ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠶᠢᠴᠠᠭᠠᠬᠤ ᠪᠠᠶᠢᠭᠤᠯᠭ᠎ᠠ  ᠰᠤᠷᠭᠠᠭᠤᠯᠢ ᠶᠢᠨ ᠬᠦᠷᠢᠶᠡᠨ ᠳᠦ ᠣᠷᠣᠵᠤ ︽ ᠪᠠᠭᠠᠲᠤᠷ ᠵᠢᠱᠢᠶᠡᠴᠢ ᠶᠢᠨ ᠥᠯᠢᠭᠡᠷ ᠶᠠᠷᠢᠵᠤ ᠵᠠᠯᠠᠭᠤ ᠨᠠᠰᠤᠨ ᠤ ᠬᠦᠰᠡᠯᠡᠩ ᠢ ᠶᠠᠷᠢᠯᠴᠠᠪᠠ ︾

2021-12-29 11:38:05
ᠵᠣᠬᠢᠶᠠᠭᠴᠢ
ᠨᠠᠪᠴᠢ


1640747334212663.jpg


    ᠲᠡᠰᠬᠢᠮ᠎ᠠ ᠬᠦᠢᠲᠡᠨ ᠰᠠᠯᠬᠢ ᠴᠦ  ᠪᠠᠶᠢᠴᠠᠭᠠᠭᠴᠢ ᠶᠢᠨ ᠰᠤᠷᠭᠠᠭᠤᠯᠢ ᠶᠢᠨ ᠬᠦᠷᠢᠶᠡᠨ ᠳᠦ ᠣᠷᠣᠵᠤ ᠬᠠᠯᠠᠭᠤᠨ ᠳᠤᠯᠠᠭᠠᠨ ᠬᠦᠷᠭᠡᠬᠦ ᠠᠯᠬᠤᠭ᠎ᠠ ᠶᠢ ᠬᠣᠷᠢᠭᠯᠠᠵᠤ ᠴᠢᠳᠠᠬᠤ ᠦᠭᠡᠶ ᠃ 12 ᠳ᠋ᠤᠭᠠᠷ ᠰᠠᠷ᠎ᠠ ᠶᠢᠨ 17 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠲᠡᠷᠢᠭᠦᠨ ᠦ ᠬᠠᠮᠲᠤ ᠪᠠ ᠬᠤᠪᠢ ᠬᠥᠮᠦᠨ ᠦ ᠲᠥᠯᠥᠭᠡᠯᠡᠭᠴᠢ ᠬᠥᠬᠡᠬᠣᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠬᠦᠷᠴᠦ ᠂ ︽ ᠪᠠᠭᠠᠲᠤᠷ ᠵᠢᠱᠢᠶᠡᠴᠢ ᠶᠢᠨ ᠥᠯᠢᠭᠡᠷ ᠢ ᠶᠠᠷᠢᠵᠤ ᠂ ᠵᠠᠯᠠᠭᠤ ᠨᠠᠰᠤᠨ ᠤ ᠬᠦᠰᠡᠯᠡᠩ ᠢ  ᠶᠠᠷᠢᠯᠴᠠᠬᠤ︾ ᠭᠣᠸᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ ᠂ ᠰᠤᠷᠤᠭᠴᠢᠳ ᠲᠤ ᠬᠠᠸᠯᠢ ᠪᠠᠷ ᠵᠠᠰᠠᠬᠤ ᠰᠢᠮ᠎ᠡ ᠬᠦᠷᠭᠡᠪᠡ ᠃


ᠰᠤᠷᠤᠭᠴᠢᠳ ᠲᠤ ᠰᠤᠷᠤᠯᠭ᠎ᠠ ᠶᠢᠨ ᠬᠡᠷᠡᠭᠰᠡᠯ  ᠪᠠ ᠨᠠᠰᠤᠨ ᠳᠤ ᠦᠯᠦ ᠬᠦ᠋ᠷᠦᠭ᠋ᠰᠡᠳ   ᠲᠡᠬᠢ  ᠬᠠᠯᠳᠠᠯᠠᠭ᠎ᠠ  ᠶᠢ  ᠠᠯᠪᠠᠳᠠᠯᠭ᠎ᠠ ᠪᠠᠷ ᠮᠡᠳᠡᠭᠦᠯᠬᠦ ᠤᠬᠠᠭᠤᠯᠭ᠎ᠠ ᠵᠢᠨ ᠭᠠᠷ ᠳᠡᠪᠲᠡᠷ ᠢ ᠬᠦᠷᠭᠡᠪᠡ
           

 

ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠲᠥᠪ ᠦᠨ ᠳᠥᠷᠪᠡᠳᠦᠭᠡᠷ  ᠬᠢᠨᠡᠨ ᠵᠢᠯᠣᠭᠣᠳᠬᠤ ᠳᠤᠭᠤᠶᠢᠯᠠᠩ ᠤᠨ ᠥᠪᠥᠷ ᠮᠣᠩᠭᠣᠯ ᠤᠨ ᠳᠤᠭᠤᠶᠢᠯᠠᠩ ᠤᠨ ᠳᠠᠷᠤᠭ᠎ᠠ ᠳ᠋ᠦ᠋ ᠠᠢ ᠫᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠣᠷᠢᠢ᠎ᠠ ᠶᠢᠨ ᠳᠡᠳ᠋ ᠱᠦᠵᠢ ᠸᠠᠩ ᠰᠢᠤᠢ ᠵᠢᠶᠦ᠋ᠨ ᠮᠣᠷᠢᠯᠠᠨ ᠰᠠᠭᠠᠲᠠᠵᠤ ᠵᠢᠭᠠᠨ  ᠵᠢᠯᠤᠭᠤᠳᠤᠯᠭ᠎ᠠ ᠬᠢᠵᠦ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠤᠤ ᠸᠸᠨ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠵᠧᠩ ᠵᠢᠶᠠ ᠮᠧᠶ ᠠᠵᠢᠯᠯᠠᠭ᠎ᠠ ᠳᠤ ᠣᠷᠣᠯᠴᠠᠵᠠᠶ ᠃


W020211221611450682922.jpg


ᠵᠢᠶᠠᠨ ᠰᠢᠶᠤᠤ ᠸᠸᠨ ᠲᠤᠷᠰᠢᠯᠲᠠ  ᠶᠢᠨ ᠳᠤᠮᠳᠠᠳᠤ ᠰᠤᠷᠭᠠᠭᠤᠯᠢ  ᠶᠢᠨ ᠬᠠᠤᠯᠢ ᠪᠠᠷ ᠵᠠᠰᠠᠬᠤ ᠰᠤᠷᠭᠠᠭᠤᠯᠢ  ᠶᠢᠨ ᠳᠡᠳ᠋ ᠵᠠᠬᠢᠷᠤᠯ ᠪᠣᠯᠤᠭᠰᠠᠨ ᠤ ᠬᠤᠪᠢ ᠳᠤ ᠰᠤᠷᠤᠭᠴᠢᠳ  ᠲᠠᠶ ᠪᠠᠨ ᠠᠭᠤᠯᠵᠠᠵᠤ ᠂ ᠬᠠᠭᠤᠴᠢᠨ ᠨᠠᠶᠢᠵᠠ ᠰᠢᠭ᠋  ᠢᠶᠡᠷ ᠮᠡᠨᠳᠦᠴᠢᠯᠡᠵᠦ ᠂ ᠬᠠᠮᠲᠤ ᠰᠤᠷᠤᠭᠴᠢᠳ  ᠲᠠᠶ ᠪᠠᠨ ᠭᠤᠷᠪᠠᠨ ᠵᠦᠢᠯ ᠦᠨ ᠲᠥᠷᠥᠭᠳᠡᠯ  ᠢᠶᠡᠨ ᠬᠤᠪᠢᠶᠠᠯᠴᠠᠭᠰᠠᠨ ᠪᠠᠶᠢᠨ᠎ᠠ ᠃ ᠨᠢᠭᠡ ᠳᠦ᠂ ᠰᠡᠳᠬᠢᠯ ᠳᠡᠭᠡᠨ ᠢᠲᠡᠭᠡᠯ ᠲᠡᠶ ᠪᠠᠶᠢᠪᠠᠯ ᠰᠠᠶᠢ ᠬᠤᠯᠠ ᠠᠶᠠᠯᠠᠵᠤ ᠴᠢᠳᠠᠨ᠎ᠠ᠂  ᠪᠠᠶᠢᠴᠠᠭᠠᠬᠤ ᠠᠵᠢᠯᠲᠠᠳ ᠬᠤᠪᠢᠶᠠᠯᠴᠠᠭᠰᠠᠨ ᠤᠷᠮᠠᠰᠢᠭᠤᠯᠤᠨ ᠵᠣᠷᠢᠭᠵᠢᠭᠤᠯᠬᠤ ᠦᠯᠢᠬᠡᠷ ᠨᠢ ᠰᠤᠷᠤᠭᠴᠢᠳ ᠲᠤ ᠬᠦᠰᠡᠯᠡᠩ ᠦᠨ ᠵᠤᠯᠠ ᠠᠰᠠᠭᠠᠵᠤ᠂ ᠠᠯᠤᠰ ᠤᠨ ᠵᠣᠷᠢᠯᠲᠠ ᠶᠢ ᠪᠠᠲᠤ ᠴᠣᠭᠴᠠᠯᠠᠵᠤ᠂ ᠵᠠᠯᠠᠭᠤ ᠨᠠᠰᠤᠨ ᠤ ᠬᠦᠰᠡᠯ ᠵᠡᠭᠦᠳᠦ ᠶᠢ ᠰᠡᠩᠬᠡᠷᠡᠭᠦᠯᠵᠦ᠂ ᠰᠢᠵᠢᠷ ᠠᠯᠳᠠᠨ ᠵᠠᠯᠠᠭᠤ ᠨᠠᠰᠤ᠂ ᠬᠤᠪᠢ ᠬᠥᠮᠦᠨ ᠦ ᠬᠦᠰᠡᠯᠡᠩ ᠬᠥᠭᠡᠭᠡᠴᠡᠯᠳᠦᠯ ᠢᠶᠡᠨ ᠳᠤᠮᠳᠠᠳᠤ ᠶᠢᠨ ᠦᠨᠳᠦᠰᠦᠲᠡᠨ ᠦ ᠰᠡᠷᠭᠦᠨ ᠮᠠᠨᠳᠤᠯᠲᠠ ᠶᠢᠨ ᠠᠭᠤᠤ ᠶᠡᠬᠡ ᠦᠢᠯᠡᠰ ᠲᠦ ᠠᠭᠤᠰᠬᠠᠬᠤ ᠶᠢ ᠬᠦᠰᠡᠵᠦ ᠪᠠᠶᠢᠨ᠎ᠠ᠃ ᠬᠣᠶᠠᠷ ᠲᠤ᠂ ᠪᠣᠯᠪᠠᠰᠤᠷᠠᠯ ᠲᠠᠶ ᠪᠣᠯ  ᠡᠭᠦᠷᠭᠡ ᠡᠭᠦᠷᠭᠡᠯᠡᠵᠦ ᠴᠢᠳᠠᠨ᠎ᠠ᠂ ᠬᠠᠮᠲᠤ ᠰᠤᠷᠤᠭᠴᠢᠳ ᠠᠮᠢᠳᠤᠷᠠᠯ ᠪᠠ ᠰᠤᠷᠤᠯᠴᠠᠯᠭ᠎ᠠ ᠶᠢᠨ ᠳᠤᠮᠳᠠ ᠪᠠᠨ ᠨᠢᠭᠡᠨ ᠴᠠᠭ ᠤᠨ ᠢᠯᠠᠵᠤ ᠢᠯᠠᠭᠳᠠᠬᠤ ᠣᠯᠵᠤ ᠠᠯᠳᠠᠬᠤ ᠳᠤ ᠵᠥᠪ ᠢᠶᠡᠷ ᠬᠠᠨᠳᠤᠵᠤ᠂   ᠰᠠᠶᠢᠨ ᠨᠦᠭᠦᠴᠡᠯ ᠳ᠋ᠦ ᠴᠦ  ᠵᠢᠷᠭᠠᠵᠤᠦ ᠰᠠᠭᠤᠵᠤ ᠪᠣᠯᠬᠤ ᠦᠭᠡᠢ᠂ ᠨᠤᠭᠤᠷᠠᠯ ᠪᠦᠳᠦᠷᠢᠯ ᠳᠦ ᠤᠴᠠᠷᠠᠭᠰᠠᠨ ᠴᠦ ᠵᠣᠷᠢᠭ ᠮᠣᠬᠣᠬᠤ ᠦᠭᠡᠢ ᠪᠠᠶᠢᠵᠤ᠂ ᠥᠭᠡᠳᠡᠷᠬᠡᠭ ᠪᠠᠶᠠᠰᠤᠩᠭᠤᠶ ᠠᠮᠢᠳᠤᠷᠠᠬᠤᠶ ᠶᠢᠨ ᠣᠪᠣᠷ ᠲᠠᠶ ᠪᠤᠯᠵᠤ᠂ ᠲᠡᠮᠡᠴᠡᠯ ᠦᠨ ᠬᠥᠯᠥᠰᠥ ᠪᠡᠨ ᠳᠤᠮᠳᠠᠳᠤ ᠤᠯᠤᠰ ᠤᠨ ᠡᠬᠡ ᠭᠠᠵᠠᠷ ᠳᠡᠭᠡᠷ᠎ᠡ ᠠᠰᠬᠠᠵᠤ᠂ ᠬᠥᠮᠦᠨ ᠦ ᠠᠮᠢᠳᠤᠷᠠᠯ ᠤᠨ ᠢᠷᠠᠭᠤ ᠰᠠᠶᠢᠬᠠᠨ ᠬᠥᠭᠵᠢᠮ ᠦᠨ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ᠃ ᠭᠤᠷᠪᠠ ᠳᠤ ᠂ ᠰᠡᠳᠬᠢᠯ  ᠳᠡᠭᠡᠨ ᠲᠦᠰᠢᠭ ᠲᠠᠢ ᠪᠠᠶᠢᠮᠠᠨᠵᠢᠨ ᠂ ᠢᠷᠡᠭᠡᠳᠦᠢ ᠳᠦ ᠪᠠᠨ ᠰᠠᠶ᠋ᠢ ᠢᠲᠡᠭᠡᠯ ᠲᠠᠢ ᠪᠠᠶᠢᠵᠤ ᠴᠢᠳᠠᠨ᠎ᠠ᠃ ᠰᠤᠷᠤᠭᠴᠢᠳ ᠥᠪᠡᠷ ᠢ ᠪᠡᠨ ᠴᠠᠭ ᠦᠶ᠎ᠡ ᠶᠢᠨ ᠤᠷᠤᠰᠬᠠᠯ ᠳᠤ ᠠᠭᠤᠰᠬᠠᠵᠤ᠂ ᠬᠠᠮᠲᠤ ᠶᠢᠨ ᠠᠮᠢᠳᠤᠷᠠᠯ ᠳᠤ ᠠᠭᠤᠰᠬᠠᠵᠤ᠂ ᠪᠣᠳᠠᠲᠤ ᠠᠮᠢᠳᠤᠷᠠᠯ ᠳᠤ ᠠᠭᠤᠰᠬᠠᠵᠤ᠂ ᠭᠡᠷ ᠪᠦᠯᠢ ᠶᠢᠨ ᠵᠣᠯ ᠵᠢᠷᠭᠠᠯ ᠢᠶᠠᠷ ᠬᠠᠷᠠᠯᠲᠠ ᠪᠣᠯᠭᠠᠪᠠᠯ ᠳᠠᠷᠤᠢ ᠬᠠᠷᠢᠭᠤᠴᠠᠯᠭ᠎ᠠ ᠲᠠᠶ ᠠᠷᠠᠳ ᠢᠷᠭᠡᠨ ᠪᠤᠯᠵᠤ᠂ ᠬᠠᠮᠲᠤ ᠶᠢᠨ ᠲᠠᠪᠰᠢᠯᠳᠠ ᠪᠠᠷ ᠬᠠᠷᠠᠯᠲᠠ ᠪᠣᠯᠭᠠᠵᠤ᠂ ᠬᠠᠷᠢᠭᠤᠴᠠᠯᠭ᠎ᠠ ᠲᠠᠶ ᠲᠠᠭᠠᠭᠤᠯᠤᠭᠴᠢ ᠪᠤᠯᠵᠤ᠂ ᠨᠡᠶᠢᠭᠡᠮ ᠦᠨ ᠬᠥᠭᠵᠢᠯᠲᠡ ᠪᠡᠷ ᠬᠠᠷᠠᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢᠨ ᠪᠦᠳᠦᠭᠡᠨ ᠪᠠᠶᠢᠭᠤᠯᠤᠭᠴᠢ ᠪᠤᠯᠵᠤ ᠴᠢᠳᠠᠨ᠎ᠠ᠃ ᠵᠢᠶᠠᠨ ᠰᠢᠶᠤᠤ ᠸᠸᠨ ᠢᠯᠡᠷᠬᠡᠶᠢᠯᠡᠬᠦ ᠳᠡᠭᠡᠨ ᠂ ︽ᠨᠢᠭᠡᠳᠦᠭᠡᠷ ᠨᠣᠮᠧᠷᠲᠤ ᠪᠠᠶᠢᠴᠠᠭᠠᠬᠤ ᠰᠠᠨᠠᠭᠤᠯᠭ᠎ᠠ︾᠂︽ᠠᠯᠪᠠᠳᠠᠯᠭ᠎ᠠ ᠪᠠᠷ ᠮᠡᠳᠡᠭᠦᠯᠬᠦ︾ᠲᠦᠷᠢᠮ ᠢ ᠨᠠᠶᠢᠳᠠᠪᠤᠷᠢᠵᠢᠭᠤᠯᠵᠤ᠂ ᠪᠠᠭᠰᠢ ᠰᠤᠷᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠰᠤᠷᠭᠠᠭᠤᠯᠢ ᠶᠢᠨ ᠬᠦᠷᠢᠶᠡᠨ ᠦ ᠠᠮᠤᠷ ᠲᠦᠪᠰᠢᠨ ᠢ ᠪᠠᠲᠤᠯᠠᠵᠤ᠂ ᠪᠠᠶᠢᠴᠠᠭᠠᠬᠤ ᠰᠤᠷᠭᠠᠭᠤᠯᠢ ᠶᠢ ᠬᠠᠮᠲᠤᠪᠠᠷ ᠪᠠᠶᠢᠭᠤᠯᠬᠤ ᠶᠢ ᠪᠡᠶᠡᠯᠡᠭᠦᠯᠬᠦ ᠳᠦ ᠴᠢᠨᠠᠷ ᠰᠠᠶᠢᠲᠠᠢ ᠪᠠᠶᠢᠴᠠᠭᠠᠬᠤ ᠦᠢᠯᠡᠳᠬᠦᠨ ᠬᠠᠩᠭᠠᠬᠤ ᠶᠢᠨ ᠬᠠᠮᠲᠤ ᠬᠠᠮᠲᠤ ᠰᠤᠷᠤᠭᠴᠢᠳ ᠲᠠᠶ ᠬᠠᠮᠲᠤᠪᠠᠷ ᠭᠡᠷ᠎ᠡ ᠲᠣᠭᠲᠠᠵᠤ᠂ ᠰᠢᠨ᠎ᠡ ᠨᠢᠭᠡ ᠵᠢᠯ ᠳᠦ᠂ ᠵᠠᠯᠠᠭᠤ ᠨᠠᠰᠤᠨ  ᠬᠦᠰᠡᠯᠡᠩ ᠦᠨ ᠠᠯᠤᠰ ᠢ ᠵᠣᠷᠢᠨ ᠤᠷᠤᠭᠰᠢᠯᠠᠭᠤᠯᠵᠤ᠂ ᠬᠦᠰᠡᠯᠡᠩ ᠦᠨ ᠢᠶᠠᠨ ᠲᠦᠯᠦᠭᠡ ᠲᠡᠮᠡᠴᠡᠬᠦ ᠳᠤᠮᠳᠠ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ ᠭᠡᠵᠡᠢ᠃


W020211221611450879142.jpg

  
    ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠦ ᠠᠵᠢᠯᠳᠠᠨ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠳᠥᠷᠪᠡᠳᠦᠭᠡᠷ ᠪᠠᠶᠢᠴᠠᠭᠠᠬᠤ ᠬᠡᠯᠲᠡᠰ ᠦᠨ ᠪᠠᠶᠢᠴᠠᠭᠠᠭᠴᠢ  ᠶᠢᠨ ᠲᠤᠰᠠᠯᠠᠭᠴᠢ ᠲᠢᠶᠠᠨ ᠡᡁᠸ᠋ ᠬᠠᠮᠲᠤ ᠰᠤᠷᠤᠭᠴᠢᠳ ᠲᠤ᠂ ᠠᠴᠢ ᠬᠠᠷᠢᠭᠤᠯᠠᠬᠤ ᠰᠡᠳᠬᠢᠯ ᠲᠡᠶ᠂ ᠤᠯᠤᠰ ᠬᠦᠷᠦᠨ ᠦ ᠶᠢᠷᠲᠢᠨᠴᠦ ᠶᠢ ᠪᠤᠳᠤᠬᠤ ᠰᠡᠳᠬᠢᠯ ᠲᠡᠶ᠂ ᠶᠣᠰᠣ ᠰᠤᠷᠲᠠᠬᠤᠨ ᠲᠠᠶ ᠬᠥᠮᠦᠨ ᠪᠣᠯᠬᠤ ᠬᠡᠷᠡᠭᠲᠡᠢ ᠭᠡᠵᠦ ᠬᠡᠯᠡᠪᠡ᠃ ᠲᠢᠶᠠᠨ ᠾᠧ ᠥᠩᠭᠡᠷᠡᠭᠰᠡᠨ ᠳᠦ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠨᠢᠭᠡᠳᠦᠭᠡᠷ ᠹᠷᠣᠨᠲ᠋ ᠢ ᠭᠤᠷᠪᠠᠨ ᠵᠢᠯ ᠪᠠᠲᠤ ᠰᠠᠬᠢᠵᠤ ᠂ ᠤᠳᠤ ᠳᠥᠷᠪᠡᠳᠦᠭᠡᠷ ᠪᠠᠶᠢᠴᠠᠭᠠᠬᠤ ᠬᠡᠯᠲᠡᠰ ᠲᠦ ᠠᠵᠤ ᠠᠬᠤᠢ ᠶᠢᠨ ᠪᠠᠶᠢᠴᠠᠭᠠᠯᠲᠠ ᠶᠢᠨ ᠬᠡᠷᠡᠭ ᠢ ᠰᠢᠢᠳᠪᠦᠷᠢᠯᠡᠬᠦ ᠳᠦ ᠬᠣᠯᠪᠣᠭᠳᠠᠬᠤ ᠲᠤᠰᠠᠯᠠᠬᠤ ᠠᠵᠢᠯ ᠢ ᠬᠢᠵᠦ ᠪᠤᠢ᠂ ᠲᠡᠷᠡ ᠠᠵᠢᠯ ᠤᠨ ᠳᠤᠮᠳᠠᠬᠢ ᠡᠩ ᠦᠨ ᠪᠠᠭ᠎ᠠ ᠶᠠᠪᠤᠳᠠᠯ ᠤᠳ ᠢ ᠶᠠᠷᠢᠵᠤ᠂ ᠪᠠᠭ᠎ᠠ ᠪᠠᠷ ᠶᠡᠬᠡ ᠶᠢ ᠬᠠᠷᠠᠵᠤ᠂  ᠰᠤᠷᠤᠭᠴᠢᠳ ᠲᠤ ᠤᠳᠤ ᠶᠢᠨ ᠨᠠᠮ ᠰᠡᠯᠡᠭᠦᠨ ᠡᠶ᠎ᠡ ᠨᠠᠶᠢᠷᠠᠮᠳᠠᠭᠤ ᠰᠤᠷᠤᠯᠴᠠᠬᠤ ᠣᠷᠴᠢᠨ ᠲᠣᠭᠣᠷᠢᠨ ᠳᠤ ᠲᠠᠯᠠᠷᠬᠠᠵᠤ᠂ ︽ᠰᠠᠢᠢᠨ ᠡᠷ᠎ᠡ ᠪᠣᠯᠪᠠᠰᠤ ᠤᠯᠤᠰ ᠠᠷᠠᠳ ᠤᠨ ᠲᠥᠯᠥᠭᠡ︾ᠭᠡᠬᠦ ᠰᠡᠳᠬᠢᠯᠭᠡ ᠲᠡᠶ ᠪᠠᠶᠢᠵᠤ᠂ ᠬᠥᠮᠦᠨ ᠦ ᠠᠮᠢᠳᠤᠷᠠᠯ ᠤᠨ ᠠᠩᠬᠠᠨ ᠤ ᠲᠣᠪᠴᠢ ᠪᠠᠨ ᠰᠠᠶᠢᠲᠤᠷ ᠲᠣᠪᠴᠢᠯᠠᠭᠠᠷᠠᠢ ᠭᠡᠵᠦ ᠰᠡᠷᠡᠮᠵᠢᠯᠡᠭᠦᠯᠵᠡᠢ᠃

W020211221611451208226.jpg


ᠪᠥᠬᠥ ᠣᠷᠣᠨ ᠤ ᠠᠷᠪᠠᠨ ᠰᠢᠯᠢᠳᠡᠭ ᠬᠠᠸᠯᠢ ᠪᠠᠷ  ᠵᠠᠰᠠᠭᠴᠢ ᠂ ᠬᠥᠬᠡᠬᠣᠲᠠ ᠶᠢᠨ ᠪᠠᠶᠢᠴᠠᠭᠠᠬᠤ ᠬᠣᠷᠢᠶ᠎ᠠ ᠶᠢᠨ ᠶᠢᠰᠦᠳᠦᠭᠡᠷ ᠪᠠᠶᠢᠴᠠᠭᠠᠬᠤ ᠬᠡᠯᠲᠡᠰ ᠦᠨ ᠡᠷᠬᠢᠯᠡᠭᠴᠢ ᠸᠠᠩ ᠵᠢᠶᠦ᠋ᠨ ᠣᠯᠠᠨ ᠲᠠᠶ ᠬᠣᠶᠠᠷ ᠦᠨᠡᠨ ᠪᠣᠳᠠᠲᠠᠶ ᠬᠡᠷᠡᠭ ᠦᠨ ᠵᠢᠱᠢᠶ᠎ᠡ ᠶᠢ ᠬᠤᠪᠢᠶᠠᠯᠴᠠᠵᠤ ᠂ ᠨᠠᠰᠤᠨ ᠳᠤ ᠥᠯᠥ ᠭᠦᠷᠦᠭᠰᠡᠳ ᠦᠨ ᠪᠠᠶᠢᠴᠠᠭᠠᠬᠤ ᠠᠵᠢᠯ ᠨᠢ ᠶᠠᠯᠠᠲᠠᠨ ᠢ ᠴᠢᠩᠭ᠎ᠠ ᠰᠢᠳᠬᠡᠵᠦ ᠪᠠᠶᠢᠬᠤ ᠪᠠᠷ ᠪᠠᠷᠠᠬᠤ ᠥᠬᠡᠶ ᠂ ᠨᠠᠩ ᠴᠤ ᠨᠠᠰᠤᠨ ᠳᠤ ᠥᠯᠥ ᠭᠦᠷᠦᠭᠰᠡᠳ ᠦᠨ ᠵᠥᠭᠡᠯᠡᠨ ᠪᠠᠭᠤᠷᠠᠶ ᠣᠶᠤᠨ ᠰᠠᠨᠠᠭ᠎ᠠ ᠶᠢ ᠣᠷᠳᠣ ᠬᠤᠭᠤᠴᠠᠭ᠎ᠠ ᠪᠠᠷ ᠬᠠᠶᠢᠷᠠᠯᠠᠨ ᠬᠠᠮᠠᠭᠠᠯᠠᠵᠤ ᠂ ᠲᠡᠳᠡᠨ ᠢ ᠬᠠᠪᠰᠤᠷᠤᠨ ᠪᠣᠬᠢᠷ ᠮᠠᠨᠠᠨ ᠠᠴᠠ ᠠᠩᠭᠢᠵᠢᠷᠠᠭᠤᠯᠵᠤ ᠪᠠᠶᠢᠬᠤ ᠶᠢ ᠣᠯᠠᠨ ᠳᠤ ᠣᠶᠢᠯᠠᠭᠠᠭᠤᠯᠪᠠ ᠃ ᠸᠠᠩ ᠵᠢᠶᠦ᠋ᠨ ᠬᠡᠯᠡᠬᠦ ᠳᠡᠭᠡᠨ ᠄ ︽ ᠨᠠᠰᠤᠨ ᠳᠤ ᠥᠯᠥ ᠭᠦᠷᠦᠭᠰᠡᠳ ᠦᠨ ᠪᠠᠶᠢᠴᠠᠭᠠᠬᠤ ᠠᠵᠢᠯ ᠤᠨ ᠬᠡᠷᠡᠭ ᠨᠢᠭᠡᠪᠦᠷᠢ ᠳᠦ ᠴᠥᠮ  ᠨᠠᠷᠢᠨ ᠪᠤᠳᠤᠯᠢᠶᠠᠨᠲᠠᠢ ᠭᠡᠷ ᠵᠠᠭᠤᠷ᠎ᠠ ᠵᠢᠨ ᠤᠴᠢᠷ ᠶᠠᠪᠤᠳᠠᠯ   ᠠᠬᠤᠭᠤᠯᠵᠤ ᠂ ᠴᠥᠮ ᠮᠤᠷᠤᠶ ᠰᠠᠷᠤᠶ ᠦᠰᠦᠨ ᠪᠣᠶᠢᠵᠢᠯᠲᠠ ᠪᠠ ᠠᠪᠤᠷᠠᠯᠳᠠ ᠶᠢᠨ ᠶᠠᠪᠤᠳᠠᠯ  ᠠᠬᠤᠭᠤᠯᠵᠤ ᠪᠠᠶᠢᠳᠠᠭ ︾ ᠭᠡᠵᠡᠶ ᠃ 6 ᠵᠢᠯ ᠦᠨ ᠨᠠᠰᠤᠨ ᠳᠤ ᠦᠯᠦ ᠬᠦᠷᠦᠭᠰᠡᠳ ᠦᠨ ᠠᠵᠢᠯ ᠤᠨ ᠳᠤᠮᠳᠠ ᠮᠢᠨᠦ ᠰᠡᠳᠬᠢᠯ ᠳᠦ ᠬᠡᠳᠦᠨ ᠵᠠᠭᠤᠨ ᠬᠡᠦᠬᠡᠳ  ᠣᠷᠤᠯ᠎ᠠ᠃ ᠲᠡᠳᠡᠨ ᠦ ᠦᠯᠢᠭᠡᠷ ᠨᠢ ᠨᠠᠳᠠ ᠳᠤ ᠬᠦᠰᠡᠯ ᠡᠷᠡᠮᠡᠯᠵᠡᠯ ᠂ ᠬᠦᠴᠦᠨ ᠴᠢᠳᠠᠯ ᠣᠯᠭᠣᠵᠠᠶ ᠃ ᠭᠡᠪᠡᠴᠦ ᠪᠢ ᠪᠠᠰᠠ ᠬᠡᠦᠬᠡᠳ ᠪᠣᠯᠭᠠᠨ ᠡᠷᠡᠭᠦᠯ ᠴᠢᠭᠢᠷᠠᠭ ᠪᠠᠶᠠᠷ ᠪᠠᠶᠠᠰᠬᠤᠯᠠᠩ ᠲᠠᠶ ᠪᠠᠷ ᠦᠰᠦᠨ ᠪᠤᠶᠢᠵᠢᠵᠤ᠂ ᠰᠢᠶᠳᠪᠦᠷᠢᠯᠡᠬᠦ ᠬᠡᠷᠡᠭ ᠠᠯᠠᠭ᠎ᠠ  ᠪᠣᠯᠬᠤ ᠶᠢ ᠬᠦᠰᠡᠵᠦ ᠪᠠᠶᠢᠨ᠎ᠠ ᠭᠡᠵᠡᠢ᠃

   

W020211221611451513182.png


ᠤᠷᠳᠤᠰ ᠬᠤᠳᠠ ᠶᠢᠨ ᠳ᠋ᠦᠩᠱᠧᠩ ᠲᠣᠭᠣᠷᠢᠭ ᠤᠨ ᠪᠠᠶᠢᠴᠠᠭᠠᠬᠤ ᠬᠣᠷᠢᠢ᠎ᠠ ᠶᠢᠨ ᠲᠠᠪᠤᠳᠤᠭᠠᠷ ᠪᠠᠶᠢᠴᠠᠭᠠᠬᠤ ᠬᠡᠯᠲᠡᠰ ᠦᠨ ᠬᠠᠷᠢᠭᠤᠴᠠᠯᠭᠠᠲᠠᠨ ᠴᠢᠶᠣᠤ ᠰᠢᠤᠢ ︽ᠨᠠᠬᠢᠶ᠎ᠠ ᠵᠢ ᠰᠠᠬᠢᠨ ᠬᠠᠮᠠᠭᠠᠯᠠᠬᠤ︾ᠪᠦᠯᠬᠦᠮ ᠢ ᠲᠥᠯᠥᠭᠡᠯᠡᠨ ᠤᠯᠠᠨ ᠳᠤ ᠤᠬᠠᠭᠤᠯᠤᠯ ᠲᠠᠶᠢᠯᠪᠤᠷᠢᠯᠠᠯ ᠬᠢᠪᠡ᠃ ᠤᠢᠢᠷ᠎ᠠ ᠳᠤ︽ ᠨᠠᠬᠢᠶ᠎ᠠ ᠵᠢ ᠰᠠᠬᠢᠨ ᠬᠠᠮᠠᠭᠠᠯᠠᠬᠤ︾ᠨᠢ ᠪᠦᠬᠦ ᠤᠯᠤᠰ ᠤᠨ ᠪᠠᠶᠢᠴᠠᠭᠠᠬᠤ ᠪᠠᠶᠢᠭᠤᠯᠭ᠎ᠠ ᠶᠢᠨ︽ᠰᠢᠯᠢᠳᠡᠭ ᠰᠣᠶᠣᠯ ᠤᠨ ᠨᠡᠷᠡᠲᠦ ᠲᠡᠮᠳᠡᠭ︾᠋ ᠤᠨ ᠴᠣᠯᠠ ᠶᠢ ᠬᠦᠷᠳᠡᠵᠠᠢ᠃ 《ᠨᠠᠬᠢᠶ᠎ᠠ ᠶᠢ ᠰᠠᠬᠢᠨ ᠬᠠᠮᠠᠭᠠᠯᠠᠬᠤ》 ᠪᠣᠯ ᠰᠢᠨ᠎ᠡ ᠨᠠᠬᠢᠶ᠎ᠠ ᠶᠢᠨ ᠢᠳᠡᠷᠡᠭᠦᠨ ᠢᠶᠡᠷ ᠦᠰᠦᠨ ᠪᠣᠶᠢᠵᠢᠬᠤ ᠶᠢ ᠰᠠᠬᠢᠨ ᠬᠠᠮᠠᠭᠠᠯᠠᠬᠤ ᠶᠢᠨ ᠤᠳᠬ᠎ᠠ ᠰᠠᠨᠠᠭ᠎ᠠ ᠮᠥᠨ᠂ 《 ᠨᠠᠬᠢᠶ᠎ᠠ》 ᠶᠢ ᠬᠠᠶᠢᠷ᠎ᠠ ᠰᠡᠳᠬᠢᠯᠭᠡ ᠪᠡᠷ ᠢᠶᠡᠨ ᠰᠠᠬᠢᠨ ᠬᠠᠮᠠᠭᠠᠯᠠᠬᠤ ᠭᠡᠳᠡᠭ ᠨᠢ ᠪᠠᠶᠢᠴᠠᠭᠠᠬᠤ ᠲᠤᠰᠢᠶᠠᠯᠲᠠᠨ ᠳᠤ ᠠᠪᠴᠤ ᠬᠡᠯᠡᠪᠡᠯ᠂ ᠳᠠᠷᠤᠶ ᠨᠠᠰᠤᠨ ᠳᠤ ᠦᠯᠤ ᠬᠥᠷᠦᠭᠰᠡᠳ ᠲᠦ ᠬᠠᠯᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠣᠳᠠᠲᠤ ᠠᠵᠢᠯᠯᠠᠭ᠎ᠠ ᠪᠠᠷ ᠢᠶᠠᠨ ᠬᠦᠴᠦᠲᠡᠶ ᠴᠣᠬᠢᠯᠲᠠ ᠥᠭᠴᠦ᠂ ᠨᠠᠰᠤᠨ ᠳᠤ ᠦᠯᠤ ᠬᠥᠷᠦᠭᠰᠡᠳ ᠦᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠠᠪᠤᠳᠠᠯ ᠪᠣᠯᠤᠨ᠎ᠠ︔ ᠨᠡᠩ ᠴᠤ 《ᠬᠥᠮᠦᠵᠢᠭᠦᠯᠬᠦ᠂ ᠤᠶᠠᠷᠠᠭᠤᠯᠬᠤ᠂ ᠠᠪᠤᠷᠠᠬᠤ》 ᠴᠢᠭᠯᠡᠯᠲᠡ ᠵᠠᠷᠴᠢᠮ ᠢ ᠢᠮᠠᠭᠲᠠ ᠪᠠᠷᠢᠮᠲᠠᠯᠠᠵᠤ᠂ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠬᠣᠣᠰᠯᠠᠭᠤᠯᠬᠤ ᠬᠠᠤᠯᠢ  ᠪᠠᠷᠢᠯᠲᠠ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠰᠤᠨ ᠳᠤ ᠦᠯᠤ ᠬᠥᠷᠦᠭᠰᠡᠳ ᠦᠨ ᠡᠷᠬᠡ ᠠᠰᠢᠭ ᠢ ᠬᠠᠮᠠᠭᠠᠯᠠᠨ᠂ ᠲᠠᠬᠢᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ᠂ ᠨᠠᠰᠤᠨ ᠳᠤ ᠦᠯᠤ ᠬᠥᠷᠦᠭᠰᠡᠳ ᠢ ᠬᠠᠪᠰᠤᠷᠤᠨ ᠰᠤᠷᠭᠠᠬᠤ ᠪᠠᠷ ᠡᠭᠦᠰᠭᠡᠯ ᠪᠠ ᠲᠡᠭᠦᠰᠬᠡᠯ ᠪᠣᠯᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠶᠠᠯ᠎ᠠ ᠳᠤ ᠬᠣᠯᠪᠣᠭᠳᠠᠭᠰᠠᠨ ᠨᠠᠰᠤᠨ ᠳᠤ ᠦᠯᠤ ᠬᠥᠷᠦᠭᠰᠡᠳ ᠢ ᠠᠪᠤᠷᠠᠬᠤ ᠬᠡᠷᠡᠭᠲᠡᠶ᠃
    


      ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠶᠢᠨ ᠪᠠᠭᠰᠢ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ᠂  ᠬᠠᠶᠠ ᠵᠠᠷᠢᠮ ᠳᠠᠭᠠᠨ ᠬᠡᠷᠡᠭ ᠦᠨ ᠵᠢᠱᠢᠢ᠎ᠡ ᠳᠡᠬᠢ ᠨᠠᠰᠤᠨ ᠳᠤ ᠦᠯᠦ ᠬᠦᠷᠦᠭᠰᠡᠳ ᠦᠨ ᠬᠠᠷᠠᠰᠠᠯᠳᠤ ᠤᠴᠠᠷᠠᠯ ᠠᠴᠠ ᠪᠤᠯᠵᠤ ᠨᠢᠳᠦᠨ ᠳᠦᠨᠢ ᠨᠢᠯᠪᠤᠰᠤ ᠮᠡᠯᠲᠡᠭᠡᠨᠡᠵᠦ᠂ ᠬᠠᠶᠠ ᠵᠠᠷᠢᠮ ᠳᠠᠭᠠᠨ ᠪᠠᠶᠢᠴᠠᠭᠠᠭᠴᠢ ᠳᠠᠷᠤᠭ᠎ᠠ ᠨᠠᠷ ᠤᠨ ᠴᠢᠷᠮᠠᠶᠢᠯᠭ᠎ᠠ ᠠᠮᠵᠢᠯᠲᠠ ᠣᠯᠤᠭᠰᠠᠨ ᠠᠴᠠ ᠪᠤᠯᠵᠤ ᠨᠢᠵᠢᠭᠢᠨᠡᠲᠡᠯ᠎ᠡ ᠠᠯᠠᠭ᠎ᠠ ᠲᠠᠰᠢᠪᠠ᠃ ᠥᠷᠭᠡᠨ ᠤᠯᠠᠨ ᠪᠠᠭᠰᠢ ᠰᠤᠷᠤᠬᠴᠢ ᠨᠠᠰᠤᠨ ᠳᠤ ᠦᠯᠤ ᠬᠥᠷᠦᠭᠰᠡᠳ ᠦᠨ ᠪᠠᠶᠢᠴᠠᠭᠠᠬᠤ ᠠᠵᠢᠯ ᠤᠨ ᠲᠤᠬᠠᠢ ᠨᠡᠩ ᠭᠦᠨᠵᠡᠭᠡᠢ ᠰᠢᠨ᠎ᠡ ᠣᠶᠢᠯᠠᠭᠠᠯᠲᠠ ᠪᠠ ᠲᠠᠨᠢᠯᠲᠠ ᠲᠠᠶ ᠪᠤᠯᠵᠤ᠂ ᠲᠤᠬᠠᠢ ᠶᠢᠨ ᠲᠠᠯᠠᠪᠤᠷ ᠲᠤ ᠪᠠᠶᠢᠭᠰᠠᠨ ᠪᠠᠭᠰᠢ ᠰᠤᠷᠤᠬᠴᠢ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠭᠦᠨᠵᠡᠭᠡᠢ ᠪᠥᠭᠡᠳ ᠣᠶᠢᠯᠠᠭᠠᠮᠵᠢᠲᠠᠢ᠂ ᠬᠡᠷᠡᠭ ᠦᠨ ᠵᠢᠱᠢᠢ᠎ᠡ ᠰᠢᠨ᠎ᠡ ᠰᠣᠷᠭᠣᠭ᠂ ᠨᠠᠰᠤᠨ ᠳᠤ ᠦᠯᠤ ᠬᠥᠷᠦᠭᠰᠡᠳ ᠲᠡᠶ ᠣᠶᠢᠷᠠᠲᠤᠵᠤ᠂ ᠤᠯᠠᠨ ᠤ ᠬᠠᠤᠯᠢ ᠴᠠᠭᠠᠵᠠ ᠶᠢᠨ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠥᠪᠡᠷ ᠢ ᠪᠡᠨ ᠬᠡᠷᠬᠢᠨ ᠨᠡᠩ ᠰᠠᠶᠢᠲᠤᠷ ᠬᠠᠮᠠᠭᠠᠯᠠᠬᠤ ᠶᠢ ᠤᠯᠠᠨ ᠳᠤ ᠮᠡᠳᠡᠭᠦᠯᠵᠡᠢ ᠭᠡᠵᠦ ᠢᠯᠡᠳᠬᠡᠵᠡᠭᠡᠪᠡ᠃
    
    ᠪᠠᠭᠰᠢ ᠰᠤᠷᠤᠭᠴᠢᠳ ᠲᠤ ᠭᠡᠷ ᠪᠦᠯᠢ ᠶᠢᠨ ᠰᠤᠷᠭᠠᠨ ᠬᠥᠮᠦᠵᠢᠯ ᠦᠨ ᠵᠢᠯᠣᠭᠣᠳᠬᠤ ᠬᠢᠴᠢᠶᠡᠯ ᠪᠡᠯᠭᠡᠯᠡᠯ᠎ᠡ


W020211221611452559221.jpg


ᠬᠥᠬᠡᠬᠣᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠵᠠᠬᠢᠷᠤᠯ ᠴᠢᠦᠶ ᠾᠤᠶᠢ ᠬᠤᠸᠠ ᠢᠯᠡᠷᠬᠡᠶᠢᠯᠡᠬᠦ ᠳᠡᠭᠡᠨ ᠂ 《 ᠨᠢᠭᠡᠳᠦᠭᠡᠷ ᠪᠠᠶᠢᠴᠠᠭᠠᠬᠤ ᠰᠠᠨᠠᠭᠤᠯᠭ᠎ᠠ 》 ᠪᠣᠯᠤᠨ 《 ᠠᠯᠪᠠᠳᠠᠯᠭ᠎ᠠ  ᠪᠠᠷ ᠮᠡᠳᠡᠭᠦᠯᠬᠦ》  ᠳᠦᠷᠢᠮ  ᠢ ᠢᠳᠡᠪᠬᠢᠲᠡᠶ ᠪᠡᠷ ᠨᠠᠶᠢᠳᠠᠪᠤᠷᠢᠵᠢᠭᠤᠯᠬᠤ ᠪᠣᠯ ᠨᠠᠰᠤᠨ ᠳᠤ ᠥᠯᠥ ᠬᠦᠷᠦᠭᠰᠡᠳ  ᠢ ᠬᠠᠮᠠᠭᠠᠯᠠᠬᠤ 《 ᠰᠡᠷᠭᠡᠶᠢᠯᠡᠯᠲᠡ  ᠶᠢᠨ ᠬᠡᠷᠡᠮ 》 ᠪᠠ 《 ᠬᠠᠮᠠᠭᠠᠯᠠᠯᠲᠠ  ᠶᠢᠨ ᠲᠣᠣᠷ 》 ᠮᠥᠨ ᠂ ᠰᠤᠷᠭᠠᠭᠤᠯᠢ ᠨᠤᠭᠤᠳ ᠪᠠᠶᠢᠴᠠᠭᠠᠬᠤ ᠪᠠᠶᠢᠭᠤᠯᠭ᠎ᠠ ᠲᠠᠶ ᠬᠠᠮᠲᠤ ᠪᠠᠷ ᠰᠢᠨ᠎ᠡ ᠴᠠᠭ ᠦᠶ᠎ᠡ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠡᠭᠦᠷᠭᠡᠯᠡᠵᠦ ᠂ ᠨᠠᠰᠤᠨ ᠳᠤ ᠥᠯᠥ ᠭᠦᠷᠦᠭᠰᠡᠳ ᠦᠨ ᠡᠷᠡᠭᠦᠯ ᠢᠶᠡᠷ ᠦᠰᠦᠨ ᠪᠣᠶᠢᠵᠢᠬᠤ ᠳᠤ ᠬᠠᠸᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠥᠴᠡᠯ ᠢ ᠴᠢᠷᠮᠠᠶᠢᠨ ᠪᠣᠶ ᠪᠣᠯᠭᠠᠵᠤ ᠂ ᠨᠠᠰᠤᠨ ᠳᠤ ᠥᠯᠥ ᠭᠦᠷᠦᠭᠰᠡᠳ ᠲᠦ ᠬᠠᠯᠳᠠᠭᠰᠠᠨ ᠬᠠᠸᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠵᠦ ᠂ ᠨᠠᠰᠤᠨ ᠳᠤ ᠥᠯᠥ ᠭᠦᠷᠦᠭᠰᠡᠳ ᠦᠨ ᠠᠮᠤᠷ ᠲᠦᠪᠰᠢᠨ ᠡᠷᠡᠭᠦᠯ ᠢᠶᠡᠷ ᠦᠰᠦᠨ ᠪᠣᠶᠢᠵᠢᠬᠤ ᠶᠢ ᠬᠠᠸᠯᠢ ᠶᠢᠨ ᠨᠡᠷ᠎ᠡ ᠪᠡᠷ ᠬᠠᠮᠠᠭᠠᠯᠠᠬᠤ ᠬᠡᠷᠡᠭᠲᠡᠶ ᠃
    


ᠤᠬᠠᠭᠤᠯᠤᠨ ᠲᠠᠶᠢᠯᠪᠤᠷᠢᠯᠠᠬᠤ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠬᠠᠮᠲᠤ ᠪᠠᠷ ᠲᠤᠷᠰᠢᠯᠲᠠ ᠶᠢᠨ  ᠳᠤᠮᠳᠠᠳᠦ ᠰᠤᠷᠭᠠᠭᠤᠯᠢ ᠶᠢᠨ ᠲᠡᠦᠬᠡ ᠶᠢᠨ ᠣᠷᠳᠣᠨ᠂ ᠰᠢᠨᠵᠢᠯᠡᠬᠦ ᠤᠬᠠᠭᠠᠨ ᠮᠡᠷᠭᠡᠵᠢᠯ ᠦᠨ ᠤᠷᠳᠤ ᠬᠤᠩᠬᠢᠯ ᠪᠣᠯᠤᠨ ᠴᠢᠳᠠᠪᠬᠢᠳᠦ ᠬᠢᠴᠢᠶᠡᠯ ᠦᠨ ᠭᠡᠷ ᠵᠡᠷᠭᠡ ᠶᠢ ᠲᠣᠭᠣᠷᠢᠨ ᠦᠵᠡᠪᠡ᠃
    


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro