ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ︽ᠲᠠᠪᠠᠬᠠᠶᠢᠯᠠᠵᠤ ᠬᠢᠭᠰᠡᠨ ᠢᠰᠦᠮᠡᠯ ᠨᠣᠭᠣᠭ᠎ᠠ ᠶᠢ ᠳᠡᠪᠴᠢᠵᠦ᠂ ᠢᠳᠡᠰᠢ ᠤᠤᠭᠤᠰᠢ ᠶᠢᠨ ᠠᠷᠢᠭᠤᠨ ᠴᠡᠪᠡᠷ ᠢ ᠬᠠᠮᠠᠭᠠᠯᠠᠬᠤ︾ ᠨᠡᠶᠢᠲᠡ ᠶᠢᠨ ᠠᠰᠢᠭᠲᠤ ᠵᠠᠷᠭᠤ ᠶᠢᠨ ᠲᠤᠰᠬᠠᠢ ᠪᠠᠶᠢᠴᠠᠭᠠᠯᠲᠠ ᠬᠢᠪᠡ

2022-03-25 16:19:51
ᠵᠣᠬᠢᠶᠠᠭᠴᠢ
ᠤᠳᠬᠤᠨᠪᠢᠯᠢᠭ᠌


专项调查12.jpg


ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠢᠳᠡᠭᠡᠨ ᠤᠮᠳᠠᠭᠠᠨ ᠤ ᠠᠶᠤᠯᠭᠦᠢ ᠳᠤ ᠲᠠᠯᠪᠢᠬᠤ ᠬᠢᠨᠠᠯᠲᠠ ᠪᠠᠨ ᠴᠢᠩᠭᠠᠳᠬᠠᠵᠤ᠂ ᠠᠷᠠᠳ ᠢᠷᠭᠡᠳ ᠦᠨ ᠢᠳᠡᠭᠡᠨ ᠤᠮᠳᠠᠭᠠᠨ ᠤ ᠠᠶᠤᠯᠭᠦᠢ ᠪᠠᠶᠢᠳᠠᠯ ᠢ ᠪᠠᠲᠤᠯᠠᠬᠤ ᠶᠢᠨ ᠲᠥᠯᠥᠭᠡ᠂ ᠲᠥᠪ ᠦᠨ ᠲᠧᠯᠸᠢᠰ ᠬᠣᠷᠢᠶᠠᠨ ᠤ ︽3.15︾ ᠶᠢᠨ ᠦᠳᠡᠰᠢᠯᠡᠭᠡ ᠳᠡᠭᠡᠷ᠎ᠡ ᠢᠯᠡᠴᠢᠯᠡᠭᠰᠡᠨ ᠬᠤᠨᠠᠨ ᠮᠤᠵᠢ ᠶᠢᠨ ᠬᠤᠸᠠ ᠿᠦᠩ ᠰᠢᠶᠠᠨ ᠤ ᠴᠠ ᠴᠢ ᠨᠣᠭᠣᠭᠠᠨ ᠤ ᠠᠵᠤ ᠠᠬᠤᠶᠢᠯᠠᠯ  ᠤᠨ ᠣᠯᠠᠨ ᠢᠳᠡᠭᠡᠨ ᠦ ᠠᠵᠤ ᠠᠬᠤᠶᠢᠯᠠᠯ  ᠳᠤ ᠲᠠᠷᠢᠶᠠᠨ ᠭᠠᠵᠠᠷ ᠤᠨ ᠰᠢᠷᠣᠢ ᠶᠢᠨ ᠨᠥᠬᠡᠨ ᠳᠣᠲᠣᠷ᠎ᠠ ᠬᠥᠯ ᠢᠶᠡᠷ ᠬᠢᠰᠬᠢᠵᠦ ᠢᠰᠭᠡᠭᠰᠡᠨ ᠢᠰᠦᠮᠡᠯ ᠨᠣᠭᠣᠭᠠᠨ ᠤ ᠪᠦᠲᠦᠭᠡᠭᠳᠡᠬᠦᠨ ᠬᠠᠩᠭᠠᠭᠰᠠᠨ ᠠᠰᠠᠭᠤᠳᠠᠯ ᠳᠤ ᠴᠢᠭᠯᠡᠭᠦᠯᠦᠨ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠯᠲᠠ ᠬᠢᠬᠦ ᠠᠵᠢᠯ ᠪᠠᠶᠢᠷᠢᠯᠠᠭᠤᠯᠵᠤ᠂ ᠲᠤᠰ ᠬᠣᠷᠢᠶᠠᠨ ᠤ ᠬᠣᠶᠠᠳᠤᠭᠠᠷ ᠪᠠᠶᠢᠴᠠᠭᠠᠬᠤ ᠭᠡᠯᠲᠡᠰ ᠨᠢ ᠬᠠᠤᠯᠢ ᠶᠢᠨ ᠴᠠᠭᠳᠠᠭᠠᠨ ᠤ  ᠠᠩᠭᠢ  ᠶᠢᠨ ᠬᠠᠮᠵᠢᠯᠴᠠᠭ᠎ᠠ ᠳᠣᠣᠷ᠎ᠠ᠂ ᠲᠤᠰ ᠬᠣᠲᠠ ᠶᠢᠨ ᠰᠠᠭᠤᠭᠠᠯᠢ ᠠᠷᠠᠳ ᠤᠨ ᠲᠣᠭᠣᠷᠢᠭ᠂ ᠰᠤᠷᠭᠠᠭᠤᠯᠢ ᠶᠢᠨ ᠣᠶᠢᠷ᠎ᠠ ᠬᠠᠪᠢ ᠶᠢᠨ ᠳᠡᠯᠭᠡᠭᠦᠷ ᠬᠤᠳᠠᠯᠳᠤᠭ᠎ᠠ ᠪᠣᠯᠣᠨ ᠬᠡᠷᠡᠭᠯᠡᠭᠴᠢ ᠣᠯᠠᠨ ᠣᠴᠢᠳᠠᠭ ᠬᠡᠲᠦ ᠳᠡᠯᠭᠡᠭᠦᠷ ᠢᠶᠠᠷ ᠬᠦᠷᠴᠦ᠂ ᠡᠵᠡᠩᠨᠡᠨ ᠪᠣᠷᠣᠯᠠᠭᠤᠯᠵᠤ ᠪᠠᠶᠢᠭ᠎ᠠ ︽ᠺᠠᠩ ᠱᠢ ᠹᠦ᠋︾᠂ ︽ᠲᠦᠩ ᠢ︾ ᠨᠡᠷᠡᠲᠦ ᠲᠡᠮᠳᠡᠭᠲᠦ ᠶᠢᠨ ᠬᠠᠭᠤᠴᠢᠨ ᠪᠤᠲᠤᠩ  ᠳᠤ ᠢᠰᠭᠡᠭᠰᠡᠨ ᠢᠰᠦᠮᠡᠯ ᠨᠣᠭᠣᠭ᠎ᠠ ᠲᠠᠢ ᠳᠥᠭᠥᠮ ᠢᠳᠡᠭᠡᠨ ᠪᠣᠷᠣᠯᠠᠭᠤᠯᠵᠤ ᠪᠠᠶᠢᠭ᠎ᠠ ᠪᠠᠶᠢᠳᠠᠯ ᠪᠣᠯᠣᠨ ᠪᠦᠲᠦᠭᠡᠭᠳᠡᠬᠦᠨ ᠦ ᠦᠢᠯᠡᠳᠪᠦᠷᠢᠯᠡᠭᠰᠡᠨ ᠭᠠᠵᠠᠷ᠂ ᠦᠢᠯᠡᠳᠪᠦᠷᠢᠯᠡᠭᠴᠢ᠂ ᠦᠢᠯᠡᠳᠪᠦᠷᠢᠯᠡᠭᠰᠡᠨ ᠴᠠᠭ ᠬᠤᠭᠤᠴᠠᠭ᠎ᠠ ᠵᠡᠷᠭᠡ ᠳᠤ ᠪᠦᠬᠦ ᠲᠠᠯ᠎ᠠ ᠶᠢᠨ ᠪᠠᠶᠢᠴᠠᠭᠠᠨ ᠣᠶᠢᠯᠠᠭᠠᠯᠲᠠ ᠬᠢᠪᠡ᠃


专项调查1.jpg



ᠪᠠᠶᠢᠴᠠᠭᠠᠨ ᠣᠶᠢᠯᠭᠠᠭᠰᠠᠨ ᠢᠶᠠᠷ᠂ ᠲᠤᠰ ᠬᠣᠲᠠ ᠶᠢᠨ ᠣᠯᠠᠩᠬᠢ ᠬᠡᠲᠦ ᠳᠡᠯᠭᠡᠭᠦᠷ᠂ ᠵᠢᠵᠢᠭ ᠬᠤᠳᠠᠯᠳᠤᠭᠠᠨ ᠤ  ᠳᠡᠯᠭᠡᠭᠦᠷ ᠨᠢ ᠪᠦᠷ ︽ᠺᠠᠩ ᠱᠢ ᠹᠦ᠋︾᠂ ︽ᠲᠦᠩ ᠢ︾  ᠨᠡᠷᠡᠲᠦ ᠲᠡᠮᠳᠡᠭᠲᠦ  ᠵᠢᠨ ᠬᠠᠭᠤᠴᠢᠨ  ᠪᠤᠲᠤᠩ ᠳᠤ ᠢᠰᠭᠡᠭᠰᠡᠨ ᠢᠰᠦᠮᠡᠯ ᠨᠣᠭᠣᠭ᠎ᠠ ᠲᠠᠢ ᠳᠥᠭᠥᠮ ᠢᠳᠡᠭᠡᠨ ᠢ ᠮᠦᠨ ᠦᠷᠭᠦᠯᠵᠢᠯᠡᠨ ᠪᠤᠷᠤᠯᠠᠭᠤᠯᠤᠭᠰᠠᠭᠠᠷ ᠪᠠᠶᠢᠵᠤ᠂ ᠵᠥᠪᠬᠡᠨ ᠮᠠᠰᠢ ᠴᠥᠭᠡᠨ ᠬᠤᠳᠠᠯᠳᠤᠭᠠᠨ ᠤ ᠳᠡᠯᠭᠡᠭᠦᠷ ᠨᠢ ᠲᠥᠪ ᠦᠨ ᠲᠧᠯᠸᠢᠰ ᠬᠣᠷᠢᠶᠠᠨ ᠤ ︽3.15︾ ᠶᠢᠨ ᠦᠳᠡᠰᠢᠯᠡᠭᠡ ᠦᠨ ᠳᠠᠷᠠᠭ᠎ᠠ ᠳᠡᠭᠡᠷᠡᠬᠢ ᠪᠠᠷᠠᠭ᠎ᠠ ᠶᠢ ᠬᠤᠳᠠᠯᠳᠤᠬᠤ ᠪᠠᠨ ᠵᠤᠭᠰᠤᠭᠰᠠᠨ ᠪᠠᠶᠢᠪᠠ᠃ ᠪᠠᠶᠢᠴᠠᠭᠠᠯᠲᠠ ᠵᠢᠨ ᠳᠤᠮᠳᠠ᠂ ᠳᠥᠭᠥᠮ ᠢᠳᠡᠭᠡᠨ ᠦ ᠪᠤᠭᠤᠳᠠᠯ ᠢ ᠵᠠᠳᠠᠯᠵᠤ ᠪᠠᠶᠢᠴᠠᠭᠠᠯᠲᠠ ᠬᠢᠭᠡᠳ ︽ᠺᠠᠩ ᠱᠢ ᠹᠦ᠋︾᠂ ︽ᠲᠦᠩ ᠢ︾  ᠨᠡᠷᠡᠲᠦ ᠲᠡᠮᠳᠡᠭᠲᠦ  ᠵᠢᠨ ᠬᠠᠭᠤᠴᠢᠨ ᠪᠤᠲᠤᠩ ᠳᠤ ᠢᠰᠭᠡᠭᠰᠡᠨ ᠢᠰᠦᠮᠡᠯ ᠨᠣᠭᠣᠭ᠎ᠠ ᠲᠠᠢ ᠳᠥᠭᠥᠮ ᠢᠳᠡᠭᠡᠨ ᠳᠥᠭᠥᠮ ᠢᠳᠡᠭᠡᠨ ᠦ ᠠᠮᠲᠠᠯᠠᠭᠴᠢ ᠨᠢ ︽ᠦᠢᠯᠡᠳᠪᠦᠷᠢᠯᠡᠭᠴᠢ ᠦᠭᠡᠢ᠂ ᠦᠢᠯᠡᠳᠪᠦᠷᠢᠯᠡᠭᠰᠡᠨ ᠴᠠᠭ ᠬᠤᠭᠤᠴᠠᠭ᠎ᠠ ᠦᠭᠡᠢ᠂ ᠴᠢᠨᠠᠷ ᠤᠨ ᠭᠡᠷᠡᠴᠢᠯᠡᠭᠡ ᠦᠭᠡᠢ︾ ᠪᠦᠲᠦᠭᠡᠭᠳᠡᠬᠦᠨ ᠪᠠᠶᠢᠵᠤ᠂ ᠦᠢᠯᠡᠳᠪᠦᠷᠢᠯᠡᠭᠰᠡᠨ ᠡᠬᠢ ᠡᠭᠦᠰᠦᠯ ᠢ ᠨᠢ ᠮᠥᠷᠳᠡᠬᠦ  ᠵᠢᠨ ᠠᠷᠭ᠎ᠠ ᠦᠭᠡᠢ᠂ ᠠᠷᠠᠳ ᠢᠷᠭᠡᠳ ᠦᠨ ᠡᠷᠡᠭᠦᠯ ᠮᠡᠨᠳᠦ ᠳᠦ ᠬᠥᠨᠥᠭᠡᠯ ᠲᠠᠢ ᠨᠥᠯᠥᠭᠡ ᠤᠴᠠᠷᠠᠭᠤᠯᠬᠤ ᠪᠣᠯᠵᠣᠰᠢ ᠦᠭᠡᠢ ᠳᠠᠯᠳᠠ ᠭᠡᠮ ᠣᠷᠣᠰᠢᠵᠤ ᠪᠠᠶᠢᠭ᠎ᠠ ᠶᠢ ᠣᠯᠵᠤ ᠢᠯᠡᠷᠡᠭᠦᠯᠵᠡᠢ᠃ ᠪᠠᠶᠢᠴᠠᠭᠠᠬᠤ ᠠᠵᠢᠯᠲᠠᠨ ᠡᠨᠡᠬᠦ ᠠᠰᠠᠭᠤᠳᠠᠯ ᠳᠤ ᠴᠢᠭᠯᠡᠭᠦᠯᠦᠨ᠂ ᠬᠤᠳᠠᠯᠳᠤᠭ᠎ᠠ ᠡᠵᠡᠩᠨᠡᠭᠴᠢ ᠳᠦ ᠢᠳᠡᠭᠡᠨ ᠤᠮᠳᠠᠭᠠᠨ ᠤ ᠠᠶᠤᠯᠭᠦᠢ ᠶᠢᠨ ᠲᠠᠯ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠬᠠᠤᠯᠢ ᠶᠢᠨ ᠮᠡᠳᠡᠯᠭᠡ ᠶᠢ ᠤᠬᠠᠭᠤᠯᠵᠤ᠂ ᠲᠡᠳᠡᠨ ᠦ ᠬᠠᠤᠯᠢ ᠰᠠᠬᠢᠬᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠬᠤᠳᠠᠯ ᠬᠠᠭᠤᠷᠮᠠᠴᠢ᠂ ᠴᠢᠨᠠᠷ ᠮᠠᠭᠤᠲᠠᠢ ᠪᠠᠷᠠᠭ᠎ᠠ ᠪᠣᠷᠣᠯᠠᠭᠤᠯᠬᠤ ᠶᠢ ᠳᠡᠪᠴᠢᠬᠦ ᠶᠢ ᠱᠠᠭᠠᠷᠳᠠᠵᠠᠢ᠃


专项调查2.jpg


ᠬᠣᠶᠢᠰᠢᠳᠠ᠂ ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ ᠨᠢ ᠪᠠᠶᠢᠴᠠᠭᠠᠯᠲᠠ ᠬᠢᠭᠰᠡᠨ ᠪᠠᠶᠢᠳᠠᠯ ᠪᠣᠯᠣᠨ ᠢᠯᠡᠷᠡᠭᠦᠯᠦᠭᠰᠡᠨ ᠠᠰᠠᠭᠤᠳᠠᠯ ᠢ ᠵᠠᠬ᠎ᠠ ᠳᠡᠯᠭᠡᠭᠦᠷ ᠦᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠦ ᠰᠠᠨᠠᠯ ᠪᠣᠯᠭᠠᠨ ᠰᠢᠯᠵᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ᠬᠢᠨᠠᠨ ᠪᠠᠶᠢᠴᠠᠭᠠᠵᠤ᠂ ᠵᠣᠬᠢᠮᠵᠢᠲᠠᠢ ᠠᠷᠭ᠎ᠠ ᠬᠡᠮᠵᠢᠶ᠎ᠡ ᠠᠪᠴᠤ᠂ ᠬᠤᠳᠠᠯ ᠬᠠᠭᠤᠷᠮᠠᠭ᠂ ᠴᠢᠨᠠᠷ ᠮᠠᠭᠤ ᠢᠳᠡᠭᠡᠨ ᠤᠮᠳᠠᠭᠠ ᠠᠷᠠᠳ ᠢᠷᠭᠡᠳ ᠦᠨ ᠬᠣᠭᠣᠯᠠᠨ ᠰᠢᠷᠡᠭᠡᠨ ᠳᠦ ᠭᠠᠷᠬᠤ ᠠᠴᠠ ᠰᠡᠷᠭᠡᠶᠢᠯᠡᠵᠦ᠂ ᠠᠷᠠᠳ ᠢᠷᠭᠡᠳ ᠦᠨ ᠢᠳᠡᠭᠡᠨ ᠤᠮᠳᠠᠭᠠᠨ ᠤ ᠴᠡᠪᠡᠷ ᠠᠷᠢᠭᠤᠨ ᠢ ᠪᠠᠲᠤᠯᠠᠬᠤ ᠶᠢ ᠱᠠᠭᠠᠷᠳᠠᠨ᠎ᠠ᠃

 

ᠢᠷᠡᠯᠲᠡ
ᠡᠷᠢᠶᠡᠨ ᠬᠣᠲᠠ ᠶᠢᠨ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro