ᠡᠸᠡᠩᠬᠢ ᠬᠤᠰᠢᠭᠤᠨ ᠤ ᠪᠠᠶᠢᠴᠠᠭᠠᠬᠤ ᠬᠤᠷᠢᠶ᠎ᠠ ᠪᠠᠶᠢᠴᠠᠭᠠᠬᠤ ᠡᠭᠦᠷᠭᠡ ᠴᠢᠳᠠᠪᠬᠢ ᠪᠠᠨ ᠭᠦᠢᠴᠡᠳᠬᠡᠬᠦ ᠪᠠᠷ ᠲᠠᠮᠵᠢᠨ ᠠᠷᠠᠳ ᠲᠦᠮᠡᠨ ᠤ ᠵᠣᠯ ᠲᠥᠷᠦᠭᠳᠡᠯ ᠢ ᠨᠡᠮᠡᠭᠳᠡᠭᠦᠯᠪᠡ
ᠣᠷᠴᠢᠮ ᠤᠨ ᠵᠢᠯ᠂ ᠡᠸᠡᠩᠬᠢ ᠬᠤᠰᠢᠭᠤᠨ ᠤ ᠪᠠᠶᠢᠴᠠᠭᠠᠬᠤ ᠬᠤᠷᠢᠶ᠎ᠠ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠶᠢ ᠪᠠᠷᠢᠮᠲᠠᠯᠠᠵᠤ᠂ ᠰᠢ ᠶᠢᠨ ᠫᠢᠡᠭ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠢᠳᠡᠪᠬᠢᠲᠠᠢ ᠦᠢᠯᠡᠳᠦᠯᠭᠡᠵᠢᠭᠦᠯᠵᠦ᠂ ᠪᠦᠬᠦ ᠲᠠᠯ᠎ᠠ ᠳᠤ ᠦᠢᠯᠡᠴᠢᠯᠡᠵᠦ᠂ ᠠᠷᠠᠳ ᠲᠦᠮᠡᠨ ᠤ ᠲᠦᠯᠦᠭᠡ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ ᠂ ᠡᠯ᠎ᠡ ᠲᠦᠷᠦᠯ ᠤᠨ ᠪᠠᠶᠢᠴᠠᠭᠠᠬᠤ ᠠᠵᠢᠯ ᠢᠶᠠᠨ ᠲᠤᠭᠲᠠᠭᠤᠨ ᠤ ᠳᠤᠮᠳᠠ ᠲᠡᠭᠡᠭᠰᠢᠯᠡᠭᠦᠯᠬᠦ ᠶᠢ ᠪᠠᠷᠢᠮᠲᠠᠯᠠᠪᠠ᠃
ᠠᠷᠠᠳ ᠠᠴᠠ ᠡᠵᠡᠭᠨᠡᠭᠰᠡᠨ ᠠᠵᠤ ᠠᠬᠤᠶᠢᠯᠠᠯ ᠤᠨ ᠡᠷᠡᠭᠦᠯ ᠬᠦᠭᠵᠢᠯᠲᠡ ᠳᠤ ᠤᠨᠤᠴᠠᠲᠠᠢ ᠦᠢᠯᠡᠴᠢᠯᠡᠪᠡ᠃ 12309 ᠪᠠᠶᠢᠴᠠᠭᠠᠬᠤ ᠦᠢᠯᠡᠴᠢᠯᠡᠭᠡᠨ ᠤ ᠲᠦᠪ ᠲᠤ ᠲᠦᠰᠢᠭᠯᠡᠨ᠂ ᠠᠵᠤ ᠠᠬᠤᠶᠢᠯᠠᠯ ᠳᠤ ᠰᠦᠪᠡᠭᠴᠢ ᠶᠢ ᠬᠦᠯᠢᠶᠡᠨ ᠠᠪᠬᠤ᠂ ᠬᠠᠤᠯᠢ ᠴᠠᠭᠠᠵᠠ ᠶᠢᠨ ᠠᠰᠠᠭᠤᠨ ᠯᠠᠪᠯᠠᠯᠭ᠎ᠠ᠂ ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ︽ᠨᠢᠭᠡ ᠦᠷᠲᠡᠭᠡᠴᠢᠯᠡᠭᠰᠡᠨ︾ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠠᠤᠯᠢ ᠶᠤᠰᠤ ᠪᠠᠷ ᠵᠢᠷᠤᠮᠵᠢᠭᠤᠨ ᠡᠵᠡᠩᠨᠡᠬᠦ ᠶᠢ ᠬᠦᠲᠦᠯᠦᠨ ᠲᠠᠭᠠᠭᠤᠯᠪᠠ᠃︽ᠴᠦᠭᠡᠨ ᠪᠠᠷᠢᠪᠴᠢᠯᠠᠬᠤ᠂ ᠪᠤᠯᠭᠤᠮᠵᠢᠲᠠᠢ ᠵᠠᠭᠠᠯᠳᠤᠨ᠂ ᠪᠤᠯᠭᠤᠮᠵᠢᠲᠠᠢ ᠬᠤᠷᠢᠬᠤ︾ ᠡᠷᠡᠭᠦᠤ ᠶᠢᠨ ᠬᠡᠷᠡᠭ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠡᠶᠢᠳᠠᠪᠤᠷᠢᠵᠢᠭᠤᠯᠵᠤ᠂ 4 ᠨᠡᠷᠡᠰ ᠬᠡᠷᠡᠭ ᠲᠤ ᠬᠤᠯᠪᠤᠭᠳᠠᠭᠰᠠᠨ ᠠᠵᠤ ᠠᠬᠤᠶᠢᠯᠠᠯ ᠤᠨ ᠠᠵᠢᠯᠲᠠᠨ ᠤ ᠬᠤᠷᠢᠬᠤ ᠴᠢᠬᠤᠯᠠ ᠴᠢᠨᠠᠷ ᠲᠤ ᠬᠢᠨᠠᠨ ᠪᠠᠶᠢᠴᠠᠭᠠᠬᠤ ᠠᠵᠢᠯ ᠦᠷᠨᠢᠭᠦᠯᠵᠦ᠂ 1 ᠨᠡᠷᠡᠰ ᠬᠡᠷᠡᠭ ᠲᠤ ᠬᠤᠯᠪᠤᠭᠳᠠᠬᠤ ᠠᠵᠤ ᠠᠬᠤᠶᠢᠯᠠᠯ ᠤᠨ ᠬᠠᠤᠯᠢ ᠵᠢᠨ ᠡᠷᠬᠡᠲᠡᠨ ᠳᠤ ᠦᠯᠦ ᠵᠠᠭᠠᠯᠳᠤᠬᠤ ᠲᠤᠭᠲᠠᠭᠠᠯ ᠭᠠᠷᠭᠠᠪᠠ᠃ ᠠᠷᠠᠳ ᠠᠴᠠ ᠡᠵᠡᠭᠨᠡᠭᠰᠡᠨ ᠠᠵᠤ ᠠᠬᠤᠶᠢᠯᠠᠯ ᠶᠢᠨ ᠡᠳ᠋ ᠬᠦᠷᠦᠩᠭᠡ ᠳᠤ ᠬᠠᠯᠳᠠᠭᠰᠠᠨ᠂ ᠠᠵᠤ ᠠᠬᠤᠶᠢᠯᠠᠯ ᠤᠨ ᠠᠰᠢᠭ ᠲᠤᠰᠠ ᠶᠢ ᠬᠤᠬᠢᠷᠠᠭᠤᠯᠤᠭᠰᠠᠨ ᠡᠯ᠎ᠡ ᠲᠦᠷᠦᠯ ᠤᠨ ᠶᠠᠯᠠᠲᠤ ᠬᠡᠷᠡᠭ ᠲᠤ ᠴᠢᠡᠭᠭ᠎ᠠ ᠴᠤᠬᠢᠯᠲᠠ ᠦᠭᠴᠦ᠂ 13 ᠬᠡᠷᠡᠭ 38 ᠬᠦᠮᠦᠨ ᠳᠤ ᠠᠯᠪᠠᠨ ᠵᠠᠭᠠᠯᠳᠤᠯᠭ᠎ᠠ ᠭᠠᠷᠭᠠᠭᠰᠠᠨ ᠪᠠᠶᠢᠨ᠎ᠠ᠃ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠲᠠᠢ ᠡᠳᠦᠷ ᠳᠤᠲᠤᠮ ᠤᠨ ᠬᠠᠷᠢᠯᠴᠠᠵᠤ ᠨᠡᠪᠲᠡᠷᠡᠯᠴᠡᠬᠦ ᠲᠤᠭᠲᠠᠴᠠ ᠪᠠᠶᠢᠭᠤᠯᠵᠤ᠂ 5 ᠨᠡᠷᠡᠰ ᠬᠤᠯᠪᠤᠭᠠᠴᠢᠨ ᠤᠷᠢᠵᠤ᠂ ᠪᠠᠶᠢᠴᠠᠭᠠᠬᠤ ᠪᠠᠶᠢᠭᠤᠯᠭ᠎ᠠ ᠶᠢ ᠬᠠᠮᠵᠢᠵᠤ ᠠᠵᠢᠯ ᠲᠦᠷᠦᠯ ᠤᠨ ᠵᠦᠷᠢᠴᠡᠯ ᠮᠦᠷᠭᠦᠯᠳᠦᠭᠡᠨ ᠢ ᠨᠠᠮᠳᠠᠭᠤᠯᠵᠤ᠂ ᠠᠷᠠᠳ ᠠᠴᠠ ᠡᠵᠡᠭᠨᠡᠭᠰᠡᠨ ᠠᠵᠤ ᠠᠬᠤᠶᠢᠯᠠᠯ ᠤᠨ ᠡᠷᠡᠭᠦᠯ ᠬᠦᠭᠵᠢᠯᠲᠡ ᠳᠤ ᠬᠦᠴᠦᠨ ᠪᠦᠬᠦᠢ ᠪᠠᠲᠤᠯᠠᠭ᠎ᠠ ᠬᠠᠩᠭᠠᠨ ᠦᠭᠪᠡ᠃
ᠨᠠᠰᠤᠨ ᠳᠤ ᠦᠯᠦ ᠬᠦᠷᠦᠭᠰᠡᠳ ᠤᠨ ᠠᠮᠤᠷ ᠲᠦᠪᠰᠢᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠬᠢᠪᠡ᠃ᠠᠷᠠᠳ ᠤᠨ ᠲᠡᠭᠡᠲᠦ ᠪᠠᠶᠢᠴᠠᠭᠠᠬᠤ ᠬᠤᠷᠢᠶᠠᠨ ᠤ ︽ᠨᠢᠭᠡᠳᠦᠭᠡᠷ ᠲᠤᠭᠠᠲᠤ ᠪᠠᠶᠢᠴᠠᠭᠠᠬᠤ ᠰᠠᠨᠠᠭᠤᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠠᠵᠢᠯᠯᠠᠬᠤ ᠭᠡᠷ ᠲᠤᠬᠢᠷᠠᠭᠤᠯᠵᠤ᠂ ᠨᠠᠰᠤᠨ ᠳᠤ ᠦᠯᠦ ᠬᠦᠷᠦᠭᠰᠡᠳ ᠢ ᠬᠤᠬᠢᠷᠠᠭᠤᠯᠤᠭᠰᠠᠨ ᠶᠠᠯᠠᠲᠤ ᠬᠡᠷᠡᠭ ᠲᠤ ᠴᠢᠩᠭ᠎ᠠ ᠴᠤᠬᠢᠯᠲᠠ ᠦᠭᠴᠦ᠂ 12 ᠬᠡᠷᠡᠭ 12 ᠬᠦᠮᠦᠨ ᠳᠤ ᠠᠯᠪᠠᠨ ᠵᠠᠭᠠᠯᠳᠤᠯᠭ᠎ᠠ ᠭᠠᠷᠭᠠᠪᠠ᠃ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠬᠠᠮᠲᠤᠷᠠᠨ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠤ ᠰᠠᠭᠤᠯᠭᠠᠬᠤ ︽ᠬᠠᠯᠠᠮᠵᠢ —ᠨᠢᠭᠡ ᠦᠷᠲᠡᠭᠡᠴᠢᠯᠡᠭᠰᠡᠨ ᠠᠰᠠᠭᠤᠨ ᠯᠠᠪᠯᠠᠯᠭ᠎ᠠ ᠶᠢᠨ ᠲᠦᠪ︾ ᠪᠠᠶᠢᠭᠤᠯᠵᠤ᠂ ᠬᠤᠬᠢᠷᠠᠯ ᠠᠮᠰᠠᠭᠰᠠᠨ ᠨᠠᠰᠤᠨ ᠳᠤ ᠦᠯᠦ ᠬᠦᠷᠦᠭᠰᠡᠳ ᠤᠨ ᠠᠰᠠᠭᠤᠨ ᠯᠠᠪᠯᠠᠬᠤ᠂ ᠭᠡᠷᠡᠴᠢ ᠠᠪᠬᠤ ᠶᠢ ᠨᠢᠭᠡ ᠯᠡ ᠳᠤᠤᠷ᠎ᠠ ᠲᠠᠭᠤᠰᠬᠠᠬᠤ ᠶᠢ ᠪᠠᠲᠤᠯᠠᠵᠤ᠂ ︽ᠬᠤᠶᠠᠳᠠᠬᠢ ᠤᠳᠠᠭᠠᠨ ᠤ ᠭᠡᠮᠲᠦᠯ︾ ᠠᠴᠠ ᠪᠦᠲᠦᠮᠵᠢᠲᠠᠢ ᠰᠡᠷᠬᠡᠶᠢᠯᠡᠪᠡ᠃ ᠶᠠᠯ᠎ᠠ ᠳᠤ ᠬᠤᠯᠪᠤᠭᠳᠠᠭᠰᠠᠨ ᠨᠠᠰᠤᠨ ᠳᠤ ᠦᠯᠦ ᠬᠦᠷᠦᠭᠰᠡᠳ ᠢ ᠴᠦᠭᠡᠨ ᠪᠠᠷᠢᠪᠴᠢᠯᠠᠵᠤ᠂ ᠪᠤᠯᠭᠤᠮᠵᠢᠲᠠᠢ ᠵᠠᠭᠠᠯᠳᠤᠬᠤ᠂ ᠪᠤᠯᠭᠤᠮᠵᠢᠲᠠᠢ ᠬᠤᠷᠢᠬᠤ ᠡᠷᠡᠭᠦᠤ ᠶᠢᠨ ᠬᠡᠷᠡᠭ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ 9 ᠨᠡᠷᠡᠰ ᠶᠠᠯ᠎ᠠ ᠶᠢᠨ ᠰᠡᠵᠢᠭ ᠲᠠᠢ ᠨᠠᠰᠤᠨ ᠳᠤ ᠦᠯᠦ ᠬᠦᠷᠦᠭᠰᠡᠳ ᠲᠤ ᠦᠯᠦ ᠵᠠᠭᠠᠯᠳᠤᠬᠤ ᠲᠤᠭᠲᠠᠭᠠᠯ ᠭᠠᠷᠭᠠᠪᠠ᠃ ᠡᠭᠦᠨ ᠤ ᠬᠠᠮᠲᠤ ᠨᠠᠰᠤᠨ ᠳᠤ ᠦᠯᠦ ᠬᠦᠷᠦᠭᠰᠡᠳ ᠢ ᠬᠢᠨᠠᠨ ᠬᠠᠮᠠᠭᠠᠯᠠᠭᠴᠢᠳ ᠲᠤ ︽ᠬᠠᠷᠠᠭᠠᠯᠵᠠᠨ ᠬᠠᠮᠠᠭᠠᠯᠠᠬᠤ ᠶᠢ ᠰᠢᠪᠠᠳᠠᠭᠤᠯᠤᠨ ᠱᠠᠭᠠᠷᠳᠠᠬᠤ ᠵᠠᠷᠯᠢᠭ︾ ᠪᠠᠭᠤᠯᠭᠠᠨ᠂ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠴᠢᠩᠳᠠᠯᠠᠪᠠ᠃ ᠬᠤᠤᠰ ᠬᠡᠯᠡᠨ ᠤ ᠬᠠᠤᠯᠢ ᠲᠦᠭᠡᠮᠡᠯᠵᠢᠯᠡᠭᠦᠯᠦᠯᠲᠡ ᠶᠢᠨ ᠲᠤᠭᠤᠷᠢᠨ ᠲᠠᠶᠢᠯᠪᠤᠷᠢᠯᠠᠬᠤ ᠪᠦᠯᠬᠦᠮ ᠪᠠᠶᠢᠭᠤᠯᠵᠤ᠂ 20 ᠨᠡᠷᠡᠰ ᠪᠠᠶᠢᠴᠠᠭᠠᠬᠤ ᠠᠵᠢᠯᠲᠠᠨ ᠬᠠᠤᠯᠢ ᠪᠠᠷ ᠵᠠᠰᠠᠬᠤ ᠳᠡᠳ᠋ ᠰᠤᠷᠭᠠᠭᠤᠯᠢ ᠶᠢᠨ ᠵᠠᠬᠢᠷᠤᠯ ᠢ ᠡᠭᠦᠷᠭᠡᠯᠡᠵᠦ᠂ 150 ᠤᠳᠠᠭ᠎ᠠ ᠭᠤᠤᠯ ᠰᠡᠳᠦᠪᠲᠦ ᠤᠬᠠᠭᠤᠯᠭ᠎ᠠ ᠶᠢᠨ ᠲᠠᠶᠢᠯᠤᠮᠵᠢ ᠦᠷᠨᠢᠭᠦᠯᠵᠦ᠂ ᠬᠦᠮᠦᠵᠢᠯ ᠬᠦᠷᠲᠡᠭᠰᠡᠨ ᠪᠠᠭᠰᠢ ᠰᠤᠷᠤᠭᠴᠢ᠂ ᠭᠡᠷ ᠤᠨ ᠠᠬᠠᠮᠠᠳ 15000 ᠬᠦᠮᠦᠨ ᠤᠳᠠᠭ᠎ᠠ ᠳᠤ ᠬᠦᠷᠪᠡ᠃ ᠡᠸᠡᠩᠬᠢ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠳᠤ 11 ᠨᠡᠷᠡᠰ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠠᠵᠢᠭᠯᠠᠭᠴᠢ ᠤᠷᠢᠨ ᠬᠡᠷᠡᠭᠯᠡᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠦᠴᠦ ᠪᠠᠨ ᠬᠠᠮᠲᠤᠳᠬᠠᠨ ᠬᠠᠮᠠᠭᠠᠯᠠᠪᠠ᠃
ᠠᠷᠠᠳ ᠤᠯᠠᠨ ᠤ ᠬᠠᠤᠯᠢ ᠴᠠᠭᠠᠵᠠ ᠶᠢᠨ ᠬᠦᠷᠲᠡᠮᠵᠢᠲᠦ ᠰᠡᠳᠬᠢᠯᠭᠡ ᠶᠢ ᠲᠤᠭᠲᠠᠭᠤᠨ ᠢᠶᠠᠷ ᠲᠡᠭᠡᠭᠰᠢᠯᠡᠭᠦᠯᠪᠡ᠃ ︽ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠪᠤᠯᠭᠠᠨ ᠳᠤ ᠬᠠᠷᠢᠭᠤᠯᠲᠠ ᠦᠭᠬᠦ︾ ᠠᠵᠢᠯ ᠢ ᠦᠷᠬᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠤ ᠭᠠᠵᠠᠷ ᠤᠷᠤᠨ ᠤ ᠪᠤᠳᠠᠲᠠᠢ ᠳᠤ ᠰᠠᠭᠤᠷᠢᠯᠠᠨ᠂ 12309 ᠪᠠᠶᠢᠴᠠᠭᠠᠬᠤ ᠦᠢᠯᠡᠴᠢᠯᠡᠭᠡᠨ ᠤ ᠲᠦᠪ ᠲᠤ ︽ᠳᠦᠷᠪᠡᠨ ᠬᠡᠯᠡ︾ ᠪᠠᠷ ᠬᠠᠤᠯᠢ ᠴᠠᠭᠠᠵᠠ ᠶᠢᠨ ᠠᠰᠠᠭᠤᠨ ᠯᠠᠪᠯᠠᠯᠭ᠎ᠠ ᠶᠢᠨ ᠦᠢᠯᠡᠴᠢᠯᠡᠬᠦ ᠬᠠᠯᠠᠮᠰᠢᠯ ᠤᠲᠠᠰᠤ ᠲᠤᠬᠢᠷᠠᠭᠤᠯᠵᠤ᠂︽ᠬᠡᠷᠡᠭ ᠠᠪᠴᠤ ᠳᠤᠷᠤᠭᠰᠢ ᠰᠤᠷᠪᠤᠯᠵᠢᠯᠠᠬᠤ︾ ︽ᠬᠦᠳᠡᠯᠦᠩᠭᠦᠢ ᠪᠠᠷ ᠰᠤᠷᠪᠤᠯᠵᠢᠯᠠᠯ ᠢ ᠪᠤᠯᠵᠤᠬᠤ︾ ᠬᠡᠯᠪᠡᠷᠢ ᠪᠠᠷ᠂ ᠦᠷᠭᠡᠨ ᠤᠯᠠᠨ ᠮᠠᠯᠴᠢᠳ ᠲᠦᠮᠡᠨ ᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠲᠤᠤᠱᠠᠲᠠᠢ ᠰᠢᠢᠳᠪᠦᠷᠢᠯᠡᠨ ᠦᠭᠴᠦ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢ 149 ᠬᠤᠪᠢ ᠤᠳᠠᠭ᠎ᠠ ᠬᠦᠯᠢᠶᠡᠨ ᠠᠪᠴᠤ᠂ ︽7 ᠠᠵᠢᠯᠯᠠᠬᠤ ᠡᠳᠦᠷ ᠤᠨ ᠲᠤᠲᠤᠷ᠎ᠠ ᠵᠢᠷᠤᠮ ᠤᠨ ᠴᠢᠨᠠᠷᠲᠠᠢ ᠬᠠᠷᠢᠭᠤᠯᠲᠠ ᠦᠭᠴᠦ᠂ ᠭᠤᠷᠪᠠᠨ ᠰᠠᠷ᠎ᠠ ᠶᠢᠨ ᠳᠤᠲᠤᠷ᠎ᠠ ᠭᠦᠢᠴᠡᠳᠬᠡᠭᠰᠡᠨ ᠦᠡᠭᠭᠡᠷᠡᠯᠲᠡ ᠬᠢᠭᠡᠳ ᠦᠷ᠎ᠡ ᠳ᠋ᠦᠡᠭ ᠤᠨ ᠬᠠᠷᠢᠭᠤᠯᠲᠠ ᠦᠭᠬᠦ︾ ᠶᠢ ᠪᠦᠬᠦᠨ ᠢ ᠪᠠᠶᠠᠯᠠᠭᠦᠯᠪᠠ᠃ ᠮᠠᠯᠴᠢᠨ ᠲᠦᠮᠡᠨ ᠤ ᠪᠤᠳᠠᠲᠤ ᠬᠡᠷᠡᠭᠴᠡᠭᠡ ᠶᠢ ᠦᠨᠳᠦᠰᠦᠯᠡᠵᠦ᠂ ︽ᠢᠷᠭᠡᠨ ᠤ ᠬᠠᠤᠯᠢ ᠶᠢᠨ ᠪᠢᠴᠢᠭ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠴᠤᠪᠤᠷᠠᠯ ᠪᠢᠴᠢᠭ ᠢ ᠬᠤᠤᠰ ᠬᠡᠯᠡ ᠪᠠᠷ ᠤᠷᠴᠢᠭᠤᠯᠤᠨ᠂ ᠮᠠᠯᠴᠢᠳ ᠲᠦᠮᠡᠨ ᠳᠤ ᠲᠤᠬᠠᠢ ᠶᠢᠨ ᠲᠠᠯᠠᠪᠤᠷ ᠲᠤᠨᠢ ᠬᠠᠤᠯᠢ ᠴᠠᠭᠠᠵᠠ ᠶᠢᠨ ᠮᠡᠳᠡᠯᠭᠡ ᠲᠠᠶᠢᠯᠪᠤᠷᠢᠯᠠᠨ᠂ ᠳᠤᠷᠠᠳᠤᠭᠰᠠᠨ ᠠᠰᠠᠭᠤᠯᠲᠠ ᠶᠢ ᠲᠠᠶᠢᠯᠪᠤᠷᠢᠯᠠᠨ ᠬᠠᠷᠢᠭᠤᠯᠵᠤ ᠦᠭᠪᠡ᠃︽ᠳᠦᠷᠪᠡᠨ ᠲᠦᠷᠦᠯ ᠤᠨ ᠬᠡᠯᠡ + ᠪᠠᠶᠢᠴᠠᠭᠠᠬᠤ︾ ᠠᠵᠢᠯ ᠤᠨ ᠵᠠᠭᠪᠤᠷ ᠪᠤᠯᠤᠨ ︽ᠲᠠᠯ᠎ᠠ ᠨᠤᠲᠤᠭ ᠤᠨ ᠪᠠᠶᠢᠴᠠᠭᠠᠬᠤ ᠠᠵᠢᠯ ᠤᠨ ᠦᠢᠯᠡᠴᠢᠯᠡᠭᠡᠨ ᠦ ᠲᠡᠷᠭᠡ︾ ᠶᠢᠨ ᠠᠵᠢᠯ ᠤᠨ ᠠᠴᠢᠶᠠᠯᠠᠪᠤᠷᠢ ᠶᠢ ᠶᠡᠷᠦᠩᠬᠡᠶᠢᠯᠡᠨ ᠬᠡᠷᠡᠭᠯᠡᠵᠦ᠂ ᠰᠤᠮᠤ ᠰᠢᠶᠠᠩ ᠪᠠᠯᠭᠠᠰᠤᠨ ᠳᠤ ᠭᠦᠨᠵᠡᠭᠡᠶᠢᠷᠡᠨ ᠢᠯᠡ ᠪᠠᠷ ᠰᠠᠨᠠᠯ ᠰᠤᠨᠤᠰᠬᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ᠂ ᠨᠡᠶᠢᠭᠡᠮ ᠲᠤᠭᠤᠷᠢᠭ ᠤᠨ ᠵᠠᠰᠠᠯᠲᠠ ᠵᠡᠷᠭᠡ ᠪᠠᠶᠢᠴᠠᠭᠠᠬᠤ ᠠᠵᠢᠯ ᠦᠷᠨᠢᠭᠦᠯᠵᠦ᠂ ︽ᠳᠦᠷᠪᠡᠨ ᠬᠡᠯᠡ ᠲᠠᠢ ᠪᠠᠶᠢᠴᠠᠭᠠᠬᠤ ᠲᠤᠰᠢᠶᠠᠯᠲᠠᠨ︾ ᠤᠶᠤᠨ ᠨᠦᠬᠦᠷ ᠤᠨ ︽ᠠᠷᠪᠠᠨ ᠰᠤᠳᠤᠨ ᠬᠠᠤᠯᠢ ᠪᠠᠷ ᠵᠠᠰᠠᠭᠴᠢ︾ ᠵᠢᠨ ᠦᠢᠯᠡᠳᠦᠯ ᠢ ᠦᠨᠡᠨᠬᠦ ᠪᠠᠳᠠᠷᠠᠭᠤᠯᠪᠠ ᠃