ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠰᠡᠷᠡᠮᠵᠢᠯᠡᠭᠦᠯᠬᠦ ᠰᠤᠷᠭᠠᠨ ᠬᠦᠮᠦᠵᠢᠯ ᠢᠶᠠᠷ ᠰᠢᠨ᠎ᠡ ᠣᠨ ᠤ ᠠᠵᠢᠯ ᠢᠶᠠᠨ ᠡᠬᠢᠯᠡᠭᠦᠯᠪᠡ

2022-01-10 15:33:29
ᠵᠣᠬᠢᠶᠠᠭᠴᠢ
ᠣᠷᠴᠠᠶᠢᠬᠤ

1 ᠰᠠᠷ᠎ᠠ ᠶᠢᠨ 4  ᠤ ᠡᠳᠦᠷ᠂ ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠪᠦᠬᠦ ᠠᠵᠢᠯᠲᠠᠳ ᠤᠨ ︽ᠬᠡᠷᠡᠭ ᠢᠶᠠᠷ ᠦᠭᠡᠷᠡᠴᠢᠯᠡᠬᠦ ᠶᠢ ᠠᠬᠢᠭᠤᠯᠬᠤ︾ ᠰᠡᠷᠡᠮᠵᠢᠯᠡᠬᠦᠯᠬᠦ ᠰᠤᠷᠭᠠᠨ ᠬᠦᠮᠦᠵᠢᠯ ᠤᠨ ᠶᠡᠭᠡ ᠬᠤᠷᠠᠯ ᠢ ᠬᠤᠷᠠᠯᠳᠤᠭᠤᠯᠪᠠ᠃

 

微信图片_20220106112016.jpg 

 

ᠬᠤᠷᠠᠯ ᠢ ᠵᠢᠢ ᠱᠢ ᠵᠢᠶᠦ᠋ᠨ ᠳᠡᠳ᠋ ᠪᠠᠶᠢᠴᠠᠭᠠᠬᠤ ᠳᠠᠷᠤᠭ᠎ᠠ ᠡᠷᠬᠢᠯᠡᠵᠦ᠂  ᠬᠤᠷᠢᠶᠠᠨ ᠳᠤ ᠲᠤᠮᠢᠯᠠᠨ ᠰᠠᠭᠤᠭ᠎ᠠ ᠰᠠᠬᠢᠯᠭ᠎ᠠ ᠪᠠᠲᠦ ᠪᠠᠶᠢᠴᠠᠭᠠᠬᠤ ᠳᠤᠭᠤᠶᠢᠯᠠᠩ ᠤᠨ ᠬᠡᠰᠢᠭᠦᠨ ᠶᠠᠩ ᠶᠡᠨ ᠢᠩ ᠠᠴᠠ ᠬᠤᠰᠢᠭᠤᠨ ᠬᠡᠪᠴᠢᠶᠡᠨ ᠳᠠᠬᠢ ᠬᠠᠤᠯᠢ ᠰᠠᠬᠢᠯᠭ᠎ᠠ ᠶᠢ ᠵᠦᠷᠢᠴᠡᠭᠰᠡᠨ ᠬᠡᠷᠡᠭ ᠢ ᠨᠡᠶᠢᠲᠡᠯᠡᠵᠦ᠂ ᠳᠠᠷᠠᠭ᠎ᠠ ᠨᠢ ᠰᠡᠷᠡᠮᠵᠢᠯᠡᠭᠦᠯᠦᠯ ᠤᠨ ᠰᠤᠷᠭᠠᠨ ᠬᠦᠮᠦᠵᠢᠯ ᠤᠨ ᠹᠢᠯᠢᠮ ᠦᠵᠡᠭᠦᠯᠪᠡ᠃   

 

微信图片_20220106112029.jpg 

 

ᠬᠤᠷᠠᠯ ᠤᠨ ᠰᠡᠭᠦᠯ ᠳᠤ᠂ ᠬᠤᠷᠢᠶᠠᠨ ᠤ ᠨᠠᠮ ᠤᠨ ᠣᠳᠣᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠪᠠᠶᠢᠴᠠᠭᠠᠬᠤ ᠳᠠᠷᠤᠭ᠎ᠠ ᠯᠢᠤ ᠴᠢᠶᠠᠩ ᠠᠴᠠ ᠴᠢᠬᠤᠯᠠ ᠶᠠᠷᠢᠶ᠎ᠠ ᠲᠠᠯᠪᠢᠪᠠ᠃

ᠪᠠᠶᠢᠴᠠᠭᠠᠬᠤ ᠳᠠᠷᠤᠭ᠎ᠠ ᠠᠴᠠ᠄ ︽ᠬᠦᠮᠦᠨ ᠪᠦᠬᠦᠨ ᠳᠡᠷᠭᠡᠲᠡ ᠡᠭᠦᠰᠦᠭᠰᠡᠨ ᠬᠡᠷᠡᠭ ᠢᠶᠠᠷ ᠰᠡᠷᠡᠮᠵᠢᠯᠡᠭᠦᠯᠦᠯ ᠪᠤᠯᠭᠠᠵᠤ ᠪᠡᠶ᠎ᠡ ᠳᠡᠭᠡᠨ ᠬᠠᠷᠢᠭᠤᠴᠠᠨ᠂ ᠡᠳᠤᠷ ᠲᠤᠲᠤᠮ ᠤᠨ ᠠᠵᠢᠯ ᠤᠨ ᠳᠤᠮᠳᠠ ᠪᠠᠨ ᠴᠠᠭ ᠢᠮᠠᠭᠲᠠ ᠪᠡᠶ᠎ᠡ ᠪᠠᠨ ᠱᠠᠭᠠᠷᠳᠠᠵᠤ᠂ ᠢᠯᠵᠠᠷᠠᠯ ᠤᠨ ᠴᠠᠷ ᠬᠦᠷᠢᠶ᠎ᠡ ᠠᠴᠠ ᠬᠤᠯᠠᠬᠠᠨ ᠪᠠᠶᠢᠵᠤ᠂ ᠦᠪᠡᠷ ᠤᠨ ᠣᠬᠠᠮᠰᠠᠷ ᠠᠴᠠ ᠪᠠᠨ ᠬᠢᠨᠠᠯᠲᠠ ᠶᠢ ᠬᠦᠯᠢᠶᠡᠨ ᠦᠨᠡᠨᠴᠢ ᠭᠤᠤᠯᠴᠢ ᠪᠠᠷ ᠬᠠᠷᠢᠭᠤᠴᠠᠯᠭ᠎ᠠ ᠪᠠᠨ ᠡᠭᠦᠷᠬᠡᠯᠡᠵᠦ᠂ ᠣᠯᠣᠰ ᠲᠦᠷᠦ ᠶᠢᠨ ᠣᠨᠣᠯ ᠢᠶᠠᠷ ᠪᠡᠶ᠎ᠡ ᠪᠠᠨ ᠵᠠᠪᠰᠡᠭᠯᠡᠨ᠂ ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠪᠠᠷ ᠢᠶᠠᠨ ᠣᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ︾ ᠭᠡᠵᠦ ᠴᠢᠬᠤᠯᠠᠴᠢᠯᠠᠪᠠ᠃ 



ᠪᠦᠬᠦ ᠬᠤᠷᠢᠶᠠᠨ ᠤ ᠪᠠᠶᠢᠴᠠᠭᠠᠬᠤ ᠠᠵᠢᠯᠲᠠᠳ ᠡᠨᠡ ᠣᠳᠠᠭᠠᠨ ᠤ ᠰᠡᠷᠡᠮᠵᠢᠯᠡᠭᠦᠯᠦᠯ ᠤᠨ ᠰᠤᠷᠭᠠᠨ ᠬᠦᠮᠦᠵᠢᠯ ᠢᠶᠠᠷ ᠳᠠᠮᠵᠢᠭᠠᠳ ᠭᠦᠨ ᠣᠯᠣᠯᠲᠠ ᠲᠠᠢ ᠪᠠᠶᠢᠵᠤ᠂ ᠪᠠᠶᠢᠴᠠᠭᠠᠬᠤ ᠳᠠᠷᠤᠭ᠎ᠠ ᠶᠢᠨ ᠱᠠᠭᠠᠷᠳᠠᠭᠰᠠᠨ ᠢᠶᠠᠷ ᠬᠦᠮᠦᠨ ᠪᠦᠬᠦᠨ ᠴᠢᠷᠮᠠᠶᠢᠨ ᠠᠵᠢᠯᠯᠠᠬᠤ ᠡᠷᠴᠢ ᠵᠤᠷᠢᠭ ᠪᠠᠳᠠᠷᠠᠵᠤ᠂ ᠰᠢᠨ᠎ᠡ ᠨᠢᠭᠡᠨ ᠵᠢᠯ ᠤᠨ ᠡᠬᠢᠯᠡᠯᠲᠡ ᠳᠤ ᠭᠦᠷᠲᠡᠭᠰᠡᠨ ᠨᠠᠨᠳᠢᠨ ᠰᠤᠷᠭᠠᠯ ᠢᠶᠠᠨ ᠴᠡᠭᠡᠵᠢᠯᠡᠵᠦ ᠨᠢᠭᠡ ᠵᠢᠯ ᠤᠨ ᠠᠵᠢᠯ ᠢᠶᠠᠨ ᠰᠠᠶᠢᠨ ᠬᠢᠬᠦ ᠪᠠᠷ ᠵᠤᠷᠢᠭᠵᠢᠵᠠᠭᠠᠵᠤ ᠪᠤᠢ᠃

 


ᠢᠷᠡᠯᠲᠡ
ᠤᠷᠳᠤᠰ ᠬᠤᠲᠠ ᠵᠢᠨ ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro