《 ᠨᠢᠭᠡ ᠡᠬᠡ ᠲᠦᠮᠡᠨ ᠠᠰᠢᠭ 》 ᠠᠴᠠ ᠠᠷᠪᠠᠨ ᠳᠠᠬᠢᠨ ᠤ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠬᠦᠷᠲᠡᠯ᠎ᠡ
------ ᠪᠡᠭᠡᠵᠢᠩ ᠤᠨ ᠲᠦᠩᠵᠧᠦ ᠲᠤᠭᠤᠷᠢᠭ ᠤᠨ ᠪᠠᠶᠢᠴᠠᠭᠠᠬᠤ ᠬᠤᠷᠢᠶ᠎ᠠ ᠢᠳᠡᠭᠡᠨ ᠤ ᠠᠮᠤᠷ ᠲᠦᠪᠰᠢᠨ ᠤ ᠬᠦᠷᠢᠶᠡᠨ ᠳᠠᠬᠢ ᠡᠷᠡᠭᠦᠦ ᠶᠢᠨ ᠬᠡᠷᠡᠭ ᠤᠨ ᠵᠢᠨ ᠬᠡᠷᠡᠭ ᠢ ᠵᠥᠪ ᠣᠨᠣᠪᠴᠢᠲᠠᠶ ᠰᠢᠶᠳᠪᠦᠷᠢᠯᠡᠪᠡ ᠃
ᠬᠡᠳᠦᠨ ᠠᠳᠬᠤ ᠰᠢᠯᠳᠡᠨᠠᠹᠢᠯ ︵西地那非 sildenafil)᠂ ᠬᠡᠳᠦᠨ ᠠᠳᠬᠤ ᠭᠤᠯᠢᠷ ᠢ ᠬᠤᠯᠢᠵᠤ ᠵᠢᠭᠤᠷᠠᠭᠰᠠᠨ ᠤ ᠳᠠᠷᠠᠭ᠎ᠠ ᠬᠤᠮᠵᠢᠶ᠎ᠠ ᠳᠤ ᠰᠠᠪᠠᠯᠠᠵᠤ᠂ ᠳᠠᠬᠢᠨ 《ᠴᠤᠯᠤ ᠪᠠᠶᠢᠭᠠᠯᠢᠯᠢᠭ᠂ 100 % ᠭᠠᠳᠠᠭᠠᠳᠤ ᠠᠴᠠ ᠣᠷᠣᠭᠤᠯᠤᠭᠰᠠᠨ 》᠂ 《 ᠬᠢᠲᠠᠳ ᠡᠮ ᠤᠨ ᠦᠨᠡᠲᠦ ᠡᠷᠳᠡᠨᠢ 》 ᠭᠡᠬᠦ ᠮᠡᠲᠦ ᠶᠢᠨ ᠦᠭᠡ ᠶᠢ ᠬᠠᠲᠠᠭᠰᠠᠨ ᠨᠠᠷᠢᠯᠢᠭ ᠰᠠᠶᠢᠬᠠᠨ ᠬᠠᠶᠢᠷᠴᠠᠭ ᠲᠤ ᠰᠠᠪᠠᠯᠠᠭᠰᠠᠨ ᠂ ᠦᠢᠯᠡᠳᠪᠦᠷᠢᠯᠡᠭᠰᠡᠨ ᠦᠢᠯᠡᠳᠪᠦᠷᠢ᠂ ᠡᠳᠦᠷ ᠬᠤᠭᠤᠴᠠᠭ᠎ᠠ ᠨᠢ ᠲᠣᠳᠣᠷᠬᠠᠢ ᠦᠭᠡᠶ᠂ ᠶᠠᠮᠠᠷ ᠴᠦ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠭᠰᠡᠨ ᠦᠭᠡᠶ 《 ᠡᠷᠡᠭᠦᠯᠵᠢᠯ ᠤᠨ ᠡᠳ᠋ 》 ᠨᠢ ᠥᠩᠭᠡᠷᠡᠭᠰᠡᠨ ᠤ ᠭᠤᠷᠪᠠ ᠳᠥᠷᠪᠡᠨ ᠵᠢᠯ ᠤᠨ ᠬᠤᠭᠤᠷᠣᠨᠳᠣ ᠪᠣᠬᠢᠶᠠ ᠬᠦᠷᠭᠡᠯᠲᠡ ᠪᠠᠷ ᠪᠦᠬᠦ ᠤᠯᠤᠰ ᠤᠨ ᠣᠯᠠᠨ ᠮᠤᠵᠢ ᠣᠷᠣᠨ ᠳᠤ ᠪᠣᠷᠣᠯᠠᠭᠤᠯᠤᠭᠳᠠᠵᠤ ᠪᠠᠶᠢᠪᠠ ᠃
ᠳ᠋ᠤᠸᠠᠨ ᠣᠪᠣᠭᠲᠤ᠂ ᠸᠠᠩ ᠣᠪᠣᠭᠲᠤ ᠵᠡᠷᠭᠡ ᠬᠥᠮᠦᠨ ᠤ ᠬᠤᠣᠷ ᠲᠠᠢ᠂ ᠬᠥᠨᠥᠭᠡᠯ ᠲᠠᠢ ᠢᠳᠡᠭᠡᠨ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠦᠢᠯᠡ ᠠᠵᠢᠯᠯᠠᠭ᠎ᠠ ᠳᠤ᠂ ᠪᠡᠭᠡᠵᠢᠩ ᠬᠤᠳᠠ ᠶᠢᠨ ᠲᠦᠩᠵᠸᠦ ᠲᠣᠭᠤᠷᠢᠭ ᠤᠨ ᠪᠠᠶᠢᠴᠠᠭᠠᠬᠤ ᠬᠤᠷᠢᠶ᠎ᠠ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠵᠢᠨ ᠵᠠᠭᠠᠯᠳᠤᠯᠭ᠎ᠠ ᠭᠠᠷᠭᠠᠵᠤ᠂ ᠵᠠᠭᠠᠯᠳᠤᠭᠳᠠᠭᠴᠢ ᠶᠢ ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ ᠶᠢᠨ ᠮᠥᠩᠭᠦ 250 ᠲᠦᠮᠡᠨ ᠲᠥᠭᠦᠷᠢᠭ ᠣᠷᠴᠢᠮ ᠡᠭᠦᠷᠭᠡᠯᠡᠭᠦᠯᠬᠦ ᠪᠠᠷ ᠱᠠᠭᠠᠷᠳᠠᠵᠤ᠂ ᠰᠢᠭᠦᠬᠦ ᠬᠤᠷᠢᠶᠠᠨ ᠤ ᠲᠠᠰᠤᠯᠤᠯᠳᠠ ᠶᠢᠨ ᠳᠡᠮᠵᠢᠯᠭᠡ ᠶᠢ ᠤᠯᠪᠠ ᠃ ᠲᠦᠷᠦᠭᠦᠬᠡᠨ᠂ ᠲᠣᠰ ᠬᠡᠷᠡᠭ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠡᠶᠢᠲᠡᠯᠡᠭᠰᠡᠨ 《 ᠨᠡᠶᠢᠲᠡ ᠶᠢᠨ ᠠᠰᠢᠭᠲᠤ ᠵᠠᠷᠭᠤ ᠪᠠᠷ ᠰᠠᠶᠢᠨ ᠰᠠᠶᠢᠬᠠᠨ ᠠᠮᠢᠳᠤᠷᠠᠯ ᠢ ᠬᠠᠮᠠᠭᠠᠯᠠᠬᠤ 》 ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠪᠠ ᠃
ᠨᠢᠭᠡ ᠬᠠᠶᠢᠷᠴᠠᠭ 69 ᠲᠥᠭᠦᠷᠢᠭ ᠤᠨ 《 ᠡᠷᠡᠭᠦᠯᠵᠢᠯ ᠤᠨ ᠡᠳ᠋ 》 ᠢ ᠬᠤᠳᠠᠯᠳᠤᠨ ᠠᠪᠬᠤ ᠳᠤ ᠵᠥᠪᠬᠡᠨᠬᠡᠳᠦᠬᠡᠨ ᠲᠥᠭᠦᠷᠢᠭ ᠬᠡᠷᠡᠭᠯᠡᠨ᠎ᠡ
︽ᠣᠯᠠᠨ ᠲᠦᠮᠡᠨ ᠴᠤᠭᠯᠠᠭ᠎ᠠ ᠮᠠᠶᠢᠮᠠᠶ ᠳᠤ ᠣᠴᠢᠬᠤ ᠳᠠᠭᠠᠨ ᠬᠤᠳᠠᠯᠳᠤᠭᠠᠨ ᠤ ᠴᠢᠨᠠᠷᠲᠠᠶ ᠡᠷᠡᠭᠦᠯᠵᠢᠯ ᠤᠨ ᠢᠳᠡᠭᠡᠨ ᠤ ᠰᠣᠨᠢᠨ ᠢ ᠣᠯᠵᠤ᠂ ᠰᠣᠨᠢᠨ ᠳᠡᠭᠡᠷᠡᠬᠢ ᠬᠠᠷᠢᠯᠴᠠᠬᠤ ᠬᠡᠯᠪᠡᠷᠢ ᠪᠠᠷ ᠡᠷᠡᠭᠦᠯᠵᠢᠯ ᠤᠨ ᠢᠳᠡᠭᠡᠨ ᠢ ᠬᠤᠳᠠᠯᠳᠤᠨ ᠠᠪᠴᠤ᠂ ᠪᠣᠬᠢᠶᠠ ᠶᠢ ᠣᠯᠤᠭᠰᠠᠨ ᠤ ᠳᠠᠷᠠᠭ᠎ᠠ ᠭᠠᠳᠠᠷ ᠪᠣᠭᠤᠳᠠᠯ ᠨᠢ ᠬᠡᠲᠦᠷᠬᠡᠶ ᠪᠦᠳᠦᠭᠦᠯᠢᠭ ᠪᠠᠶᠢᠬᠤ ᠶᠢ ᠦᠵᠡᠭᠡᠳ ᠰᠦᠯᠵᠢᠶᠡᠨ ᠳᠡᠭᠡᠷ᠎ᠡ ᠭᠠᠷᠴᠤ ᠪᠠᠶᠢᠴᠠᠭᠠᠨ ᠦᠵᠡᠨ ᠬᠠᠭᠤᠷᠮᠠᠭ ᠪᠠᠷᠠᠭ᠎ᠠ ᠭᠡᠵᠦ ᠪᠠᠶᠢᠬᠤ ᠶᠢ ᠣᠯᠵᠤ ᠦᠵᠡᠭᠡᠳ ᠴᠠᠭᠳᠠᠭᠠᠨ ᠤ ᠲᠠᠯ᠎ᠠ ᠳᠤ ᠬᠡᠷᠡᠭ ᠮᠡᠳᠡᠭᠦᠯᠪᠡ 》᠃ ᠲᠦᠩᠵᠸᠦ ᠲᠣᠭᠤᠷᠢᠭ ᠤᠨ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠠᠶᠢᠴᠠᠭᠠᠬᠤ ᠬᠡᠯᠲᠡᠰ ᠤᠨ ᠪᠠᠶᠢᠴᠠᠭᠠᠬᠤ ᠲᠤᠰᠢᠶᠠᠯᠲᠠᠨ ᠼᠤᠤ ᠾᠦᠩ ᠰᠤᠷᠪᠤᠯᠵᠢᠯᠠᠭᠴᠢ ᠳᠤ ᠬᠡᠯᠡᠭᠰᠡᠨ ᠨᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠰ ᠬᠡᠷᠡᠭ ᠢ ᠲᠤᠰ ᠬᠤᠷᠢᠶᠠᠨ ᠳᠤ ᠰᠢᠯᠵᠢᠭᠦᠯᠦᠨ ᠬᠦᠷᠭᠡᠵᠦ ᠬᠢᠨᠠᠨ ᠪᠠᠶᠢᠴᠠᠭᠠᠯᠭᠠᠵᠤ ᠵᠠᠭᠠᠯᠳᠤᠭᠰᠠᠨ ᠤ ᠳᠠᠷᠠᠭ᠎ᠠ᠂ ᠲᠤᠰ ᠬᠤᠷᠢᠶᠠᠨ ᠤ ᠬᠤᠶᠠᠳᠤᠭᠠᠷ ᠪᠠᠶᠢᠴᠠᠭᠠᠬᠤ ᠬᠡᠯᠲᠡᠰ ᠬᠡᠷᠡᠭ ᠤᠨ ᠳᠣᠲᠣᠷᠠᠬᠢ ᠨᠡᠶᠢᠲᠡ ᠵᠢᠨ ᠠᠰᠢᠭᠲᠤ ᠵᠠᠷᠭᠤ ᠶᠢᠨ ᠰᠦᠪᠡᠭᠴᠢ ᠶᠢ ᠨᠡᠶᠢᠲᠡ ᠵᠢᠨ ᠠᠰᠢᠭᠲᠤ ᠵᠠᠷᠭᠤ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠥᠭᠴᠡᠶ ᠃ 2020 ᠣᠨ ᠤ 7 ᠰᠠᠷ᠎ᠠ ᠳᠤ᠂ ᠼᠤᠤ ᠬᠤᠩ ᠬᠠᠮᠲᠤ ᠠᠵᠢᠯᠯᠠᠭᠰᠠᠳ ᠲᠠᠢ ᠪᠠᠨ ᠬᠠᠮᠲᠤ ᠪᠠᠷ ᠬᠡᠷᠡᠭ ᠪᠣᠯᠭᠠᠨ ᠳᠠᠩᠰᠠᠯᠠᠵᠤ ᠪᠠᠶᠢᠴᠠᠭᠠᠬᠤ ᠵᠢᠷᠤᠮ ᠢ ᠡᠬᠢᠯᠡᠭᠦᠯᠪᠡ ᠃
ᠪᠠᠶᠢᠴᠠᠭᠠᠯᠲᠠ ᠪᠠᠷ ᠣᠯᠵᠤ ᠮᠡᠳᠡᠭᠰᠡᠨ ᠨᠢ᠂ 2017 ᠣᠨ ᠠᠴᠠ 2020 ᠣᠨ ᠤ 6 ᠰᠠᠷ᠎ᠠ ᠪᠣᠯᠲᠠᠯ᠎ᠠ᠂ ᠵᠠᠭᠠᠯᠳᠤᠭᠳᠠᠭᠴᠢ ᠳ᠋ᠤᠸᠠᠨ ᠣᠪᠣᠭᠲᠤ ᠱᠠᠨᠰᠢ ᠮᠤᠵᠢ ᠶᠢᠨ ᠰᠢᠶᠠᠨ ᠶᠠᠩ ᠬᠤᠲᠠ ᠶᠢᠨ ᠨᠢᠭᠡᠨ ᠵᠢᠵᠢᠭ ᠦᠶᠯᠡᠳᠬᠡᠯ ᠤᠨ ᠭᠠᠵᠠᠷ ᠲᠤ᠂ ᠢᠳᠡᠭᠡᠨ ᠤ ᠦᠶᠯᠡᠳᠪᠦᠷᠢᠯᠡᠯ ᠤᠨ ᠵᠥᠪᠰᠢᠶᠡᠷᠡᠯ ᠂ ᠡᠷᠡᠭᠦᠯᠵᠢᠯ ᠤᠨ ᠢᠳᠡᠭᠡᠨ ᠤ ᠵᠥᠪᠰᠢᠶᠡᠷᠡᠯ ᠵᠡᠷᠭᠡ ᠬᠤᠯᠪᠣᠭᠳᠠᠯ ᠪᠥᠬᠦᠶ ᠬᠢᠷᠢ ᠬᠡᠮ ᠢ ᠣᠯᠤᠭᠰᠠᠨ ᠥᠬᠡᠶ ᠪᠠᠶᠢᠳᠠᠯ ᠳᠣᠤᠷ᠎ᠠ᠂ ᠬᠤᠮᠵᠢᠶ᠎ᠠ ᠶᠢᠨ ᠭᠠᠳᠠᠷ ᠬᠠᠯᠢᠰᠤ ᠵᠢᠴᠢ ᠰᠢᠯᠳᠡᠨᠠᠹᠢᠯ ︵西地那非 sildenafil) ᠵᠡᠷᠭᠡ ᠶᠢᠨ ᠠᠭᠤᠯᠤᠭᠳᠠᠭᠴᠢ ᠲᠠᠢ ᠲᠦᠭᠦᠬᠡᠶ ᠡᠳ᠋ ᠢ ᠬᠤᠳᠠᠯᠳᠤᠨ ᠠᠪᠴᠤ᠂ ᠬᠥᠮᠥᠨ ᠬᠥᠯᠥᠰᠦᠯᠡᠨ ᠣᠯᠠᠨ ᠵᠦᠢᠯ ᠤᠨ ᠡᠷᠡᠭᠦᠯᠵᠢᠯ ᠤᠨ ᠢᠳᠡᠭᠡᠨ ᠦᠢᠯᠡᠳᠪᠦᠷᠢᠯᠡᠵᠡᠢ᠃
ᠼᠤᠤ ᠬᠤᠩ ᠶᠢᠨ ᠬᠡᠯᠡᠬᠦ ᠪᠠᠷ ᠂ ᠲᠡᠳᠡ ᠡᠳᠦᠷ ᠪᠦᠷᠢ ᠪᠠᠷᠤᠭ 8 ᠲᠦᠮᠡᠨ ᠮᠥᠬᠦᠯᠢᠭ ᠬᠤᠮᠵᠢᠶ᠎ᠠ ᠬᠢᠵᠦ᠂ ᠨᠢᠭᠡ ᠮᠥᠬᠦᠯᠢᠭ ᠥᠪᠡᠷ ᠤᠨ ᠥᠷᠲᠡᠭ ᠨᠢ ᠵᠥᠪᠬᠡᠨ ᠬᠡᠳᠦᠬᠡᠨ ᠮᠥᠩᠭᠦ ᠲᠡᠳᠦᠢ ᠪᠠᠶᠢᠳᠠᠭ᠃ 2017 ᠣᠨ ᠠᠴᠠ 2019 ᠣᠨ ᠤ 11 ᠰᠠᠷ᠎ᠠ ᠪᠣᠯᠲᠠᠯ᠎ᠠ᠂ ᠸᠠᠩ ᠣᠪᠣᠭᠲᠤ ᠳ᠋ᠤᠸᠠᠨ ᠣᠪᠣᠭᠲᠤ ᠶᠢᠨ ᠬᠤᠯᠪᠣᠭᠳᠠᠯ ᠪᠥᠬᠦᠶ ᠬᠢᠷᠢ ᠬᠡᠮ ᠥᠬᠡᠶ ᠶᠢ ᠲᠣᠳᠣᠷᠬᠠᠶ ᠮᠡᠳᠡᠵᠦ ᠪᠠᠶᠢᠭᠠᠳ ᠮᠥᠨ ᠯᠡ ᠣᠯᠠᠨ ᠤᠳᠠᠭ᠎ᠠ ᠳᠤᠸᠠᠨ ᠣᠪᠣᠭᠲᠤ ᠠᠴᠠ ᠪᠡᠯᠭᠡ ᠶᠢᠨ ᠴᠢᠳᠠᠮᠵᠢᠲᠤ ᠡᠷᠡᠭᠦᠯᠵᠢᠯ ᠤᠨ ᠢᠳᠡᠭᠡᠨ ᠭᠡᠭᠴᠢ ᠶᠢ ᠬᠤᠳᠠᠯᠳᠤᠨ ᠠᠪᠤᠭᠰᠠᠨ ᠪᠥᠭᠡᠳ ᠣᠯᠠᠨ ᠵᠦᠶᠯ ᠤᠨ 《 ᠬᠠᠭᠤᠷᠮᠠᠭ ᠢᠶᠠᠷ ᠦᠨᠡᠨ ᠢ ᠣᠷᠣᠯᠠᠭᠤᠯᠤᠭᠰᠠᠨ 》 ᠤᠬᠠᠭᠤᠯᠭ᠎ᠠ ᠶᠢᠨ ᠰᠣᠨᠢᠨ ᠬᠡᠪᠯᠡᠵᠦ᠂ ᠬᠡᠷ ᠤᠨ ᠬᠥᠮᠦᠰ ᠲᠠᠢ ᠪᠠᠨ ᠬᠠᠮᠲᠤ ᠲᠦᠩᠵᠸᠦ ᠲᠣᠭᠤᠷᠢᠭ᠂ ᠮᠢ ᠶᠦᠨ ᠲᠣᠭᠤᠷᠢᠭ ᠵᠡᠷᠭᠡ ᠭᠠᠵᠠᠷ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠶᠡᠭᠡ ᠬᠡᠮᠵᠢᠶ᠎ᠡ ᠪᠠᠷ ᠲᠠᠷᠬᠠᠭᠠᠵᠠᠶ᠃ ᠬᠠᠭᠤᠷᠮᠠᠭ ᠤᠬᠠᠭᠤᠯᠭ᠎ᠠ ᠪᠠᠷ ᠳᠡᠮᠵᠢᠨ᠂ ᠡᠲᠡᠭᠡᠷ ᠡᠷᠡᠭᠦᠯᠵᠢᠯ ᠤᠨ ᠢᠳᠡᠭᠡᠨ ᠤ ᠬᠤᠳᠠᠯᠳᠤᠬᠤ ᠦᠨ᠎ᠡ ᠨᠢ ᠡᠴᠦᠰ ᠲᠡᠭᠡᠨ ᠬᠠᠶᠢᠷᠴᠠᠭ ᠪᠦᠷᠢ ᠳᠡᠭᠡᠨ 69 ᠲᠥᠭᠦᠷᠢᠭ ( ᠳ᠋ᠤᠸᠠᠨ ᠣᠪᠣᠭᠲᠤ ᠶᠢᠨ ᠲᠡᠨᠳᠡ ᠠᠴᠠ ᠬᠤᠳᠠᠯᠳᠤᠨ ᠠᠪᠤᠭᠰᠠᠨ ᠦᠨ᠎ᠡ ᠨᠢ ᠵᠥᠪᠬᠡᠨ ᠬᠠᠶᠢᠷᠴᠠᠭ ᠪᠦᠷᠢ ᠳᠡᠭᠡᠨ ᠬᠡᠳᠦᠨ ᠲᠥᠭᠦᠷᠢᠭ ) ᠬᠦᠷᠴᠦ᠂ ᠪᠣᠬᠢᠶᠠ ᠪᠠᠷ ᠢᠯᠡᠭᠡᠬᠦ ᠵᠡᠷᠭᠡ ᠠᠷᠭ᠎ᠠ ᠮᠠᠶ᠋ᠢᠭ ᠢᠶᠠᠷ ᠬᠡᠷᠡᠭᠯᠡᠭᠴᠢᠳ ᠲᠤ ᠪᠣᠷᠣᠯᠠᠭᠤᠯᠵᠤ ᠥᠭᠲᠡᠭ ᠃
《ᠬᠡᠷᠡᠭ ᠲᠤ ᠬᠤᠯᠪᠣᠭᠳᠠᠭᠰᠠᠨ ᠡᠳᠡᠭᠡᠷ ᠡᠷᠡᠭᠦᠯᠵᠢᠯ ᠤᠨ ᠢᠳᠡᠭᠡᠨ ᠢ ᠥᠩᠭᠡᠷᠡᠭᠰᠡᠨ ᠭᠤᠷᠪᠠ ᠳᠥᠷᠪᠡᠨ ᠵᠢᠯ ᠤᠨ ᠬᠤᠭᠤᠷᠣᠨᠳᠣ ᠪᠦᠬᠦ ᠤᠯᠤᠰ ᠤᠨ ᠡᠯ᠎ᠡ ᠭᠠᠵᠠᠷ ᠲᠤ ᠲᠠᠷᠬᠠᠭᠠᠵᠤ᠂ ᠵᠠᠷᠢᠮ ᠬᠡᠷᠡᠭᠯᠡᠭᠴᠢᠳ ᠤᠤᠭᠤᠭᠰᠠᠨ ᠤ ᠳᠠᠷᠠᠭ᠎ᠠ ᠪᠠᠰᠠ ᠬᠡᠪ ᠤᠨ ᠪᠤᠰᠤ ᠢᠯᠡᠷᠡᠯ ᠭᠠᠷᠪᠠ ︾ ᠭᠡᠵᠦ ᠪᠠᠶᠢᠴᠠᠭᠠᠬᠤ ᠲᠤᠰᠢᠶᠠᠯᠲᠠᠨ ᠼᠤᠤ ᠾᠦᠩ ᠡᠴᠡ ᠲᠠᠨᠢᠯᠴᠠᠭᠤᠯᠪᠠ ᠃ ᠡᠷᠡᠭᠦᠯᠵᠢᠯ ᠤᠨ ᠢᠳᠡᠭᠡᠨ ᠤ ᠳᠣᠲᠣᠷ᠎ᠠ ᠠᠭᠤᠯᠤᠭᠳᠠᠵᠤ ᠪᠠᠶᠢᠭ᠎ᠠ ᠰᠢᠯᠳᠡᠨᠠᠹᠢᠯ ︵西地那非 sildenafil) ᠪᠤᠶᠤ ᠲᠠᠳᠠᠯᠠᠹᠢᠯ ︵他达拉非Tadalafil︶ ᠶᠢᠨ ᠪᠦᠷᠢᠯᠳᠦᠬᠦᠨ ᠳᠤ ᠣᠯᠠᠨ ᠵᠦᠶᠯ ᠤᠨ ᠳᠠᠯᠳᠠ ᠬᠤᠤᠷ ᠬᠥᠨᠥᠭᠡᠯ ᠪᠠᠶᠢᠳᠠᠭ᠂ ᠬᠡᠷᠪᠡ ᠬᠡᠲᠦᠷᠡᠲᠡᠯ᠎ᠡ ᠤᠤᠭᠤᠬᠤ ᠪᠤᠶᠤ ᠪᠤᠰᠤᠳ ᠡᠮ ᠲᠠᠢ ᠬᠠᠮᠲᠤ ᠬᠡᠷᠡᠭᠯᠡᠪᠡᠯ᠂ ᠵᠢᠷᠦᠬᠡ ᠴᠢᠰᠤᠨ ᠰᠤᠳᠠᠯ ᠤᠨ ᠡᠪᠡᠳᠴᠢᠲᠡᠨ᠂ ᠴᠢᠰᠤᠨ ᠳᠠᠷᠤᠯᠲᠠ ᠥᠨᠳᠥᠷ ᠬᠡᠷᠡᠭᠯᠡᠭᠴᠢᠳ ᠲᠤ ᠠᠮᠢ ᠨᠠᠰᠤ ᠡᠷᠡᠭᠦᠯ ᠮᠡᠨᠳᠦ ᠳᠤ ᠠᠶᠤᠯ ᠤᠴᠠᠷᠠᠭᠤᠯᠬᠤ ᠪᠣᠯᠣᠮᠵᠢᠲᠠᠢ ᠪᠥᠭᠡᠳ ᠬᠥᠮᠦᠨ ᠤ ᠪᠡᠶ᠎ᠡ ᠶᠢᠨ ᠬᠠᠷᠠᠭᠠᠨ ᠮᠡᠳᠡᠷᠡᠯ ᠪᠠ ᠮᠡᠳᠡᠷᠡᠯ ᠤᠨ ᠰᠢᠰᠲ᠋ᠧᠮ ᠳᠤ ᠴᠦ ᠮᠠᠰᠢ ᠮᠠᠭᠤ ᠨᠥᠯᠥᠭᠡ ᠦᠵᠡᠭᠦᠯᠦᠨ᠎ᠡ᠃ ᠵᠢᠱᠢᠶᠡᠯᠡᠪᠡᠯ ᠲᠠᠮᠢᠷᠳᠠᠬᠤ᠂ ᠡᠪᠡᠳᠬᠦ᠂ ᠬᠠᠷᠰᠢᠬᠤ ᠵᠡᠷᠭᠡ ᠪᠥᠬᠦ ᠪᠡᠶ᠎ᠡ ᠶᠢᠨ ᠲᠤᠰᠬᠠᠯ ᠭᠠᠷᠴᠤ᠂ ᠣᠨᠴᠠ ᠵᠠᠷᠢᠮ ᠬᠡᠷᠡᠭᠯᠡᠭᠴᠢᠳ ᠤᠨ ᠠᠮᠢ ᠨᠠᠰᠤ ᠡᠷᠡᠭᠦᠯ ᠮᠡᠨᠳᠦ ᠶᠢ ᠲᠤᠶᠢᠯ ᠤᠨ ᠶᠡᠭᠡ ᠪᠠᠷ ᠬᠤᠬᠢᠷᠠᠭᠤᠯᠳᠠᠭ ᠃
2020 ᠣᠨ ᠤ 11 ᠰᠠᠷ᠎ᠠ ᠳᠤ᠂ ᠲᠦᠩᠵᠸᠦ ᠲᠣᠭᠤᠷᠢᠭ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠵᠠᠩ ᠱᠤ᠋ ᠴᠠᠩ ᠲᠣᠰ ᠬᠡᠷᠡᠭ ᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠄ 《 ᠬᠡᠷᠡᠭ ᠲᠤ ᠬᠤᠯᠪᠣᠭᠳᠠᠭᠰᠠᠨ ᠦᠶᠯᠡ ᠠᠵᠢᠯᠯᠠᠭ᠎ᠠ ᠳᠤ ᠡᠷᠬᠡᠪᠰᠢ ᠴᠢᠩᠭ᠎ᠠ ᠴᠣᠬᠢᠯᠲᠠ ᠥᠭᠴᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠡᠷᠬᠡᠪᠰᠢ ᠡᠷᠡᠰ ᠬᠠᠮᠠᠭᠠᠯᠠᠬᠤ ᠬᠡᠷᠡᠭᠲᠡᠶ ᠃》 ᠭᠡᠵᠦ ᠡᠷᠡᠰ ᠰᠢᠭᠤᠷᠬᠠᠢ ᠢᠯᠡᠷᠬᠡᠶᠢᠯᠡᠪᠡ᠃
ᠶᠠᠯᠠᠯᠠᠨ ᠰᠢᠶᠳᠬᠡᠬᠦ ᠴᠢᠨᠠᠷᠲᠠᠶ ᠲᠥᠯᠥᠪᠦᠷᠢ ᠶᠢᠨ ᠠᠰᠠᠭᠤᠳᠠᠯ ᠳᠤ ᠴᠢᠭᠯᠡᠭᠦᠯᠦᠨ ᠬᠤᠶᠠᠷ ᠤᠳᠠᠭ᠎ᠠ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠬᠢᠪᠡ
ᠳ᠋ᠤᠸᠠᠨ ᠣᠪᠣᠭᠲᠤ᠂ ᠸᠠᠩ ᠣᠪᠣᠭᠲᠤ ᠵᠡᠷᠭᠡ ᠬᠥᠮᠦᠰ ᠤᠨ ᠡᠷᠡᠭᠦᠯᠵᠢᠯ ᠤᠨ ᠢᠳᠡᠭᠡᠨ ᠢ ᠦᠢᠯᠡᠳᠪᠦᠷᠢᠯᠡᠵᠦ᠂ ᠪᠣᠷᠣᠯᠠᠭᠤᠯᠤᠭᠰᠠᠨ ᠠᠵᠢᠯᠯᠠᠭ᠎ᠠ ᠨᠢ ᠦᠷᠭᠦᠯᠵᠢᠯᠡᠭᠰᠡᠨ ᠴᠠᠭ ᠨᠢ ᠣᠷᠳᠣ᠂ ᠨᠥᠯᠥᠭᠡᠯᠡᠬᠦ ᠬᠡᠪᠴᠢᠶ᠎ᠡ ᠨᠢ ᠥᠷᠭᠡᠨ ᠪᠥᠭᠡᠳ ᠪᠡᠶᠡᠴᠢ ᠬᠤᠣᠷᠲᠤ ᠴᠢᠨᠠᠷ ᠢᠶᠠᠷ ᠶᠡᠭᠡ᠂ ᠡᠯᠪᠡᠭ ᠳᠡᠯᠪᠡᠭ ᠠᠰᠢᠭ ᠲᠤᠰᠠ ᠭᠥᠷᠳᠡᠵᠡᠶ ᠃ ᠡᠶᠢᠮᠦᠷᠬᠦᠦ ᠪᠠᠶᠢᠳᠠᠯ ᠤᠨ ᠳᠣᠣᠷ᠎ᠠ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠦᠨ ᠳᠤ ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ ᠶᠢᠨ ᠲᠦᠷᠢᠮ ᠢ ᠬᠡᠷᠡᠭᠯᠡᠵᠦ᠂ ᠨᠡᠶᠢᠲᠡ ᠶᠢᠨ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ ᠪᠣᠯᠤᠨ᠎ᠠ ᠤᠤ︖
ᠲᠤᠬᠠᠢ ᠶᠢᠨ ᠦᠶ᠎ᠡ ᠳᠤ᠂ ᠪᠡᠭᠡᠵᠢᠩ ᠬᠤᠲᠠ ᠶᠢᠨ ᠪᠠᠶᠢᠴᠠᠭᠠᠬᠤ ᠪᠠᠶᠢᠭᠤᠯᠭ᠎ᠠ ᠳᠤ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠪᠠᠶᠢᠭᠰᠠᠨ ᠦᠭᠡᠢ ᠃ ᠲᠦᠩᠵᠸᠦ ᠲᠣᠭᠤᠷᠢᠭ ᠤᠨ ᠪᠠᠶᠢᠴᠠᠭᠠᠬᠤ ᠬᠤᠷᠢᠶᠠᠨ ᠤ ᠨᠡᠶᠢᠲᠡ ᠵᠢᠨ ᠠᠰᠢᠭᠲᠤ ᠵᠠᠷᠭᠤ ᠶᠢᠨ ᠬᠡᠷᠡᠭ ᠰᠢᠶᠳᠪᠦᠷᠢᠯᠡᠬᠦ ᠳᠤᠭᠤᠶᠢᠯᠠᠩ ᠰᠦᠯᠵᠢᠶ᠎ᠡ ᠪᠠᠷ ᠳᠡᠮᠵᠢᠨ ᠭᠠᠳᠠᠷ ᠣᠷᠣᠨ ᠤ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠭᠡᠷᠡᠴᠢ ᠠᠪᠬᠤ ᠴᠢᠭᠯᠡᠯ᠂ ᠣᠨᠣᠯ ᠤᠨ ᠦᠨᠳᠦᠰᠦᠯᠡᠯ᠂ ᠬᠦᠰᠡᠯ ᠱᠠᠭᠠᠷᠳᠠᠯᠭ᠎ᠠ ᠶᠢᠨ ᠬᠡᠪᠴᠢᠶ᠎ᠡ ᠵᠡᠷᠭᠡ ᠶᠢ ᠵᠠᠳᠠᠯᠤᠭᠰᠠᠨ ᠪᠥᠭᠡᠳ 2020 ᠣᠨ ᠤ 9 ᠰᠠᠷ᠎ᠠ ᠶᠢᠨ 1 ᠤ ᠡᠳᠦᠷ ᠲᠣᠰ ᠬᠤᠷᠢᠶᠠᠨ ᠳᠤ ᠪᠠᠶᠢᠴᠠᠭᠠᠬᠤ ᠲᠤᠰᠢᠶᠠᠯᠲᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠲᠣᠰ ᠬᠡᠷᠡᠭ ᠲᠤ ᠵᠠᠯᠬᠠᠭᠠᠯ ᠤᠨ ᠴᠢᠨᠠᠷᠲᠠᠶ ᠲᠥᠯᠥᠪᠦᠷᠢ ᠶᠢ ᠬᠡᠷᠡᠭᠯᠡᠬᠦ ᠲᠠᠯ᠎ᠠ ᠪᠠᠷ ᠠᠩᠬ᠎ᠠ ᠠᠯᠬᠤᠮ ᠰᠠᠨᠠᠯ ᠨᠢᠭᠡᠳᠴᠡᠶ ᠃
ᠢᠳᠡᠭᠡᠨ ᠤ ᠠᠶᠤᠯᠭᠦᠢ ᠶᠢᠨ ᠨᠡᠶᠢᠲᠡ ᠵᠢᠨ ᠠᠰᠢᠭᠲᠤ ᠵᠠᠷᠭᠤ ᠶᠢᠨ ᠳᠤᠮᠳᠠ ᠪᠠᠶᠢᠴᠠᠭᠠᠬᠤ ᠪᠠᠶᠢᠭᠤᠯᠭ᠎ᠠ ᠶᠢᠨ ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ ᠳᠤᠷᠠᠳᠬᠤ ᠲᠦᠷᠢᠮ ᠬᠠᠷᠠᠬᠠᠨ ᠬᠠᠶᠢᠨ ᠰᠦᠪᠡᠭᠴᠢᠯᠡᠬᠦ ᠪᠠᠶᠢᠳᠠᠯ ᠳᠤ ᠣᠷᠣᠰᠢᠵᠤ ᠪᠠᠶᠢᠬᠤ ᠪᠠᠶᠢᠳᠠᠯ ᠢ ᠦᠨᠳᠦᠰᠦᠯᠡᠨ᠂ ᠬᠡᠷᠡᠭ ᠰᠢᠢᠳᠪᠦᠷᠢᠯᠡᠬᠦ ᠳᠤᠭᠤᠶᠢᠯᠠᠩ 《 ᠭᠠᠳᠠᠭᠠᠳᠤ ᠲᠠᠷᠢᠬᠢ 》 ︵ᠪᠠᠶᠢᠴᠠᠭᠠᠬᠤ ᠭᠦᠷᠢᠶ᠎ᠠ ᠴᠠᠷᠠᠭ᠎ᠠ ᠠᠴᠠ ᠭᠠᠳᠠᠨᠠᠬᠢ ᠳᠤᠰᠬᠠᠢ ᠮᠡᠷᠭᠡᠵᠢᠯᠲᠠᠨ︶ ᠶᠢᠨ ᠳᠡᠮᠵᠢᠯᠭᠡ ᠶᠢ ᠢᠳᠡᠪᠬᠢᠲᠡᠢ ᠡᠷᠢᠯᠬᠢᠯᠡᠪᠡ ᠃ 2020 ᠣᠨ ᠤ 10 ᠰᠠᠷ᠎ᠠ ᠶᠢᠨ 30 ᠤ ᠡᠳᠦᠷ᠂ 11 ᠰᠠᠷ᠎ᠠ ᠶᠢᠨ 20 ᠤ ᠡᠳᠦᠷ᠂ ᠪᠡᠭᠡᠵᠢᠩ ᠬᠤᠲᠠ ᠶᠢᠨ ᠪᠠᠶᠢᠴᠠᠭᠠᠬᠤ ᠬᠤᠷᠢᠶ᠎ᠠ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠢ ᠤᠷᠢᠳ ᠬᠤᠵᠢᠳ ᠬᠤᠶᠠᠷ ᠤᠳᠠᠭ᠎ᠠ ᠡᠷᠭᠢᠯᠡᠨ ᠬᠤᠷᠠᠯᠳᠤᠭᠤᠯᠵᠤ᠂ ᠲᠣᠰ ᠬᠡᠷᠡᠭ ᠤᠨ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠶᠢᠨ ᠪᠣᠯᠤᠮᠵᠢᠲᠤ ᠴᠢᠨᠠᠷ ᠲᠤ ᠭᠦᠶᠴᠡᠳ ᠨᠤᠲᠠᠯᠠᠯᠲᠠ ᠬᠢᠪᠠ ᠃ ᠲᠤᠰᠬᠠᠶ ᠮᠡᠷᠭᠡᠵᠢᠯᠲᠡᠨ ᠤ ᠳᠡᠮᠵᠢᠯᠭᠡ ᠳᠣᠤᠷ᠎ᠠ᠂ ᠪᠠᠶᠢᠴᠠᠭᠠᠬᠤ ᠲᠤᠰᠢᠶᠠᠯᠲᠠᠨ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠶᠢ ᠬᠡᠷᠡᠭᠯᠡᠬᠦ ᠦᠨᠳᠦᠰᠦᠯᠡᠯ᠂ ᠨᠥᠬᠦᠴᠡᠯ᠂ ᠪᠤᠳᠤᠬᠤ ᠪᠠᠷᠢᠮᠵᠢᠶ᠎ᠠ ᠪᠠ ᠠᠷᠭ᠎ᠠ ᠮᠠᠶ᠋ᠢᠭ ᠵᠡᠷᠭᠡ ᠳᠤ ᠲᠣᠳᠣᠷᠬᠠᠶ ᠰᠠᠨᠠᠯ ᠭᠠᠷᠭᠠᠵᠠᠶ ᠃ ᠳ᠋ᠤᠸᠠᠨ ᠣᠪᠣᠭᠲᠤ᠂ ᠸᠠᠩ ᠣᠪᠣᠭᠲᠤ ᠵᠡᠷᠭᠡ ᠬᠥᠮᠦᠰ ᠤᠨ ᠬᠤᠣᠷ ᠲᠠᠢ᠂ ᠬᠥᠨᠥᠭᠡᠯ ᠲᠠᠢ ᠢᠳᠡᠭᠡᠨ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢᠨ ᠪᠡᠶᠡᠴᠢ ᠵᠣᠷᠢᠭᠤᠳᠠ᠂ ᠦᠷᠭᠦᠯᠵᠢᠯᠡᠭᠰᠡᠨ ᠴᠠᠭ᠂ ᠪᠣᠷᠣᠯᠠᠭᠤᠯᠤᠭᠰᠠᠨ ᠬᠡᠪᠴᠢᠶ᠎ᠡ᠂ ᠠᠰᠢᠭ ᠣᠯᠵᠠᠪᠤᠷᠢ ᠶᠢᠨ ᠲᠤᠭ᠎ᠠ᠂ ᠬᠥᠨᠥᠭᠡᠯ ᠤᠨ ᠲᠦᠭᠰᠢᠭᠦᠷᠢ ᠵᠡᠷᠭᠡ ᠶᠢ ᠶᠡᠷᠦᠩᠬᠡᠶᠢᠯᠡᠨ ᠪᠣᠳᠣᠯᠬᠢᠯᠠᠭᠠᠳ᠂ ᠠᠷᠪᠠᠨ ᠳᠠᠬᠢᠨ ᠢᠶᠠᠷ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠥᠭᠬᠦ ᠨᠢ ᠦᠢᠯᠡ ᠠᠵᠢᠯᠯᠠᠭ᠎ᠠ ᠶᠢᠨ ᠬᠢᠨᠢ ᠮᠠᠭᠤ ᠴᠢᠨᠠᠷ ᠢ ᠨᠡᠩ ᠢᠯᠡᠭᠦᠦ ᠦᠨᠡᠯᠡᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠬᠠᠤᠯᠢ ᠠᠴᠠ ᠵᠥᠷᠢᠴᠡᠨ ᠡᠵᠡᠩᠨᠡᠬᠦ ᠥᠪᠡᠷ ᠤᠨ ᠥᠷᠲᠡᠭ ᠢ ᠨᠡᠮᠡᠭᠳᠡᠭᠦᠯᠵᠦ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠡᠭᠦᠨ ᠤ ᠤᠯᠠᠮ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠢ ᠵᠢᠷᠤᠮᠯᠠᠨ ᠡᠵᠡᠩᠨᠡᠬᠦ ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ ᠭᠡᠵᠦ ᠦᠵᠡᠪᠡ ᠃
ᠪᠠᠶᠢᠴᠠᠭᠠᠯᠲᠠ ᠬᠢᠵᠦ ᠭᠡᠷᠡᠴᠢ ᠠᠪᠤᠭᠰᠠᠨ ᠪᠠ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠪᠠᠷ ᠢᠯᠭᠠᠪᠠ
ᠡᠷᠡᠭᠦᠦ ᠶᠢᠨ ᠬᠡᠷᠡᠭ ᠢ ᠤᠷᠢᠳᠠᠪᠡᠷ ᠰᠢᠢᠳᠪᠦᠷᠢᠯᠡᠳᠡᠭ ᠮᠥᠷᠲᠡᠭᠡᠨ ᠬᠡᠷᠡᠭ ᠰᠢᠢᠳᠪᠦᠷᠢᠯᠡᠬᠦ ᠬᠤᠭᠤᠴᠠᠭ᠎ᠠ ᠳᠤ ᠴᠢᠩᠭ᠎ᠠ ᠱᠠᠭᠠᠷᠳᠠᠯᠭ᠎ᠠ ᠲᠠᠢ ᠪᠠᠶᠢᠳᠠᠭ᠃ ᠲᠤᠰ ᠬᠡᠷᠡᠭ ᠤᠨ ᠢᠷᠭᠡᠨ ᠤ ᠬᠡᠷᠡᠭ ᠤᠨ ᠨᠡᠶᠢᠲᠡ ᠵᠢᠨ ᠠᠰᠢᠭᠲᠤ ᠵᠠᠷᠭᠤ ᠶᠢ ᠡᠷᠡᠭᠦᠦ ᠶᠢᠨ ᠵᠠᠷᠭᠤ ᠲᠠᠢ ᠬᠠᠮᠲᠤ ᠰᠢᠭᠦᠯᠭᠡᠬᠦ ᠵᠢᠨ ᠲᠥᠯᠥᠭᠡ᠂ ᠬᠡᠷᠡᠭ ᠰᠢᠢᠳᠪᠦᠷᠢᠯᠡᠬᠦ ᠳᠤᠭᠤᠶᠢᠯᠠᠩ ᠴᠠᠭ ᠮᠦᠴᠡ ᠶᠢ ᠠᠯᠳᠠᠯ ᠦᠭᠡᠢ ᠂ ᠬᠡᠷᠡᠭ ᠤᠨ ᠳᠤᠮᠳᠠᠬᠢ ᠦᠢᠯᠡᠳᠪᠦᠷᠢᠯᠡᠭᠴᠢ᠂ ᠪᠣᠷᠣᠯᠠᠭᠤᠯᠤᠭᠴᠢ ᠶᠢᠨ ᠪᠡᠶ᠎ᠡ ᠬᠡᠮ ᠵᠢᠴᠢ ᠪᠣᠷᠣᠯᠠᠭᠤᠯᠤᠭᠰᠠᠨ ᠦᠢᠯᠡᠳᠬᠦᠨ᠂ ᠪᠣᠷᠣᠯᠠᠭᠤᠯᠤᠭᠰᠠᠨ ᠵᠣᠭᠤᠰ ᠤᠨ ᠲᠤᠭ᠎ᠠ ᠶᠢ ᠮᠠᠭᠠᠳᠯᠠᠨ ᠲᠣᠭᠲᠠᠭᠠᠬᠤ ᠠᠰᠠᠭᠤᠳᠠᠯ ᠤᠨ ᠲᠤᠬᠠᠢ ᠡᠷᠡᠭᠦᠦ ᠶᠢᠨ ᠬᠡᠷᠡᠭ ᠤᠨ ᠪᠠᠶᠢᠴᠠᠭᠠᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠢ ᠴᠢᠩᠭᠠᠳᠬᠠᠵᠤ᠂ ᠨᠡᠶᠢᠲᠡ ᠵᠢᠨ ᠠᠰᠢᠭᠲᠤ ᠵᠠᠷᠭᠤ ᠳᠤ ᠬᠡᠷᠡᠭᠰᠡᠬᠦ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠨᠥᠬᠦᠪᠥᠷᠢᠯᠡᠨ ᠲᠡᠭᠦᠯᠳᠡᠷᠵᠢᠭᠦᠯᠪᠡ ᠃
ᠳ᠋ᠤᠸᠠᠨ ᠣᠪᠣᠭᠲᠤ ᠦᠢᠯᠡᠳᠪᠦᠷᠢᠯᠡᠭᠴᠢ᠂ ᠸᠠᠩ ᠣᠪᠣᠭᠲᠤ ᠵᠡᠷᠭᠡ ᠬᠥᠮᠦᠨ ᠪᠣᠷᠣᠯᠠᠭᠤᠯᠤᠭᠴᠢ ᠪᠣᠯᠤᠭᠰᠠᠨ ᠤ ᠬᠤᠪᠢ ᠳᠤ 《 ᠬᠤᠷᠣᠬᠠᠶ ᠡᠪᠡᠰᠦ 》 ᠬᠡᠮᠡᠬᠦ ᠡᠷᠡᠭᠦᠯᠵᠢᠯ ᠤᠨ ᠢᠳᠡᠭᠡᠨ ᠢ ᠳᠠᠷᠤᠵᠤ ᠠᠪᠴᠠᠶ ᠃ ᠭᠡᠪᠡᠴᠦ ᠰᠢᠯᠭᠠᠨ ᠲᠣᠭᠲᠠᠭᠠᠯᠲᠠ ᠬᠢᠬᠦ ᠪᠠᠷ ᠳᠠᠮᠵᠢᠭᠠᠳ᠂ ᠳ᠋ᠤᠸᠠᠨ ᠣᠪᠣᠭᠲᠤ ᠠᠴᠠ ᠳᠠᠷᠤᠵᠤ ᠠᠪᠤᠭᠰᠠᠨ 《 ᠬᠤᠷᠣᠬᠠᠢ ᠡᠪᠡᠰᠦ 》 ᠳᠤ ᠰᠢᠯᠳᠡᠨᠠᠹᠢᠯ ︵西地那非 sildenafil) ᠪᠤᠶᠤ ᠲᠠᠳᠠᠯᠠᠹᠢᠯ ︵他达拉非Tadalafil︶ ᠶᠢᠨ ᠪᠦᠷᠢᠯᠳᠦᠬᠦᠨ ᠠᠭᠤᠯᠬᠤ ᠦᠭᠡᠢ᠂ ᠸᠠᠩ ᠣᠪᠣᠭᠲᠤ ᠠᠴᠠ ᠳᠠᠷᠤᠵᠤ ᠠᠪᠤᠭᠰᠠᠨ 《 ᠬᠤᠷᠣᠬᠠᠢ ᠡᠪᠡᠰᠦ 》 ᠳᠤ ᠬᠠᠷᠢᠨ ᠳᠡᠭᠡᠷ᠎ᠡ ᠳᠤᠷᠠᠳᠤᠭᠰᠠᠨ ᠪᠦᠷᠢᠯᠳᠦᠬᠦᠨ ᠠᠭᠤᠯᠤᠭᠳᠠᠨ᠎ᠠ ᠃ ᠡᠨᠡ ᠨᠢ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠶᠢᠨ ᠮᠥᠩᠭᠦ ᠶᠢ ᠪᠤᠳᠤᠬᠤ ᠰᠠᠭᠤᠷᠢ ᠲᠤᠭ᠎ᠠ ᠬᠡᠮᠵᠢᠭᠳᠡᠯ ᠤᠨ ᠠᠰᠠᠭᠤᠳᠠᠯ ᠳᠤ ᠬᠤᠯᠪᠣᠭᠳᠠᠵᠤ᠂ ᠬᠡᠷᠡᠭ ᠰᠢᠶᠳᠪᠦᠷᠢᠯᠡᠬᠦ ᠳᠤᠭᠤᠶᠢᠯᠠᠩ ᠲᠡᠷᠡ ᠳᠠᠷᠤᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠵᠣᠯᠭᠠᠯᠳᠤᠵᠤ᠂ ᠳᠠᠷᠤᠵᠤ ᠠᠪᠤᠭᠰᠠᠨ ᠡᠳ᠋ ᠪᠣᠳᠠᠰ ᠢ ᠬᠠᠳᠠᠭᠠᠯᠠᠵᠤ ᠪᠠᠶᠢᠭ᠎ᠠ ᠭᠠᠵᠠᠷ ᠲᠤ ᠬᠦᠷᠴᠦ᠂ ᠤᠷᠪᠠᠭᠤᠯᠤᠨ ᠬᠠᠷᠭᠤᠭᠤᠯᠵᠤ᠂ ᠬᠡᠷᠡᠯ ᠵᠢᠷᠤᠭ ᠠᠪᠴᠤ ᠭᠡᠷᠡᠴᠢ ᠠᠪᠬᠤ ᠪᠠᠷ ᠳᠡᠮᠵᠢᠨ᠂ ᠳᠠᠷᠤᠵᠤ ᠠᠪᠤᠭᠰᠠᠨ ᠬᠤᠶᠠᠷ 《 ᠬᠤᠷᠣᠬᠠᠶ ᠡᠪᠡᠰᠦ 》 ᠶᠢᠨ ᠭᠠᠳᠠᠷ ᠪᠣᠭᠤᠳᠠᠯ ᠨᠢ ᠢᠯᠡᠷᠬᠡᠶ ᠠᠳᠠᠯᠢ ᠥᠬᠡᠶ ᠮᠥᠷᠲᠡᠭᠡᠨ ᠨᠢᠭᠡ ᠵᠦᠶᠯ ᠨᠢ ᠬᠤᠮᠵᠢᠶ᠎ᠠ ᠬᠡᠯᠪᠡᠷᠢ ᠲᠠᠢ᠂ ᠨᠥᠭᠦᠭᠡ ᠨᠢᠭᠡ ᠵᠦᠶᠯ ᠨᠢ ᠡᠮ ᠤᠨ ᠢᠯᠲᠠᠰᠤ ᠬᠡᠯᠪᠡᠷᠢ ᠲᠠᠢ ᠪᠠᠶᠢᠵᠤ᠂ ᠸᠠᠩ ᠣᠪᠣᠭᠲᠤ ᠵᠡᠷᠭᠡ ᠬᠥᠮᠦᠨ ᠤ ᠪᠣᠷᠣᠯᠠᠭᠤᠯᠤᠭᠰᠠᠨ 《 ᠬᠤᠷᠣᠬᠠᠶ ᠡᠪᠡᠰᠦ 》 ᠶᠢᠨ ᠡᠷᠡᠭᠦᠯᠵᠢᠯ ᠤᠨ ᠢᠳᠡᠭᠡᠨ ᠨᠢ ᠳ᠋ᠤᠸᠠᠨ ᠣᠪᠣᠭᠲᠤ ᠠᠴᠠ ᠢᠷᠡᠯᠲᠡᠶ ᠪᠢᠰᠢ ᠭᠡᠳᠡᠭ ᠢ ᠭᠡᠷᠡᠴᠢᠯᠡᠪᠡ ᠃ ᠸᠠᠩ ᠣᠪᠣᠭᠲᠤ ᠵᠡᠷᠭᠡ ᠬᠥᠮᠦᠨ ᠤ ᠪᠣᠷᠣᠯᠠᠭᠤᠯᠤᠭᠰᠠᠨ ᠬᠤᠣᠷ ᠬᠥᠨᠥᠭᠡᠯ ᠲᠠᠢ ᠡᠷᠡᠭᠦᠯᠵᠢᠯ ᠤᠨ ᠢᠳᠡᠭᠡᠨ ᠢ ᠳ᠋ᠤᠸᠠᠨ ᠣᠪᠣᠭᠲᠤ ᠶᠢᠨ ᠦᠢᠯᠡᠳᠪᠦᠷᠢᠯᠡᠭᠰᠡᠨ ᠢ ᠭᠡᠷᠡᠴᠢᠯᠡᠵᠦ ᠴᠢᠳᠠᠪᠠᠯ᠂ ᠳ᠋ᠤᠸᠠᠨ ᠣᠪᠣᠭᠲᠤ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠪᠡᠯ ᠵᠣᠬᠢᠵᠤ᠂ ᠸᠠᠩ ᠣᠪᠣᠭᠲᠤ ᠵᠡᠷᠭᠡ ᠬᠥᠮᠦᠰ ᠪᠤᠰᠤᠳ ᠭᠠᠵᠠᠷ ᠠᠴᠠ ᠬᠤᠳᠠᠯᠳᠤᠨ ᠠᠪᠤᠭᠰᠠᠨ ᠪᠠᠶᠢᠪᠠᠯ᠂ ᠦᠢᠯᠡᠳᠪᠦᠷᠢᠯᠡᠯ ᠤᠨ ᠡᠬᠢ ᠰᠤᠷᠪᠤᠯᠵᠢ ᠶᠢ ᠨᠡᠬᠡᠮᠵᠢᠯᠡᠵᠦ ᠤᠯᠬᠤ ᠦᠭᠡᠢ ᠦᠶ᠎ᠡ ᠳᠤ ᠸᠠᠩ ᠣᠪᠣᠭᠲᠤ ᠵᠡᠷᠭᠡ ᠬᠥᠮᠦᠰ ᠪᠠᠷ ᠲᠦᠯᠦᠬᠦ ᠬᠠᠷᠢᠭᠤᠴᠠᠯᠭ᠎ᠠ ᠡᠭᠦᠷᠭᠡᠯᠡᠭᠦᠯᠬᠦ ᠬᠡᠷᠡᠭᠲᠡᠢ ᠃
ᠡᠭᠦᠨ ᠤ ᠵᠡᠷᠭᠡᠴᠡᠭᠡᠪᠡᠷ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠳᠠᠨ ᠤ ᠡᠳ᠋ ᠬᠦᠷᠦᠩᠭᠡ ᠶᠢᠨ ᠪᠠᠶᠢᠳᠠᠯ ᠨᠢ ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ ᠶᠢᠨ ᠮᠥᠩᠭᠦ ᠭᠤᠶᠤᠴᠢᠯᠠᠬᠤ ᠪᠠ ᠭᠦᠢᠴᠡᠳᠬᠡᠬᠦ ᠠᠰᠠᠭᠤᠳᠠᠯ ᠳᠤ ᠬᠤᠯᠪᠣᠭᠳᠠᠬᠤ ᠮᠥᠷᠲᠡᠭᠡᠨ ᠡᠳ᠋ ᠬᠦᠷᠦᠩᠭᠡ ᠶᠢ ᠰᠢᠯᠵᠢᠭᠦᠯᠬᠦ ᠲᠦᠭᠰᠢᠭᠦᠷᠢ ᠣᠷᠣᠰᠢᠵᠤ ᠪᠠᠶᠢᠬᠤ ᠶᠢ ᠪᠣᠳᠣᠯᠬᠢᠯᠠᠵᠤ᠂ ᠬᠡᠷᠡᠭ ᠰᠢᠢᠳᠪᠦᠷᠢᠯᠡᠬᠦ ᠳᠤᠭᠤᠶᠢᠯᠠᠩ ᠴᠠᠭ ᠲᠤᠬᠠᠢ ᠳᠤᠨᠢ ᠰᠢᠭᠦᠬᠦ ᠬᠤᠷᠢᠶᠠᠨ ᠳᠤ ᠡᠳ᠋ ᠬᠦᠷᠦᠩᠭᠡ ᠶᠢ ᠬᠠᠮᠠᠭᠠᠯᠠᠨ ᠬᠠᠳᠠᠭᠠᠯᠠᠭᠤᠯᠬᠤ ᠪᠠᠷ ᠭᠤᠶᠤᠴᠢᠯᠠᠵᠠᠢ ᠃
ᠠᠷᠪᠠᠨ ᠳᠠᠬᠢᠨ ᠤ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠶᠢᠨ ᠭᠤᠶᠤᠴᠢᠯᠠᠯ ᠢ ᠰᠢᠭᠦᠬᠦ ᠬᠤᠷᠢᠶ᠎ᠠ ᠳᠡᠮᠵᠢᠪᠡ
2020 ᠣᠨ ᠤ 11 ᠰᠠᠷ᠎ᠠ ᠶᠢᠨ 18 ᠤ ᠡᠳᠦᠷ᠂ ᠲᠦᠩᠵᠸᠦ ᠲᠣᠭᠤᠷᠢᠭ ᠤᠨ ᠪᠠᠶᠢᠴᠠᠭᠠᠬᠤ ᠬᠤᠷᠢᠶ᠎ᠠ ᠳᠤᠸᠠᠨ ᠣᠪᠣᠭᠲᠤ ᠵᠡᠷᠭᠡ 6 ᠬᠥᠮᠦᠨ ᠳᠤ ᠡᠷᠡᠭᠦᠦ ᠶᠢᠨ ᠬᠡᠷᠡᠭ ᠤᠨ ᠬᠢᠵᠦ᠂ ᠳ᠋ᠤᠸᠠᠨ ᠣᠪᠣᠭᠲᠤ ᠶᠢ ᠪᠣᠷᠣᠯᠠᠭᠤᠯᠤᠯᠲᠠ ᠶᠢᠨ ᠦᠨ᠎ᠡ ᠶᠢᠨ ᠠᠷᠪᠠᠨ ᠳᠠᠬᠢᠨ ᠲᠣᠷᠭᠠᠭᠤᠯᠢ ᠶᠢᠨ ᠴᠢᠨᠠᠷᠲᠠᠶ ᠲᠥᠯᠥᠪᠦᠷᠢ ᠮᠥᠩᠭᠦ 229 ᠲᠦᠮᠡ ᠭᠠᠷᠤᠶ ᠲᠥᠭᠦᠷᠢᠭ ᠡᠭᠦᠷᠭᠡᠯᠡᠭᠦᠯᠬᠦ ᠪᠠᠷ ᠱᠠᠭᠠᠷᠳᠠᠪᠠ︔ ᠸᠠᠩ ᠣᠪᠣᠭᠲᠤ ᠵᠡᠷᠭᠡ ᠲᠠᠪᠤᠨ ᠬᠥᠮᠦᠨ ᠢᠶᠠᠷ ᠪᠣᠷᠣᠯᠠᠭᠤᠯᠤᠯᠲᠠ ᠶᠢᠨ ᠦᠨ᠎ᠡ ᠶᠢᠨ ᠠᠷᠪᠠᠨ ᠲᠠᠬᠢᠨ ᠲᠣᠷᠭᠠᠭᠤᠯᠢ ᠶᠢᠨ ᠴᠢᠨᠠᠷᠲᠠᠢ ᠲᠥᠯᠥᠪᠦᠷᠢ ᠮᠥᠩᠭᠦ 17 ᠲᠦᠮᠡ ᠭᠠᠷᠤᠢ ᠲᠥᠭᠦᠷᠢᠭ ᠡᠭᠦᠷᠭᠡᠯᠡᠭᠦᠯᠬᠦ ᠪᠠᠷ ᠱᠠᠭᠠᠷᠳᠠᠵᠠᠢ︔ ᠳ᠋ᠤᠸᠠᠨ ᠣᠪᠣᠭᠲᠤ ᠵᠡᠷᠭᠡ 6 ᠬᠥᠮᠦᠨ ᠢ ᠤᠯᠤᠰ ᠤᠨ ᠳᠡᠰ ᠤᠨ ᠵᠠᠭᠤᠴᠢᠯᠠᠭᠤᠷ ᠳᠡᠭᠡᠷ᠎ᠡ ᠨᠡᠶᠢᠭᠡᠮ ᠨᠡᠶᠢᠲᠡ ᠳᠤ ᠢᠯᠡ ᠪᠠᠷ ᠪᠤᠷᠤᠭᠤ ᠬᠦᠯᠢᠶᠡᠵᠦ᠂ ᠠᠶᠤᠯ ᠲᠦᠭᠰᠢᠭᠦᠷᠢ ᠶᠢ ᠰᠡᠷᠡᠮᠵᠢᠯᠡᠭᠦᠯᠬᠦ ᠶᠢ ᠱᠠᠭᠠᠷᠳᠠᠪᠠ ᠃
ᠵᠠᠭᠠᠯᠳᠤᠬᠤ ᠠᠴᠠ ᠡᠮᠦᠨ᠎ᠡ᠂ ᠲᠦᠩᠵᠸᠦ ᠲᠣᠭᠤᠷᠢᠭ ᠤᠨ ᠪᠠᠶᠢᠴᠠᠭᠠᠬᠤ ᠬᠤᠷᠢᠶ᠎ᠠ ᠰᠠᠨᠠᠭᠠᠴᠢᠯᠠᠭ᠎ᠠ ᠠᠴᠠ ᠪᠠᠨ ᠲᠣᠭᠤᠷᠢᠭ ᠤᠨ ᠰᠢᠭᠦᠬᠦ ᠬᠤᠷᠢᠶ᠎ᠠ ᠲᠠᠢ ᠨᠡᠪᠲᠡᠷᠡᠯᠴᠡᠵᠦ᠂ ᠲᠣᠰ ᠬᠡᠷᠡᠭ ᠤᠨ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠶᠢ ᠬᠡᠷᠡᠭᠯᠡᠬᠦ ᠠᠰᠠᠭᠤᠳᠠᠯ ᠢ ᠭᠦᠨᠵᠡᠭᠡᠶ ᠰᠤᠳᠤᠯᠤᠨ ᠶᠠᠷᠢᠯᠴᠠᠪᠠ ᠃
2020 ᠣᠨ ᠤ 12 ᠰᠠᠷ᠎ᠠ ᠶᠢᠨ 30 ᠤ ᠡᠳᠦᠷ᠂ ᠲᠦᠩᠵᠸᠦ ᠲᠣᠭᠤᠷᠢᠭ ᠤᠨ ᠰᠢᠭᠦᠬᠦ ᠬᠤᠷᠢᠶ᠎ᠠ ᠬᠠᠤᠯᠢ ᠶᠣᠰᠣᠭᠠᠷ ᠳ᠋ᠤᠸᠠᠨ ᠣᠪᠣᠭᠲᠤ ᠵᠡᠷᠭᠡ 6 ᠬᠥᠮᠦᠨ ᠢ ᠭᠤᠷᠪᠠᠨ ᠵᠢᠯ ᠠᠴᠠ ᠵᠢᠷᠭᠤᠭᠠᠨ ᠵᠢᠯ ᠠᠳᠠᠯᠢ ᠪᠤᠰᠤ ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠲᠣᠰ ᠲᠣᠰ 3 ᠲᠦᠮᠡᠨ ᠲᠥᠭᠦᠷᠢᠭ ᠠᠴᠠ 70 ᠲᠦᠮᠡᠨ ᠲᠥᠭᠦᠷᠢᠭ ᠠᠳᠠᠯᠢ ᠪᠤᠰᠤ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠪᠡ︔ ᠳ᠋ᠤᠸᠠᠨ ᠣᠪᠣᠭᠲᠤ ᠵᠡᠷᠭᠡ 6 ᠬᠥᠮᠦᠨ ᠳᠤ ᠠᠳᠠᠯᠢ ᠪᠤᠰᠤ ᠬᠤᠭᠤᠴᠠᠭᠠᠨ ᠤ ᠢᠳᠡᠭᠡᠨ ᠢ ᠦᠢᠯᠡᠳᠪᠦᠷᠢᠯᠡᠵᠦ ᠪᠣᠷᠣᠯᠠᠭᠤᠯᠬᠤ ᠠᠵᠢᠯ ᠡᠷᠬᠢᠯᠡᠬᠦ ᠶᠢ ᠴᠠᠭᠠᠵᠠᠯᠠᠬᠤ ᠵᠠᠷᠯᠢᠭ ᠪᠠᠭᠤᠯᠭᠠᠨ᠂ ᠳ᠋ᠤᠸᠠᠨ ᠣᠪᠣᠭᠲᠤ ᠪᠠᠷ ᠠᠷᠪᠠᠨ ᠲᠠᠬᠢᠨ ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ ᠶᠢᠨ ᠮᠥᠩᠭᠦ 229 ᠲᠦᠮᠡ ᠭᠠᠷᠤᠢ ᠲᠥᠭᠦᠷᠢᠭ ᠡᠭᠦᠷᠭᠡᠯᠡᠭᠦᠯᠬᠦ ᠪᠠᠷ ᠲᠠᠰᠤᠯᠤᠨ ᠵᠠᠷᠯᠢᠭᠳᠠᠪᠠ᠃ ᠸᠠᠩ ᠣᠪᠣᠭᠲᠤ ᠵᠡᠷᠭᠡ ᠲᠠᠪᠤᠨ ᠬᠥᠮᠦᠨ ᠬᠠᠮᠲᠤ ᠪᠠᠷ ᠠᠷᠪᠠᠨ ᠲᠠᠬᠢᠨ ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ ᠶᠢᠨ ᠮᠥᠩᠭᠦ 17 ᠲᠦᠮᠡ ᠭᠠᠷᠤᠢ ᠲᠥᠭᠦᠷᠢᠭ ᠢ ᠡᠭᠦᠷᠭᠡᠯᠡᠭᠰᠡᠨ ᠪᠥᠭᠡᠳ ᠤᠯᠤᠰ ᠤᠨ ᠲᠡᠰ ᠤᠨ ᠵᠠᠭᠤᠴᠢᠯᠠᠭᠤᠷ ᠳᠡᠭᠡᠷ᠎ᠡ ᠨᠡᠶᠢᠭᠡᠮ ᠨᠡᠶᠢᠲᠡ ᠳᠤ ᠢᠯᠡ ᠪᠠᠷ ᠤᠰᠤᠯ ᠬᠦᠯᠢᠶᠡᠵᠦ᠂ ᠠᠶᠤᠯ ᠲᠦᠭᠰᠢᠭᠦᠷᠢ ᠶᠢ ᠰᠡᠷᠡᠮᠵᠢᠯᠡᠭᠦᠯᠪᠡ ᠃ ᠳ᠋ᠤᠸᠠᠨ ᠣᠪᠣᠭᠲᠤ ᠵᠡᠷᠭᠡ 6 ᠬᠥᠮᠦᠨ ᠳᠡᠭᠡᠭᠰᠢ ᠵᠠᠭᠠᠯᠳᠤᠭᠰᠠᠨ ᠦᠭᠡᠶ ᠃ ᠣᠳᠣᠬᠠᠨ ᠳᠤ᠂ ᠸᠠᠩ ᠣᠪᠣᠭᠲᠤ ᠵᠡᠷᠭᠡ 5 ᠬᠥᠮᠦᠨ ᠨᠢᠭᠡᠨᠲᠡ ᠤᠯᠤᠰ ᠤᠨ ᠳᠡᠰ ᠤᠨ ᠵᠠᠭᠤᠴᠢᠯᠠᠭᠤᠷ ᠳᠡᠭᠡᠷ᠎ᠡ ᠢᠯᠡ ᠪᠠᠷ ᠪᠤᠷᠤᠭᠤ ᠬᠦᠯᠢᠶᠡᠭᠰᠡᠨ ᠪᠥᠭᠡᠳ ᠲᠥᠯᠥᠪᠦᠷᠢ ᠶᠢᠨ ᠮᠥᠩᠭᠦ ᠶᠢ ᠲᠤᠭ᠎ᠠ ᠶᠣᠰᠣᠭᠠᠷ ᠨᠢ ᠲᠤᠰᠢᠶᠠᠵᠤ᠂ ᠳ᠋ᠤᠸᠠᠨ ᠣᠪᠣᠭᠲᠤ ᠣᠳᠣ ᠶᠠᠭ ᠭᠦᠢᠴᠡᠳᠬᠡᠵᠦ