ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠲᠠᠭᠠᠯᠠᠮᠵᠢᠲᠠᠢ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠤᠢ ᠪᠤᠯᠭᠠᠬᠤ ᠠᠵᠢᠯᠯᠠᠭ᠎ᠠ ᠠᠪᠴᠦ ᠪᠤᠢ

2022-02-25 15:30:42
ᠵᠣᠬᠢᠶᠠᠭᠴᠢ
ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠢᠢᠴᠠᠭᠠᠬᠤ ᠬᠤᠷᠢᠶ᠎ᠠ ᠵᠢᠨ ᠤᠷᠴᠢᠭᠤᠯᠭ᠎ᠠ ᠵᠢᠨ ᠭᠠᠵᠠᠷ


1.jpg


2 ᠳ᠋ᠤᠭᠠᠷ ᠰᠠᠷ᠎ᠠ ᠶᠢᠨ 18 ᠤ ᠡᠳᠦᠷ ᠦᠨ ᠦᠳᠡ ᠶᠢᠨ ᠬᠣᠶᠢᠨ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ︽ᠬᠠᠥᠯᠢᠵᠢᠭ᠌ᠰᠠᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ︾ ᠶᠡᠬᠡ ᠶᠠᠷᠢᠯᠴᠠᠭᠠᠨ ᠤ ᠠᠵᠢᠯᠯᠠᠭ᠎ᠠ ᠶᠢᠨ ᠢᠳᠬᠠᠯ ᠰᠠᠨᠠᠭᠤᠯᠭ᠎ᠠ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ ᠂ ︽ ᠡᠯ᠎ᠡ ᠠᠵᠢᠯ ᠲᠥᠷᠥᠯ ︾ ᠤᠨ ᠪᠠᠶᠢᠴᠠᠭᠠᠬᠤ ᠪᠠᠶᠢᠭᠤᠯᠭ᠎ᠠ ᠶᠢᠨ ᠬᠠᠥᠯᠢᠵᠢᠭ᠌ᠰᠠᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠂ ᠠᠵᠤ ᠠᠬᠤᠶ ᠨᠡᠶᠢᠭᠡᠮ ᠦᠨ ᠴᠢᠨᠠᠷ ᠰᠠᠶᠢᠲᠠᠶ ᠬᠥᠭᠵᠢᠯᠲᠡ ᠳᠦ ᠦᠶᠯᠡᠴᠢᠯᠡᠵᠦ ᠪᠠᠲᠤᠯᠠᠬᠤ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ ᠂ ᠶᠡᠬᠡ ᠶᠠᠷᠢᠯᠴᠠᠭᠠᠨ ᠤ ᠠᠵᠢᠯᠯᠠᠭ᠎ᠠ ᠶᠢ ᠠᠵᠤ ᠠᠬᠤᠶᠢᠯᠠᠯ ᠤᠨ ᠬᠥᠭᠵᠢᠯᠲᠡ ᠳᠦ ᠦᠶᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠦᠨᠡᠨ ᠬᠦ ᠪᠠᠲᠤᠯᠠᠪᠠ ᠃

ᠶᠠᠷᠢᠯᠴᠠᠬᠤ ᠬᠤᠷᠠᠯ ᠡᠬᠢᠯᠡᠮᠡᠭᠴᠡ ᠭᠣᠣᠯ ᠰᠡᠳᠦᠪ ᠲᠦ  ᠪᠠᠨ ᠰᠢᠭᠤᠳ ᠤᠷᠤᠵᠤ᠂ ᠠᠵᠤ ᠠᠬᠤᠢᠯᠠᠯᠲᠠᠨ  ᠢᠶᠠᠷ ᠬᠠᠥᠯᠢᠵᠢᠭ᠌ᠰᠠᠨ ᠡᠵᠡᠩᠨᠡᠯᠲᠡ ᠶᠢᠨ ᠣᠷᠴᠢᠨ ᠲᠣᠭᠣᠷᠢᠨ ᠢ ᠬᠡᠷᠬᠢᠨ ᠰᠢᠯᠢᠳᠡᠭᠵᠢᠭᠦᠯᠬᠦ  ᠲᠤᠬᠠᠢ ᠤᠷᠢᠳᠠᠪᠡᠷ ᠦᠭᠡ ᠶᠠᠷᠢᠭᠤᠯᠪᠠ᠃ ᠲᠤᠰ ᠤᠳᠠᠭ᠎ᠠ ᠶᠢᠨ ᠶᠠᠷᠢᠯᠴᠠᠬᠤ ᠬᠤᠷᠠᠯ ᠳᠤ ᠠᠵᠤ ᠠᠬᠤᠶᠢᠯᠠᠯᠲᠠᠨ ᠤ ᠲᠥᠯᠥᠭᠡᠯᠡᠭᠴᠢ ᠪᠣᠯᠤᠨ ᠠᠵᠢᠯ ᠲᠦᠷᠦᠯ ᠦᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠦᠨ ᠲᠥᠯᠥᠭᠡᠯᠡᠭᠴᠢ  ᠢ ᠬᠠᠮᠤᠭ ᠤᠯᠠᠨ  ᠤᠷᠢᠵᠤ᠂ ᠡᠭᠦᠨ ᠦ ᠬᠠᠮᠲᠤ ᠪᠠᠰᠠ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠦ ᠭᠡᠰᠢᠭᠦᠨ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠦᠢᠯᠡᠳᠪᠦᠷᠢ ᠬᠤᠳᠠᠯᠳᠤᠭᠠᠨ ᠤ ᠬᠣᠯᠪᠣᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠤᠭᠤᠳ ᠢ ᠤᠷᠢᠵᠠᠢ᠃


2.jpg

 

ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠦ ᠭᠡᠰᠢᠭᠦᠨ᠂ ᠥᠪᠥᠷ ᠮᠣᠩᠭᠣᠯ ᠤᠨ ᠮᠸ᠋ᠩ ᠼᠤᠤ ᠠᠮᠢ ᠠᠬᠤᠢ ᠶᠢᠨ ᠣᠷᠴᠢᠨ ᠲᠣᠭᠣᠷᠢᠨ︵ᠪᠦᠯᠦᠭᠯᠡᠯ︶᠋ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠦᠨ ᠳᠠᠷᠤᠭ᠎ᠠ ᠸᠠᠩ ᠵᠤᠤ ᠮᠢᠩ ᠬᠠᠮᠤᠭ ᠤᠨ ᠲᠦᠷᠦᠭᠦᠨ ᠳᠦ ᠦᠭᠡ ᠬᠡᠯᠡᠪᠡ᠃ ᠲᠡᠷᠡ ᠬᠡᠯᠡᠬᠦ ᠳᠡᠭᠡᠨ ᠄ ︽ᠪᠠᠶᠢᠴᠠᠭᠠᠬᠤ  ᠪᠠᠢᠢᠭᠤᠯᠭ᠎ᠠ  ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ  ᠲᠤᠭᠤᠷᠢᠨ ᠢ ᠪᠤᠶ ᠪᠣᠯᠭᠠᠬᠤ ᠲᠠᠯ᠎ᠠ ᠪᠠᠷ ᠮᠠᠰᠢ ᠣᠯᠠᠨ ᠠᠵᠢᠯ ᠬᠢᠵᠡᠶ ᠂ ᠣᠶᠢᠷ᠎ᠠ  ᠶᠢᠨ ᠵᠢᠯ ᠡᠴᠡ ᠨᠠᠰᠢ ᠪᠠᠶᠢᠴᠠᠭᠠᠬᠤ   ᠪᠠᠢᠢᠭᠤᠯᠭ᠎ᠠ ᠪᠣᠯᠤᠨ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠤᠨ ᠬᠣᠭᠣᠷᠣᠨᠳᠣᠬᠢ ᠬᠠᠮᠲᠤᠷᠠᠯᠴᠠᠭ᠎ᠠ ᠴᠤ ᠮᠠᠰᠢ ᠡᠶ᠎ᠡ ᠨᠠᠶᠢᠷᠲᠠᠶ ᠪᠠᠶᠢᠨ᠎ᠠ ᠂ ᠪᠠᠶᠢᠴᠠᠭᠠᠬᠤ    ᠪᠠᠢᠢᠭᠤᠯᠭ᠎ᠠ  ᠵᠠᠷᠢᠮ ᠠᠵᠤ ᠠᠬᠤᠶᠢᠯᠠᠯ ᠳᠤ ᠬᠦᠷᠴᠦ ᠪᠠᠶᠢᠴᠠᠭᠠᠯᠲᠠ ᠬᠢᠵᠦ ᠭᠡᠷᠡᠴᠢ ᠠᠪᠬᠤ ᠪᠤᠶᠤ ᠪᠠᠶᠢᠳᠠᠯ  ᠢ ᠣᠶᠢᠯᠠᠭᠠᠬᠤ ᠦᠶ᠎ᠡ ᠳᠦ︽ᠨᠢᠭᠤᠴᠠ︾ ᠬᠡᠯᠪᠡᠷᠢ  ᠶᠢ ᠠᠪᠴᠦ ᠂ ᠬᠡᠷᠡᠭ ᠰᠢᠶᠳᠪᠦᠷᠢᠯᠡᠬᠦ  ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ  ᠶᠢᠨ ᠠᠵᠢᠯᠯᠠᠭ᠎ᠠ ᠳᠤ ᠦᠵᠡᠭᠦᠯᠬᠦ ᠨᠥᠯᠥᠭᠡ  ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ ᠭᠡᠵᠦ ᠰᠠᠨᠠᠭᠤᠯᠵᠤ ᠪᠠᠶᠢᠨ᠎ᠠ ︾ ᠭᠡᠵᠡᠶ ᠃


3.jpg


ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠭᠣᠮᠢᠨᠳᠠᠩ ᠨᠠᠮ ᠤᠨ ᠬᠤᠪᠢᠰᠬᠠᠯᠲᠤ ᠬᠣᠷᠢᠶ᠎ᠠ ᠶᠢᠨ ᠥᠪᠥᠷ ᠮᠣᠩᠭᠣᠯ ᠤᠨ ᠠᠵᠤ ᠠᠬᠤᠶᠢᠯᠠᠯᠲᠠᠳ ᠤᠨ ᠨᠥᠬᠥᠷᠯᠡᠯ ᠦᠨ ᠬᠤᠷᠠᠯ ᠤᠨ ᠳᠠᠷᠤᠭ᠎ᠠ ᠂ ᠥᠪᠥᠷ ᠮᠣᠩᠭᠣᠯ ᠤᠨ ᠰᠢᠨ ᠲᠡᠶ ᠠᠵᠤ ᠦᠶᠯᠡᠰ ᠦᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠦᠨ ᠳᠠᠷᠤᠭ᠎ᠠ ᠵᠠᠩ ᠰᠢᠨ ᠢᠯᠡᠷᠬᠡᠶᠢᠯᠡᠬᠦ ᠳᠡᠭᠡᠨ ᠂ ︽ ᠳᠤᠮᠳᠠ  ᠪᠠᠭ᠎ᠠ ᠬᠡᠯᠪᠡᠷᠢ ᠶᠢᠨ ᠠᠵᠤ ᠠᠬᠤᠶᠢᠯᠠᠯ ᠤᠨ ᠬᠠᠸᠯᠢ ᠵᠢᠨ ᠶᠠᠪᠤᠳᠠᠯ ᠤᠨ ᠬᠠᠮᠢᠶᠠᠷᠤᠯᠲᠠ ᠬᠣᠴᠣᠷᠤᠩᠭᠤᠶ ᠂ ᠬᠠᠸᠯᠢ ᠴᠠᠭᠠᠵᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠᠭᠤᠷᠠᠶ ᠪᠠᠢᠵᠤ᠂ ᠣᠮᠲᠣᠭᠠᠶᠢᠯᠠᠵᠤ ᠪᠣᠯᠤᠰᠢ ᠥᠬᠡᠶ ᠬᠠᠮᠲᠤᠯᠢᠭ ᠮᠥᠨ ᠂ ᠡᠢᠮᠦ ᠡᠴᠡ ᠠᠯᠳᠠᠭ᠎ᠠ ᠪᠤᠷᠤᠭᠤ ᠶᠢ ᠠᠭᠤᠴᠢᠯᠠᠵᠤ᠂  ᠵᠠᠯᠠᠷᠠᠭᠤᠯᠬᠤ ᠲᠣᠭᠲᠠᠴᠠ ᠶᠢ ᠪᠠᠶᠢᠭᠤᠯᠵᠤ ᠂ ᠠᠵᠤ ᠠᠬᠤᠶᠢᠯᠠᠯ ᠤᠨ ᠬᠥᠭᠵᠢᠯᠲᠡ ᠳᠦ ᠠᠭᠤᠵᠢᠭᠤ ᠪᠥᠭᠡᠳ ᠰᠠᠶᠢᠨ ᠰᠠᠶᠢᠬᠠᠨ ᠬᠠᠸᠯᠢ ᠪᠠᠷ  ᠵᠠᠰᠠᠭᠰᠠᠨ ᠣᠷᠴᠢᠨ ᠲᠤᠭᠤᠷᠢᠨ ᠢ ᠪᠣᠶ ᠪᠣᠯᠭᠠᠵᠤ ᠥᠭᠬᠦ ᠶᠢ ᠰᠠᠨᠠᠭᠤᠯᠵᠤ ᠪᠠᠶᠢᠨ᠎ᠠ ︾ ᠭᠡᠵᠡᠶ ᠃


4.jpg


︽ᠠᠵᠤ ᠠᠬᠤᠶᠢᠯᠠᠯ ᠪᠣᠯ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠤ ᠤᠬᠠᠭᠤᠯᠤᠭᠴᠢ ᠮᠥᠨ ︾ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠥᠪᠥᠷ ᠮᠣᠩᠭᠣᠯ ᠤᠨ ᠾᠧᠩ ᠮᠤᠤ ᠡᠳ᠋ ᠪᠠᠷᠠᠭᠠᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠦᠨ ᠳᠠᠷᠤᠭ᠎ᠠ ᠹᠠᠨ ᠰᠢᠶᠤᠤ ᠫᠢᠩ ᠳᠤᠷᠠᠳᠤᠨ ᠭᠠᠷᠭᠠᠭᠰᠠᠨ ᠨᠢ ᠂ ᠬᠥᠭᠵᠢᠭᠰᠡᠨ ᠭᠠᠵᠠᠷ ᠣᠷᠣᠨ ᠯᠤᠭ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ  ᠲᠤᠭᠤᠷᠢᠨ ᠤ ᠵᠥᠷᠢᠶ᠎ᠡ ᠶᠢ ᠪᠠᠭᠠᠰᠬᠠᠬᠤ ᠳᠤ ᠠᠵᠤ ᠠᠬᠤᠶᠢᠯᠠᠯ ᠳᠤ ᠦᠶᠯᠡᠴᠢᠯᠡᠬᠦ ᠡᠷᠴᠢᠮ ᠢᠶᠡᠨ ᠴᠢᠩᠭᠠᠷᠠᠭᠤᠯᠵᠤ ᠂ ᠠᠵᠤ ᠠᠬᠤᠶᠢᠯᠠᠯᠲᠠᠨ ᠤ ᠦᠶᠯᠡᠰ ᠴᠣᠭᠴᠠᠯᠠᠬᠤ ᠰᠥᠰᠥ ᠵᠣᠷᠢᠭ ᠢᠶᠠᠨ ᠳᠡᠭᠡᠭᠰᠢᠯᠡᠭᠦᠯᠬᠦ ᠶᠢ ᠣᠯᠠᠨ ᠲᠠᠯ᠎ᠠ ᠠᠴᠠ ᠵᠣᠷᠢᠭᠵᠢᠭᠤᠯᠬᠤ ᠬᠡᠷᠡᠭᠲᠡᠶ ᠃ ᠵᠤᠬᠢᠰ ᠦᠭᠡᠢ᠂ ᠪᠤᠰᠤᠳᠴᠢ ᠪᠤᠰᠤ ᠰᠣᠨᠢᠨ  ᠮᠡᠳᠡᠭᠡ ᠨᠢ ᠠᠵᠤ ᠠᠬᠤᠶᠢᠯᠠᠯ ᠳᠤ ᠮᠠᠰᠢ ᠶᠡᠬᠡ ᠬᠣᠣᠷ ᠬᠥᠨᠥᠭᠡᠯ  ᠤᠴᠠᠷᠠᠭᠤᠯᠳᠠᠭ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠶᠠᠷᠢᠶ᠎ᠠ ᠬᠡᠯᠡᠯᠴᠡᠭᠡᠨ ᠦ ᠤᠬᠠᠭᠤᠯᠭ᠎ᠠ ᠶᠢᠨ ᠵᠥᠪ ᠲᠠᠯ᠎ᠠ ᠶᠢᠨ ᠵᠢᠯᠤᠭᠤᠳᠤᠯᠭ᠎ᠠ ᠶᠢ ᠴᠢᠩᠭᠠᠳᠬᠠᠬᠤ ᠶᠢ ᠪᠠᠶᠢᠴᠠᠭᠠᠬᠤ ᠪᠠᠶᠢᠭᠤᠯᠭ᠎ᠠ ᠳᠤ ᠬᠦᠰᠡᠵᠦ ᠪᠠᠶᠢᠨ᠎ᠠ ᠭᠡᠵᠡᠢ᠃


5.jpg


ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠦ ᠭᠡᠰᠢᠭᠦᠨ ᠂ ᠥᠪᠥᠷ ᠮᠣᠩᠭᠣᠯ ᠤᠨ ᠮᠸᠩ ᠺᠠᠩ ᠱᠧᠩ ᠶᠧ ᠰᠢᠨᠵᠢᠯᠡᠬᠦ ᠤᠬᠠᠭᠠᠨ ᠮᠡᠷᠭᠡᠵᠢᠯ ᠦᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠦᠨ ᠳᠠᠷᠤᠭ᠎ᠠ ᠸᠠᠩ ᠸᠸᠨ ᠢᠯᠡᠷᠬᠡᠶᠢᠯᠡᠬᠦ ᠳᠡᠭᠡᠨ ᠂ ᠤᠷᠤᠨ ᠨᠤᠲᠤᠭ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ ᠂ ᠪᠠᠶᠢᠭᠤᠯᠤᠭᠳᠠᠭᠰᠠᠨ 29 ᠵᠢᠯ ᠳᠦ ᠮᠠᠰᠢ ᠤᠯᠠᠨ ᠳᠡᠮᠵᠢᠯᠭᠡ ᠪᠠ ᠬᠠᠪᠰᠤᠷᠤᠯᠭ᠎ᠠ ᠶᠢ ᠬᠦᠷᠳᠡᠵᠤ᠂ ᠤᠢᠢᠷ᠎ᠠ ᠶᠢᠨ ᠬᠡᠳᠦᠨ ᠵᠢᠯ ᠳᠦ ᠥᠪᠥᠷ ᠮᠣᠩᠭᠣᠯ ᠤᠨ ᠬᠤᠳᠠᠯᠳᠤᠭ᠎ᠠ  ᠡᠵᠡᠩᠨᠡᠬᠦ ᠣᠷᠴᠢᠨ ᠲᠣᠭᠣᠷᠢᠨ ᠤᠯᠠᠮ ᠨᠢᠭᠡ ᠠᠯᠬᠤᠮ ᠰᠢᠯᠢᠳᠡᠭᠵᠢᠪᠡ᠂ ᠭᠡᠪᠡᠴᠦ ᠴᠥᠭᠡᠨ ᠲᠣᠭᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠴᠠᠭᠠᠵᠠ ᠶᠢᠨ ᠤᠬᠠᠮᠰᠠᠷ᠂ ᠬᠠᠥᠯᠢ ᠪᠠᠷ ᠵᠠᠰᠠᠬᠤ ᠦᠵᠡᠯᠲᠡ ᠪᠠᠭ᠎ᠠ ᠰᠠᠭ᠎ᠠ ᠳᠤᠲᠠᠭᠳᠠᠵᠤ᠂ ᠬᠠᠤᠯᠢ ᠴᠠᠭᠠᠵᠠ ᠶᠢᠨ ᠤᠯᠠᠭᠠᠨ ᠱᠤᠭᠤᠮ ᠢ ᠪᠠᠭ᠎ᠠ ᠰᠠᠭ᠎ᠠ ᠬᠦᠨᠳᠡᠬᠦ ᠨᠢ ᠵᠠᠶᠢᠯᠠᠰᠢ ᠦᠭᠡᠢ ᠶᠤᠮ᠂ ᠬᠠᠤᠯᠢ ᠴᠠᠭᠠᠵᠠ ᠶᠢᠨ ᠪᠠᠢᠢᠭᠤᠯᠭ᠎ᠠ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠲᠣᠬᠢᠶᠠᠯ ᠪᠠ ᠵᠠᠯᠠᠷᠠᠭᠤᠯᠬᠤ ᠴᠠᠭ ᠣᠯᠭᠣᠬᠤ ᠶᠢ ᠬᠦᠰᠡᠵᠦ ᠪᠠᠶᠢᠨ᠎ᠠ ᠭᠡᠵᠡᠢ᠃


6.jpg


︽ᠬᠤᠳᠠᠯᠳᠤᠭ᠎ᠠ ᠡᠵᠡᠩᠨᠡᠬᠦ ᠣᠷᠴᠢᠨ  ᠲᠤᠭᠤᠷᠢᠨ ᠪᠣᠯ ᠤᠰᠤ ᠂ ᠠᠵᠤ ᠠᠬᠤᠶᠢᠯᠠᠯ ᠪᠣᠯ ᠵᠢᠭᠠᠰᠤ ᠂ ᠬᠤᠳᠠᠯᠳᠤᠭ᠎ᠠ ᠡᠵᠡᠩᠨᠡᠬᠦ ᠣᠷᠴᠢᠨ  ᠲᠤᠭᠤᠷᠢᠨ ᠰᠠᠶᠢᠵᠢᠷᠠᠪᠠᠯ ᠠᠵᠤ ᠠᠬᠤᠶᠢᠯᠠᠯ ᠰᠠᠶ᠋ᠢ ᠵᠢᠭᠠᠰᠤ ᠤᠰᠤ  ᠲᠠᠶ ᠪᠣᠯᠵᠤ ᠂ ᠠᠵᠤ ᠠᠬᠤᠶ ᠰᠠᠶ᠋ᠢ ᠠᠮᠢᠵᠢᠷᠠᠯ ᠤᠨ ᠬᠦᠴᠦᠨ ᠲᠡᠶ ᠪᠣᠯᠵᠤ ᠴᠢᠳᠠᠨ᠎ᠠ 》 ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠦ ᠭᠡᠰᠢᠭᠦᠨ ᠂ ᠥᠪᠥᠷ ᠮᠣᠩᠭᠣᠯ ᠤᠨ ᠸᠠᠨ ᠱᠧᠩ ᠣᠯᠠᠨ ᠤᠯᠤᠰ ᠤᠨ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠦᠨ ᠳᠠᠷᠤᠭ᠎ᠠ ᠵᠣᠣ ᠸᠠᠨ ᠱᠧᠩ ᠢᠯᠡᠷᠬᠡᠶᠢᠯᠡᠬᠦ ᠳᠡᠭᠡᠨ ᠂ ᠬᠤᠳᠠᠯᠳᠤᠭ᠎ᠠ ᠡᠵᠡᠩᠨᠡᠬᠦ ᠣᠷᠴᠢᠨ  ᠲᠤᠭᠤᠷᠢᠨ  ᠢ ᠰᠠᠶᠢᠵᠢᠷᠠᠭᠤᠯᠬᠤ ᠳᠤ ᠦᠨᠡᠨᠴᠢ ᠢᠲᠡᠭᠡᠮᠵᠢᠲᠡᠶ ᠥᠪᠥᠷ ᠮᠣᠩᠭᠣᠯ ᠂ ᠬᠠᠸᠯᠢ ᠪᠠᠷ ᠵᠠᠰᠠᠬᠤ ᠥᠪᠥᠷ ᠮᠣᠩᠭᠣᠯ ᠢ ᠪᠠᠶᠢᠭᠤᠯᠬᠤ ᠠᠴᠠ ᠡᠬᠢᠯᠡᠨ ᠂ ᠠᠵᠤ ᠠᠬᠤᠶᠢᠯᠠᠯᠲᠠᠨ ᠥᠪᠡᠷ ᠢᠶᠡᠨ ᠴᠦ ᠦᠨᠡᠨᠴᠢ ᠢᠲᠡᠭᠡᠮᠵᠢᠲᠡᠶ ᠪᠠᠶᠢᠬᠤ ᠶᠢ ᠡᠷᠬᠢᠮᠯᠡᠬᠦ ᠬᠡᠷᠡᠭᠲᠡᠶ ᠂ ᠥᠪᠥᠷ ᠮᠣᠩᠭᠣᠯ ᠤᠨ ᠠᠵᠤ ᠠᠬᠤᠶᠢᠯᠠᠯᠲᠠᠨ ᠤ ᠳᠦᠷᠢ ᠲᠥᠷᠬᠦ ᠨᠢ ᠴᠦ ᠬᠤᠳᠠᠯᠳᠤᠭ᠎ᠠ ᠡᠵᠡᠩᠨᠡᠬᠦ ᠣᠷᠴᠢᠨ  ᠲᠤᠭᠤᠷᠢᠨ  ᠤ ᠫᠠᠶᠢᠰᠠ ᠲᠡᠮᠳᠡᠭ ᠪᠣᠯᠬᠤ ᠶᠤᠮ ᠭᠡᠵᠡᠶ ᠃


7.jpg


ᠢᠯᠢ ᠪᠦᠯᠦᠭᠯᠡᠯ ᠦᠨ ᠳᠡᠳ᠋ ᠶᠡᠷᠦᠩᠬᠡᠢ  ᠵᠠᠬᠢᠷᠤᠯ ᠯᠢ ᠵᠢᠶᠠᠨ ᠺᠦᠨ ᠪᠠᠶᠢᠴᠠᠭᠠᠬᠤ  ᠪᠠᠢᠢᠭᠤᠯᠭ᠎ᠠ ᠶᠢᠨ ᠠᠵᠤ ᠠᠬᠤᠶᠢᠯᠠᠯ ᠤᠨ ᠬᠥᠭᠵᠢᠯᠲᠡ ᠳᠦ ᠦᠢᠯᠡᠴᠢᠯᠡᠭᠰᠡᠨ ᠪᠣᠳᠠᠲᠤ ᠶᠠᠪᠤᠳᠠᠯ ᠤᠳ ᠢ  ᠨᠢᠭᠡᠳ ᠨᠢᠭᠡ ᠪᠡᠷ ᠲᠠᠨᠢᠯᠴᠠᠭᠤᠯᠵᠠᠢ᠃ᠲᠡᠷᠡ ᠬᠡᠯᠡᠬᠦ ᠳᠡᠭᠡᠨ ᠂ ᠣᠶᠢᠷ᠎ᠠ ᠶᠢᠨ ᠵᠢᠯ ᠦᠳ ᠲᠦ ᠪᠠᠶᠢᠴᠠᠭᠠᠬᠤ   ᠪᠠᠢᠢᠭᠤᠯᠭ᠎ᠠ ᠪᠠᠶᠢᠴᠠᠭᠠᠬᠤ ᠠᠵᠢᠯ ᠤᠨ ᠣᠶᠤᠨ ᠤᠬᠠᠭᠠᠨ ᠢᠶᠠᠨ ᠪᠠᠳᠠᠷᠠᠭᠤᠯᠵᠤ ᠂ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠳᠦ ᠬᠠᠯᠳᠠᠭᠰᠠᠨ ᠵᠡᠷᠭᠡ ᠶᠠᠯᠠᠲᠤ ᠠᠵᠢᠯᠯᠠᠭ᠎ᠠ ᠳᠤ ᠬᠠᠸᠯᠢ ᠶᠣᠰᠣᠭᠠᠷ ᠴᠢᠩᠭ᠎ᠠ ᠴᠣᠬᠢᠯᠲᠠ ᠥᠭᠴᠦ ᠂ ᠠᠵᠤ ᠠᠬᠤᠶᠢᠯᠠᠯ ᠤᠨ ᠬᠠᠸᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠪᠠ ᠃ ᠢᠯᠢ ᠪᠦᠯᠦᠭᠯᠡᠯ ᠦᠨ ᠦᠰᠦᠨ ᠪᠣᠶᠢᠵᠢᠯᠲᠠ ᠨᠢ ᠪᠠᠶᠢᠴᠠᠭᠠᠬᠤ    ᠪᠠᠢᠢᠭᠤᠯᠭ᠎ᠠ ᠶᠢᠨ ᠬᠦᠴᠦᠲᠡᠶ ᠳᠡᠮᠵᠢᠯᠭᠡ ᠲᠡᠶ ᠰᠠᠯᠤᠰᠢ ᠥᠬᠡᠶ ᠶᠤᠮ ᠂ ᠪᠠᠶᠢᠴᠠᠭᠠᠬᠤ  ᠪᠠᠢᠢᠭᠤᠯᠭ᠎ᠠ ᠳᠤ ᠪᠠᠶᠢᠴᠠᠭᠠᠬᠤ ᠡᠭᠦᠷᠭᠡ ᠴᠢᠳᠠᠪᠤᠷᠢ ᠳᠠᠭᠠᠨ ᠲᠦᠰᠢᠭᠯᠡᠨ ᠂ ᠠᠵᠤ ᠠᠬᠤᠶᠢᠯᠠᠯ ᠤᠨ ᠬᠥᠭᠵᠢᠯᠲᠡ ᠳᠦ ᠨᠠᠩ ᠬᠠᠨᠳᠤᠯᠭᠠᠲᠤ ᠴᠢᠨᠠᠷᠲᠠᠶ ᠬᠠᠸᠯᠢ ᠴᠠᠭᠠᠵᠠ ᠶᠢᠨ ᠦᠶᠯᠡᠴᠢᠯᠡᠭᠡ ᠬᠠᠩᠭᠠᠬᠤ ᠶᠢ ᠰᠠᠨᠠᠭᠤᠯᠵᠤ ᠪᠠᠶᠢᠨ᠎ᠠ ᠭᠡᠵᠡᠶ ᠃


8.jpg


︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠪᠠᠲᠤᠯᠠᠬᠤ ᠲᠠᠯ᠎ᠠ ᠪᠠᠷ ᠪᠠᠶᠢᠴᠠᠭᠠᠬᠤ  ᠪᠠᠢᠢᠭᠤᠯᠭ᠎ᠠ ᠮᠠᠰᠢ ᠰᠠᠢᠢᠨ ᠠᠵᠢᠯᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠲᠣᠭᠲᠠᠭᠤᠨ ᠬᠥᠭᠵᠢᠯᠲᠡ ᠶᠢᠨ ᠣᠷᠣᠨ ᠵᠠᠢ ᠱᠠᠭᠠᠷᠳᠠᠭᠳᠠᠨ᠎ᠠ︾᠂  ᠹᠧᠩ ᠪᠢᠶᠤᠤ ᠪᠣᠯ ᠥᠪᠥᠷ ᠮᠣᠩᠭᠣᠯ ᠤᠨ ᠦᠨᠳᠦᠰᠦᠲᠡᠨ ᠦ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠦᠨ ᠨᠠᠷᠢᠨ ᠪᠢᠴᠢᠭ ᠦᠨ ᠳᠠᠷᠤᠭ᠎ᠠ ᠪᠠᠶᠢᠵᠤ᠂ ᠦᠨᠳᠦᠰᠦᠲᠡᠨ ᠦ ᠠᠷᠠᠯᠵᠢᠶᠠᠨ ᠤ ᠨᠡᠶᠢᠭᠡᠮᠯᠢᠭ ᠲᠦ 300 ᠭᠠᠷᠤᠢ ᠭᠡᠰᠢᠭᠦᠨ ᠠᠵᠤ ᠠᠬᠤᠶᠢᠯᠠᠯ ᠲᠠᠶ ᠶᠤᠮ᠃ ᠲᠡᠷᠡ ᠪᠠᠶᠢᠴᠠᠭᠠᠬᠤ  ᠪᠠᠢᠢᠭᠤᠯᠭ᠎ᠠ  ᠪᠠᠶᠢᠴᠠᠭᠠᠬᠤ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠬᠣᠣᠷ ᠬᠥᠨᠥᠭᠡᠯ ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠠᠵᠢᠯ ᠤᠨ ᠠᠷᠭ᠎ᠠ ᠬᠡᠮᠵᠢᠢ᠎ᠡ ᠪᠡᠨ ᠨᠠᠷᠢᠯᠢᠬᠵᠢᠭᠤᠯᠵᠤ᠂ ᠪᠤᠰᠤᠳ ᠰᠠᠯᠠᠭ᠎ᠠ ᠮᠥᠴᠢᠷ ᠲᠡᠶ ᠬᠣᠯᠪᠣᠭᠠᠯᠠᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠣᠨᠣᠪᠴᠢᠲᠠᠢ ᠦᠢᠯᠡᠴᠢᠯᠡᠬᠦ ᠶᠢ ᠪᠠᠲᠤᠯᠠᠬᠤ ᠬᠡᠷᠡᠭᠲᠡᠢ ᠭᠡᠵᠦ ᠰᠠᠨᠠᠭᠤᠯᠪᠠ᠃

︽ᠨᠠᠷᠢᠨ ᠪᠢᠴᠢᠭ ᠦᠨ ᠳᠠᠷᠤᠭ᠎ᠠ ᠪᠢᠳᠡᠨ ᠳᠦ ᠲᠤᠮᠤ ᠰᠡᠳᠦᠪ ᠭᠠᠷᠭᠠᠵᠠᠢ︾᠂ ᠪᠠᠶᠢᠴᠠᠭᠠᠬᠤ ᠠᠵᠢᠯ ᠤᠨ ᠬᠢᠨᠠᠯᠲᠠ ᠶᠢ ᠬᠤᠳᠠᠯᠳᠤᠭᠠᠨ ᠤ ᠶᠠᠪᠤᠳᠠᠯ ᠤᠨ ᠡᠶᠡᠳᠡᠭᠦᠯᠬᠦ ᠠᠵᠢᠯ ᠳᠤ ᠬᠦᠷᠲᠡᠯ᠎ᠡ ᠤᠷᠲᠤᠳᠬᠠᠬᠤ ᠲᠤᠬᠠᠢ ᠹᠧᠩ ᠪᠢᠶᠤᠤ ᠶᠢᠨ ᠰᠠᠨᠠᠭᠤᠯᠭ᠎ᠠ ᠶᠢ ᠰᠣᠨᠣᠰᠤᠭᠠᠳ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠴᠢ ᠯᠢᠨ᠄ ︽ᠬᠠᠤᠯᠢ ᠴᠠᠭᠠᠵᠠ ᠶᠢᠨ ᠬᠢᠨᠠᠯᠲᠠ ᠶᠢᠨ ᠬᠡᠪᠴᠢᠢ᠎ᠡ ᠶᠢ ᠤᠷᠲᠤᠳᠬᠠᠬᠤ ᠳᠤ᠂ ᠪᠠᠶᠢᠴᠠᠭᠠᠬᠤ  ᠪᠠᠢᠢᠭᠤᠯᠭ᠎ᠠ ᠴᠢᠨᠠᠭᠰᠢᠳᠠ ᠪᠣᠳᠣᠯᠬᠢᠯᠠᠬᠤ ᠴᠢᠬᠤᠯᠠᠲᠠᠢ᠂ ᠡᠨᠡ ᠨᠢ ᠦᠢᠯᠡᠳᠦᠯᠭᠡ ᠶᠢᠨ ᠰᠡᠳᠦᠪ ᠪᠣᠯᠬᠤ ᠮᠥᠷᠲᠡᠭᠡᠨ ᠤᠨᠤᠯ ᠤᠨ ᠰᠡᠳᠦᠪ ᠪᠣᠯᠤᠨ᠎ᠠ︾ ᠭᠡᠵᠦ ᠨᠠᠷᠢᠨ ᠲᠠᠶᠢᠯᠪᠤᠷᠢᠯᠠᠵᠠᠢ᠃


9.jpg


ᠥᠪᠥᠷ ᠮᠣᠩᠭᠣᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠲᠣᠯᠣᠭᠠᠶᠢᠯᠠᠭᠴᠢ ᠨᠡᠶᠢᠭᠡᠮᠯᠢᠭ ᠦᠨ ᠳᠠᠷᠤᠭ᠎ᠠ ᠂   ᠶᠠᠩ ᠶᠠᠩ ᠮᠠᠯ ᠠᠵᠤ ᠠᠬᠤᠶ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠦᠨ ᠳᠠᠷᠣᠭ᠎ᠠ ᠵᠧᠦ ᠶᠥᠩ ᠰᠠᠨᠠᠭᠤᠯᠤᠭᠰᠠᠨ ᠨᠢ᠂ ᠦᠨᠳᠦᠰᠦᠨ ᠱᠠᠲᠤᠨ ᠤ ᠪᠠᠶᠢᠴᠠᠭᠠᠬᠤ ᠬᠣᠷᠢᠶ᠎ᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠡᠮᠵᠢᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠶᠢᠴᠠᠭᠠᠬᠤ ᠪᠠᠶᠢᠭᠤᠯᠭ᠎ᠠ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠨᠡᠪᠲᠡᠷᠡᠯᠴᠡᠭᠡ ᠬᠠᠷᠢᠯᠴᠠᠭ᠎ᠠ ᠶᠢ ᠪᠠᠶᠢᠩᠭᠤᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠣᠯᠪᠣᠭᠳᠠᠭᠰᠠᠨ ᠲᠥᠯᠥᠭᠡᠯᠡᠬᠦ ᠴᠢᠨᠠᠷᠲᠠᠶ ᠬᠡᠷᠡᠭ ᠲᠦ ᠠᠵᠢᠯ ᠲᠦᠷᠦᠯ ᠦᠨ ᠨᠡᠶᠢᠭᠡᠮᠯᠢᠭ ᠦᠨ ᠲᠠᠭᠤᠨ ᠢ ᠰᠣᠨᠣᠰᠴᠤ᠂ ᠴᠥᠭᠡᠨ  ᠪᠠᠷᠢᠪᠴᠢᠯᠠᠵᠤ ᠪᠣᠯᠭᠣᠮᠵᠢᠲᠠᠶ  ᠵᠠᠭᠠᠯᠳᠤᠬᠤ ᠪᠣᠯᠭᠣᠮᠵᠢᠲᠠᠶ  ᠬᠣᠷᠢᠬᠤ ᠤᠨᠤᠯᠵᠢᠬᠤᠨ ᠢ ᠲᠤᠭᠤᠰᠢᠯᠠᠭᠤᠯᠵᠤ᠂ ᠶᠠᠯᠠᠲᠤ ᠠᠵᠢᠯᠯᠠᠭ᠎ᠠ ᠳᠤ ᠯᠠᠪᠳᠠᠭᠤᠨ ᠪᠥᠭᠡᠳ ᠨᠠᠷᠢᠯᠢᠭ ᠣᠨᠣᠴᠠᠲᠠᠶ ᠪᠠᠷ ᠴᠣᠬᠢᠯᠲᠠ  ᠦᠭᠭᠦᠨ᠎ᠡ ᠭᠡᠵᠡᠢ᠃


10.jpg


︽ᠪᠠᠶᠢᠴᠠᠭᠠᠬᠤ  ᠪᠠᠢᠢᠭᠤᠯᠭ᠎ᠠ  ᠭᠠᠪᠰᠢᠭᠠᠢ ᠲᠦᠷᠭᠡᠨ ᠢᠶᠡᠷ ᠶᠠᠷᠢᠯᠴᠠᠬᠤ ᠬᠤᠷᠠᠯ ᠬᠤᠷᠠᠯᠳᠤᠭᠤᠯᠵᠤ ᠪᠠᠶᠢᠭ᠎ᠠ ᠨᠢ ᠬᠠᠤᠯᠢ ᠪᠠᠷ ᠵᠠᠰᠠᠬᠤ ᠡᠵᠡᠩᠨᠡᠯᠲᠡ  ᠶᠢᠨ ᠣᠷᠴᠢᠨ  ᠲᠤᠭᠤᠷᠢᠨ ᠢ ᠰᠢᠯᠢᠳᠡᠭᠵᠢᠭᠦᠯᠬᠦ ᠢᠲᠡᠭᠡᠯ ᠵᠣᠷᠢᠭ  ᠢ ᠬᠠᠷᠠᠭᠤᠯᠵᠤ ᠪᠠᠢᠨ᠎ᠠ ᠂  ᠪᠢ ᠡᠨᠳᠡ ᠪᠠᠶᠢᠴᠠᠭᠠᠬᠤ ᠪᠠᠢᠢᠭᠤᠯᠭ᠎ᠠ  ᠶᠢ ᠰᠠᠶᠢᠰᠢᠶᠠᠵᠤ ᠪᠠᠶᠢᠨ᠎ᠠ ︾ ᠭᠡᠵᠦ ᠥᠪᠥᠷ ᠮᠣᠩᠭᠣᠯ ᠤᠨ ᠱᠠᠨ ᠰᠢ ᠶᠢᠨ ᠬᠤᠳᠠᠯᠳᠤᠭᠠᠴᠢᠳ ᠤᠨ ᠡᠪᠯᠡᠯ ᠦᠨ ᠪᠠᠶᠢᠩᠭᠤ ᠶᠢᠨ ᠳᠡᠳ᠋ ᠳᠠᠷᠤᠭ᠎ᠠ ᠬᠥᠩ ᠵᠠᠨ ᠢ  ᠢᠯᠡᠷᠬᠡᠢᠯᠡᠪᠡ ᠃  ᠲᠡᠷᠡ ᠪᠠᠰᠠ ᠬᠠᠸᠯᠢ ᠪᠠᠷᠢᠬᠤ   ᠪᠠᠢᠢᠭᠤᠯᠭ᠎ᠠ ᠠᠷᠠᠳ ᠢ ᠳᠣᠲᠣᠨᠣᠴᠢᠯᠠᠵᠤ ᠠᠷᠠᠳ ᠢ ᠬᠠᠶᠢᠷᠠᠯᠠᠬᠤ ᠰᠡᠳᠬᠢᠯ ᠂ ᠠᠵᠤ ᠠᠬᠤᠶᠢᠯᠠᠯ ᠢ ᠲᠡᠳᠬᠦᠨ ᠠᠵᠤ ᠠᠬᠤᠶᠢᠯᠠᠯ ᠢ ᠬᠠᠪᠰᠤᠷᠬᠤ ᠰᠡᠳᠬᠢᠯᠭᠡ ᠲᠡᠶ ᠪᠠᠶᠢᠵᠤ ᠂ ᠶᠡᠬᠡ ᠲᠠᠯ᠎ᠠ ᠶᠢᠨ ᠤᠬᠠᠮᠰᠠᠷ ᠲᠠᠶ ᠪᠠᠶᠢᠵᠤ ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠦᠶᠯᠡᠴᠢᠯᠡᠬᠦ ︽ᠡᠴᠦᠰ ᠦᠨ ᠨᠢᠭᠡ ᠺᠢᠯᠣᠮᠧᠲ᠋ᠷ ︾ ᠢ ᠦᠨᠡᠨ ᠬᠦ ᠨᠡᠪᠲᠡᠷᠡᠭᠦᠯᠬᠦ ᠬᠡᠷᠡᠭᠲᠡᠶ ᠭᠡᠵᠡᠶ ᠡᠷᠡᠭᠦᠦ ᠶᠢᠨ ᠬᠡᠷᠡᠭ᠂ ᠢᠷᠭᠡᠨ ᠦ ᠵᠠᠷᠭᠤ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠤᠳᠠᠯᠳᠤᠭᠠᠴᠢᠳ ᠤᠨ ᠡᠪᠯᠡᠯ ᠦᠨ ᠨᠡᠶᠢᠭᠡᠮᠯᠢᠭ ᠲᠡᠶ ᠨᠡᠪᠲᠡᠷᠡᠯᠴᠡᠬᠦ ᠠᠷᠭ᠎ᠠ ᠵᠠᠮ ᠢ ᠪᠤᠢ ᠪᠣᠯᠭᠠᠬᠤ ᠶᠢ ᠪᠠᠶᠢᠴᠠᠭᠠᠬᠤ  ᠪᠠᠢᠢᠭᠤᠯᠭ᠎ᠠ ᠳᠤ ᠰᠠᠨᠠᠭᠤᠯᠤᠶ᠎ᠠ ᠭᠡᠵᠡᠢ᠃


11.jpg


ᠬᠥᠬᠡᠬᠣᠲᠠ ᠶᠢᠨ ᠤᠮᠠᠷᠠᠲᠤ ᠠᠽᠢᠶ᠎ᠠ ᠶᠢᠨ ᠯᠠᠯᠤ ᠶᠢᠨ ᠮᠢᠬᠠᠨ ᠢᠳᠡᠭᠡᠨ ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠶᠢᠩᠭᠤ ᠶᠢᠨ ᠳᠡᠳ᠋ ᠶᠡᠷᠦᠩᠬᠡᠶ ᠳᠠᠭᠠᠭᠠᠮᠠᠯ ᠴᠧᠨ ᠰᠢᠶᠦ᠋ᠨ ᠢᠯᠡᠷᠬᠡᠶᠢᠯᠡᠬᠦ ᠳᠡᠭᠡᠨ ᠂ ᠬᠥᠮᠦᠨ ᠪᠦᠬᠦᠨ ᠴᠥᠮ ᠡᠵᠡᠩᠨᠡᠯᠲᠡ ᠶᠢᠨ ᠡᠯᠴᠢ᠂ ᠭᠠᠵᠠᠷ ᠪᠣᠯᠭᠠᠨ ᠳᠤ ᠴᠥᠮ ᠡᠵᠡᠩᠨᠡᠯᠲᠡ ᠶᠢᠨ ᠣᠷᠴᠢᠨ ᠲᠣᠭᠣᠷᠢᠨ ᠪᠤᠢ ᠂ ᠬᠠᠥᠯᠢᠵᠢᠭ᠌ᠰᠠᠨ ᠡᠵᠡᠩᠨᠡᠯᠲᠡ ᠶᠢᠨ ᠣᠷᠴᠢᠨ ᠲᠣᠭᠣᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠦ ᠦᠢᠯᠡᠴᠢᠯᠡᠵᠦ ᠪᠠᠲᠤᠯᠠᠬᠤ ᠪᠣᠯ ᠬᠥᠮᠦᠨ ᠪᠣᠯᠭᠠᠨ ᠤ ᠶᠠᠪᠤᠳᠠᠯ ᠪᠣᠯᠤᠨ᠎ᠠ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ᠂  ᠬᠠᠥᠯᠢ ᠪᠠᠷ ᠵᠠᠰᠠᠭᠰᠠᠨ ᠨᠡᠶᠢᠭᠡᠮ ᠢ ᠪᠠᠶᠢᠭᠤᠯᠵᠤ᠂ ᠪᠠᠶᠢᠴᠠᠭᠠᠬᠤ ᠬᠦᠴᠦᠨ ᠢᠶᠡᠷ ᠠᠵᠤ ᠠᠬᠤᠶᠢᠯᠠᠯ ᠤᠨ ᠠᠵᠢᠯᠲᠠᠳ ᠢ ᠬᠠᠪᠰᠤᠷᠤᠨ  ᠬᠠᠥᠯᠢ ᠪᠠᠷ ᠵᠠᠰᠠᠬᠤ ᠪᠠ ᠦᠨᠡᠨᠴᠢ ᠢᠲᠡᠭᠡᠮᠵᠢᠲᠡᠢ ᠪᠠᠶᠢᠬᠤ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠢ᠃ ᠲᠡᠷᠡ ᠪᠠᠰᠠ᠂ ᠦᠢᠯᠡᠴᠢᠯᠡᠭᠡ ᠨᠢ ᠬᠠᠮᠢᠶᠠᠷᠤᠯᠲᠠ ᠠᠴᠠ ᠶᠡᠬᠡ ᠪᠠᠶᠢᠵᠤ᠂ ᠦᠢᠯᠡᠴᠢᠯᠡᠭᠡ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠰᠠᠭᠤᠳᠠᠯ ᠢ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠦᠭᠡᠢ᠂ ᠬᠠᠭᠤᠴᠢᠨ ᠠᠵᠤ ᠠᠬᠤᠶᠢᠯᠠᠯ ᠢ ᠲᠡᠳᠬᠦᠨ ᠳᠡᠮᠵᠢᠬᠦ ᠪᠡᠨ ᠴᠢᠩᠭᠠᠳᠬᠠᠬᠤ ᠬᠡᠷᠡᠭᠲᠡᠢ ᠭᠡᠵᠦ ᠳᠤᠷᠠᠳᠪᠠ᠃


12.jpg


︽ᠪᠢ ᠪᠣᠯ ᠬᠣᠰᠢᠭᠤ ᠰᠢᠶᠠᠨ ᠠᠴᠠ ᠢᠷᠡᠭᠰᠡᠨ  ᠪᠠᠭ᠎ᠠ ᠠᠵᠤ ᠠᠬᠤᠶᠢᠯᠠᠯ︾ ᠂ ᠥᠪᠥᠷ ᠮᠣᠩᠭᠣᠯ ᠤᠨ ᠴᠢᠩ ᠹᠸᠩ ᠴᠢᠤᠸᠠᠨ ᠠᠷᠢᠬᠢᠨ ᠤ ᠦᠶᠯᠡᠰ ᠦᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠾᠧ ᠶᠦᠩ ᠸᠧᠶ ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠤᠴᠠᠷᠠᠭᠰᠠᠨ ᠬᠠᠸᠯᠢ ᠪᠤᠰᠤ ᠬᠠᠯᠳᠠᠯᠭ᠎ᠠ ᠶᠢᠨ ᠡᠷᠬᠡ ᠪᠡᠨ ᠬᠠᠮᠠᠭᠠᠯᠠᠭᠰᠠᠨ ᠥᠩᠭᠡᠷᠡᠯᠲᠡ ᠶᠢ ᠣᠯᠠᠨ ᠳᠤ ᠶᠠᠷᠢᠵᠤ ᠥᠭᠪᠡ ᠃ ᠲᠡᠷᠡ᠂ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ  ᠪᠠᠢᠢᠭᠤᠯᠭ᠎ᠠ ᠶᠢᠨ ᠬᠡᠷᠡᠭ ᠰᠢᠢᠳᠪᠦᠷᠢᠯᠡᠬᠦ ᠲᠦᠪᠰᠢᠨ ᠪᠣᠯᠤᠨ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢ ᠦᠨᠡᠨᠬᠦ ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠦ ᠳᠤᠷᠠᠳᠪᠠ᠃


13.jpg


ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠡᠳ᠋ ᠦᠨ ᠵᠠᠰᠠᠭ ᠠᠵᠤ ᠠᠬᠤᠶ ᠶᠢᠨ ᠵᠥᠪᠯᠡᠯ ᠦᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠶᠢᠨ ᠡᠳ᠋ ᠦᠨ ᠵᠠᠰᠠᠭ ᠠᠵᠤ ᠠᠬᠤᠶ ᠶᠢᠨ ᠠᠵᠢᠯ ᠤᠨ ᠵᠥᠪᠯᠡᠯ ᠦᠨ ᠳᠡᠳ᠋ ᠡᠷᠬᠢᠯᠡᠭᠴᠢ ᠭᠣᠸ ᠶᠠᠨ ᠢᠯᠡᠷᠬᠡᠶᠢᠯᠡᠬᠦ ᠳᠡᠭᠡᠨ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ  ᠲᠤᠭᠤᠷᠢᠨ  ᠢ ᠰᠢᠯᠢᠳᠡᠭᠵᠢᠭᠦᠯᠬᠦ ᠬᠤᠷᠠᠯ ᠤᠨ ᠳᠠᠷᠠᠭ᠎ᠠ ᠂ ᠬᠠᠮᠤᠭ ᠤᠨ ᠲᠡᠷᠢᠭᠦᠨ ᠳᠦ ᠶᠠᠷᠢᠯᠴᠠᠬᠤ ᠬᠤᠷᠠᠯ ᠬᠤᠷᠠᠯᠳᠤᠭᠤᠯᠵᠤ ᠪᠠᠢᠭ᠎ᠠ ᠨᠢ ᠂ ᠪᠠᠶᠢᠴᠠᠭᠠᠬᠤ ᠪᠠᠶᠢᠭᠤᠯᠭ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ  ᠲᠤᠭᠤᠷᠢᠨ ᠢ ᠰᠢᠯᠢᠳᠡᠭᠵᠢᠭᠦᠯᠬᠦ ᠳᠤᠮᠳᠠ ᠢᠳᠡᠪᠬᠢᠲᠡᠶ ᠪᠡᠷ ᠠᠵᠢᠯᠯᠠᠵᠤ ᠂ ᠵᠣᠷᠢᠭᠲᠠᠶ ᠪᠠᠷ ᠠᠵᠢᠯᠯᠠᠵᠤ ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ ᠡᠭᠦᠷᠭᠡᠯᠡᠵᠦ ᠪᠠᠶᠢᠬᠤ ᠶᠢ ᠬᠠᠷᠠᠭᠤᠯᠪᠠ ᠭᠡᠵᠡᠶ ᠃ ᠵᠠᠬ᠎ᠠ ᠳᠡᠯᠭᠡᠭᠦᠷ ᠦᠨ ᠠᠵᠤ ᠠᠬᠤᠶ ᠶᠢᠨ ᠡᠮᠬᠢ ᠵᠢᠷᠤᠮ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠵᠤ ᠠᠬᠤᠶᠢᠯᠠᠯ ᠤᠨ ᠬᠥᠭᠵᠢᠯᠲᠡ ᠳᠦ ᠬᠠᠤᠯᠢ ᠪᠠᠷ  ᠵᠠᠰᠠᠭᠰᠠᠨ ᠰᠠᠢᠢᠨ ᠰᠠᠶᠢᠬᠠᠨ ᠣᠷᠴᠢᠨ ᠲᠤᠭᠤᠷᠢᠨ ᠬᠠᠩᠭᠠᠬᠤ ᠶᠢ ᠪᠠᠶᠢᠴᠠᠭᠠᠬᠤ ᠪᠠᠶᠢᠭᠤᠯᠭ᠎ᠠ ᠳᠤ ᠰᠠᠨᠠᠭᠤᠯᠪᠠ᠃


14.jpg


︽ᠬᠠᠥᠯᠢ ᠪᠠᠷ ᠵᠠᠰᠠᠬᠤ ᠨᠢ ᠬᠡᠵᠢᠶᠡᠳᠡ ᠵᠤᠬᠰᠤᠰᠢ ᠦᠭᠡᠢ ᠂ ᠠᠵᠤ ᠠᠬᠤᠶᠢᠯᠠᠯᠲᠠᠨ ᠴᠤ ᠨᠡᠶᠢᠭᠡᠮ ᠦᠨ ᠬᠠᠪᠰᠤᠷᠤᠯᠭ᠎ᠠ ᠶᠢ ᠣᠯᠵᠤ᠂ ᠶᠡᠬᠡ ᠤᠷᠤᠰᠬᠠᠯ ᠤᠨ ᠳᠤᠮᠳᠠ ᠠᠴᠠ ᠴᠢᠭᠯᠡᠯ ᠢᠶᠡᠨ ᠣᠨᠣᠪᠴᠢᠲᠠᠢ ᠤᠯᠬᠤ ᠬᠡᠷᠡᠭᠲᠡᠢ︾᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠦ ᠭᠡᠰᠢᠭᠦᠨ ᠂ ᠠᠵᠤ ᠠᠬᠤᠶ ᠶᠢᠨ ᠵᠥᠪᠯᠡᠯ ᠦᠨ ᠳᠡᠳ᠋ ᠡᠷᠬᠢᠯᠡᠭᠴᠢ ᠂ ᠥᠪᠡᠷᠲᠡᠭᠡᠨ ᠵᠠᠰᠠᠬᠤ ᠣᠷᠣᠨ ᠤ ᠦᠶᠯᠡᠳᠪᠦᠷᠢ ᠬᠤᠳᠠᠯᠳᠤᠭᠠᠨ ᠤ ᠬᠣᠯᠪᠣᠭ᠎ᠠ ᠶᠢᠨ ᠳᠡᠳ᠋ ᠲᠡᠷᠢᠭᠦᠯᠡᠭᠴᠢ ᠂ ᠥᠪᠥᠷ ᠮᠣᠩᠭᠣᠯ ᠤᠨ ᠱᠢ ᠴᠢ ᠪᠦᠯᠦᠭᠯᠡᠯ ᠦᠨ ᠶᠡᠷᠦᠩᠬᠡᠶ ᠳᠠᠭᠠᠭᠠᠮᠠᠯ ᠰᠠᠢᠢᠨ᠎ᠠ ᠢᠯᠡᠷᠬᠡᠶᠢᠯᠡᠬᠦ ᠳᠡᠭᠡᠨ ᠂ ᠪᠠᠶᠢᠴᠠᠭᠠᠬᠤ    ᠪᠠᠢᠢᠭᠤᠯᠭ᠎ᠠ ᠶᠢᠨ ᠬᠠᠸᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠤᠭᠤᠷᠢᠨ  ᠢ ᠰᠢᠯᠢᠳᠡᠭᠵᠢᠭᠦᠯᠬᠦ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ ᠂ ᠡᠵᠡᠩᠨᠡᠯᠲᠡ ᠶᠢᠨ ᠣᠷᠴᠢᠨ  ᠲᠤᠭᠤᠷᠢᠨ  ᠢ ᠰᠢᠯᠢᠳᠡᠭᠵᠢᠭᠦᠯᠬᠦ ᠨᠡᠶᠢᠲᠡᠯᠢᠭ ᠬᠡᠷᠡᠭ ᠦᠨ ᠵᠢᠱᠢᠶ᠎ᠡ ᠶᠢ ᠢᠳᠡᠪᠬᠢᠲᠡᠶ ᠨᠡᠶᠢᠲᠡᠯᠡᠵᠦ ᠂ ᠠᠵᠤ ᠠᠬᠤᠶᠢᠯᠠᠯᠲᠠᠨ ᠤ ᠢᠲᠡᠭᠡᠯ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ ᠭᠡᠵᠡᠶ ᠃ ᠲᠡᠷᠡ ᠪᠠᠰᠠ ᠪᠣᠳᠠᠲᠠᠶ ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ ᠶᠠᠪᠤᠴᠠ ᠳᠤ ᠴᠥᠭᠡᠨ ᠪᠠᠷᠢᠪᠴᠢᠯᠠᠵᠤ ᠪᠣᠯᠭᠣᠮᠵᠢᠲᠠᠶ ᠵᠠᠭᠠᠯᠳᠤᠬᠤ ᠪᠣᠯᠭᠣᠮᠵᠢᠲᠠᠶ ᠬᠣᠷᠢᠬᠤ ᠲᠥᠷᠥ  ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠵᠤ ᠂ ᠠᠵᠤ ᠠᠬᠤᠶᠢᠯᠠᠯᠲᠠᠨ ᠳᠤ ᠨᠡᠩ ᠶᠡᠬᠡ ᠬᠠᠪᠰᠤᠷᠤᠯᠭ᠎ᠠ ᠦᠵᠡᠭᠦᠯᠬᠦ ᠬᠡᠷᠡᠭᠲᠡᠶ ᠭᠡᠵᠦ ᠰᠠᠨᠠᠭᠤᠯᠵᠠᠶ ᠃


15.jpg


ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠨ ᠠᠷᠠᠳ ᠤᠨ ᠡᠵᠡᠩᠨᠡᠯᠲᠡ ᠶᠢᠨ ᠠᠵᠤ  ᠠᠬᠤᠢᠯᠠᠯ ᠤᠨ ᠬᠥᠭᠵᠢᠯᠲᠡ ᠶᠢᠨ ᠭᠠᠵᠠᠷ ᠤᠨ ᠳᠡᠳ᠋ ᠳᠠᠷᠤᠭ᠎ᠠ ᠯᠢᠦᠶ ᠳ᠋ᠦᠩ ᠴᠧᠨ ᠢᠯᠡᠷᠬᠡᠶᠢᠯᠡᠬᠦ ᠳᠡᠭᠡᠨ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠶᠠᠷᠢᠯᠴᠠᠬᠤ ᠬᠤᠷᠠᠯ ᠳᠤ ᠣᠷᠣᠯᠴᠠᠬᠤ ᠪᠠᠷ ᠳᠡᠮᠵᠢᠨ ᠂ ᠲᠤᠰᠬᠠᠶ ᠬᠦᠷᠢᠶᠡᠨ ᠡᠴᠡ ᠠᠵᠤ ᠠᠬᠤᠶᠢᠯᠠᠯᠲᠠᠨ ᠤ ᠬᠠᠸᠯᠢ ᠪᠠᠷ ᠵᠠᠰᠠᠬᠤ ᠡᠵᠡᠩᠨᠡᠯᠲᠡ ᠶᠢᠨ ᠣᠷᠴᠢᠨ  ᠲᠤᠭᠤᠷᠢᠨ ᠢ ᠰᠢᠯᠢᠳᠡᠭᠵᠢᠭᠦᠯᠬᠦ ᠲᠤᠬᠠᠶ ᠰᠠᠨᠠᠯ ᠰᠠᠨᠠᠭᠤᠯᠭ᠎ᠠ ᠶᠢ ᠠᠩᠬ᠎ᠠ ᠤᠳᠠᠭ᠎ᠠ ᠰᠣᠨᠣᠰᠴᠤ ᠂ ᠲᠠᠷᠠᠭᠠᠴᠢ ᠶᠢᠨ ᠠᠯᠬᠤᠮ ᠳᠤ ᠰᠠᠶᠢᠲᠤᠷ ᠰᠤᠳᠤᠯᠤᠨ ᠬᠡᠷᠡᠭᠯᠡᠵᠦ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠴᠡ ᠬᠣᠯᠪᠣᠭᠳᠠᠯ ᠪᠥᠬᠥᠶ ᠰᠠᠯᠠᠭ᠎ᠠ ᠮᠥᠴᠢᠷ ᠲᠡᠶ ᠬᠠᠮᠵᠢᠯᠴᠠᠨ ᠡᠵᠡᠩᠨᠡᠯᠲᠡ ᠶᠢᠨ ᠣᠷᠴᠢᠨ  ᠲᠤᠭᠤᠷᠢᠨ ᠤ 3.0 ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ ᠭᠡᠵᠡᠢ᠃


16.jpg


ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠦᠨ ᠪᠤᠰᠤ ᠠᠵᠤ ᠠᠬᠤᠶ ᠶᠢᠨ ᠬᠥᠭᠵᠢᠯᠲᠡ ᠶᠢᠨ ᠦᠶᠯᠡᠴᠢᠯᠡᠭᠡᠨ ᠦ ᠲᠥᠪ ᠦᠨ ᠡᠷᠬᠢᠯᠡᠭᠴᠢ ᠫᠠᠨ ᠶᠤᠸᠠᠢ ᠵᠥᠩ ᠶᠠᠷᠢᠶᠠᠨ ᠳᠠᠭᠠᠨ ᠂ ᠪᠠᠶᠢᠴᠠᠭᠠᠬᠤ  ᠪᠠᠢᠢᠭᠤᠯᠭ᠎ᠠ ᠶᠢᠨ ᠲᠣᠰ ᠤᠳᠠᠭᠠᠨ ᠤ ᠶᠠᠷᠢᠯᠴᠠᠬᠤ ᠬᠤᠷᠠᠯ ᠢ ᠬᠤᠷᠠᠯᠳᠤᠭᠤᠯᠤᠭᠰᠠᠨ ᠶᠠᠪᠤᠳᠠᠯ ᠪᠣᠯ ᠬᠠᠸᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ  ᠲᠤᠭᠤᠷᠢᠨ  ᠢ ᠰᠢᠯᠢᠳᠡᠭᠵᠢᠭᠦᠯᠬᠦ ᠶᠢᠨ ᠪᠣᠳᠠᠲᠠᠶ ᠢᠯᠡᠷᠡᠯ ᠮᠥᠨ ᠂ ᠪᠠᠶᠢᠴᠠᠭᠠᠬᠤ  ᠪᠠᠢᠢᠭᠤᠯᠭ᠎ᠠ ᠶᠢᠨ ᠲᠥᠪ ᠭᠣᠸᠯᠴᠢ ᠢᠯᠡ ᠲᠣᠳᠣ ᠬᠠᠸᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ  ᠲᠤᠭᠤᠷᠢᠨ ᠢ ᠪᠣᠶ ᠪᠣᠯᠭᠠᠭᠰᠠᠨ ᠶᠠᠪᠤᠳᠠᠯ ᠪᠣᠯ ᠠᠷᠠᠳ ᠣᠯᠠᠨ ᠤ ᠬᠠᠯᠠᠭᠤᠨ ᠢᠶᠠᠷ ᠬᠦᠰᠡᠵᠦ ᠪᠠᠶᠢᠭ᠎ᠠ ᠪᠠᠶᠢᠳᠠᠯ  ᠳᠡᠬᠢ ᠬᠦᠴᠦᠲᠡᠶ ᠬᠠᠷᠢᠭᠤ ᠲᠤᠰᠬᠠᠯ ᠮᠥᠨ ᠃ ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠳᠠᠮᠵᠢᠭᠤᠯᠤᠨ ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠠᠸᠯᠢ ᠪᠠᠷᠢᠬᠤ ᠠᠰᠠᠭᠤᠳᠠᠯ ᠳᠤ ᠨᠠᠩ ᠣᠯᠠᠨ ᠰᠢᠶᠳᠪᠦᠷᠢᠯᠡᠬᠦ ᠲᠥᠰᠦᠯ ᠪᠠ ᠴᠢᠨᠠᠷ ᠰᠠᠶᠢᠲᠠᠶ ᠬᠠᠸᠯᠢ ᠴᠠᠭᠠᠵᠠ ᠶᠢᠨ ᠦᠶᠯᠡᠴᠢᠯᠡᠭᠡ ᠬᠠᠩᠭᠠᠬᠤ ᠶᠢ ᠬᠦᠰᠡᠵᠦ ᠪᠠᠶᠢᠨ᠎ᠠ ᠭᠡᠵᠡᠶ ᠃

ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠳ  ᠤᠨ ᠶᠠᠷᠢᠶ᠎ᠠ ᠨᠢ ᠭᠤᠷᠪᠠᠨ ᠴᠠᠭ ᠭᠠᠷᠤᠢ ᠦᠷᠭᠦᠯᠵᠢᠯᠡᠵᠦ᠂  ᠰᠦᠨᠢ ᠵᠢᠨ ᠬᠦᠰᠢᠭᠡ ᠶᠢ ᠢᠷᠠᠯ᠎ᠠ᠃


17.jpg


ᠶᠠᠷᠢᠯᠴᠠᠬᠤ ᠬᠤᠷᠠᠯ ᠤᠨ ᠲᠡᠭᠦᠰᠬᠡᠯ  ᠳᠦ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠴᠢ ᠯᠢᠨ᠂ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠦ ᠦᠢᠯᠡᠴᠢᠯᠡᠵᠦ᠂  ᠬᠠᠥᠯᠢᠵᠢᠭ᠌ᠰᠠᠨ ᠡᠵᠡᠩᠨᠡᠯᠲᠡ ᠶᠢᠨ ᠣᠷᠴᠢᠨ ᠲᠣᠭᠣᠷᠢᠨ ᠢ ᠪᠤᠢ ᠪᠣᠯᠭᠠᠬᠤ ᠪᠣᠯ ᠪᠠᠶᠢᠴᠠᠭᠠᠬᠤ  ᠪᠠᠢᠢᠭᠤᠯᠭ᠎ᠠ ᠶᠢᠨ ᠵᠠᠶᠢᠯᠠᠭᠤᠯᠵᠤ ᠪᠣᠯᠤᠰᠢ ᠦᠭᠡᠢ ᠴᠢᠬᠤᠯᠠ ᠶᠡᠬᠡ ᠬᠠᠷᠢᠭᠤᠴᠠᠯᠭ᠎ᠠ ᠪᠣᠯᠤᠨ᠎ᠠ︾ ᠭᠡᠵᠦ ᠵᠢᠭᠠᠨ ᠭᠠᠷᠭᠠᠪᠠ᠃ ᠲᠡᠷᠡ  ᠪᠠᠰᠠ ᠵᠢᠭᠠᠵᠤ ᠭᠠᠷᠭᠠᠭᠰᠠᠨ ᠨᠢ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠦ ᠦᠶᠯᠡᠴᠢᠯᠡᠵᠦ ᠪᠠᠲᠤᠯᠠᠬᠤ ︽ 15 ᠵᠦᠶᠯ ᠦᠨ ᠠᠷᠭ᠎ᠠ ᠬᠡᠮᠵᠢᠶ᠎ᠡ ︾ ᠂ ᠦᠶᠯᠡᠴᠢᠯᠡᠭᠡᠨ ᠦ ᠪᠠᠲᠤᠯᠠᠭ᠎ᠠ ᠶᠢᠨ ᠬᠠᠸᠯᠢ ᠪᠠᠷ ᠵᠠᠰᠠᠬᠤ ᠡᠵᠡᠩᠨᠡᠯᠲᠡ ᠶᠢᠨ ᠣᠷᠴᠢᠨ  ᠲᠤᠭᠤᠷᠢᠨ  ᠢ ᠰᠢᠯᠢᠳᠡᠭᠵᠢᠭᠦᠯᠬᠦ ︽ 20 ᠵᠦᠶᠯ ᠦᠨ ᠠᠷᠭ᠎ᠠ ᠬᠡᠮᠵᠢᠶ᠎ᠡ ︾ ᠵᠡᠷᠭᠡ ᠪᠢᠴᠢᠭ ᠮᠠᠲ᠋ᠧᠷᠢᠶᠠᠯ ᠢ ᠤᠷᠢᠳ ᠬᠣᠵᠢᠳ ᠨᠡᠶᠢᠲᠡᠯᠡᠵᠦ ᠂ 9 ᠨᠡᠶᠢᠲᠡᠯᠢᠭ ᠬᠡᠷᠡᠭ ᠦᠨ ᠵᠢᠱᠢᠶ᠎ᠡ ᠶᠢ ᠢᠯᠡ ᠪᠡᠷ ᠨᠡᠶᠢᠲᠡᠯᠡᠪᠡ ᠃ ᠭᠡᠪᠡᠴᠦ ᠶᠡᠷᠦᠩᠬᠡᠶ ᠳᠦᠨᠢ ᠠᠪᠴᠤ ᠦᠵᠡᠪᠡᠯ᠂ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠨᠢ ᠠᠵᠤ ᠠᠬᠤᠶᠢᠯᠠᠯᠲᠠᠨ ᠪᠣᠯᠤᠨ ᠠᠷᠠᠳ ᠤᠯᠠᠨ ᠤ ᠬᠦᠰᠡᠯ ᠡᠷᠡᠮᠡᠯᠵᠡᠯ ᠡᠴᠡ ᠪᠠᠰᠠ ᠵᠥᠷᠢᠶ᠎ᠡ ᠲᠡᠶ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ ᠳᠤᠷᠠᠳᠤᠭᠰᠠᠨ ᠰᠠᠨᠠᠯ ᠰᠠᠨᠠᠭᠤᠯᠭ᠎ᠠ ᠨᠢ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠯ᠎ᠠ ᠪᠠᠷ ᠬᠢ ᠨᠡᠩ ᠥᠨᠳᠥᠷ ᠬᠦᠰᠡᠯ ᠡᠷᠡᠮᠡᠯᠵᠡᠯ ᠢ ᠢᠯᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠠᠴᠠ ᠶᠠᠷᠢᠯᠴᠠᠬᠤ ᠬᠤᠷᠠᠯ ᠠᠴᠠ ᠳᠤᠷᠠᠳᠤᠭᠰᠠᠨ ᠰᠠᠨᠠᠯ ᠪᠠ ᠠᠰᠠᠭᠤᠳᠠᠯ ᠢ ᠪᠦᠷᠢᠨ ᠪᠦᠲᠦᠨ ᠡᠮᠬᠢᠯᠡᠵᠦ᠂ ᠨᠠᠷᠢᠨ ᠬᠢᠨᠠᠮᠠᠭᠠᠢ ᠰᠤᠳᠤᠯᠵᠤ᠂ ᠴᠢᠭᠯᠡᠭᠦᠯᠬᠦ ᠴᠢᠨᠠᠷᠲᠠᠢ ᠠᠷᠭ᠎ᠠ ᠬᠡᠮᠵᠢᠢ᠎ᠡ ᠠᠪᠴᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠣᠷᠢᠨ ᠢ ᠰᠢᠯᠢᠳᠡᠭᠵᠢᠭᠦᠯᠬᠦ ᠳᠦ ᠪᠠᠶᠢᠴᠠᠭᠠᠬᠤ ᠬᠦᠴᠦᠨ ᠢᠶᠡᠨ ᠨᠡᠮᠡᠷᠢᠯᠡᠨ᠎ᠡ᠃

ᠯᠢ ᠴᠢ ᠯᠢᠨ ᠵᠢᠭᠠᠵᠤ ᠭᠠᠷᠭᠠᠭᠰᠠᠨ ᠨᠢ ᠂ ᠬᠡᠷ ᠪᠦᠯᠢ ᠪᠣᠯ ᠨᠡᠶᠢᠭᠡᠮ ᠦᠨ ᠡᠰ ᠮᠥᠨ ᠂ ᠠᠵᠤ ᠠᠬᠤᠶᠢᠯᠠᠯ ᠪᠣᠯ ᠳᠠᠷᠤᠶ ᠠᠵᠤ ᠠᠬᠤᠶ ᠶᠢᠨ ᠡᠰ ᠮᠥᠨ ᠂ ᠠᠵᠤ ᠠᠬᠤᠶᠢᠯᠠᠯ ᠪᠠᠶᠢᠬᠤ ᠥᠬᠡᠶ ᠪᠣᠯ ᠠᠵᠤ ᠠᠬᠤᠶ ᠨᠡᠶᠢᠭᠡᠮ ᠢ ᠬᠥᠭᠵᠢᠭᠦᠯᠬᠦ ᠶᠢᠨ ᠠᠷᠭ᠎ᠠ ᠥᠬᠡᠶ ᠶᠤᠮ ᠃ ᠨᠠᠮ ᠤᠨ ᠲᠥᠪ ᠬᠣᠷᠢᠢ᠎ᠠ ᠠᠴᠠ ᠠᠷᠠᠳ ᠤᠨ ᠳᠡᠭᠡᠳᠦ ᠪᠠᠶᠢᠴᠠᠭᠠᠬᠤ ᠬᠣᠷᠢᠢ᠎ᠠ ᠬᠦᠷᠲᠡᠯ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠵᠠᠰᠠᠭ ᠤᠨ ᠣᠷᠳᠣᠨ ᠴᠥᠮ ᠠᠵᠤ ᠠᠬᠤᠶᠢᠯᠠᠯ ᠤᠨ ᠬᠥᠭᠵᠢᠯᠲᠡ ᠶᠢ ᠳᠡᠭᠡᠳᠦ ᠬᠡᠮᠵᠢᠢ᠎ᠡ ᠪᠡᠷ ᠴᠢᠬᠤᠯᠠᠴᠢᠯᠠᠵᠤ᠂ ᠠᠯᠢ ᠤᠯᠠᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤᠷᠠᠳᠴᠤ᠂ ᠠᠷᠠᠳ ᠤᠨ ᠳᠡᠭᠡᠳᠦ ᠪᠠᠶᠢᠴᠠᠭᠠᠬᠤ ᠬᠣᠷᠢᠢ᠎ᠠ ᠠᠯᠢ ᠡᠷᠲᠡ ᠡᠴᠡ ᠪᠣᠯᠭᠣᠮᠵᠢᠲᠠᠢ  ᠪᠠᠷᠢᠪᠴᠢᠯᠠᠵᠤ ᠪᠣᠯᠭᠣᠮᠵᠢᠲᠠᠢ ᠵᠠᠭᠠᠯᠳᠤᠵᠤ ᠪᠤᠯᠭᠤᠮᠵᠢᠲᠠᠢ ᠬᠣᠷᠢᠬᠤ  ᠤᠨᠤᠯᠵᠢᠬᠤᠨ ᠢ ᠳᠤᠷᠠᠳᠤᠭᠰᠠᠨ ᠪᠠᠶᠢᠨ᠎ᠠ᠃ ᠪᠢᠳᠡ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠢᠨᠠᠭᠤᠷ ᠪᠣᠯᠭᠣᠮᠵᠢᠲᠠᠢ ᠳᠠᠷᠤᠤ ᠬᠢᠴᠢᠶᠡᠩᠭᠦᠢ ᠵᠢᠷᠤᠮᠵᠢᠭᠰᠠᠨ ᠪᠣᠯᠪᠠᠰᠤᠨ ᠬᠠᠤᠯᠢ ᠴᠠᠭᠠᠵᠠ ᠶᠢᠨ  ᠤᠨᠤᠯᠵᠢᠬᠤᠨ ᠢ ᠪᠠᠲᠤ ᠪᠡᠬᠢ ᠪᠤᠢ ᠪᠣᠯᠭᠠᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠬᠡ ᠲᠠᠯ᠎ᠠ ᠳᠤ ᠰᠠᠶᠢᠲᠤᠷ ᠦᠢᠯᠡᠴᠢᠯᠡᠬᠦ ᠬᠡᠷᠡᠭᠲᠡᠢ᠃

 ︽ᠪᠢᠳᠡ ᠬᠡᠷᠡᠭ  ᠢ ᠰᠢᠶᠳᠪᠦᠷᠢᠯᠡᠵᠦ ᠪᠠᠶᠢᠭ᠎ᠠ ᠨᠢ ᠳᠠᠷᠤᠶ ᠲᠤᠬᠠᠶ  ᠶᠢᠨ ᠬᠥᠮᠦᠨ ᠦ ᠠᠮᠢᠳᠤᠷᠠᠯ  ᠢ ᠰᠢᠶᠳᠪᠦᠷᠢᠯᠡᠵᠦ ᠪᠠᠶᠢᠭ᠎ᠠ ᠶᠠᠪᠤᠳᠠᠯ ᠮᠥᠨ ᠂ ᠪᠠᠰᠠ ᠴᠤ ᠠᠵᠤ ᠠᠬᠤᠶᠢᠯᠠᠯ ᠤᠨ ᠠᠮᠢᠳᠤᠷᠠᠯ  ᠢ ᠰᠢᠶᠳᠪᠦᠷᠢᠯᠡᠵᠦ ᠪᠠᠶᠢᠭ᠎ᠠ ᠶᠠᠪᠤᠳᠠᠯ ᠮᠥᠨ ᠂ ᠡᠷᠬᠡ ᠲᠡᠭᠰᠢ ᠪᠤᠰᠤ ᠭᠣᠣᠯᠴᠢ ᠪᠤᠰᠤ ᠪᠠᠷ ᠰᠢᠶᠳᠪᠦᠷᠢᠯᠡᠪᠡᠯ ᠠᠵᠤ ᠠᠬᠤᠶᠢᠯᠠᠯ  ᠢ ᠳᠠᠮᠫᠤᠷᠠᠭᠤᠯᠵᠤ ᠦᠬᠦᠭᠦᠯᠵᠦ ᠮᠡᠳᠡᠨ᠎ᠡ ︾᠃ ᠯᠢ ᠴᠢ ᠯᠢᠨ᠂ ᠪᠠᠶᠢᠴᠠᠭᠠᠬᠤ ᠪᠠᠢᠢᠭᠤᠯᠭ᠎ᠠ  ᠡᠷᠬᠡ ᠶᠢᠨ ᠵᠠᠭᠠᠭ ᠬᠢᠵᠠᠭᠠᠷ ᠢ ᠰᠠᠶᠢᠲᠤᠷ ᠰᠠᠬᠢᠬᠤ ᠪᠠᠷ ᠪᠠᠷᠠᠬᠤ ᠦᠭᠡᠢ ᠪᠠᠰᠠ ᠨᠡᠶᠢᠭᠡᠮ ᠦᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠵᠦ᠂ ᠡᠭᠦᠷᠭᠡ ᠲᠤᠰᠢᠶᠠᠯ ᠢᠶᠠᠨ ᠴᠢᠳᠠᠮᠠᠭᠠᠢ ᠪᠠᠷ ᠭᠦᠢᠴᠡᠳᠬᠡᠵᠦ᠂ ᠠᠵᠢᠯ ᠤᠨ ᠬᠡᠪᠴᠢᠢ᠎ᠡ ᠪᠡᠨ ᠲᠠᠰᠤᠷᠠᠯᠲᠠ ᠦᠭᠡᠢ ᠥᠷᠭᠡᠳᠬᠡᠵᠦ᠂ ᠠᠵᠤ ᠠᠬᠤᠶᠢᠯᠠᠯ ᠳᠤ ᠬᠣᠯᠪᠣᠭᠳᠠᠭᠰᠠᠨ ᠬᠡᠷᠡᠭ ᠢ ᠰᠢᠢᠳᠪᠦᠷᠢᠯᠡᠬᠦ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠬᠠᠥᠯᠢᠵᠢᠭ᠌ᠰᠠᠨ ᠡᠵᠡᠩᠨᠡᠯᠲᠡ ᠶᠢᠨ ᠣᠷᠴᠢᠨ ᠲᠣᠭᠣᠷᠢᠨ ᠢ ᠰᠢᠯᠢᠳᠡᠭᠵᠢᠭᠦᠯᠬᠦ ᠳᠦ ᠨᠡᠩ ᠣᠨᠣᠪᠴᠢᠲᠠᠢ ᠪᠠᠷ ᠬᠦᠴᠦ ᠨᠡᠮᠡᠷᠢᠯᠡᠬᠦ ᠬᠡᠷᠡᠭᠲᠡᠢ ᠭᠡᠵᠦ ᠢᠯᠡᠳᠬᠡᠪᠡ᠃

ᠡᠭᠦᠳᠡ ᠪᠡᠨ ᠨᠡᠭᠡᠭᠡᠵᠦ ᠢᠳᠬᠠᠯ ᠠᠪᠬᠤ ᠶᠠᠷᠢᠯᠴᠠᠬᠤ ᠬᠤᠷᠠᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠣᠷᠢᠢ᠎ᠠ ᠶᠢᠨ ᠪᠠᠶᠢᠷᠢᠯᠠᠭᠤᠯᠤᠨ ᠥᠷᠨᠢᠭᠦᠯᠦᠭᠰᠡᠨ︽ᠬᠣᠷᠢᠳᠤᠭᠠᠷ ᠶᠡᠬᠡ ᠬᠤᠷᠠᠯ ᠢ ᠤᠭᠲᠤᠵᠤ᠂ ᠬᠠᠥᠯᠢᠵᠢᠭ᠌ᠰᠠᠨ ᠡᠵᠡᠩᠨᠡᠯᠲᠡ ᠶᠢᠨ ᠣᠷᠴᠢᠨ ᠲᠣᠭᠣᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠦ ᠦᠢᠯᠡᠴᠢᠯᠡᠵᠦ ᠪᠠᠲᠤᠯᠠᠬᠤ︾ ᠶᠡᠬᠡ ᠶᠠᠷᠢᠯᠴᠠᠭᠠᠨ ᠤ ᠠᠵᠢᠯᠯᠠᠭ᠎ᠠ ᠶᠢᠨ ᠴᠢᠬᠤᠯᠠ ᠠᠭᠤᠯᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠡᠨᠡᠬᠦ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ ᠂ ᠤᠳᠤᠷᠢᠳᠬᠤ ᠳᠤᠭᠤᠶᠢᠯᠠᠩ ᠪᠠ ᠠᠵᠢᠯ ᠤᠨ ᠲᠤᠰᠬᠠᠶ ᠠᠩᠭᠢ ᠪᠠᠶᠢᠭᠤᠯᠤᠨ ᠂ ᠶᠡᠬᠡ ᠶᠠᠷᠢᠯᠴᠠᠭᠠᠨ ᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠥ ᠬᠦᠴᠦᠨ ᠢᠶᠡᠷ ᠢᠶᠡᠨ ᠳᠥᠯᠭᠢᠨ ᠠᠬᠢᠭᠤᠯᠪᠠ ᠃ ᠲᠣᠰ ᠠᠵᠢᠯᠯᠠᠭ᠎ᠠ ᠨᠢ 2022 ᠣᠨ ᠤ 2 ᠰᠠᠷ᠎ᠠ ᠶᠢᠨ ᠳᠤᠮᠳᠠᠴᠢ ᠠᠴᠠ ᠰᠠᠷ᠎ᠠ ᠬᠠᠭᠠᠰ ᠣᠷᠴᠢᠮ ᠶᠠᠪᠤᠭᠳᠠᠵᠤ᠂ 3 ᠰᠠᠷ᠎ᠠ ᠶᠢᠨ ᠰᠡᠭᠦᠯᠴᠢ  ᠳᠦ ᠳᠠᠭᠤᠰᠤᠨ᠎ᠠ ᠃




ᠢᠷᠡᠯᠲᠡ
ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠢᠢᠴᠠᠭᠠᠬᠤ ᠬᠤᠷᠢᠶ᠎ᠠ ᠵᠢᠨ ᠤᠷᠴᠢᠭᠤᠯᠭ᠎ᠠ ᠵᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro