ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠰᠢᠨ᠎ᠡ ᠪᠠᠷᠭᠤ ᠪᠠᠷᠠᠭᠤᠨ ᠬᠣᠰᠢᠭᠤᠨ  ᠤ ᠠᠷᠠᠳ  ᠤᠨ ᠪᠠᠶᠢᠴᠠᠭᠠᠬᠤ ᠬᠣᠷᠢᠶ᠎ᠠ 《 ᠬᠠᠤᠯᠢ ᠪᠠᠷ ᠵᠠᠰᠠᠬᠤ  ᠶᠢ ᠰᠤᠷᠭᠠᠭᠤᠯᠢ  ᠶᠢᠨ ᠬᠦᠷᠢᠶᠡᠨ ᠳᠦ ᠣᠷᠣᠭᠤᠯᠬᠤ 》ᠬᠦᠳᠡᠯᠭᠡᠭᠡᠨ   ᠢ ᠢᠳᠡᠪᠬᠢᠲᠡᠢ ᠦᠷᠨᠢᠭᠦᠯᠵᠥ ᠪᠠᠶᠢᠨ᠎ᠠ

2022-01-10 15:41:38
ᠵᠣᠬᠢᠶᠠᠭᠴᠢ
ᠮᠦᠩᠬᠡᠵᠤᠯᠠ

ᠤᠷᠴᠢᠮ ᠤᠨ ᠵᠢᠯ    ᠳᠦ ᠂ ᠰᠢᠨ᠎ᠡ ᠪᠠᠷᠭᠤ ᠪᠠᠷᠠᠭᠤᠨ ᠬᠣᠰᠢᠭᠤᠨ    ᠦ ᠠᠷᠠᠳ  ᠤᠨ ᠪᠠᠶᠢᠴᠠᠭᠠᠬᠤ ᠬᠣᠷᠢᠶ᠎ᠠ 《 ᠬᠠᠤᠯᠢ ᠪᠠᠷ ᠵᠠᠰᠠᠬᠤ  ᠶᠢ ᠰᠤᠷᠭᠠᠭᠤᠯᠢ  ᠶᠢᠨ ᠬᠦᠷᠢᠶᠡᠨ ᠳᠦ ᠣᠷᠣᠭᠤᠯᠬᠤ 》 ᠬᠦᠳᠡᠯᠭᠡᠭᠡᠨ   ᠶᠢ ᠢᠳᠡᠪᠬᠢᠲᠡᠶ ᠥᠷᠨᠢᠭᠦᠯᠵᠦ ᠂ ᠵᠠᠯᠠᠭᠤᠴᠤᠳ ᠪᠠᠭᠠᠴᠤᠳ  ᠤᠨ ᠬᠠᠤᠯᠢ ᠪᠠᠷ ᠵᠠᠰᠠᠬᠤ ᠬᠥᠮᠦᠵᠢᠯ  ᠢ ᠦᠨᠡᠨᠬᠦ ᠴᠢᠩᠭᠠᠳᠬᠠᠵᠤ ᠂ ᠰᠤᠷᠤᠭᠴᠢᠳ  ᠤᠨ ᠬᠠᠤᠯᠢ ᠴᠠᠭᠠᠵᠠ  ᠶᠢᠨ ᠬᠡᠪ ᠪᠣᠯᠪᠠᠰᠤᠷᠠᠯ ᠪᠠ ᠥᠪᠡᠷ  ᠢ ᠪᠡᠨ ᠬᠠᠮᠠᠭᠠᠯᠠᠬᠤ ᠤᠬᠠᠮᠰᠠᠷ  ᠢ ᠴᠢᠩᠭᠠᠳᠬᠠᠵᠤ ᠂ ᠰᠤᠷᠭᠠᠭᠤᠯᠢ  ᠶᠢᠨ ᠬᠦᠷᠢᠶᠡᠨ  ᠦ ᠳᠣᠷᠣᠮᠵᠢᠯᠠᠯ  ᠡᠴᠡ ᠬᠣᠯᠠ ᠵᠠᠶᠢᠳᠠᠵᠤ ᠂ ᠠᠮᠤᠷ ᠲᠦᠪᠰᠢᠨ ᠡᠷᠡᠭᠦᠯ ᠮᠡᠨᠳᠦ ᠬᠠᠤᠯᠢ ᠪᠠᠷ ᠵᠠᠰᠠᠬᠤ ᠰᠤᠷᠭᠠᠭᠤᠯᠢ  ᠶᠢᠨ ᠬᠦᠷᠢᠶ᠎ᠡ  ᠶᠢ ᠪᠠᠢᠭᠤᠯᠬᠤ  ᠪᠠᠷ ᠴᠢᠷᠮᠠᠢᠢᠵᠦ ᠪᠠᠶᠢᠨ᠎ᠠ᠃

ᠪᠠᠶᠢᠴᠠᠭᠠᠬᠤ ᠬᠣᠷᠢᠶ᠎ᠠ  ᠰᠤᠷᠭᠠᠨ ᠬᠦᠮᠦᠵᠢᠯ ᠦᠨ ᠲᠣᠪᠴᠢᠶ᠎ᠠ ᠲᠠᠢ ᠨᠡᠪᠲᠡᠷᠡᠯᠴᠡᠭᠡ ᠬᠠᠮᠵᠢᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ ᠂ ᠨᠡᠶᠢᠲᠡ 14 ᠨᠠᠮ  ᠤᠨ ᠤᠳᠤᠷᠢᠳᠬᠤ ᠳᠤᠭᠤᠶᠢᠯᠠᠩ  ᠤᠨ ᠪᠠᠭ  ᠤᠨ ᠭᠡᠰᠢᠭᠦᠨ ᠂ ᠪᠠᠶᠢᠴᠠᠭᠠᠬᠤ ᠲᠤᠰᠢᠶᠠᠯᠲᠠᠨ     ᠢ ᠲᠣᠰ ᠲᠣᠰ ᠪᠥᠬᠥ ᠬᠣᠰᠢᠭᠤᠨ  ᠦ14 ᠳᠤᠮᠳᠠᠳᠤ ᠪᠠᠭ᠎ᠠ ᠰᠤᠷᠭᠠᠭᠤᠯᠢ  ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ  ᠢᠶᠡᠷ ᠲᠣᠬᠢᠷᠠᠭᠤᠯᠵᠤ ᠂ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ  ᠤᠨ ᠰᠤᠷᠭᠠᠭᠤᠯᠢ  ᠶᠢ ᠨᠡᠶᠢᠳᠡᠮ ᠪᠦᠷᠬᠦᠭᠦᠯᠬᠦ  ᠶᠢ ᠪᠡᠶᠡᠯᠡᠭᠦᠯᠪᠡ᠃ ᠤᠢᠢᠷ᠎ᠠ  ᠶᠢᠨ ᠬᠣᠶᠠᠷ ᠵᠢᠯ ᠳ᠋ᠦ ᠂ ᠪᠠᠶᠢᠴᠠᠭᠠᠬᠤ ᠺᠠᠳ᠋ᠷ ᠴᠠᠭᠳᠠᠭ᠎ᠠ ᠰᠤᠷᠭᠠᠭᠤᠯᠢ  ᠳᠤ ᠭᠦᠨᠵᠡᠭᠡᠶᠢᠷᠡᠨ ᠬᠠᠤᠯᠢ ᠪᠠᠷ ᠵᠠᠰᠠᠬᠤ ᠤᠬᠠᠭᠤᠯᠭ᠎ᠠ  ᠶᠢᠨ ᠠᠵᠢᠯᠯᠠᠭ᠎ᠠ  ᠶᠢ 20 ᠭᠠᠷᠤᠢ ᠤᠳᠠᠭ᠎ᠠ ᠥᠷᠨᠢᠭᠦᠯᠵᠦ ᠂ 2000 ᠭᠠᠷᠤᠢ ᠰᠤᠷᠤᠭᠴᠢᠳ  ᠲᠤ ᠬᠥᠮᠦᠵᠢᠯ ᠬᠦᠷᠲᠡᠭᠡᠪᠡ᠃ 2021 ᠣᠨ ᠤ9 ᠰᠠᠷ᠎ᠠ ᠵᠢᠨ 1   ᠤ ᠡᠳᠦᠷ ᠡᠴᠡ ᠡᠬᠢᠯᠡᠨ ᠂ ᠰᠢᠨ᠎ᠡ ᠪᠠᠷᠭᠤ ᠪᠠᠷᠠᠭᠤᠨ ᠬᠣᠰᠢᠭᠤᠨ  ᠤ ᠠᠷᠠᠳ  ᠤᠨ ᠪᠠᠶᠢᠴᠠᠭᠠᠬᠤ  ᠬᠤᠷᠢᠶ᠎ᠠ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠨᠠᠷ ᠬᠣᠶᠢᠨ᠎ᠠ ᠬᠣᠶᠢᠨ᠎ᠠ  ᠡᠴᠡ ᠪᠠᠨ ᠰᠤᠷᠭᠠᠭᠤᠯᠢ ᠶᠢᠨ ᠬᠦᠷᠢᠶᠡᠨ  ᠳ᠋ᠦ ᠣᠷᠣᠵᠤ ᠂ ᠬᠡᠦᠬᠡᠳ  ᠲᠦ ᠰᠤᠷᠭᠠᠭᠤᠯᠢ ᠡᠬᠢᠯᠡᠭᠰᠡᠨ ᠨᠢᠭᠡᠳᠤᠭᠡᠷ ᠬᠠᠤᠯᠢ ᠪᠠᠷ ᠵᠠᠰᠠᠬᠤ  ᠬᠢᠴᠢᠶᠡᠯ ᠣᠷᠣᠪᠠ᠃ ᠬᠢᠴᠢᠶᠡᠯ ᠳᠡᠭᠡᠷ᠎ᠡ᠂ ᠬᠠᠤᠯᠢ ᠪᠠᠷ ᠵᠠᠰᠠᠬᠤ ᠳᠡᠳ᠋ ᠵᠠᠬᠢᠷᠤᠯ ᠲᠣᠰ ᠲᠣᠰ 《 ᠰᠤᠷᠭᠠᠭᠤᠯᠢ  ᠶᠢᠨ ᠬᠦᠷᠢᠶᠡᠨ  ᠤ ᠳᠣᠷᠣᠮᠵᠢᠯᠠᠯ  ᠢ ᠰᠡᠷᠭᠡᠶᠢᠯᠡᠬᠦ 》 ᠂ 《 ᠥᠪᠡᠷ  ᠶᠢ ᠪᠡᠨ ᠬᠡᠷᠬᠢᠨ ᠬᠠᠮᠠᠭᠠᠯᠠᠬᠤ 》 ᠵᠡᠷᠭᠡ ᠭᠤᠤᠯ ᠰᠡᠳᠦᠪ  ᠤᠨ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠵᠦ ᠂ ᠪᠢᠴᠢᠯ ᠺᠠᠷᠲ᠋ᠣᠨ ᠂ PPT ᠲᠠᠶᠢᠯᠤᠮᠵᠢ  ᠶᠢ  ᠨᠡᠪᠲᠡᠷᠡᠭᠦᠯᠬᠦ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ ᠂ ᠣᠳᠣᠬᠠᠨ ᠤ ᠬᠠᠯᠠᠮᠰᠢᠯ ᠠᠰᠠᠭᠤᠳᠠᠯ ᠪᠠ ᠲᠣᠰ ᠪᠡᠶ᠎ᠡ  ᠶᠢᠨ ᠬᠡᠷᠡᠭ ᠰᠢᠶᠳᠪᠦᠷᠢᠯᠡᠭᠰᠡᠨ ᠲᠤᠷᠰᠢᠯᠭ᠎ᠠ ᠲᠠᠶ  ᠪᠡᠨ ᠤᠶᠠᠯᠳᠤᠭᠤᠯᠤᠨ ᠂ ᠬᠡᠷᠡᠭ   ᠤᠨ ᠵᠢᠱᠢᠶ᠎ᠡ  ᠪᠠᠷ ᠬᠠᠤᠯᠢ  ᠶᠢ ᠲᠠᠶᠢᠯᠪᠤᠷᠢᠯᠠᠵᠤ ᠂ ᠠᠮᠢᠳᠤᠯᠢᠭ   ᠢᠶᠠᠷ ᠬᠠᠤᠯᠢ  ᠶᠢ ᠲᠦᠭᠡᠮᠡᠯᠵᠢᠭᠦᠯᠵᠦ ᠂ ᠰᠤᠷᠤᠭᠴᠢᠳ ᠢ ᠣᠶᠢᠯᠠᠭᠠᠵᠤ ᠴᠢᠳᠠᠬᠤ ᠂ ᠰᠤᠷᠴᠤ ᠴᠢᠳᠠᠬᠤ ᠂ ᠬᠡᠷᠡᠭᠯᠡᠵᠦ ᠳᠡᠶᠢᠯᠬᠦ ᠪᠣᠯᠭᠠᠪᠠ᠃ 

ᠬᠦᠳᠡᠯᠭᠡᠭᠡᠨ   ᠤ ᠳᠠᠷᠠᠭ᠎ᠠ ᠂ ᠰᠤᠷᠤᠭᠴᠢᠳ ᠄ 《 ᠰᠤᠷᠭᠠᠭᠤᠯᠢ ᠡᠬᠢᠯᠡᠭᠰᠡᠨ ᠨᠢᠭᠡᠳᠦᠭᠡᠷ ᠬᠢᠴᠢᠶᠡᠯ ᠮᠠᠰᠢ ᠰᠠᠶᠢᠨ ᠂ ᠪᠢᠳᠡ ᠮᠠᠰᠢ ᠣᠯᠠᠨ ᠮᠡᠳᠡᠯᠭᠡ ᠣᠯᠵᠤ ᠰᠤᠷᠴᠠᠶ ᠂ ᠬᠣᠵᠢᠮ ᠪᠠᠰᠠ ᠬᠠᠤᠯᠢ ᠪᠠᠷ ᠵᠠᠰᠠᠬᠤ ᠤᠬᠠᠭᠠᠭᠤᠯᠤᠭᠴᠢ ᠪᠣᠯᠵᠣ ᠂ ᠨᠢᠭᠡᠳᠦᠭᠡᠷ ᠬᠢᠴᠢᠶᠡᠯ  ᠦᠨ ᠰᠣᠷᠣᠭᠰᠠᠨ ᠮᠡᠳᠡᠯᠭᠡ ᠪᠡᠨ ᠬᠡᠷ  ᠤᠨ ᠬᠥᠮᠦᠰ ᠲᠡᠶ ᠪᠡᠨ ᠬᠤᠪᠢᠶᠠᠯᠴᠠᠵᠤ ᠂ ᠬᠠᠤᠯᠢ ᠴᠠᠭᠠᠵᠠ ᠶᠢᠨ ᠮᠡᠳᠡᠯᠭᠡ ᠶᠢᠨ ᠪᠢᠴᠢᠬᠠᠨ ᠤᠯᠠᠮᠵᠢᠯᠠᠭᠴᠢ ᠪᠣᠯᠤᠨ᠎ᠠ 》 ᠭᠡᠵᠦ ᠢᠯᠡᠷᠬᠡᠶᠢᠯᠡᠵᠡᠭᠡᠪᠡ᠃

 

ᠢᠷᠡᠯᠲᠡ
ᠬᠦᠯᠦᠨ ᠪᠤᠶᠢᠷ ᠬᠤᠲᠠ ᠵᠢᠨ ᠰᠢᠨ᠎ᠡ ᠪᠠᠷᠭᠤ ᠪᠠᠷᠠᠭᠤᠨ ᠬᠣᠰᠢᠭᠤᠨ  ᠤ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro