ᠦᠨᠳᠦᠷᠯᠢᠭ ᠲᠦ ᠳᠠᠪᠬᠢᠭᠰᠠᠨ ᠬᠤᠤᠷᠲᠦ ᠡᠳ᠋ ᠢ ᠴᠠᠭᠠᠵᠠᠯᠠᠬᠤ ᠨᠡᠶᠢᠲᠠ ᠵᠢᠨ ᠠᠰᠢᠭ ᠤᠨ ᠬᠥᠩᠭᠡᠨ ᠮᠤᠷᠢᠲᠤ ᠴᠡᠷᠢᠭ ᠦᠨ ᠦᠢᠯᠡ ᠠᠵᠢᠯᠯᠠᠭ᠎ᠠ ᠵᠢᠨ ᠲᠤᠬᠠᠢ
—— ᠣᠷᠳᠣᠰ ᠬᠤᠲᠠ ᠶᠢᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠯᠧᠺᠲ᠋ᠣᠷ ᠤᠨ ᠪᠦᠯᠬᠦᠮ ᠢ ᠲᠡᠮᠳᠡᠭᠯᠡᠬᠦ ᠨᠢ
ᠥᠨᠳᠦᠷᠯᠢᠭ ᠲᠤ ᠳᠠᠪᠬᠢᠵᠤ ᠪᠠᠶᠢᠭ᠎ᠠ ᠨᠡᠶᠢᠲᠡ ᠶᠢᠨ ᠠᠰᠢᠭ ᠤᠨ ᠬᠤᠣᠷ ᠴᠠᠭᠠᠵᠠᠯᠠᠬᠤ ᠬᠥᠩᠭᠡᠨ ᠮᠣᠷᠢᠲᠤ ᠴᠡᠷᠢᠭ ᠭᠡᠳᠡᠭ ᠨᠢ ᠣᠷᠳᠣᠰ ᠬᠤᠲᠠ ᠶᠢᠨ ᠬᠤᠣᠷ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠯᠧᠺᠲ᠋ᠣᠷ ᠤᠨ ᠪᠦᠯᠬᠦᠮ ᠢ ᠵᠢᠭᠠᠵᠤ ᠪᠠᠶᠢᠨ᠎ᠠ᠃ ᠬᠤᠣᠷ ᠴᠠᠭᠠᠵᠠᠯᠠᠬᠤ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠪᠠᠰᠠ ᠲᠤᠰ ᠯᠧᠺᠲ᠋ᠣᠷ ᠤᠨ ᠪᠦᠯᠬᠦᠮ ᠤᠨ ᠭᠡᠰᠢᠭᠦᠨ ᠨᠢᠭᠡᠪᠦᠷᠢ ᠶᠢᠨ ᠡᠭᠦᠷᠭᠡ ᠬᠠᠷᠢᠴᠠᠭᠤᠯᠭ᠎ᠠ ᠮᠥᠨ ᠃ ᠣᠶᠢᠷ᠎ᠠ ᠶᠢᠨ ᠡᠳᠣᠷ ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠡᠳ᠋ ᠪᠠᠶᠢᠴᠠᠭᠠᠬᠤ ᠳᠠᠷᠤᠭ᠎ᠠ ᠰᠦ ᠯᠢ ᠬᠤᠩ ᠠᠵᠢᠯ ᠤᠨ ᠱᠠᠭᠠᠷᠳᠠᠯᠭ᠎ᠠ ᠪᠠᠷ ᠣᠷᠳᠣᠰ ᠬᠤᠲᠠ ᠶᠢᠨ ᠷᠠᠳᠢᠣ᠋ ᠲᠧᠯᠸᠢᠰ ᠤᠨ ᠦᠷᠲᠡᠭᠡ ᠪᠠᠷ ᠳᠡᠮᠵᠢᠨ ᠰᠣᠨᠣᠰᠤᠭᠴᠢᠳ ᠲᠤ ᠬᠤᠣᠷᠲᠤ ᠡᠳ᠋ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠯᠧᠺᠲ᠋ᠣᠷ ᠤᠨ ᠪᠦᠯᠬᠦᠮ ᠢ ᠣᠶᠢᠯᠠᠭᠠᠭᠤᠯᠵᠤ᠂ ᠡᠭᠦᠨ ᠤ ᠬᠠᠮᠲᠤ ᠰᠤᠨᠤᠰᠤᠭᠴᠢᠳ ᠲᠤ ᠵᠠᠷᠢᠮ ᠬᠤᠣᠷᠲᠤ ᠡᠳ᠋ ᠲᠠᠢ ᠬᠤᠯᠪᠣᠭᠳᠠᠭᠰᠠᠨ ᠦᠨᠳᠦᠰᠦᠨ ᠬᠠᠤᠯᠢ ᠴᠠᠭᠠᠵᠠ ᠶᠢᠨ ᠮᠡᠳᠡᠯᠭᠡ ᠶᠢ ᠲᠠᠨᠢᠯᠴᠠᠭᠤᠯᠪᠠ ᠃᠂ ᠪᠠᠶᠢᠴᠠᠭᠠᠬᠤ ᠪᠠᠶᠢᠭᠤᠯᠭ᠎ᠠ ᠨᠢ ᠤᠯᠤᠰ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠᠶᠢᠭᠤᠯᠭ᠎ᠠ ᠪᠣᠯᠤᠭᠰᠠᠨ ᠤ ᠬᠤᠪᠢ ᠳᠤ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠶᠢ ᠬᠢᠨᠠᠨ ᠪᠠᠶᠢᠴᠠᠭᠠᠬᠤ᠂ ᠠᠯᠪᠠᠨ ᠵᠠᠭᠠᠯᠳᠤᠯᠭ᠎ᠠ ᠬᠢᠬᠦ ᠲᠤᠰᠢᠶᠠᠯ ᠬᠠᠷᠢᠭᠤᠴᠠᠯᠭ᠎ᠠ ᠲᠠᠢ ᠃ ᠡᠭᠦᠨ ᠤ ᠬᠠᠮᠲᠤ ᠨᠠᠰᠤᠨ ᠳᠤ ᠦᠯᠤ ᠬᠥᠷᠦᠭᠰᠡᠳ ᠢ ᠪᠠᠶᠢᠴᠠᠭᠠᠬᠤ ᠠᠵᠢᠯ ᠢ ᠬᠤᠪᠢᠳᠠᠨ ᠬᠠᠮᠢᠶᠠᠷᠴᠤ᠂ ᠨᠠᠰᠤᠨ ᠳᠤ ᠦᠯᠤ ᠬᠥᠷᠦᠭᠰᠡᠳ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠢᠬᠦ ᠲᠠᠯ᠎ᠠ ᠪᠠᠷ ᠴᠤ ᠳᠤᠲᠠᠭᠳᠠᠵᠤ ᠪᠣᠯᠤᠰᠢ ᠦᠭᠡᠢ ᠶᠤᠮ ᠃
ᠣᠷᠳᠣᠰ ᠬᠤᠲᠠ ᠶᠢᠨ ᠬᠤᠤᠷ ᠴᠠᠭᠠᠵᠠᠯᠠᠬᠤ ᠵᠥᠪᠯᠡᠯ ᠨᠡᠶᠢᠭᠡᠮ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠤᠨ ᠬᠤᠤᠷ ᠴᠠᠭᠠᠵᠠᠯᠠᠬᠤ ᠲᠡᠮᠡᠴᠡᠯ ᠳᠤ ᠣᠷᠣᠯᠴᠠᠭᠤᠯᠬᠤ᠂ ᠨᠤᠲᠤᠭ ᠪᠡᠯᠴᠢᠭᠡᠷ ᠤᠨ ᠬᠤᠤᠷ ᠴᠠᠭᠠᠵᠠᠯᠠᠬᠤ ᠠᠷᠠᠳ ᠤᠨ ᠲᠡᠶᠢᠨ ᠤ ᠬᠠᠷᠢᠴᠠᠯᠠᠰᠢ ᠥᠬᠡᠶ ᠢᠯᠠᠯᠲᠠ ᠶᠢ ᠡᠷᠡᠰ ᠲᠡᠮᠡᠴᠡᠨ ᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ 2016 ᠣᠨ ᠤ 3 ᠳ᠋ᠤᠭᠠᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠤᠷ ᠴᠠᠭᠠᠵᠠᠯᠠᠬᠤ ᠨᠡᠶᠢᠲᠡ ᠶᠢᠨ ᠠᠰᠢᠭ ᠤᠨ ᠯᠧᠺᠲ᠋ᠣᠷ ᠤᠨ ᠪᠦᠯᠬᠦᠮ — ᠣᠷᠳᠣᠰ ᠬᠤᠲᠠ ᠶᠢᠨ ᠬᠤᠤᠷ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠯᠧᠺᠲ᠋ᠣᠷ ᠤᠨ ᠪᠦᠯᠬᠦᠮ ᠢ ᠵᠢᠩᠬᠢᠨᠢ ᠪᠠᠷ ᠪᠠᠶᠢᠭᠤᠯᠪᠠ᠃ ᠯᠧᠺᠲ᠋ᠣᠷ ᠤᠨ ᠪᠦᠯᠬᠦᠮ ᠢ ᠪᠠᠶᠢᠭᠤᠯᠬᠤ ᠶᠢᠨ ᠵᠣᠷᠢᠯᠭ᠎ᠠ ᠪᠣᠯ ᠳᠠᠷᠤᠶ ᠡᠯ᠎ᠡ ᠵᠦᠢᠯ ᠤᠨ ᠬᠡᠯᠪᠡᠷᠢ ᠪᠠᠷ ᠳᠠᠮᠵᠢᠭᠤᠯᠤᠨ ᠬᠤᠣᠷᠲᠤ ᠡᠳ᠋ ᠤᠨ ᠪᠠᠶᠢᠳᠠᠯ ᠢ ᠤᠬᠠᠭᠤᠯᠤᠨ ᠲᠠᠶᠢᠯᠪᠤᠷᠢᠯᠠᠵᠤ᠂ ᠤᠬᠠᠭᠤᠯᠵᠤ᠂ ᠲᠠᠨᠢᠯᠴᠠᠭᠤᠯᠵᠤ᠂ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠶᠢ ᠲᠦᠭᠡᠮᠡᠯᠵᠢᠭᠦᠯᠦᠨ᠂ ᠬᠤᠣᠷᠲᠤ ᠡᠳ᠋ ᠢ ᠴᠠᠭᠠᠵᠠᠯᠠᠬᠤ ᠦᠵᠡᠯᠲᠡ ᠶᠢ ᠤᠯᠠᠮᠵᠢᠯᠠᠵᠤ᠂ ᠬᠤᠣᠷᠲᠤ ᠡᠳ᠋ ᠢ ᠴᠠᠭᠠᠵᠠᠯᠠᠬᠤ ᠬᠠᠤᠯᠢ ᠲᠣᠭᠲᠠᠭᠠᠯ ᠢ ᠤᠬᠠᠭᠤᠯᠵᠤ᠂ ᠪᠦᠬᠦ ᠠᠷᠠᠳ ᠢ ᠳᠠᠶᠢᠴᠢᠯᠠᠨ ᠬᠤᠣᠷᠲᠤ ᠡᠳ᠋ ᠢ ᠴᠠᠭᠠᠵᠠᠯᠠᠵᠤ᠂ ᠪᠦᠬᠦ ᠠᠷᠠᠳ ᠤᠨ ᠬᠤᠣᠷᠲᠤ ᠡᠳ᠋ ᠢ ᠴᠠᠭᠠᠵᠠᠯᠠᠬᠤ ᠤᠬᠠᠮᠰᠠᠷ ᠢ ᠴᠢᠩᠭᠠᠳᠬᠠᠵᠤ᠂ ᠠᠷᠠᠳ ᠢᠷᠭᠡᠳ ᠤᠨ ᠬᠤᠣᠷᠲᠤ ᠡᠳ᠋ ᠵᠢᠴᠢ ᠲᠡᠭᠦᠨ ᠤ ᠬᠤᠣᠷ ᠬᠥᠨᠥᠭᠡᠯ ᠢ ᠲᠠᠨᠢᠨ ᠮᠡᠳᠡᠬᠦ ᠴᠢᠳᠠᠪᠤᠷᠢ ᠪᠠ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠠᠷᠠᠳ ᠨᠡᠶᠢᠲᠡ ᠪᠠᠷ ᠢᠶᠠᠨ ᠬᠤᠣᠷᠲᠤ ᠡᠳ᠋ ᠢ ᠡᠰᠡᠷᠭᠦᠴᠡᠨ ᠬᠤᠷᠢᠭᠯᠠᠬᠤ᠂ ᠬᠤᠣᠷᠲᠤ ᠡᠳ᠋ ᠢ ᠴᠠᠭᠠᠵᠠᠯᠠᠬᠤ ᠳᠤ ᠣᠷᠣᠯᠴᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠬᠤᠣᠷᠲᠤ ᠡᠳ᠋ ᠤᠨ ᠬᠡᠷᠡᠭᠴᠡᠭᠡ ᠪᠠ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠦᠯᠦᠭᠡ ᠶᠤᠮ ᠃
ᠯᠧᠺᠲ᠋ᠣᠷ ᠢ ᠰᠢᠯᠢᠨ ᠰᠣᠩᠭᠤᠬᠤ ᠶᠢᠨ ᠱᠠᠭᠠᠷᠳᠠᠯᠭ᠎ᠠ ᠪᠣᠯ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠥᠷᠥ ᠶᠢᠨ ᠪᠣᠳᠣᠯᠭ᠎ᠠ ᠶᠢᠨ ᠣᠨᠣᠯ ᠤᠨ ᠬᠢᠷᠢ ᠬᠡᠮᠵᠢᠶ᠎ᠡ ᠪᠠᠷ ᠥᠨᠳᠥᠷ᠂ ᠦᠭᠡ ᠬᠡᠯᠡᠨ ᠤ ᠢᠯᠡᠳᠬᠡᠬᠦ ᠴᠢᠳᠠᠪᠤᠷᠢ ᠪᠠᠷ ᠰᠠᠶᠢᠨ ᠮᠥᠷᠲᠡᠭᠡᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠠᠤᠯᠢ ᠴᠠᠭᠠᠵᠠ ᠶᠢᠨ ᠮᠡᠳᠡᠯᠭᠡ ᠶᠢ ᠪᠣᠯᠪᠠᠰᠤᠷᠠᠩᠭᠤᠶ ᠡᠵᠡᠮᠰᠢᠵᠦ᠂ ᠨᠡᠶᠢᠭᠡᠮ ᠨᠡᠶᠢᠲᠡ ᠶᠢᠨ ᠠᠰᠢᠭ ᠪᠠ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠤᠨ ᠲᠠᠶᠢᠯᠪᠤᠷᠢᠯᠠᠬᠤ ᠳᠤ ᠬᠠᠯᠠᠭᠤᠨ ᠰᠡᠳᠬᠢᠯ ᠲᠠᠢ ᠪᠠᠶᠢᠬᠤ ᠬᠡᠷᠡᠭᠲᠡᠶ᠃ ᠤᠷᠳᠤᠰ ᠬᠤᠲᠠ ᠶᠢᠨ ᠶᠢᠰᠦᠨ ᠬᠤᠰᠢᠭᠤ ᠲᠣᠭᠤᠷᠢᠭ ᠲᠤ ᠴᠥᠮ ᠵᠣᠬᠢᠬᠤ ᠲᠣᠭᠠᠨ ᠤ ᠯᠧᠺᠲ᠋ᠣᠷ ᠲᠠᠢ ᠪᠠᠶᠢᠵᠤ᠂ ᠬᠤᠰᠢᠭᠤ ᠲᠣᠭᠤᠷᠢᠭ ᠨᠢᠭᠡᠪᠦᠷᠢ ᠴᠥᠮ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠬᠦ ᠳᠤ ᠲᠥᠬᠦᠮ ᠦᠵᠡᠭᠦᠯᠬᠦ ᠶᠢ ᠦᠨᠡᠨ ᠬᠦ ᠪᠠᠲᠤᠯᠠᠵᠤ᠂ ᠵᠢᠷᠭᠤᠭᠠᠨ ᠵᠢᠯ ᠰᠡᠳᠬᠢᠯ ᠲᠠᠯᠪᠢᠨ ᠡᠵᠡᠩᠨᠡᠬᠦ ᠪᠠᠷ ᠳᠡᠮᠵᠢᠨ᠂ ᠯᠧᠺᠲ᠋ᠣᠷ ᠤᠨ ᠪᠦᠯᠬᠦᠮ ᠤᠨ ᠪᠦᠷᠢᠯᠳᠦᠬᠦᠨ ᠢ ᠬᠠᠮᠤᠭ ᠠᠩᠬᠠᠨ ᠤ 13 ᠬᠥᠮᠦᠨ ᠪᠠᠶᠢᠭᠰᠠᠨ ᠠᠴᠠ ᠥᠨᠥᠳᠦᠷ 64 ᠬᠥᠮᠦᠨ ᠪᠣᠯᠭᠠᠨ ᠬᠥᠭᠵᠢᠭᠦᠯᠵᠦ᠂ ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠺᠠᠳ᠋ᠷ᠂ ᠠᠵᠢᠯ ᠳᠤ ᠪᠠᠶᠢᠭ᠎ᠠ ᠠᠯᠪᠠᠲᠠᠨ᠂ ᠪᠠᠭᠰᠢ᠂ ᠬᠠᠤᠯᠢᠴᠢ᠂ ᠵᠣᠬᠢᠶᠠᠯᠴᠢ᠂ ᠤᠷᠠᠨ ᠪᠢᠴᠢᠯᠭᠡᠲᠡᠨ᠂ ᠰᠤᠷᠭᠠᠭᠤᠯᠢ ᠳᠤ ᠪᠠᠶᠢᠭ᠎ᠠ ᠰᠣᠷᠣᠭᠴᠢ ᠵᠡᠷᠭᠡ ᠡᠯ᠎ᠡ ᠠᠵᠢᠯ ᠲᠥᠷᠥᠯ ᠤᠨ ᠬᠥᠮᠦᠰ ᠲᠠᠢ ᠪᠣᠯᠭᠠᠵᠠᠶ᠃ ᠬᠤᠤᠷ ᠴᠠᠭᠠᠵᠠᠯᠠᠬᠤ ᠠᠵᠢᠯ ᠤᠨ ᠠᠯᠪᠠᠨ ᠭᠡᠷ ᠪᠠᠰᠠ ᠣᠷᠳᠣᠰ ᠬᠤᠲᠠ ᠶᠢᠨ ᠬᠡᠪᠴᠢᠶᠡᠨ ᠳᠤ ᠲᠣᠬᠢᠶᠠᠯᠳᠤᠯ ᠢᠶᠠᠷ ᠯᠧᠺᠲ᠋ᠣᠷ ᠲᠣᠮᠢᠯᠠᠵᠤ ᠪᠣᠯᠤᠨ᠎ᠠ ᠃ ᠵᠢᠱᠢᠶᠡᠯᠡᠪᠡᠯ ᠣᠶᠢᠷ᠎ᠠ ᠳᠤ ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠵᠢᠨ ᠯᠧᠺᠲ᠋ᠣᠷ ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠲᠠᠶᠢᠯᠤᠮᠵᠢ ᠬᠢᠭᠰᠡᠨ ᠶᠤᠮ ᠃ ᠤᠴᠢᠷ ᠨᠢ ᠲᠡᠳᠡᠨᠡᠷ ᠴᠥᠮ ᠬᠤᠣᠷᠲᠤ ᠡᠳ᠋ ᠤᠨ ᠬᠡᠷᠡᠭ ᠤᠨ ᠰᠢᠳᠬᠡᠭᠴᠢ ᠳᠤ ᠲᠣᠭᠠᠴᠠᠭᠳᠠᠨ᠎ᠠ ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠣᠷᠲᠤ ᠡᠳ᠋ ᠤᠨ ᠬᠡᠷᠡᠭ ᠢ ᠢᠯᠡᠷᠡᠭᠦᠯᠬᠦ ᠪᠠ ᠲᠤᠷᠰᠢᠨ ᠪᠠᠶᠢᠴᠠᠭᠠᠬᠤ ᠶᠢ ᠬᠠᠷᠢᠭᠤᠴᠠᠵᠤ᠂ ᠯᠧᠺᠲ᠋ᠣᠷ ᠵᠠᠭᠠᠯᠳᠤᠯᠭ᠎ᠠ ᠶᠢ ᠬᠢᠨᠠᠨ ᠪᠠᠶᠢᠴᠠᠭᠠᠬᠤ ᠪᠠ ᠰᠢᠭᠦᠯᠲᠡ ᠳᠤ ᠣᠷᠣᠯᠴᠠᠨ ᠠᠯᠪᠠᠨ ᠵᠠᠭᠠᠯᠳᠤᠯᠭ᠎ᠠ ᠬᠢᠬᠦ ᠶᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠰᠢᠭᠦᠬᠦ ᠬᠤᠷᠢᠶᠠᠨ ᠤ ᠬᠡᠷᠡᠭ ᠰᠢᠳᠬᠡᠭᠰᠡᠨ ᠳᠤ ᠬᠠᠤᠯᠢ ᠴᠠᠭᠠᠵᠠ ᠶᠢᠨ ᠬᠢᠨᠠᠯᠲᠠ ᠲᠠᠯᠪᠢᠨ᠎ᠠ᠃ ᠲᠠᠶᠢᠯᠤᠮᠵᠢ ᠶᠢᠨ ᠬᠢᠴᠢᠶᠡᠯ ᠠᠴᠠ ᠰᠣᠯᠢᠯᠴᠠᠭ᠎ᠠ ᠶᠢᠨ ᠦᠷ᠎ᠡ ᠪᠦᠲᠦᠮᠵᠢ ᠨᠢ ᠴᠦ ᠮᠠᠰᠢ ᠰᠠᠶᠢᠨ ᠪᠠᠶᠢᠵᠠᠢ ᠃
ᠯᠧᠺᠲ᠋ᠣᠷ ᠤᠨ ᠪᠦᠯᠬᠦᠮ ᠴᠠ ᠭᠡᠰᠢᠭᠦᠳ ᠰᠦᠯᠵᠢᠶᠠᠨ ᠭᠠᠳᠠᠨ᠎ᠠ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠬᠦ ᠠᠴᠠ ᠭᠠᠳᠠᠨ᠎ᠠ ᠪᠠᠰᠠ ᠸᠢᠴᠠᠲ᠂ ᠪᠢᠴᠢᠯ ᠪᠦᠷᠭᠡ᠂ ᠰᠢᠭᠤᠳ ᠨᠡᠪᠲᠡᠷᠡᠭᠦᠯᠭᠡ ᠶᠢᠨ ᠲᠠᠪᠴᠠᠩ ᠢ ᠠᠰᠢᠭᠯᠠᠨ ᠰᠦᠯᠵᠢᠶᠡᠨ ᠳᠡᠭᠡᠷ᠎ᠡ ᠬᠤᠣᠷᠲᠤ ᠡᠳ᠋ ᠢ ᠴᠠᠭᠠᠵᠠᠯᠠᠬᠤ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠪᠡ᠃ ᠢᠯᠠᠩᠭᠤᠶ᠎ᠠ 2020 ᠣᠨ ᠤ ᠡᠬᠢᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠬᠤᠲᠠ ᠶᠢᠨ ᠲᠧᠯᠸᠢᠰ ᠬᠤᠷᠢᠶ᠎ᠠ ᠳᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠬᠤᠤᠷ ᠴᠠᠭᠠᠵᠠᠯᠠᠬᠤ ᠢᠯᠡ ᠬᠢᠴᠢᠶᠡᠯ︾ ᠢ ᠡᠬᠢᠯᠡᠨ ᠨᠡᠪᠲᠡᠷᠡᠭᠦᠯᠵᠦ᠂ ᠪᠥᠬᠦ ᠬᠤᠲᠠ ᠶᠢᠨ 40.25 ᠲᠦᠮᠡᠨ ᠪᠠᠭᠰᠢ ᠰᠤᠷᠤᠭᠴᠢᠳ ᠲᠤ ᠬᠤᠤᠷ ᠴᠠᠭᠠᠵᠠᠯᠠᠬᠤ ᠮᠡᠳᠡᠯᠭᠡ ᠶᠢ ᠵᠢᠭᠠᠵᠤ ᠥᠭᠭᠦᠭᠰᠡᠨ ᠪᠠᠶᠢᠨ᠎ᠠ᠃
ᠡᠭᠦᠨ ᠳᠤ ᠣᠨᠴᠠᠭᠠᠶᠢᠯᠠᠨ ᠲᠠᠨᠢᠯᠴᠠᠭᠤᠯᠤᠭᠤᠰᠢᠲᠠᠶ ᠨᠢ ᠯᠧᠺᠲ᠋ᠣᠷ ᠤᠨ ᠪᠦᠯᠬᠦᠮ ᠤᠨ ᠯᠧᠺᠲ᠋ᠣᠷ —— ᠪᠡᠭᠡᠵᠢᠩ ᠤᠨ ᠬᠤᠸᠠᠰᠢᠶᠠ ᠶᠢᠨ ᠰᠢᠯᠦᠭᠴᠢᠳ ᠤᠨ ᠬᠤᠯᠪᠣᠭᠠᠨ ᠤ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠤᠨ ᠬᠤᠸᠠᠰᠢᠶᠠ ᠶᠢᠨ ᠰᠢᠯᠦᠭᠴᠢᠳ ᠤᠨ ᠬᠤᠯᠪᠣᠭᠠᠨ ᠤ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠤᠨ ᠣᠷᠳᠣᠰ ᠬᠤᠲᠠ ᠶᠢᠨ ᠬᠤᠪᠢᠶᠠᠷᠢ ᠬᠦᠷᠢᠶᠡᠯᠡᠩ ᠤᠨ ᠳᠠᠷᠤᠭ᠎ᠠ ᠰᠦᠨ ᠸᠧᠨ ᠴᠢᠤᠸᠠᠨ ᠨᠥᠬᠦᠷ ᠥᠪᠡᠷ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ︽ᠡᠷᠡᠭᠦᠯ ᠴᠢᠭᠢᠷᠠᠭ ᠬᠥᠮᠦᠨ ᠤ ᠠᠮᠢᠳᠤᠷᠠᠯ ᠂ ᠪᠣᠬᠢᠷᠲᠤᠯ ᠥᠬᠡᠶ ᠬᠤᠤᠷ ᠥᠬᠡᠶ︾᠂ ︽ᠠᠮᠢ ᠨᠠᠰᠤ ᠪᠠᠨ ᠨᠠᠨᠳᠢᠩᠨᠠᠨ ᠬᠤᠤᠷᠲᠤ ᠡᠳ᠋ ᠠᠴᠠ ᠬᠤᠯᠠ ᠪᠠᠶᠢᠯᠭᠠᠬᠤ︾ ᠵᠡᠷᠭᠡ 30 ᠪᠠᠳᠠᠭ ᠬᠤᠤᠷ ᠴᠠᠭᠠᠵᠠᠯᠠᠬᠤ ᠭᠤᠤᠯ ᠰᠡᠳᠦᠪᠲᠦ ᠳᠠᠯᠳᠠ ᠰᠢᠯᠦᠭ᠂ 300 ᠭᠠᠷᠤᠶ ᠤᠷᠠᠨ ᠪᠢᠴᠢᠯᠭᠡ ᠶᠢᠨ ᠪᠦᠲᠦᠭᠡᠯ ᠢ ᠵᠣᠬᠢᠶᠠᠨ ᠪᠦᠲᠦᠭᠡᠪᠡ᠃ ᠲᠡᠷᠡ ᠥᠪᠡᠷ ᠢᠶᠠᠨ ᠨᠢᠭᠡᠨ ᠳᠠᠭᠤ ᠲᠧᠯᠸᠢᠰ ᠤᠨ ᠳᠡᠯᠭᠡᠴᠡ ᠪᠠᠷ ᠨᠡᠪᠲᠡᠷᠡᠭᠦᠯᠬᠦ ᠴᠢᠳᠠᠪᠬᠢ ᠲᠠᠢ ᠬᠤᠤᠷ ᠴᠠᠭᠠᠵᠠᠯᠠᠬᠤ ᠤᠬᠠᠭᠤᠯᠭ᠎ᠠ ᠶᠢᠨ ᠭᠤᠷᠪᠠᠨ ᠬᠦᠷᠳᠦᠲᠦ ᠲᠡᠷᠭᠡ ᠶᠢ ᠥᠭᠡᠷᠡᠴᠢᠯᠡᠵᠦ᠂ ᠤᠯᠠᠨ ᠵᠢᠯ ᠤᠨ ᠲᠤᠷᠰᠢ ᠵᠡᠭᠡᠯᠢ ᠭᠤᠳᠤᠮᠵᠢ ᠪᠠᠷ ᠲᠣᠭᠤᠷᠢᠬᠤ ᠬᠡᠯᠪᠡᠷᠢ ᠪᠠᠷ ᠬᠤᠤᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠬᠦ ᠶᠢ ᠪᠠᠷᠢᠮᠲᠠᠯᠠᠭᠰᠠᠨ ᠪᠥᠭᠡᠳ ᠣᠷᠤᠯᠴᠠᠵᠤ ᠂ ᠤᠯᠠᠨ ᠲᠦᠮᠡᠨ ᠳᠤ ᠥᠪᠡᠷ ᠤᠨ ᠵᠣᠬᠢᠶᠠᠨ ᠪᠦᠲᠦᠭᠡᠭᠰᠡᠨ ᠬᠤᠤᠷ ᠴᠠᠭᠠᠵᠠᠯᠠᠬᠤ ᠭᠤᠣᠯ ᠰᠡᠳᠦᠪᠲᠦ ᠤᠷᠠᠨ ᠪᠢᠴᠢᠯᠭᠡ ᠶᠢᠨ ᠪᠦᠲᠦᠭᠡᠯ ᠢᠶᠠᠨ ᠪᠡᠯᠡᠭᠯᠡᠪᠡ᠃ ᠯᠧᠺᠲ᠋ᠣᠷ ᠱᠧᠨ ᠪᠥᠸᠧ ᠤᠯᠤᠰ ᠤᠨ ᠳᠡᠰ ᠤᠨ ︽ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ ᠰᠠᠶᠢᠨ ᠬᠥᠮᠦᠨ︾ ᠤ ᠱᠠᠩᠨᠠᠯ ᠣᠯᠵᠤ᠂ ᠲᠡᠷᠡ ᠥᠪᠡᠷ ᠢᠶᠠᠨ ᠡᠭᠦᠳᠦᠨ ᠪᠠᠶᠢᠭᠤᠯᠤᠭᠰᠠᠨ ︽ᠵᠡᠭᠦᠨᠭᠠᠷ ᠬᠤᠰᠢᠭᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ︾ ᠢᠶᠠᠷ ᠢᠶᠠᠨ ᠳᠠᠮᠵᠢᠭᠤᠯᠤᠨ ᠬᠤᠤᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠤᠤᠷᠲᠤ ᠡᠳ᠋ ᠲᠤ ᠬᠤᠯᠪᠣᠭᠳᠠᠭᠰᠠᠨ ᠬᠥᠮᠦᠰ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠵᠤ᠂ ᠥᠪᠡᠷ ᠢᠶᠠᠨ 8 ᠲᠦᠮᠡ ᠭᠠᠷᠤᠶ ᠲᠥᠭᠦᠷᠢᠭ ᠴᠤᠭᠯᠠᠭᠤᠯᠤᠨ ᠬᠤᠤᠷ ᠴᠠᠭᠠᠵᠠᠯᠠᠬᠤ ᠳᠠᠭᠤᠷᠢᠶᠠᠮᠠᠯ ᠵᠠᠭᠪᠤᠷ᠂ ᠬᠤᠤᠷᠲᠤ ᠡᠳ᠋ ᠤᠨ ᠬᠤᠤᠷ ᠬᠥᠨᠥᠭᠡᠯ ᠢ ᠪᠡᠶᠡᠴᠢᠯᠡᠨ ᠣᠶᠢᠯᠠᠭᠠᠬᠤ ᠲᠣᠨᠣᠭᠯᠠᠯ᠂ ᠬᠤᠤᠷ ᠲᠠᠲᠠᠬᠤ ᠪᠠᠭᠠᠵᠢ ᠶᠢᠨ ᠵᠠᠭᠪᠤᠷ ᠵᠡᠷᠭᠡ ᠵᠠᠭᠤ ᠭᠠᠷᠤᠶ ᠵᠦᠢᠯ ᠤᠨ ᠬᠤᠤᠷ ᠴᠠᠭᠠᠵᠠᠯᠠᠬᠤ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢ ᠬᠤᠳᠠᠯᠳᠤᠨ ᠠᠪᠴᠤ᠂ ︽ᠵᠡᠭᠦᠨᠭᠠᠷ ᠬᠤᠰᠢᠭᠤᠨ ᠤ ᠵᠠᠨ ᠪᠸᠢ ᠨᠡᠶᠢᠭᠡᠮ ᠲᠣᠭᠤᠷᠢᠭ ᠤᠨ ᠬᠤᠤᠷ ᠴᠠᠭᠠᠵᠠᠯᠠᠬᠤ ᠠᠶᠢᠽ ᠡᠪᠡᠳᠴᠢᠨ ᠢ ᠰᠡᠷᠭᠡᠶᠢᠯᠡᠬᠦ ᠰᠤᠷᠭᠠᠨ ᠬᠥᠮᠦᠵᠢᠯ︾ ᠤᠨ ᠰᠠᠭᠤᠷᠢᠨ ᠭᠠᠵᠠᠷ ᠢ ᠪᠠᠶᠢᠭᠤᠯᠪᠠ︔ ᠡᠵᠡᠨ ᠬᠤᠷᠤᠭᠠᠬᠤᠰᠢᠭᠤᠨ ᠤ ᠰᠢᠭᠦᠬᠦ ᠬᠤᠷᠢᠶᠠᠨ ᠤ ᠠᠵᠢᠯ ᠠᠴᠠ ᠪᠠᠨ ᠠᠮᠠᠷᠠᠭᠰᠠᠨ ᠺᠠᠳ᠋ᠷ ᠪᠠᠶᠠᠨᠮᠥᠩᠬᠡ ᠨᠥᠬᠦᠷ ᠬᠤᠤᠷ ᠴᠠᠭᠠᠵᠠᠯᠠᠬᠤ ᠭᠤᠤᠯ ᠰᠡᠳᠦᠪᠲᠦ ᠰᠢᠷᠢᠰ ᠬᠡᠤᠬᠡᠳ ᠤᠨ ᠳᠣᠮᠤᠭ ᠤᠨ ᠨᠣᠮ ︽ᠬᠠᠴᠢᠨ ᠵᠢᠭᠲᠡᠶ ᠹᠸᠢ ᠬᠡᠦ ᠠᠩᠭᠢ ᠶᠢᠨ ᠬᠤᠤᠷᠲᠤ ᠡᠳ᠋ ᠢ ᠱᠦᠭᠦᠷᠳᠡᠨ ᠠᠷᠢᠯᠭᠠᠭᠰᠠᠨ ᠬᠠᠴᠢᠨ ᠤᠴᠠᠷᠠᠯ︾ ᠢ ᠨᠠᠶᠢᠷᠠᠭᠤᠯᠤᠨ ᠬᠡᠪᠯᠡᠭᠦᠯᠵᠡᠶ᠃ ᠤᠷᠠᠨ ᠵᠢᠷᠤᠭ ᠤᠨ ᠪᠠᠭᠰᠢ ᠲᠠᠩ ᠴᠢᠶᠠᠩ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠬᠡᠳᠦᠨ ᠠᠷᠪᠠᠨ ᠱᠤᠭ ᠵᠢᠷᠤᠭ ᠢ ᠵᠢᠷᠤᠵᠤ ᠲᠥᠯᠥᠪᠯᠡᠨ᠂ ᠳᠤᠮᠳᠠᠳᠤ ᠤᠯᠤᠰ ᠤᠨ ᠬᠤᠤᠷᠲᠤ ᠡᠳ᠋ ᠢ ᠴᠠᠭᠠᠵᠠᠯᠠᠬᠤ ᠰᠣᠨᠢᠨ ᠳᠤ ᠣᠯᠠᠨ ᠤᠳᠠᠭ᠎ᠠ ᠰᠣᠩᠭᠤᠨ ᠬᠡᠷᠡᠭᠯᠡᠭᠰᠡᠨ ᠪᠥᠭᠡᠳ ᠨᠡᠶᠢᠲᠡᠯᠡᠵᠦ᠂ ᠵᠣᠬᠢᠶᠠᠨ ᠪᠦᠲᠦᠭᠡᠭᠰᠡᠨ ︽ᠵᠢᠷᠤᠭ ᠢᠶᠠᠷ ᠬᠤᠤᠷᠲᠤ ᠡᠳ᠋ ᠢ ᠴᠠᠭᠠᠵᠠᠯᠠᠬᠤ︾ ᠬᠢᠴᠢᠶᠡᠯ ᠨᠢ ᠥᠪᠡᠷᠲᠡᠭᠡᠨ ᠵᠠᠰᠠᠬᠤ ᠣᠷᠣᠨ ᠤ ᠬᠤᠤᠷᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠬᠡᠷ᠂ ᠰᠤᠷᠭᠠᠨ ᠬᠥᠮᠦᠵᠢᠯ ᠤᠨ ᠲᠢᠩᠬᠢᠮ ᠠᠴᠠ ᠬᠤᠤᠷᠲᠤ ᠡᠳ᠋ ᠢ ᠴᠠᠭᠠᠵᠠᠯᠠᠬᠤ ᠬᠢᠴᠢᠶᠡᠯ ᠤᠨ ᠨᠢᠭᠡᠳᠦᠭᠡᠷ ᠳᠡᠰ ᠤᠨ ᠱᠠᠩᠨᠠᠯ ᠢᠶᠠᠷ ᠦᠨᠡᠯᠡᠭᠳᠡᠵᠦ᠂ ᠲᠣᠰ ᠬᠥᠮᠦᠨ ᠨᠢ ︽ᠥᠪᠡᠷᠲᠡᠭᠡᠨ ᠵᠠᠰᠠᠬᠤ ᠣᠷᠣᠨ ᠤ ᠬᠤᠤᠷᠲᠤ ᠡᠳ᠋ ᠢ ᠴᠠᠭᠠᠵᠠᠯᠠᠬᠤ ᠨᠠᠷᠠᠲᠤ ᠪᠠᠭᠰᠢ︾ ᠶᠢᠨ ᠴᠣᠯᠠ ᠭᠥᠷᠳᠡᠪᠡ᠃
ᠯᠧᠺᠲ᠋ᠣᠷ ᠤᠨ ᠪᠦᠯᠬᠦᠮ ᠪᠠᠶᠢᠭᠤᠯᠤᠭᠳᠠᠭᠰᠠᠨ ᠲᠤᠯᠤᠭᠠᠨ ᠵᠢᠯ ᠤᠨ ᠲᠤᠷᠰᠢ᠂ ᠡᠯ᠎ᠡ ᠱᠠᠲᠤᠨ ᠤ ᠤᠳᠤᠷᠢᠳᠤᠯᠭ᠎ᠠ ᠶᠢᠨ ᠬᠦᠴᠦᠲᠡᠶ ᠳᠡᠮᠵᠢᠯᠭᠡ ᠪᠠ ᠠᠩᠬᠠᠷᠤᠯ ᠤᠨ ᠳᠣᠤᠷ᠎ᠠ᠂ ᠡᠯ᠎ᠡ ᠵᠦᠢᠯ ᠤᠨ ᠠᠵᠢᠯ ᠠᠯᠬᠤᠮ ᠠᠯᠬᠤᠮ ᠢᠶᠠᠷ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠪᠦᠬᠦ ᠯᠧᠺᠲ᠋ᠣᠷ ᠪᠦᠯᠬᠦᠮᠳᠡᠨ ᠬᠠᠮᠵᠢᠯᠴᠠᠵᠤ᠂ ᠰᠡᠳᠬᠢᠯ ᠲᠠᠯᠪᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠡᠳᠬᠢᠯᠭᠡ ᠪᠠᠷ ᠢᠶᠠᠨ ᠤᠬᠠᠭᠤᠯᠤᠨ ᠶᠠᠷᠢᠵᠤ᠂ ᠨᠠᠮ ᠤᠨ ᠤᠨᠤᠯ ᠴᠢᠭᠯᠡᠯᠲᠡ᠂ ᠤᠯᠤᠰ ᠤᠨ ᠬᠤᠣᠷ ᠴᠠᠭᠠᠵᠠᠯᠠᠬᠤ ᠲᠦᠷᠦ ᠶᠢᠨ ᠪᠤᠳᠤᠯᠭ᠎ᠠ᠂ ᠬᠤᠣᠷ ᠴᠠᠭᠠᠵᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠬᠤᠤᠷᠲᠤ ᠡᠳ᠋ ᠢ ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠪᠠᠷ ᠭᠠᠷᠳᠠᠴᠠ ᠪᠣᠯᠭᠠᠵᠤ᠂ ᠬᠤᠣᠷ ᠴᠠᠭᠠᠵᠠᠯᠠᠬᠤ ᠡᠯ᠎ᠡ ᠵᠦᠢᠯ ᠤᠨ ᠠᠵᠢᠯ ᠳᠤ ᠣᠷᠣᠯᠴᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠤᠬᠠᠭᠤᠯᠤᠨ ᠲᠠᠶᠢᠯᠪᠤᠷᠢᠯᠠᠬᠤ ᠶᠢ ᠠᠵᠤ ᠠᠬᠤᠶᠢᠯᠠᠯ ᠂ ᠠᠵᠢᠯ ᠦᠢᠯᠡᠰ ᠤᠨ ᠵᠠᠰᠠᠭ ᠵᠠᠬᠢᠷᠭᠠᠨ ᠤ ᠨᠢᠭᠡᠴᠡ᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠳᠤ ᠭᠦᠨᠵᠡᠭᠡᠶᠢᠷᠡᠭᠦᠯᠵᠡᠢ᠃ ᠬᠢᠴᠢᠶᠡᠯ ᠤᠨ ᠲᠠᠩᠬᠢᠮ ᠳᠤ᠂ ᠯᠧᠺᠲ᠋ᠣᠷ ᠨᠠᠷ ᠬᠤᠪᠢᠰᠤᠮᠠᠯ ᠭᠦᠶᠦᠳᠡᠯᠲᠦ ᠨᠦᠬᠦᠴᠡᠯᠳᠦᠯ᠂ ᠳᠤᠷ᠎ᠠ ᠰᠣᠨᠢᠷᠬᠠᠯ ᠤᠨ ᠲᠤᠷᠰᠢᠯᠲᠠ ᠬᠢᠬᠦ᠂ ᠱᠠᠩᠨᠠᠯ ᠲᠠᠢ ᠠᠰᠠᠭᠤᠯᠲᠠ ᠬᠠᠷᠢᠭᠤᠯᠲᠠ ᠥᠭᠬᠦ᠂ ᠮᠠᠳᠠᠭ ᠲᠠᠢ ᠠᠰᠠᠭᠤᠯᠲᠠ ᠶᠢ ᠬᠠᠷᠢᠭᠤᠯᠬᠤ᠂ ᠤᠷ᠎ᠠ ᠴᠢᠳᠠᠪᠤᠷᠢ ᠶᠢ ᠳᠡᠯᠭᠡᠨ ᠦᠵᠡᠭᠦᠯᠬᠦ ᠵᠡᠷᠭᠡ ᠬᠡᠯᠪᠡᠷᠢ ᠪᠠᠷ ᠬᠤᠤᠷ ᠴᠠᠭᠠᠵᠠᠯᠠᠬᠤ ᠤᠬᠠᠭᠤᠯᠭ᠎ᠠ ᠬᠢᠵᠦ ᠪᠠᠶᠢᠭ᠎ᠠ ᠨᠢ ᠰᠣᠨᠣᠰᠤᠭᠴᠢᠳ ᠤᠨ ᠬᠢᠴᠢᠶᠡᠯ ᠢ ᠨᠠᠷᠢᠨ ᠬᠢᠨᠠᠮᠠᠭᠠᠶ ᠰᠣᠨᠣᠰᠬᠤ ᠶᠢᠨ ᠲᠥᠯᠥᠭᠡ ᠶᠤᠮ᠂ ᠰᠣᠨᠣᠰᠤᠭᠴᠢᠳ ᠤᠨ ᠣᠯᠤᠯᠲᠠ ᠲᠠᠢ ᠪᠣᠯᠬᠤ ᠶᠢ ᠬᠦᠰᠡᠵᠦ ᠪᠠᠶᠢᠨ᠎ᠠ᠃ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠳᠤ ᠪᠠᠰᠠ ᠨᠠᠮ ᠤᠨ ᠤᠨᠤᠯ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠯᠳᠠᠯᠭ᠎ᠠ᠂ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠵᠡᠷᠭᠡ ᠤᠯᠠᠨ ᠬᠦᠷᠢᠶᠡᠨ ᠤ ᠮᠡᠳᠡᠯᠭᠡ ᠶᠢ ᠬᠠᠮᠤᠷᠴᠠᠢ᠃ ᠯᠧᠺᠲ᠋ᠣᠷ ᠤᠨ ᠪᠦᠯᠬᠦᠮ ᠪᠠᠶᠢᠭᠤᠯᠤᠭᠳᠠᠭᠰᠠᠨ ᠠᠴᠠ ᠨᠠᠰᠢ᠂ ᠲᠤᠮᠤ ᠬᠡᠯᠪᠡᠷᠢ ᠶᠢᠨ ᠲᠥᠪᠯᠡᠷᠡᠩᠭᠦᠢ ᠤᠬᠠᠭᠤᠯᠤᠨ ᠲᠠᠶᠢᠯᠪᠤᠷᠢᠯᠠᠯᠲᠠ ᠶᠢ ᠨᠡᠶᠢᠳᠡ 900 ᠭᠠᠷᠤᠢ ᠤᠳᠠᠭ᠎ᠠ ᠥᠷᠨᠢᠭᠦᠯᠵᠦ᠂ 20 ᠲᠦᠮᠡ ᠭᠠᠷᠤᠢ ᠬᠥᠮᠦᠨ ᠬᠦᠯᠢᠶᠡᠨ ᠠᠪᠴᠠᠢ᠃
ᠡᠭᠦᠨ ᠤ ᠵᠡᠷᠭᠡ ᠳᠤ ᠂ ᠬᠤᠲᠠ ᠶᠢᠨ ᠬᠤᠤᠷ ᠴᠠᠭᠠᠵᠠᠯᠠᠬᠤ ᠠᠵᠢᠯ ᠤᠨ ᠠᠯᠪᠠᠨ ᠬᠡᠷ ᠠᠴᠠ ᠯᠧᠺᠲ᠋ᠣᠷ ᠤᠨ ᠪᠦᠯᠬᠦᠮ ᠳᠤ ᠸᠢᠴᠠᠲ ᠤᠨ ᠠᠵᠢᠯ ᠤᠨ ᠪᠦᠯᠦᠭ᠂ ᠣᠯᠠᠨ ᠨᠡᠶᠢᠲᠡ ᠶᠢᠨ ᠰᠤᠷᠤᠯᠴᠠᠯᠭ᠎ᠠ ᠶᠢᠨ ᠰᠢᠤᠳᠠᠨ ᠤ ᠬᠠᠶᠢᠷᠴᠠᠭ᠂ ᠬᠠᠮᠲᠤ ᠪᠠᠷ ᠡᠳ᠋ᠯᠡᠬᠦ ᠬᠢᠴᠢᠶᠡᠯ ᠤᠨ ᠬᠡᠷᠡᠭᠰᠡᠯ ᠤᠨ ᠰᠦᠯᠵᠢᠶᠡᠨ ᠤ ᠳ᠋ᠢᠰᠺ ᠵᠡᠷᠭᠡ ᠡᠯ᠎ᠡ ᠵᠦᠶ᠋ᠯ ᠤᠨ ᠰᠣᠯᠢᠯᠴᠠᠨ ᠰᠤᠷᠤᠯᠴᠠᠬᠤ ᠲᠠᠪᠴᠠᠩ ᠢ ᠪᠠᠶᠢᠭᠤᠯᠤᠨ ᠥᠭᠴᠦ᠂ ᠯᠧᠺᠲ᠋ᠣᠷ ᠲᠤ ᠯᠧᠺᠲ᠋ᠣᠷ ᠤᠨ ᠦᠨᠡᠮᠯᠡᠯ᠂ ᠬᠠᠲᠠᠭᠤ ᠳ᠋ᠢᠰᠺ ᠬᠠᠳᠠᠭᠠᠯᠠᠬᠤ᠂ ᠣᠯᠠᠨ ᠴᠢᠳᠠᠪᠤᠷᠢᠲᠤ ᠨᠢᠭᠤᠷ ᠤᠷᠪᠠᠭᠤᠯᠬᠤ ᠪᠢᠷ ᠵᠡᠷᠭᠡ ᠶᠢ ᠣᠯᠭᠤᠵᠤ᠂ ᠯᠧᠺᠲ᠋ᠣᠷ ᠤᠨ ᠪᠦᠯᠬᠦᠮ ᠢ ᠢᠳᠡᠪᠬᠢᠲᠡᠶ ᠵᠣᠬᠢᠶᠠᠨ ᠪᠠᠶᠢᠭᠤᠯᠵᠤ ᠂ ᠶᠠᠷᠢᠯᠴᠠᠬᠤ ᠬᠤᠷᠠᠯ᠂ ᠪᠣᠯᠪᠠᠰᠤᠷᠠᠭᠤᠯᠤᠯ ᠤᠨ ᠬᠤᠷᠠᠯ᠂ ᠳᠠᠶᠢᠴᠢᠯᠠᠯᠲᠠ ᠶᠢᠨ ᠬᠤᠷᠠᠯ ᠵᠡᠷᠭᠡ ᠡᠯ᠎ᠡ ᠲᠥᠷᠥᠯ ᠤᠨ ᠬᠤᠷᠠᠯ ᠢ ᠬᠤᠷᠠᠯᠳᠤᠭᠤᠯᠪᠠ᠃ ᠵᠢᠯ ᠪᠦᠷᠢ ᠶᠢᠨ ᠯᠧᠺᠲ᠋ᠣᠷ ᠤᠨ ᠪᠦᠯᠬᠦᠮ ᠤᠨ ᠶᠠᠷᠢᠯᠴᠠᠬᠤ ᠬᠤᠷᠠᠯ ᠳᠡᠭᠡᠷ᠎ᠡ᠂ ᠯᠧᠺᠲ᠋ᠣᠷ ᠰᠣᠯᠢᠯᠴᠠᠭ᠎ᠠ ᠳᠤ ᠢᠳᠡᠪᠬᠢᠲᠡᠢ ᠣᠷᠣᠯᠴᠠᠵᠤ᠂ ᠠᠵᠢᠯ ᠤᠨ ᠪᠠᠶᠢᠳᠠᠯ ᠢᠶᠠᠨ ᠨᠠᠷᠢᠨ ᠬᠢᠨᠠᠮᠠᠭᠠᠢ ᠬᠠᠷᠢᠭᠤ ᠮᠡᠳᠡᠭᠦᠯᠵᠦ᠂ ᠳᠠᠷᠠᠭᠠᠴᠢ ᠶᠢᠨ ᠠᠯᠬᠤᠮ ᠤᠨ ᠠᠵᠢᠯ ᠳᠤ ᠮᠠᠰᠢ ᠤᠯᠠᠨ ᠰᠠᠶᠢᠨ ᠲᠤᠷᠰᠢᠯᠭ᠎ᠠ ᠪᠠ ᠰᠠᠨᠠᠭᠤᠯᠭ᠎ᠠ ᠬᠠᠩᠭᠠᠵᠠᠢ᠃
ᠯᠧᠺᠲ᠋ᠣᠷ ᠤᠨ ᠪᠦᠯᠬᠦᠮ ᠤᠨ ᠯᠧᠺᠲ᠋ᠣᠷ ᠤᠨ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ ᠪᠥᠬᠦ ᠲᠠᠯ᠎ᠠ ᠶᠢᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠤᠨ ᠭᠦᠨᠵᠡᠭᠡᠶ ᠥᠷᠨᠢᠯᠲᠡ ᠶᠢ ᠪᠦᠲᠦᠮᠵᠢᠲᠡᠶ ᠠᠬᠢᠭᠤᠯᠵᠤ᠂ ᠯᠧᠺᠲ᠋ᠣᠷ ᠤᠨ ᠪᠦᠯᠬᠦᠮ ᠤᠨ ᠠᠵᠢᠯ ᠡᠯ᠎ᠡ ᠱᠠᠲᠤᠨ ᠤ ᠤᠳᠤᠷᠢᠳᠤᠯᠭ᠎ᠠ ᠪᠠ ᠥᠷᠭᠡᠨ ᠣᠯᠠᠨ ᠲᠦᠮᠡᠨ ᠤ ᠭᠦᠢᠴᠡᠳ ᠨᠤᠲᠠᠯᠠᠯᠲᠠ ᠶᠢ ᠣᠯᠵᠤ᠂ ᠤᠷᠳᠤᠰ ᠬᠤᠳᠠ ᠶᠢᠨ ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠤᠨ ᠬᠠᠮᠤᠷᠬᠤ ᠬᠡᠪᠴᠢᠶ᠎ᠡ ᠶᠢ ᠦᠨᠡᠨ ᠬᠦ ᠥᠷᠭᠡᠳᠬᠡᠵᠦ᠂ ᠥᠷᠭᠡᠨ ᠣᠯᠠᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠬᠠᠮᠲᠤᠯᠢᠭ ᠤᠨ ᠬᠤᠤᠷ ᠢ ᠰᠡᠷᠭᠡᠶᠢᠯᠡᠨ ᠬᠤᠤᠷ ᠢ ᠡᠰᠡᠷᠭᠦᠴᠡᠬᠦ ᠦᠵᠡᠯ ᠤᠬᠠᠮᠰᠠᠷ ᠢ ᠳᠡᠭᠡᠭᠰᠢᠯᠡᠭᠦᠯᠪᠡ᠃ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠦᠭᠰᠡᠨ ᠨᠢ ᠥᠷᠭᠡᠨ ᠤᠯᠠᠨ ᠪᠠᠭᠰᠢ ᠰᠤᠷᠤᠭᠴᠢᠳ ᠤᠨ ᠬᠦᠷᠢᠶᠡᠯᠡᠯ ᠢ ᠣᠯᠵᠤ᠂ ᠨᠡᠶᠢᠭᠡᠮ ᠤᠨ ᠡᠯ᠎ᠡ ᠡᠲᠡᠭᠡᠳ ᠤᠨ ᠰᠠᠶᠢᠨ ᠦᠨᠡᠯᠡᠯᠲᠡ ᠶᠢ ᠣᠯᠵᠤ᠂ ᠠᠷᠠᠳ ᠤᠨ ᠰᠦᠯᠵᠢᠶ᠎ᠡ᠂ ᠬᠠᠤᠯᠢ ᠲᠦᠷᠢᠮ ᠤᠨ ᠡᠳᠦᠷ ᠤᠨ ᠰᠣᠨᠢᠨ᠂ ᠠᠷᠠᠳ ᠤᠨ ᠳᠣᠲᠣᠭᠠᠳᠤ ᠶᠢ ᠬᠠᠮᠠᠭᠠᠯᠠᠬᠤ ᠰᠣᠨᠢᠨ ᠵᠡᠷᠭᠡ ᠤᠯᠤᠰ ᠤᠨ ᠲᠡᠰ ᠤᠨ ᠤᠯᠠᠨ ᠵᠠᠭᠤᠴᠢᠯᠠᠭᠤᠷ ᠤᠨ ᠬᠢᠨ ᠯᠧᠺᠲ᠋ᠣᠷ ᠤᠨ ᠪᠦᠯᠬᠦᠮ ᠤᠨ ᠠᠵᠢᠯ ᠤᠨ ᠪᠠᠶᠢᠳᠠᠯ ᠢ ᠥᠷᠭᠡᠨ ᠢᠶᠠᠷ ᠮᠡᠳᠡᠭᠡᠯᠡᠵᠦ᠂ ᠯᠧᠺᠲ᠋ᠣᠷ ᠤᠨ ᠪᠦᠯᠬᠦᠮ ᠤᠨ ᠠᠮᠢᠵᠢᠷᠠᠯ ᠤᠨ ᠬᠦᠴᠦᠨ ᠢ ᠬᠦᠴᠦᠲᠡᠢ ᠢᠯᠡᠷᠡᠭᠦᠯᠵᠦ᠂ ᠤᠷᠳᠤᠰ ᠬᠤᠳᠠ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠦᠬᠦ ᠠᠷᠠᠳ ᠤᠨ ᠬᠤᠣᠷ ᠴᠠᠭᠠᠵᠠᠯᠠᠬᠤ ᠠᠭᠤᠷ ᠠᠮᠢᠰᠬᠤᠯ ᠢ ᠦᠨᠡᠨᠬᠦ ᠵᠤᠵᠠᠭᠠᠳᠬᠠᠵᠠᠢ︕ 2021 ᠣᠨ ᠤ 3 ᠰᠠᠷ᠎ᠠ ᠳᠤ ᠂ ᠣᠷᠳᠣᠰ ᠬᠤᠲᠠ ᠠᠩᠬᠠᠨ ᠤ ᠪᠦᠯᠦᠭ ᠤᠨ ︽ᠪᠥᠬᠦ ᠤᠯᠤᠰ ᠤᠨ ᠬᠤᠤᠷ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ︾ ᠪᠠᠷ ᠦᠨᠡᠯᠡᠭᠳᠡᠵᠦ᠂ ᠪᠥᠬᠦ ᠤᠯᠤᠰ ᠲᠤ ᠵᠥᠪᠬᠡᠨ 41ᠲᠤᠰᠬᠠᠶ ᠣᠷᠣᠨ ᠤ ᠲᠠᠰ ᠤᠨ ᠬᠤᠲᠠ ᠨᠡᠷᠡᠶᠢᠳᠦᠨ ᠰᠠᠶᠢᠰᠢᠶᠠᠭᠳᠠᠪᠠ᠃ ᠯᠧᠺᠲ᠋ᠣᠷ ᠤᠨ ᠪᠦᠯᠬᠦᠮ ᠤᠨ ᠬᠡᠳᠦᠨ ᠪᠦᠷᠢᠯᠳᠦᠬᠦᠨ ᠥᠩᠭᠡᠷᠡᠭᠰᠡᠨ ᠵᠢᠯ ᠤᠳ ᠲᠤ ︽ᠪᠥᠬᠦ ᠬᠤᠲᠠ ᠶᠢᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠲᠡᠷᠢᠭᠦᠨ ᠤ ᠬᠤᠪᠢ ᠬᠥᠮᠦᠨ︾᠂ ᠬᠤᠤᠷᠲᠤ ᠡᠳ᠋ ᠢ ᠴᠠᠭᠠᠵᠠᠯᠠᠬᠤ ᠨᠡᠶᠢᠲᠡ ᠶᠢᠨ ᠠᠰᠢᠭᠲᠤ ᠣᠳᠣᠨ ᠴᠣᠯᠠ ᠭᠥᠷᠳᠡᠪᠡ︔ 2019 ᠣᠨ ᠳᠤ ᠯᠧᠺᠲ᠋ᠣᠷ ᠤᠨ ᠪᠦᠯᠬᠦᠮ ︽ᠪᠥᠬᠦ ᠬᠤᠲᠠ ᠶᠢᠨ ᠬᠤᠤᠷ ᠴᠠᠭᠠᠵᠠᠯᠠᠬᠤ ᠠᠵᠢᠯ ᠤᠨ ᠲᠡᠷᠢᠭᠦᠨ ᠤ ᠬᠠᠮᠲᠤ ᠶᠢᠨ ᠢᠷᠠᠭᠤ ᠠᠯᠳᠠᠷ ︾ ᠢ ᠭᠥᠷᠳᠡᠪᠡ︔ 2021 ᠣᠨ ᠳᠤ ᠯᠧᠺᠲ᠋ᠣᠷ ᠤᠨ ᠪᠦᠯᠬᠦᠮ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠤ ︽︿ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠦᠩᠬᠡᠨ ᠮᠣᠷᠢᠲᠤ ᠴᠡᠷᠢᠭ﹀ ᠤᠨ ᠰᠢᠯᠢᠳᠡᠭ ᠪᠠᠭ᠎ᠠ ᠰᠠᠯᠪᠤᠷᠢ ᠠᠩᠬᠢ︾ ᠪᠠᠷ ᠦᠨᠡᠯᠡᠭᠳᠡᠪᠡ᠃
2020 ᠣᠨ ᠤ ᠮᠠᠨ ᠤ ᠤᠯᠤᠰ ᠤᠨ ᠬᠤᠣᠷᠲᠤ ᠡᠳ᠋ ᠢ ᠴᠠᠭᠠᠵᠠᠯᠠᠬᠤ ᠠᠵᠢᠯ ᠤᠨ ᠪᠦᠬᠦᠯᠢ ᠴᠣᠭᠴᠠ ᠡᠴᠡ ᠨᠢ ᠦᠵᠡᠪᠡᠯ᠂ ᠪᠦᠬᠦ ᠵᠢᠯ ᠳᠦ ᠨᠡᠶᠢᠳᠡ 6.4 ᠲᠦᠮᠡᠨ ᠬᠤᠣᠷᠲᠤ ᠡᠳ᠋ ᠤᠨ ᠶᠠᠯᠠᠲᠤ ᠬᠡᠷᠡᠭ ᠢ ᠢᠯᠡᠷᠡᠭᠦᠯᠵᠦ᠂ 9.2 ᠲᠦᠮᠡᠨ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 55.49 ᠲᠣᠨ ᠬᠤᠣᠷᠲᠤ ᠡᠳ᠋ ᠢ ᠣᠯᠵᠠᠯᠠᠪᠠ︔ ᠬᠤᠣᠷ ᠲᠠᠲᠠᠭᠰᠠᠳ ᠢ 42.7 ᠲᠦᠮᠡᠨ ᠬᠥᠮᠦᠨ ᠤᠳᠠᠭ᠎ᠠ ᠪᠠᠶᠢᠴᠠᠭᠠᠨ ᠰᠢᠢᠳᠪᠦᠷᠢᠯᠡᠵᠦ᠂ ᠠᠯᠪᠠᠳᠠᠯᠭ᠎ᠠ ᠪᠠᠷ ᠲᠤᠰᠠᠭᠠᠷᠯᠠᠨ ᠬᠤᠣᠷ ᠡᠳ᠋ᠯᠡᠬᠦ ᠶᠢ ᠨᠢ ᠵᠣᠭᠰᠣᠭᠠᠭᠰᠠᠨ 14.95 ᠲᠦᠮᠡᠨ ᠬᠥᠮᠦᠨ ᠤᠳᠠᠭ᠎ᠠ ᠶᠢ ᠰᠢᠢᠳᠪᠦᠷᠢᠯᠡᠵᠦ᠂ ᠨᠡᠶᠢᠭᠡᠮ ᠲᠣᠭᠤᠷᠢᠭ ᠠᠴᠠ 9.9 ᠲᠦᠮᠡᠨ ᠬᠥᠮᠦᠨ ᠤᠳᠠᠭ᠎ᠠ ᠬᠤᠣᠷ ᠡᠳ᠋ᠯᠡᠬᠦ ᠶᠢ ᠨᠢ ᠵᠠᠷᠯᠢᠭᠳᠠᠨ ᠵᠣᠭᠰᠣᠭᠠᠪᠠ᠃ ᠬᠢᠵᠢᠭ ᠤᠨ ᠪᠠᠶᠢᠳᠠᠯ ᠢ ᠴᠢᠩᠭ᠎ᠠ ᠬᠢᠵᠠᠭᠠᠷᠯᠠᠬᠤ ᠪᠠ ᠬᠤᠣᠷᠲᠤ ᠡᠳ᠋ ᠢ ᠴᠠᠭᠠᠵᠠᠯᠠᠬᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠬᠦ ᠬᠦᠴᠦᠲᠡᠶ ᠳᠠᠷᠤᠯᠲᠠ ᠦᠵᠡᠭᠦᠯᠬᠦ ᠳᠠᠪᠬᠤᠷ ᠨᠥᠯᠥᠭᠡ ᠠᠴᠠ ᠪᠤᠯᠵᠤ᠂ ᠤᠯᠤᠰ ᠤᠨ ᠳᠣᠲᠣᠭᠠᠳᠤ ᠶᠢᠨ ᠬᠤᠣᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠤᠷᠢᠭᠯᠠᠵᠤ᠂ ᠬᠤᠣᠷᠲᠤ ᠡᠳ᠋ ᠤᠨ ᠪᠠᠶᠢᠳᠠᠯ ᠦᠷᠭᠦᠯᠵᠢᠯᠡᠨ ᠰᠠᠶᠢᠵᠢᠷᠠᠬᠤ ᠬᠠᠨᠳᠤᠰᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠤᠳᠤ ᠶᠢᠨ ᠪᠠᠶᠢᠭ᠎ᠠ ᠬᠤᠣᠷᠲᠤ ᠡᠳ᠋ ᠡᠳ᠋ᠯᠡᠬᠦ ᠬᠥᠮᠦᠨ ᠤ ᠲᠤᠭ᠎ᠠ ᠪᠠᠭᠠᠰᠬᠤ᠂ ᠬᠡᠪᠴᠢᠶᠡᠵᠢᠭᠦᠯᠦᠨ ᠬᠤᠣᠷᠲᠤ ᠡᠳ᠋ ᠦᠢᠯᠡᠳᠬᠦ ᠠᠵᠢᠯᠯᠠᠭ᠎ᠠ ᠪᠠᠭᠠᠰᠬᠤ᠂ ᠬᠤᠣᠷᠲᠤ ᠡᠳ᠋ ᠦᠢᠯᠡᠳᠬᠦ ᠡᠳ᠋ ᠪᠣᠳᠠᠰ ᠤᠨ ᠭᠡᠭᠡᠭᠳᠡᠯ ᠪᠠᠭᠠᠰᠬᠤ᠂ ᠭᠠᠳᠠᠭᠰᠢ ᠭᠠᠷᠴᠤ ᠬᠤᠣᠷᠲᠤ ᠡᠳ᠋ ᠫᠠᠨᠽᠠᠯᠠᠬᠤ ᠬᠥᠮᠦᠨ ᠤ ᠲᠤᠭ᠎ᠠ ᠪᠠᠭᠠᠰᠬᠤ ᠵᠡᠷᠭᠡ ︽ᠲᠦᠷᠪᠡ ᠶᠢ ᠪᠠᠭᠠᠰᠬᠠᠬᠤ︾ ᠢᠳᠡᠪᠬᠢᠲᠡᠶ ᠬᠤᠪᠢᠷᠠᠯᠲᠠ ᠭᠠᠷᠴᠠᠶ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠴᠠᠭᠠᠯᠲᠠ ᠠᠴᠠ ᠦᠵᠡᠪᠡᠯ᠂ ᠠᠷᠠᠳ ᠣᠯᠠᠨ ᠬᠤᠤᠷᠲᠤ ᠡᠳ᠋ ᠢ ᠴᠠᠭᠠᠵᠠᠯᠠᠬᠤ ᠠᠵᠢᠯ ᠳᠤ ᠨᠡᠯᠢᠶᠡᠳ ᠥᠨᠳᠥᠷ ᠦᠨᠡᠯᠡᠯᠲᠡ ᠥᠭᠴᠦ᠂ ᠶᠡᠷᠦᠩᠬᠡᠶ ᠬᠠᠨᠤᠮᠵᠢ ᠶᠢᠨ ᠬᠡᠮᠵᠢᠶ᠎ᠡ ᠨᠢ 96.96% ᠳᠤ ᠬᠦᠷᠴᠡᠶ᠃
ᠰᠦ ᠯᠢ ᠬᠤᠩ ᠨᠦᠬᠦᠷ ᠷᠠᠳᠢᠣ᠋ ᠨᠡᠪᠲᠡᠷᠡᠭᠦᠯᠭᠡ ᠶᠢᠨ ᠰᠤᠪᠠᠭ ᠢᠶᠠᠷ ᠳᠠᠮᠵᠢᠭᠤᠯᠤᠨ ᠬᠤᠤᠷᠲᠦ ᠡᠳ᠋ ᠢ ᠰᠡᠷᠭᠡᠶᠢᠯᠡᠬᠦ ᠮᠡᠳᠡᠯᠭᠡ ᠲᠦᠭᠡᠮᠡᠯᠵᠢᠭᠦᠯᠵᠦ ᠪᠠᠶᠢᠭ᠎ᠠ ᠨᠢ
ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠡᠳ᠋ ᠪᠠᠶᠢᠴᠠᠭᠠᠬᠤ ᠳᠠᠷᠤᠭ᠎ᠠ ᠰᠦ ᠯᠢ ᠬᠤᠩ ᠨᠦᠬᠦᠷ 2007 ᠣᠨ ᠳᠤ ᠮᠠᠨ ᠤ ᠬᠤᠷᠢᠶᠠᠨ ᠳᠤ ᠢᠷᠡᠵᠦ ᠠᠵᠢᠯᠯᠠᠵᠤ᠂ ᠡᠷᠡᠭᠦᠦ ᠶᠢᠨ ᠬᠡᠷᠡᠭ ᠪᠣᠯᠤᠨ ᠨᠠᠰᠤᠨ ᠳᠤ ᠥᠯᠥ ᠬᠦᠷᠦᠭᠰᠡᠳ ᠤᠨ ᠡᠷᠡᠭᠦᠦ ᠶᠢᠨ ᠬᠡᠷᠡᠭ ᠢ ᠪᠠᠶᠢᠴᠠᠭᠠᠬᠤ ᠠᠵᠢᠯᠯᠠᠭ᠎ᠠ ᠶᠢ ᠶᠡᠷᠦ ᠠᠴᠠ ᠬᠠᠷᠢᠭᠤᠴᠠᠵᠤ ᠪᠠᠶᠢᠵᠠᠢ ᠃ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢᠨ ᠯᠧᠺᠲ᠋ᠣᠷ ᠪᠣᠯᠤᠭᠰᠠᠨ ᠤ ᠬᠤᠪᠢ ᠳᠤ ᠣᠯᠠᠨ ᠳᠤ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ 60 ᠭᠠᠷᠤᠶ ᠤᠳᠠᠭ᠎ᠠ ᠤᠬᠠᠭᠤᠯᠤᠨ ᠲᠠᠶᠢᠯᠪᠤᠷᠢᠯᠠᠵᠠᠶ ᠃ ᠰᠤᠷᠤᠭᠴᠢ᠂ ᠪᠠᠭᠰᠢ᠂ ᠭᠡᠷ ᠤᠨ ᠠᠬᠠᠮᠠᠳ ᠲᠤ ᠬᠠᠨᠳᠤᠭᠤᠯᠤᠨ᠂ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠬᠦᠯᠢᠶᠡᠨ ᠠᠪᠤᠭᠴᠢᠳ ᠤᠨ ᠲᠤᠭ᠎ᠠ 6 ᠲᠦᠮᠡ ᠭᠠᠷᠤᠢ ᠪᠣᠯᠪᠠ ᠃ ᠲᠡᠭᠦᠨ ᠤ ᠠᠵᠢᠯ ᠤᠨ ᠲᠠᠯ᠎ᠠ ᠠᠴᠠ ᠨᠠᠰᠤᠨ ᠳᠤ ᠦᠯᠤ ᠬᠥᠷᠦᠭᠰᠡᠳ ᠤᠨ ᠪᠠᠶᠢᠴᠠᠭᠠᠬᠤ ᠠᠵᠢᠯ ᠢ ᠬᠤᠪᠢᠳᠠᠨ ᠬᠠᠮᠢᠶᠠᠷᠬᠤ ᠳᠤ᠂ ᠨᠠᠰᠤᠨ ᠳᠤ ᠦᠯᠤ ᠬᠥᠷᠦᠭᠰᠡᠳ ᠲᠤ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠬᠠᠤᠯᠢ ᠪᠠᠷ ᠵᠠᠰᠠᠬᠤ ᠬᠥᠮᠦᠵᠢᠯ ᠬᠢᠬᠦ ᠴᠢᠬᠤᠯᠠ ᠴᠢᠨᠠᠷ ᠠᠴᠠ᠂ ᠪᠠᠶᠢᠴᠠᠭᠠᠬᠤ ᠬᠤᠷᠢᠶᠠᠨ ᠳᠤ ᠪᠠᠰᠠ ᠪᠠᠶᠢᠴᠠᠭᠠᠬᠤ ᠲᠤᠰᠢᠶᠠᠯᠲᠠᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠬᠦ ᠱᠠᠭᠠᠷᠳᠠᠯᠭ᠎ᠠ ᠪᠤᠢ ᠃ ᠲᠡᠭᠦᠨ ᠤ ᠡᠭᠦᠷᠭᠡᠯᠡᠵᠦ ᠪᠠᠶᠢᠭ᠎ᠠ ᠴᠢ ᠫᠠᠨ ᠵᠢᠩ ᠪᠠᠯᠭᠠᠰᠤ ᠶᠢᠨ ᠭᠤᠷᠪᠠᠨ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠤᠨ ᠠᠵᠢᠯ ᠤᠨ ᠲᠤᠷᠰᠢᠯᠭ᠎ᠠ ᠠᠴᠠ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠬᠦ ᠳᠤ ᠨᠡᠩ ᠳᠠᠳᠮᠠᠭᠠᠢ ᠪᠣᠯᠵᠠᠢ᠃ ᠬᠢᠴᠢᠶᠡᠯ ᠤᠨ ᠲᠠᠩᠬᠢᠮ ᠳᠤ ᠬᠤᠣᠷᠲᠤ ᠡᠳ᠋ ᠤᠨ ᠲᠤᠬᠠᠶ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠥᠪᠡᠷ ᠤᠨ ᠰᠢᠢᠳᠪᠦᠷᠢᠯᠡᠭᠰᠡᠨ ᠬᠤᠣᠷᠲᠤ ᠡᠳ᠋ ᠲᠠᠢ ᠬᠤᠯᠪᠣᠭᠳᠠᠭᠰᠠᠨ ᠦᠨᠡᠨ ᠪᠣᠳᠠᠲᠠᠶ ᠬᠡᠷᠡᠭ ᠤᠨ ᠵᠢᠱᠢᠶ᠎ᠡ ᠨᠦᠭᠦᠳ ᠢ ᠲᠠᠶᠢᠯᠪᠤᠷᠢᠯᠠᠨ ᠵᠠᠳᠠᠯᠬᠤ ᠠᠴᠠ ᠭᠠᠳᠠᠨ᠎ᠠ᠂ ᠪᠠᠰᠠ ᠳᠠᠭᠤᠷᠢᠶᠠᠮᠠᠯ ᠰᠢᠭᠦᠬᠦ ᠲᠢᠩᠬᠢᠮ᠂ ᠦᠵᠡᠭᠦᠯᠦᠯᠭᠡ ᠶᠢᠨ ᠲᠢᠩᠬᠢᠮ ᠵᠡᠷᠭᠡ ᠶᠢ ᠵᠣᠬᠢᠶᠠᠨ ᠪᠠᠶᠢᠭᠤᠯᠬᠤ ᠬᠡᠯᠪᠡᠷᠢ ᠪᠠᠷ ᠳᠠᠮᠵᠢᠭᠤᠯᠤᠨ ᠰᠤᠷᠤᠭᠴᠢᠳ ᠲᠤ ᠡᠯ᠎ᠡ ᠵᠦᠢᠯ ᠤᠨ ᠰᠢᠭᠦᠬᠦ ᠲᠢᠩᠬᠢᠮ ᠤᠨ ᠳᠦᠷᠢ ᠶᠢ ᠲᠣᠭᠯᠠᠭᠤᠯᠵᠤ᠂ ᠦᠨᠡᠨ ᠪᠣᠳᠠᠲᠠᠶ ᠥᠩᠭᠡᠷᠡᠭᠡᠯᠲᠡ ᠪᠠᠷ ᠢᠶᠠᠨ ᠳᠠᠮᠵᠢᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢ ᠠᠮᠢᠳᠤᠯᠢᠭ ᠳᠦᠷᠰᠦᠯᠢᠭ ᠢᠶᠠᠷ ᠰᠤᠷᠤᠯᠴᠠᠭᠤᠯᠤᠨ᠎ᠠ᠃ ᠡᠨᠡ 60 ᠭᠠᠷᠤᠢ ᠲᠠᠯᠠᠪᠤᠷ ᠤᠬᠠᠭᠤᠯᠤᠨ ᠲᠠᠶᠢᠯᠪᠤᠷᠢᠯᠠᠯᠲᠠ ᠨᠢ ᠬᠡᠳᠦ᠋ᠢᠪᠡᠷ ᠴᠥᠮ ᠬᠤᠣᠷᠠᠲᠤ ᠡᠳ᠋ ᠢ ᠰᠡᠷᠭᠡᠶᠢᠯᠡᠬᠦ ᠮᠡᠳᠡᠯᠭᠡ ᠶᠢ ᠶᠠᠷᠢᠵᠤ ᠪᠠᠶᠢᠭ᠎ᠠ ᠪᠣᠯᠪᠠᠴᠤ᠂ ᠤᠳᠠᠭ᠎ᠠ ᠪᠦᠷᠢ ᠲᠡᠷᠡ ᠬᠢᠴᠢᠶᠡᠯ ᠢᠶᠠᠨ ᠥᠭᠡᠷᠡᠴᠢᠯᠡᠨ ᠲᠤᠬᠢᠷᠠᠭᠤᠯᠵᠤ᠂ ᠬᠦᠯᠢᠶᠡᠨ ᠠᠪᠤᠭᠴᠢᠳ ᠤᠨ ᠠᠳᠠᠯᠢ ᠪᠤᠰᠤ ᠳᠤ ᠴᠢᠭᠯᠡᠭᠦᠯᠵᠦ᠂ ᠤᠯᠠᠨ ᠬᠢᠴᠢᠶᠡᠯ ᠤᠨ ᠬᠡᠷᠡᠭᠰᠡᠯ ᠢ ᠪᠡᠯᠡᠳᠬᠡᠵᠦ᠂ ᠤᠳᠠᠭ᠎ᠠ ᠪᠦᠷᠢ ᠶᠠᠷᠢᠵᠤ ᠪᠠᠷᠠᠪᠠᠯ ᠲᠦᠷᠦᠭᠳᠡᠯ ᠠᠳᠠᠯᠢ ᠦᠭᠡᠢ ᠪᠤᠯᠵᠤ᠂ ᠰᠢᠨ᠎ᠡ ᠣᠯᠤᠯᠲᠠ ᠲᠠᠢ ᠶᠤᠮ᠃ ᠣᠶᠢᠷ᠎ᠠ ᠶᠢᠨ ᠬᠡᠳᠦᠨ ᠵᠢᠯ ᠳᠤ᠂ ᠲᠡᠷᠡ ᠪᠠᠰᠠ ᠤᠷᠢᠳ ᠬᠤᠵᠢᠳ ᠤᠯᠤᠰ ᠤᠨ ︽6.27︾ ᠢᠨᠵᠧᠨᠧᠷᠢᠩ ᠤᠨ ᠰᠤᠷᠭᠠᠭᠤᠯᠢ ᠶᠢᠨ ᠭᠠᠳᠠᠨᠠᠬᠢ ᠰᠢᠯᠢᠳᠡᠭ ᠬᠠᠪᠰᠤᠷᠤᠨ ᠵᠢᠯᠣᠭᠤᠳᠤᠭᠴᠢ ᠶᠢ ᠣᠯᠵᠤ᠂ ᠣᠷᠳᠣᠰ ᠬᠤᠲᠠ ᠶᠢᠨ ᠬᠤᠤᠷ ᠴᠠᠭᠠᠵᠠᠯᠠᠬᠤ ᠠᠵᠢᠯ ᠤᠨ ᠲᠡᠷᠢᠭᠦᠨ ᠤ ᠬᠤᠪᠢ ᠬᠥᠮᠦᠨ᠂ ᠬᠤᠶᠠᠳᠤᠭᠠᠷ ᠬᠤᠭᠤᠴᠠᠭᠠᠨ ᠤ ᠣᠷᠳᠣᠰ ᠤᠨ ︽ᠬᠤᠤᠷ ᠴᠠᠭᠠᠵᠠᠯᠠᠬᠤ ᠨᠡᠶᠢᠲᠡ ᠶᠢᠨ ᠠᠰᠠᠷᠠᠮᠵᠢ ᠶᠢᠨ ᠣᠳᠣᠨ︾᠂ ᠪᠥᠬᠦ ᠤᠯᠤᠰ ᠤᠨ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠭᠰᠠᠨ ᠲᠡᠷᠢᠭᠦᠨ ᠤ ᠬᠤᠪᠢ ᠬᠥᠮᠦᠨ᠂ ᠪᠥᠬᠦ ᠣᠷᠣᠨ ᠤ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠭᠰᠠᠨ ᠲᠡᠷᠢᠭᠦᠨ ᠤ ᠬᠤᠪᠢ ᠬᠥᠮᠦᠨ ᠵᠡᠷᠭᠡ ᠢᠷᠠᠭᠤ ᠠᠯᠳᠠᠷ ᠢ ᠣᠯᠵᠤ ᠂ ᠡᠲᠡᠭᠡᠷ ᠢᠷᠠᠭᠤ ᠠᠯᠳᠠᠷ ᠢ ᠣᠯᠤᠭᠰᠠᠨ ᠨᠢ ᠮᠠᠨ ᠤ ᠤᠯᠤᠰ ᠤᠨ ᠬᠤᠤᠷᠲᠤ ᠡᠳ᠋ ᠢ ᠰᠡᠷᠭᠡᠶᠢᠯᠡᠬᠦ ᠯᠧᠺᠲ᠋ᠣᠷ ᠤᠨ ᠬᠢᠷᠢ ᠬᠡᠮ ᠪᠠ ᠠᠵᠢᠯ ᠤᠨ ᠥᠩᠭᠡᠷᠡᠯᠲᠡ ᠲᠠᠢ ᠰᠠᠯᠤᠰᠢ ᠥᠬᠡᠶ ᠃
ᠬᠤᠶᠢᠰᠢᠳᠠ᠂ ᠣᠷᠳᠣᠰ ᠬᠤᠲᠠ ᠶᠢᠨ ᠣᠲᠤᠭ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠬᠤᠣᠷᠲᠤ ᠡᠳ᠋ ᠢ ᠴᠠᠭᠠᠵᠠᠯᠠᠬᠤ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠷᠭᠦᠯᠵᠢᠯᠡᠨ ᠤᠯᠠᠨ ᠲᠦᠮᠡᠨ ᠤ ᠳᠤᠮᠳᠠ ᠦᠨᠳᠦᠰᠦᠯᠡᠵᠦ᠂ ᠤᠯᠠᠨ ᠲᠦᠮᠡᠨ ᠳᠤ ᠦᠢᠯᠡᠴᠢᠯᠡᠵᠦ᠂ ᠤᠷᠢᠳᠠᠪᠠᠷ ᠡᠭᠦᠷᠭᠡᠯᠡᠵᠦ᠂ ᠪᠣᠳᠠᠲᠠᠢ ᠠᠵᠢᠯᠯᠠᠵᠤ᠂ ᠨᠠᠮ ᠤᠨ ᠤᠨᠤᠯ᠂ ᠤᠯᠤᠰ ᠤᠨ ᠲᠦᠷᠦ ᠶᠢᠨ ᠪᠤᠳᠤᠯᠭ᠎ᠠ᠂ ᠬᠤᠣᠷᠠᠲᠤ ᠡᠳ᠋ ᠢ ᠴᠠᠭᠠᠵᠠᠯᠠᠬᠤ ᠴᠢᠭᠯᠡᠯᠲᠡ᠂ ᠬᠤᠣᠷᠠᠲᠤ ᠡᠳ᠋ ᠤᠨ ᠮᠡᠳᠡᠯᠭᠡ ᠶᠢᠨ ᠲᠠᠯ᠎ᠠ ᠪᠠᠷ ᠰᠤᠳᠤᠯᠬᠤ᠂ ᠤᠬᠠᠭᠤᠯᠤᠨ ᠲᠠᠶᠢᠯᠪᠤᠷᠢᠯᠠᠬᠤ᠂ ᠤᠯᠠᠮᠵᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠡᠨ ᠪᠣᠳᠠᠲᠠᠢ ᠠᠵᠢᠯ ᠤᠨ ᠠᠮᠵᠢᠯᠲᠠ ᠪᠠᠷ ᠢᠶᠠᠨ ︽ᠠᠮᠤᠷ ᠠᠮᠤᠭᠤᠯᠠᠩ ᠤᠷᠳᠤᠰ︾ ᠢ ᠪᠦᠳᠦᠬᠡᠨ ᠪᠠᠶᠢᠭᠤᠯᠬᠤ ᠳᠤ ᠸᠠᠭᠠᠷ ᠲᠣᠭᠤᠰᠬ᠎ᠠ ᠨᠡᠮᠡᠵᠦ᠂ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ︾ ᠶᠢ ᠪᠠᠬᠢᠵᠢᠭᠦᠯᠬᠦ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ︕