ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠪᠠᠶᠢᠴᠠᠭᠠᠬᠤ ᠳᠠᠷᠤᠭ᠎ᠠ ᠯᠢ ᠴᠢ ᠯᠢᠨ ᠴᠠᠬᠠᠷ ᠪᠠᠷᠠᠭᠤᠨ ᠭᠠᠷᠤᠨ ᠬᠤᠰᠢᠭᠤᠨ ᠳᠤ ᠭᠦᠨᠵᠡᠭᠡᠶᠢᠷᠡᠵᠦ ᠴᠠᠭᠠᠨ ᠰᠠᠷ᠎ᠠ ᠵᠢᠨ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ

2022-02-10 10:24:39
ᠵᠣᠬᠢᠶᠠᠭᠴᠢ
ᠨᠠᠪᠴᠢ


1 ᠳ᠋ᠦ᠋ᠭᠡᠷ ᠰᠠᠷ᠎ᠠ ᠶᠢᠨ 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ ᠤᠯᠠᠭᠠᠨᠴᠠᠪ ᠬᠣᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠳᠤ ᠬᠦᠷᠴᠦ ᠂ ᠬᠦᠴᠢᠷᠳᠡᠯᠲᠡᠶ ᠺᠠᠳ᠋ᠷ ᠴᠠᠭᠳᠠᠭ᠎ᠠ ᠪᠠ ᠬᠦᠴᠢᠷᠳᠡᠯᠲᠡᠶ ᠣᠯᠠᠨ ᠲᠦᠮᠡᠨ ᠢ ᠲᠣᠬᠣᠨᠢᠭᠤᠯᠵᠤ ᠂ ᠲᠡᠳᠡᠨ ᠳᠦ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠰᠠᠶᠢᠨ ᠰᠠᠶᠢᠬᠠᠨ  ᠵᠦᠩᠨᠡᠯ ᠢᠶᠡᠨ ᠳᠡᠪᠰᠢᠭᠦᠯᠪᠡ ︔ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ ᠪᠠᠶᠢᠴᠠᠭᠠᠬᠤ ᠬᠣᠷᠢᠶ᠎ᠠ ᠳᠤ ᠪᠠᠶᠢᠴᠠᠭᠠᠨ ᠰᠤᠳᠤᠯᠤᠯᠲᠠ ᠬᠢᠵᠦ ᠪᠠᠶᠢᠴᠠᠭᠠᠨ ᠦᠵᠡᠵᠦ ᠂ ᠨᠢᠭᠡᠳᠦᠭᠡᠷ ᠹᠷᠣᠨᠲ᠋ ᠤᠨ ᠺᠠᠳ᠋ᠷ ᠴᠠᠭᠳᠠᠭ᠎ᠠ ᠶᠢ ᠲᠣᠬᠣᠨᠢᠭᠤᠯᠤᠨ ᠂ ᠬᠣᠯᠪᠣᠭᠳᠠᠯ ᠪᠥᠬᠥᠶ ᠠᠵᠢᠯ ᠤᠨ ᠪᠠᠶᠢᠳᠠᠯ ᠢ ᠤᠶᠢᠯᠠᠭᠠᠨ ᠂ ᠣᠯᠠᠨ ᠢ ᠵᠣᠷᠢᠭᠲᠠᠶ ᠪᠠᠷ ᠡᠷᠡᠯᠬᠡᠭᠯᠡᠨ ᠦᠷᠭᠦᠯᠵᠢᠯᠡᠨ ᠲᠡᠮᠡᠴᠡᠵᠦ ᠂ ᠰᠢᠨ᠎ᠡ ᠵᠢᠯ ᠳᠦ ᠰᠢᠨ᠎ᠡ ᠳᠦᠷᠰᠦ ᠪᠠᠶᠢᠳᠠᠯ ᠲᠠᠶ ᠂ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠶ ᠭᠡᠵᠦ ᠵᠣᠷᠢᠭᠵᠢᠭᠤᠯᠪᠠ ᠃


W020220130436005704651.jpg


ᠯᠢ ᠴᠢ ᠯᠢᠨ ᠲᠣᠰᠪᠣᠷᠢ  ᠬᠦᠬᠡᠪᠦᠷ ᠪᠠᠯᠭᠠᠰᠤᠨ ᠤ ᠰᠧ ᠾᠧ ᠲᠣᠰᠬᠣᠨ᠂ ᠰᠢᠩ ᠲᠠᠶ ᠪᠠᠭ᠎ᠠ ᠲᠣᠭᠣᠷᠢᠭ ᠲᠤ ᠬᠦᠷᠴᠦ᠂ ᠬᠦᠴᠢᠷᠳᠡᠯᠲᠡᠢ ᠤᠯᠠᠨ ᠲᠦᠮᠡᠨ  ᠪᠣᠯᠬᠣ ᠸᠠᠩ ᠵᠢᠶᠦ᠋ᠨ᠂ ᠰᠢᠤᠸ᠋ᠠᠢ ᠵᠢᠨ ᠵᠤ ᠶᠢ ᠲᠣᠬᠣᠨᠢᠭᠤᠯᠵᠤ᠂ ᠲᠡᠳᠡᠨ ᠦ ᠠᠮᠢᠳᠤᠷᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠵᠤ᠂ ᠴᠠᠭᠠᠨ ᠰᠠᠷ᠎ᠠ ᠶᠢᠨ ᠰᠠᠢᠢᠨ ᠰᠠᠶᠢᠬᠠᠨ ᠵᠥᠩᠨᠡᠯ ᠳᠡᠪᠰᠢᠭᠦᠯᠵᠦ᠂ ᠲᠡᠳᠡᠨ ᠢ ᠢᠳᠡᠪᠬᠢᠲᠡᠢ ᠪᠠᠶᠠᠰᠤᠩᠭᠤᠢ ᠠᠮᠢᠳᠤᠷᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠳᠣᠣᠷ᠎ᠠ ᠬᠦᠴᠢᠷᠳᠡᠯ ᠢ ᠢᠯᠠᠨ ᠳᠠᠪᠠᠬᠤ ᠬᠡᠷᠡᠭᠲᠡᠢ ᠭᠡᠵᠦ ᠵᠣᠷᠢᠭᠵᠢᠭᠤᠯᠪᠠ᠃ᠯᠢ ᠴᠢ ᠯᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠢᠨ ᠳᠦ ᠶᠠᠳᠠᠭᠤ ᠬᠦᠴᠢᠷᠳᠡᠯᠲᠡᠢ ᠤᠯᠠᠨ ᠲᠦᠮᠡᠨ ᠦ ᠠᠮᠢᠳᠤᠷᠠᠯ ᠢ ᠦᠨᠡᠨᠬᠦ ᠬᠠᠯᠠᠮᠵᠢᠯᠠᠵᠤ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠤᠯᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠳᠦ ᠴᠠᠭ ᠦᠶ᠎ᠡ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠬᠡᠷᠡᠭᠲᠡᠢ ᠭᠡᠵᠦ ᠵᠠᠬᠢᠪᠠ᠃ᠬᠦᠴᠢᠷᠳᠡᠯ ᠲᠡᠶ ᠺᠠᠳ᠋ᠷ ᠴᠠᠭᠳᠠᠭ᠎ᠠ ᠨᠠᠷ ᠲᠠᠶ ᠠᠭᠤᠯᠵᠠᠬᠤ ᠦᠶ᠎ᠡ ᠳᠦ ᠂ ᠯᠢ ᠴᠢ ᠯᠢᠨ ᠬᠥᠮᠦᠨ ᠨᠢᠭᠡᠪᠦᠷᠢ ᠶᠢᠨ ᠠᠵᠢᠯ ᠂ ᠬᠡᠷ ᠪᠦᠯᠢ ᠂ ᠠᠮᠢᠳᠤᠷᠠᠯ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ ᠂ ᠲᠡᠳᠡᠨ ᠢ ᠠᠵᠢᠯ ᠠᠮᠢᠳᠤᠷᠠᠯ ᠳᠠᠭᠠᠨ ᠪᠠᠶᠠᠰᠤᠩᠭᠤᠶ ᠣᠪᠣᠷ ᠢᠶᠠᠷ ᠬᠠᠨᠳᠤᠵᠤ ᠂ ᠬᠦᠴᠢᠷᠳᠡᠯ ᠢ ᠰᠠᠨᠠᠭᠠᠴᠢᠯᠠᠭ᠎ᠠ  ᠠᠴᠠ ᠪᠠᠨ ᠢᠯᠠᠨ ᠳᠠᠪᠠᠵᠤ ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠶ ᠡᠭᠦᠷᠭᠡᠯᠡᠵᠦ ᠪᠠᠶᠢᠭᠠᠳ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠳᠤ ᠬᠠᠷᠢᠭᠤ ᠥᠭᠴᠦ ᠂ ᠪᠠᠶᠢᠴᠠᠭᠠᠬᠤ ᠦᠶᠯᠡᠰ ᠲᠦ ᠬᠠᠮᠲᠤ ᠪᠠᠷ ᠦᠵᠡᠭᠦᠯᠪᠡᠰᠦ ᠵᠣᠬᠢᠬᠤ ᠬᠤᠪᠢ ᠨᠡᠮᠡᠷᠢ ᠪᠡᠨ ᠦᠵᠡᠭᠦᠯᠦᠭᠡᠷᠡᠶ ᠭᠡᠵᠦ ᠵᠣᠷᠢᠭᠵᠢᠭᠤᠯᠪᠠ ᠃


W020220130436005776039.jpg


ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ ᠪᠠᠶᠢᠴᠠᠭᠠᠬᠤ ᠬᠣᠷᠢᠶᠠᠨ ᠳᠤ ᠂ ᠯᠢ ᠴᠢ ᠯᠢᠨ ᠪᠠᠰᠠ ᠬᠡᠷᠡᠭ ᠦᠨ ᠬᠠᠮᠢᠶᠠᠷᠤᠯᠲᠠ ᠶᠢᠨ ᠶᠡᠬᠡ ᠲᠢᠩᠬᠢᠮ᠂ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠲᠠᠰᠤᠭ ᠢ ᠲᠤᠬᠠᠢ ᠶᠢᠨ ᠭᠠᠵᠠᠷ ᠲᠤᠨᠢ ᠲᠣᠭᠣᠷᠢᠨ ᠦᠵᠡᠵᠦ᠂ ᠡᠮᠦᠨ᠎ᠡ ᠹᠷᠣᠨᠲ᠋ ᠤᠨ ᠺᠠᠳ᠋ᠷ ᠴᠠᠭᠳᠠᠭ᠎ᠠ ᠠᠴᠠ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ᠂ ᠦᠷᠭᠦᠯᠵᠢ ᠲᠣᠬᠢᠶᠠᠯᠳᠤᠳᠠᠭ ᠤᠯᠠᠨ ᠭᠠᠷᠳᠠᠭ ᠶᠠᠯ᠎ᠠ ᠶᠢᠨ ᠨᠡᠷ᠎ᠡ ᠶᠢᠨ ᠲᠠᠷᠬᠠᠯᠲᠠ ᠪᠠ ᠢᠯᠡ ᠪᠡᠷ ᠭᠡᠷᠡᠴᠢᠯᠡᠭᠡ ᠰᠣᠨᠣᠰᠬᠤ ᠠᠵᠢᠯ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠰᠢᠨ᠎ᠡ ᠨᠢᠭᠡ ᠵᠢᠯ ᠳᠦ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ᠂ ᠲᠤᠰᠢᠶᠠᠨ ᠰᠢᠢᠳᠪᠦᠷᠢᠯᠡᠭᠦᠯᠬᠦ᠂ ᠲᠤᠬᠢᠷᠠᠭᠤᠯᠤᠨ ᠵᠠᠳᠠᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠤᠶᠢᠯ ᠤᠨ ᠶᠡᠬᠡ ᠵᠣᠷᠢᠭ ᠰᠠᠨᠠᠭ᠎ᠠ ᠪᠠᠷ ᠠᠷᠠᠳ ᠤᠨ ᠠᠮᠢᠳᠤᠷᠠᠯ ᠤᠨ︽ᠪᠠᠭ᠎ᠠ ᠬᠡᠷᠡᠭ︾ᠪᠦᠬᠦᠨ ᠢ ᠰᠠᠶᠢᠲᠤᠷ ᠰᠢᠢᠳᠪᠦᠷᠢᠯᠡᠬᠦ ᠪᠡᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠶᠢ ᠰᠠᠶᠢᠲᠤᠷ ᠬᠡᠷᠡᠭᠯᠡᠵᠦ᠂ ᠬᠠᠤᠯᠢ ᠴᠠᠭᠠᠵᠠ ᠳᠤ ᠬᠣᠯᠪᠣᠭᠳᠠᠬᠤ ᠪᠠ ᠵᠠᠷᠭᠤ ᠳᠤ ᠬᠣᠯᠪᠣᠭᠳᠠᠬᠤ ᠪᠡᠷᠬᠡ ᠰᠡᠳᠦᠪ ᠢ ᠰᠢᠶᠳᠪᠦᠷᠢᠯᠡᠵᠦ᠂ ᠵᠥᠷᠢᠴᠡᠯ ᠢ ᠦᠨᠡᠨ ᠬᠦ ᠠᠷᠢᠯᠭᠠᠬᠤ ᠬᠡᠷᠡᠭᠲᠡᠶ ᠭᠡᠵᠡᠢ᠃


W020220130436005834661.jpg


ᠤᠯᠠᠭᠠᠨᠴᠠᠪ ᠬᠣᠲᠠ ᠶᠢᠨ ᠨᠠᠮ ᠤᠨ ᠬᠣᠷᠢᠶᠠᠨ ᠤ ᠬᠣᠯᠪᠣᠭᠳᠠᠯ ᠪᠥᠬᠥᠶ ᠤᠳᠤᠷᠢᠳᠤᠯᠭ᠎ᠠ ᠬᠠᠮᠲᠤ ᠪᠠᠷ ᠲᠣᠬᠣᠨᠢᠭᠤᠯᠬᠤ ᠠᠵᠢᠯᠯᠠᠭ᠎ᠠ ᠳᠤ ᠣᠷᠣᠯᠴᠠᠪᠠ ᠃




ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro