ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ︽ᠰᠢᠨ᠎ᠡ ᠵᠢᠯ ᠦᠨ ᠰᠤᠷᠤᠯᠴᠠᠯᠭ᠎ᠠ ᠶᠢᠨ ᠬᠤᠷᠠᠯ︾  ᠳᠡᠭᠡᠷ᠎ᠡ ︽ᠵᠤᠬᠢᠶᠠᠨ ᠪᠠᠶᠢᠭᠤᠯᠤᠯᠳᠠ ᠲᠠᠢ ᠶᠠᠯᠠᠳᠦ ᠠᠵᠢᠯᠯᠠᠭ᠎ᠠ ᠶᠢ ᠡᠰᠡᠷᠭᠦᠴᠡᠬᠦ ᠬᠠᠤᠯᠢ︾ ᠶᠢ ᠰᠤᠷᠤᠯᠴᠠᠪᠠ

2022-02-17 16:09:34
ᠵᠣᠬᠢᠶᠠᠭᠴᠢ
ᠳᠤᠷᠠᠨ

ᠣᠶᠢᠷ᠎ᠠ  ᠶᠢᠨ ᠡᠳᠦᠷ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ︽ᠰᠢᠨ᠎ᠡ ᠵᠢᠯ ᠦᠨ ᠰᠤᠷᠤᠯᠴᠠᠯᠭ᠎ᠠ ᠶᠢᠨ ᠬᠤᠷᠠᠯ︾ ᠬᠤᠷᠠᠯᠳᠤᠭᠤᠯᠵᠤ ᠂ ᠬᠤᠷᠢᠶᠠᠠ  ᠤ ᠣᠳᠣᠷᠢᠳᠬᠣ ᠪᠠᠭ ᠪᠣᠯᠣᠨ ᠪᠦᠬᠦ ᠺᠠᠳᠠᠷ ᠴᠠᠭᠳᠠᠭ᠎ᠠ ᠬᠤᠷᠠᠯ ᠳᠤ ᠤᠷᠤᠯᠴᠠᠪᠠ᠃ ᠬᠤᠷᠠᠯ ᠳᠤ 2022 ᠤᠨ ᠤ 5 ᠰᠠᠷ᠎ᠠ ᠶᠢᠨ 1 ᠤ ᠡᠳᠦᠷ ᠡᠴᠡ ᠡᠬᠢᠯᠡᠨ ᠬᠡᠷᠡᠭᠵᠢᠬᠦᠯᠬᠦ  ᠪᠠᠷ ᠪᠠᠶᠢᠭ᠎ᠠ ︽ᠵᠤᠬᠢᠶᠠᠨ ᠪᠠᠶᠢᠭᠤᠯᠤᠯᠳᠠ ᠲᠠᠢ ᠶᠠᠯᠠᠳᠦ ᠠᠵᠢᠯᠯᠠᠭ᠎ᠠ ᠶᠢ ᠡᠰᠡᠷᠭᠦᠴᠡᠬᠦ ᠬᠠᠤᠯᠢ︾  ᠶᠢᠨ ᠬᠠᠤᠯᠢ ᠲᠤᠭᠲᠠᠭᠠᠬᠤ ᠵᠤᠷᠢᠯᠳᠠ᠂ ᠵᠢᠯᠤᠭᠤᠳᠬᠤ ᠦᠵᠡᠯ ᠰᠠᠨᠠᠭ᠎ᠠ᠂ ᠭᠢᠯᠠᠰ ᠴᠡᠭ ᠲᠠᠢ ᠠᠭᠤᠯᠭ᠎ᠠ ᠵᠡᠷᠭᠡ  ᠲᠠᠯ᠎ᠠ  ᠳᠤ ᠲᠠᠶᠢᠯᠤᠮᠵᠢ ᠬᠢᠵᠤ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠦᠷᠨᠢᠭᠦᠯᠬᠦ ᠳᠦ ᠴᠢᠭᠯᠡᠯ ᠪᠠ ᠵᠢᠯᠤᠭᠤᠳᠤᠯᠭ᠎ᠠ ᠬᠠᠩᠭᠠᠪᠠ᠃

︽ᠵᠤᠬᠢᠶᠠᠨ ᠪᠠᠶᠢᠭᠤᠯᠤᠯᠳᠠ ᠲᠠᠢ ᠶᠠᠯᠠᠳᠦ ᠠᠵᠢᠯᠯᠠᠭ᠎ᠠ ᠶᠢ ᠡᠰᠡᠷᠭᠦᠴᠡᠬᠦ ᠬᠠᠤᠯᠢ︾ ᠪᠤᠯ ᠮᠠᠨ ᠤ ᠤᠯᠤᠰ ᠤᠨ ᠵᠤᠬᠢᠶᠠᠨ ᠪᠠᠶᠢᠭᠤᠯᠤᠯᠳᠠ ᠲᠠᠢ ᠶᠠᠯᠠᠳᠦ ᠠᠵᠢᠯᠯᠠᠭ᠎ᠠ ᠶᠢ ᠡᠰᠡᠷᠭᠦᠴᠡᠬᠦ ᠠᠵᠢᠯ ᠤᠨ ᠠᠩᠬᠠᠳᠠᠭᠴᠢ ᠲᠤᠰᠬᠠᠢ᠂ ᠰᠢᠰᠲ᠋ᠧᠮ ᠲᠠᠢ᠂ ᠪᠦᠷᠢᠨ ᠲᠡᠭᠦᠯᠳᠡᠷ ᠪᠦᠭᠡᠳ ᠳᠦᠷᠢᠮᠵᠢᠭᠦᠨ ᠬᠠᠤᠯᠢ ᠴᠠᠭᠠᠵᠠ ᠮᠦᠨ᠂ ᠵᠤᠬᠢᠶᠠᠨ ᠪᠠᠶᠢᠭᠤᠯᠤᠯᠳᠠ ᠲᠠᠢ ᠶᠠᠯᠠᠳᠦ ᠠᠵᠢᠯᠯᠠᠭ᠎ᠠ ᠶᠢ ᠡᠰᠡᠷᠭᠦᠴᠡᠬᠦ ᠳᠦᠷᠢᠮ ᠦᠨ ᠬᠦᠭᠵᠢᠯᠲᠡ ᠶᠢᠨ ᠨᠢᠭᠡᠨ ᠪᠡᠯᠭᠡ ᠲᠡᠮᠳᠡᠭ ᠮᠦᠨ᠃

ᠳᠠᠷᠠᠭᠠᠴᠢ ᠶᠢᠨ ᠠᠯᠬᠤᠮ ᠳᠤ ᠂ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ  ᠪᠠᠶᠢᠴᠠᠭᠠᠬᠤ ᠬᠤᠷᠢᠶ᠎ᠠ ᠨᠢ ︽ᠵᠤᠬᠢᠶᠠᠨ ᠪᠠᠶᠢᠭᠤᠯᠤᠯᠳᠠ ᠲᠠᠢ ᠶᠠᠯᠠᠳᠦ ᠠᠵᠢᠯᠯᠠᠭ᠎ᠠ ᠶᠢ ᠡᠰᠡᠷᠭᠦᠴᠡᠬᠦ ᠬᠠᠤᠯᠢ︾ ᠶᠢ ᠤᠬᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ  ᠭᠠᠳᠠᠨᠠᠬᠢ︾  ᠵᠡᠷᠭᠡ ᠠᠷᠭ᠎ᠠ ᠬᠡᠯᠪᠡᠷᠢ ᠶᠢ ᠠᠰᠢᠭᠯᠠᠨ᠂ ᠠᠷᠠᠳ ᠤᠯᠠᠨ ᠤ ᠬᠠᠤᠯᠢ ᠴᠠᠭᠠᠵᠠ ᠶᠢ ᠬᠡᠷᠡᠭᠯᠡᠨ ᠬᠠᠷ᠎ᠠ ᠪᠦᠯᠦᠭᠲᠡᠨ ᠬᠠᠷᠬᠢᠰ ᠬᠦᠴᠦᠨ ᠲᠠᠢ ᠲᠡᠮᠡᠴᠡᠬᠦ ᠢᠲᠡᠭᠡᠯ ᠪᠠ ᠴᠢᠳᠠᠪᠤᠷᠢ ᠶᠢ ᠦᠨᠡᠨ ᠬᠦ ᠨᠡᠮᠡᠭᠳᠡᠭᠦᠯᠦᠨ᠎ᠡ᠃

 


ᠨᠠᠶᠢᠷᠠᠭᠤᠯᠤᠭᠴᠢ᠄ ᠸᠠᠩ  ᠴᠢᠦ  ᠵᠢᠥᠢ

ᠤᠷᠴᠢᠭᠤᠯᠤᠭᠴᠢ᠄ ᠳᠤᠷᠠᠨ

 



 


ᠢᠷᠡᠯᠲᠡ
ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro