᠯᠵᠤ᠂ ᠨᠡᠶᠢᠭᠡᠮᠨᠡᠶᠢᠲᠠ ᠶᠢᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠣᠳᠠᠲᠠᠢ ᠠᠵᠢᠯ ᠲᠠᠢ ᠤᠶᠠᠯᠳᠠᠭᠤᠯᠵᠤ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠶᠢᠨ ᠴᠢᠬᠤᠯᠠ ᠠᠷᠭ᠎ᠠ ᠵᠠᠮ ᠮᠥᠨ ᠬᠡᠮᠡᠨ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠦᠯᠠ᠃
ᠬᠤᠷᠠᠯ ᠤᠨ ᠳᠠᠷᠠᠭ᠎ᠠ᠂ ᠡᠸᠡᠩᠬᠢ ᠬᠤᠰᠢᠭᠤᠨ ᠤ ᠪᠠᠶᠢᠴᠠᠭᠠᠬᠤ ᠬᠤᠷᠢᠶ᠎ᠠ ᠢᠮᠢᠨ ᠬᠤᠪᠢᠶᠠᠷᠢ ᠲᠣᠪᠴᠢᠶᠠᠨ ᠤ 2018 ᠣᠨ ᠠᠴᠠ ᠨᠠᠭᠠᠰᠢᠬᠢ᠂ ᠡᠷᠡᠭᠦᠦ ᠶᠢᠨ ᠬᠡᠷᠡᠭ ᠪᠣᠯᠣᠨ ᠵᠠᠰᠠᠭ ᠵᠠᠬᠢᠷᠭᠠᠨ ᠤ ᠬᠡᠷᠡᠭ ᠤᠨ ᠳᠠᠩᠰᠠ ᠡᠪᠬᠡᠮᠡᠯ᠂ ᠴᠠᠭᠳᠠᠭᠠᠨ ᠤ ᠶᠠᠪᠤᠳᠠᠯ ᠤᠨ ᠳᠠᠪᠴᠠᠩ ᠳᠠᠬᠢ ᠳᠠᠩᠰᠠᠯᠠᠭᠤᠯᠤᠯᠲᠠ ᠶᠢ ᠬᠠᠷᠠᠭᠤᠯᠤᠨ ᠦᠵᠡᠵᠦ᠂ ᠬᠥᠮᠥᠨ ᠪᠤᠶᠤ ᠮᠠᠯ ᠦᠵᠡᠯᠭᠡ ᠵᠢᠨ ᠬᠤᠳᠳᠤᠭ ᠲᠤ ᠤᠨᠠᠭᠰᠠᠨ ᠡᠰᠡᠬᠦ ᠶᠢ ᠬᠢᠨᠠᠨ ᠪᠠᠶᠢᠴᠠᠭᠠᠵᠤ᠂ ᠲᠤᠬᠠᠢ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠭᠰᠡᠨ ᠴᠠᠭᠳᠠᠭ᠎ᠠ ᠲᠠᠢ ᠬᠡᠷᠡᠭ ᠤᠨ ᠡᠭᠦᠰᠤᠯ ᠰᠢᠯᠲᠠᠭᠠᠨ ᠤ ᠲᠠᠯ᠎ᠠ ᠪᠠᠷ ᠵᠠᠳᠠᠯᠤᠯᠲᠠ ᠬᠢᠪᠡ᠃ ᠴᠠᠭᠳᠠᠭ᠎ᠠ ᠶᠢᠨ ᠲᠠᠯ᠎ᠠ ᠶᠢᠨ ᠦᠵᠡᠬᠦ ᠪᠠᠷ ᠡᠨᠡ ᠤᠳᠠᠭᠠᠨ ᠤ ᠬᠡᠷᠡᠭ ᠨᠢ ᠦᠷᠬᠦᠯᠵᠢ ᠶᠢᠨ ᠴᠢᠨᠠᠷᠲᠠᠢ ᠬᠡᠷᠡᠭ ᠪᠢᠰᠢ ᠪᠠᠶᠢᠵᠤ᠂ ᠭᠤᠣᠯᠳᠠᠭᠤ ᠦᠬᠡᠷ ᠤᠨ ᠪᠡᠶ᠎ᠡ ᠶᠢᠨ ᠬᠦᠨᠳᠦ ᠨᠢ ᠬᠡᠲᠦ ᠶᠡᠭᠡ ᠠᠴᠠ ᠰᠢᠯᠲᠠᠭᠠᠯᠠᠵᠠᠢ ᠭᠡᠰᠡᠨ ᠪᠠᠶᠢᠨ᠎ᠠ᠃ᠡᠭᠦᠨ ᠠᠴᠠ ᠭᠠᠳᠠᠨ᠎ᠠ᠂ ᠡᠸᠡᠩᠬᠢ ᠬᠤᠰᠢᠭᠤᠨ ᠤ ᠪᠠᠶᠢᠴᠠᠭᠠᠬᠤ ᠬᠤᠷᠢᠶ᠎ᠠ ᠨᠢ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠲᠠᠢ ᠬᠠᠮᠲᠤᠷᠠᠨ ᠢᠮᠢᠨ ᠭᠤᠣᠯ ᠪᠠᠯᠭᠠᠰᠤᠨ ᠤ ᠡᠷᠭᠢᠨ ᠲᠣᠭᠤᠷᠢᠨ ᠤ 5 ᠬᠠᠶᠠᠭᠳᠠᠮᠠᠯ ᠪᠣᠳᠠᠰ ᠬᠤᠷᠢᠶᠠᠨ ᠬᠠᠳᠠᠭᠠᠯᠠᠬᠤ ᠥᠷᠲᠡᠭᠡ ᠳᠤ ᠪᠠᠶᠢᠴᠠᠭᠠᠯᠲᠠ ᠬᠢᠵᠦ᠂ ᠲᠡᠳᠡᠨ ᠤ ᠦᠵᠡᠯᠭᠡ ᠵᠢᠨ ᠬᠤᠳᠳᠤᠭ ᠤᠨ ᠠᠮᠠᠰᠠᠷ ᠬᠤᠷᠢᠶᠠᠭᠰᠠᠨ ᠡᠰᠡᠬᠦ ᠳᠤ ᠪᠠᠶᠢᠴᠠᠭᠠᠯᠲᠠ ᠬᠢᠭᠰᠡᠨ ᠤ ᠳ᠋ᠦᠩ ᠳᠤ ᠣᠳᠣᠬᠠᠨ ᠳᠤ ᠪᠠᠨ ᠳᠠᠭᠡᠷ᠎ᠡ ᠲᠤᠷᠠᠳᠤᠭᠰᠠᠨ ᠪᠠᠶᠢᠳᠠᠯ ᠢᠯᠡᠷᠡᠭᠰᠡᠨ ᠦᠭᠡᠢ᠃ ᠬᠠᠶᠠᠭᠳᠠᠮᠠᠯ ᠪᠣᠳᠠᠰ ᠬᠤᠷᠢᠶᠠᠨ ᠬᠠᠳᠠᠭᠠᠯᠠᠬᠤ ᠥᠷᠲᠡᠭᠡ ᠶᠢᠨ ᠡᠵᠡᠩᠨᠡᠭᠴᠢ ᠠᠴᠠ᠂ ᠬᠤᠷᠢᠶᠠᠨ ᠬᠠᠳᠠᠭᠠᠯᠠᠬᠤ ᠳᠠᠩᠰᠠ ᠡᠪᠬᠡᠮᠡᠯ ᠢᠶᠠᠨ ᠲᠦᠷᠢᠮᠵᠢᠭᠦᠯᠵᠦ᠂ ᠬᠠᠤᠯᠢ ᠶᠣᠰᠣ ᠪᠠᠷ ᠡᠵᠡᠩᠨᠡᠯᠲᠠ ᠬᠢᠵᠦ᠂ ᠦᠵᠡᠯᠭᠡ ᠵᠢᠨ ᠬᠤᠳᠳᠤᠭ ᠤᠨ ᠠᠮᠠᠰᠠᠷ ᠵᠡᠷᠭᠡ ᠬᠤᠯᠠᠭᠠᠶᠢᠯᠠᠨ ᠠᠪᠴᠢᠷᠠᠭᠰᠠᠨ ᠪᠣᠳᠠᠰ ᠢ ᠬᠦᠯᠢᠶᠡᠨ ᠠᠪᠬᠤ ᠦᠭᠡᠢ ᠭᠡᠵᠤ ᠢᠯᠡᠷᠬᠡᠶᠢᠯᠡᠭᠰᠡᠨ ᠪᠠᠶᠢᠨ᠎ᠠ᠃