ᠣᠷᠳᠣᠰ ᠬᠤᠲᠠ ᠶᠢᠨ ᠪᠠᠶᠢᠴᠠᠭᠠᠬᠤ ᠬᠤᠷᠢᠶ᠎ᠠ ᠣᠢᠮᠣᠳᠤᠨ ᠤ ᠭᠠᠵᠠᠷ ᠬᠠᠭᠠᠯᠪᠤᠷᠢᠯᠠᠭᠰᠠᠨ ᠨᠢᠭᠡᠨ ᠬᠡᠷᠡᠭ ᠢ ᠡᠰᠡᠷᠭᠦᠴᠡᠨ ᠵᠠᠭᠠᠯᠳᠤᠭᠠᠳ ᠰᠢᠭᠦᠨ ᠲᠠᠰᠤᠯᠤᠯᠲᠠ ᠶᠢ ᠦᠭᠡᠷᠡᠴᠢᠯᠡᠭᠦᠯᠪᠡ
ᠣᠷᠳᠣᠰ ᠬᠤᠲᠠ ᠶᠢᠨ ᠪᠠᠶᠢᠴᠠᠭᠠᠬᠤ ᠬᠤᠷᠢᠶ᠎ᠠ ᠣᠢᠮᠣᠳᠤᠨ ᠤ ᠭᠠᠵᠠᠷ ᠬᠠᠭᠠᠯᠪᠤᠷᠢᠯᠠᠭᠰᠠᠨ ᠨᠢᠭᠡᠨ ᠬᠡᠷᠡᠭ ᠢ ᠡᠰᠡᠷᠭᠦᠴᠡᠨ ᠵᠠᠭᠠᠯᠳᠤᠭᠠᠳ ᠰᠢᠭᠦᠨ ᠲᠠᠰᠤᠯᠤᠯᠲᠠ ᠶᠢ ᠦᠭᠡᠷᠡᠴᠢᠯᠡᠭᠦᠯᠪᠡ ᠣᠷᠴᠢᠮ ᠤᠨ ᠡᠳᠦᠷ᠂ ᠣᠷᠳᠣᠰ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠨᠢᠭᠡᠨ ᠬᠠᠤᠯᠢ ᠪᠣᠰᠣ ᠪᠠᠷ ᠣᠢᠮᠣᠳᠤᠨ ᠤ ᠭᠠᠵᠠᠷ ᠬᠠᠭᠠᠯᠪᠤᠷᠢᠯᠠᠭᠰᠠᠨ ᠬᠡᠷᠡᠭ ᠤᠨ ᠡᠰᠡᠷᠭᠦᠴᠡᠨ ᠵᠠᠭᠠᠯᠳᠤᠯᠭ᠎ᠠ ᠶᠢ ᠳᠠᠮᠵᠢᠵᠤ ᠵᠠᠭᠠᠯᠳᠤᠭᠠᠳ ᠰᠢᠭᠦᠨ ᠲᠠᠰᠤᠯᠤᠯᠲᠠ ᠶᠢ ᠦᠭᠡᠷᠡᠴᠢᠯᠡᠭᠦᠯᠦᠭᠰᠡᠨ ᠪᠠᠶᠢᠨ᠎ᠠ᠃
2013 ᠣᠨ ᠤ 3 ᠰᠠᠷ᠎ᠠ ᠳᠤ᠂ ᠣᠷᠳᠣᠰ ᠬᠤᠲᠠ ᠶᠢᠨ ᠶᠠ ᠪᠸ᠋ᠩ ᠨᠡᠭᠦᠷᠡᠰᠦᠨ ᠪᠦᠯᠦᠭᠯᠡᠯ ᠤᠨ ᠬᠢᠵᠠᠭᠠᠷᠲᠤ ᠺᠤᠮᠫᠠᠨᠢ ᠣᠢ ᠰᠢᠭᠤᠢ ᠶᠢᠨ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠯ ᠦᠭᠡᠢ ᠪᠠᠷ 4.5528 ᠡᠾᠸ᠋ᠺᠲ᠋ᠠᠷ ᠣᠶᠢᠲᠤ ᠭᠠᠵᠠᠷ ᠪᠠ 19.4077 ᠡᠾᠸ᠋ᠺᠲ᠋ᠠᠷ ᠣᠶᠢᠵᠢᠭᠤᠯᠭ᠎ᠠ ᠶᠢᠨ ᠭᠠᠵᠠᠷ ᠢ ᠬᠠᠤᠯᠢ ᠪᠣᠰᠣ ᠪᠠᠷ ᠬᠠᠭᠠᠯᠪᠤᠷᠢᠯᠠᠭᠰᠠᠨ ᠪᠠᠶᠢᠨ᠎ᠠ᠃ ᠨᠢᠭᠡᠳᠦᠭᠡᠷ ᠰᠢᠭᠦᠯᠲᠡ ᠶᠢᠨ ᠰᠢᠭᠦᠬᠦ ᠬᠤᠷᠢᠶ᠎ᠠ ᠬᠠᠤᠯᠢ ᠪᠣᠰᠤ ᠪᠠᠷ ᠲᠠᠷᠢᠶᠠᠨ ᠭᠠᠵᠠᠷ ᠬᠠᠭᠠᠯᠪᠤᠷᠢᠯᠠᠭᠰᠠᠨ ᠶᠠᠯ᠎ᠠ ᠪᠠᠷ ᠵᠠᠭᠠᠯᠳᠤᠭᠳᠠᠭᠴᠢ ᠶᠠ ᠪᠸ᠋ᠩ ᠨᠡᠭᠦᠷᠡᠰᠦᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢ ᠵᠢᠷᠠᠨ ᠲᠦᠮᠡᠨ ᠳᠦᠭᠦᠷᠢᠭ ᠢᠶᠠᠷ ᠲᠣᠷᠭᠠᠨ᠂ ᠲᠤᠰ ᠺᠣᠮᠫᠠᠨᠢ ᠶᠢᠨ ᠶᠡᠷᠥᠩᠬᠡᠢ ᠳᠠᠭᠠᠭᠠᠮᠠᠯ ᠴᠸ᠋ᠩ ᠼᠠᠢ ᠶᠢ ᠬᠤᠷᠢᠨ ᠲᠦᠮᠡᠨ ᠳᠦᠭᠦᠷᠢᠭ ᠢᠶᠠᠷ ᠶᠠᠯᠠᠳᠠᠭᠰᠠᠨ ᠪᠠᠶᠢᠨ᠎ᠠ᠃
ᠪᠠᠶᠢᠴᠠᠭᠠᠬᠤ ᠪᠠᠶᠢᠭᠤᠯᠭ᠎ᠠ ᠨᠢᠭᠡᠳᠦᠭᠡᠷ ᠰᠢᠭᠦᠯᠲᠡ ᠶᠢᠨ ᠰᠢᠭᠦᠬᠦ ᠬᠤᠷᠢᠶ᠎ᠠ ᠠᠴᠠ ᠵᠠᠭᠠᠯᠳᠤᠭᠳᠠᠭᠴᠢ ᠴᠸ᠋ᠩ ᠼᠠᠢ ᠳᠤ ᠡᠷᠡᠭᠦᠦ ᠣᠨᠤᠭᠠᠭᠰᠠᠨ ᠨᠢ ᠬᠦᠩᠭᠡᠨ ᠬᠡᠮᠡᠨ ᠦᠵᠡᠭᠡᠳ ᠡᠰᠡᠷᠭᠦᠴᠡᠨ ᠵᠠᠭᠠᠯᠳᠤᠯᠭ᠎ᠠ ᠭᠠᠷᠭᠠᠪᠠ᠃ ᠬᠤᠶᠠᠳᠤᠭᠠᠷ ᠰᠢᠭᠦᠯᠲᠡ ᠶᠢᠨ ᠰᠢᠭᠦᠬᠦ ᠬᠤᠷᠢᠶ᠎ᠠ ᠡᠰᠡᠷᠭᠦᠴᠡᠨ ᠵᠠᠭᠠᠯᠳᠤᠭᠰᠠᠨ ᠰᠠᠨᠠᠯ ᠢ ᠬᠦᠯᠢᠶᠡᠨ ᠵᠦᠪᠰᠢᠶᠡᠷᠡᠵᠦ᠂ ᠨᠢᠭᠡᠳᠦᠭᠡᠷ ᠰᠢᠭᠦᠯᠲᠡ ᠶᠢᠨ ᠰᠢᠭᠦᠨ ᠳᠠᠰᠤᠯᠤᠯᠲᠠ ᠶᠢ ᠬᠠᠤᠯᠢ ᠶᠣᠰᠤᠭᠠᠷ ᠦᠭᠡᠷᠡᠴᠢᠯᠡᠨ ᠵᠠᠭᠠᠯᠳᠤᠭᠳᠠᠭᠴᠢ ᠴᠸ᠋ᠩ ᠼᠠᠢ ᠶᠢ ᠬᠤᠶᠠᠷ ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠪᠠᠷ ᠰᠢᠳᠭᠡᠨᠭᠤᠷᠪᠠᠨ ᠵᠢᠯ ᠠᠯᠭᠤᠷᠯᠠᠨ ᠭᠦᠢᠴᠡᠳᠬᠡᠭᠦᠯᠬᠦ ᠶᠢᠨ ᠬᠠᠮᠲᠤ ᠬᠤᠷᠢᠨ ᠲᠦᠮᠡᠨ ᠳᠦᠭᠦᠷᠢᠭ ᠢᠶᠠᠷ ᠶᠠᠯᠠᠳᠠᠬᠤ ᠪᠠᠷ ᠰᠢᠭᠦᠨ ᠲᠠᠰᠤᠯᠤᠭᠰᠠᠨ ᠪᠠᠶᠢᠨ᠎ᠠ᠃