ᠪᠠᠭᠠᠷᠢᠨ ᠪᠠᠷᠠᠭᠣᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ︽ᠤᠶᠤᠨ ᠤ ᠦᠮᠴᠢ ᠵᠢᠨ ᠡᠷᠭᠡ ᠶᠢᠨ ᠡᠳᠦᠷ︾ ᠦᠨ ᠤᠬᠠᠭᠠᠭᠤᠯᠬᠤ ᠬᠦᠳᠡᠯᠭᠡᠭᠡᠨ ᠦᠷᠨᠢᠭᠦᠯᠪᠡ
ᠤᠶᠢᠷ᠎ᠠ ᠶᠢᠨ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠺᠠᠲᠠᠷ ᠴᠠᠭᠳᠠᠭ᠎ᠠ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠦ ᠶᠢᠨ ᠰᠤᠶᠤᠯ ᠤᠨ ᠠᠭᠤᠳᠠᠮ ᠲᠠᠯᠠᠪᠠᠢ ᠳᠦ ᠬᠦᠷᠴᠦ ᠬᠤᠰᠢᠭᠤᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠦ ᠬᠠᠤᠯᠢ ᠪᠤᠰᠤ ᠬᠡᠪᠯᠡᠭᠳᠡᠭᠦᠨ ᠳᠦ ᠴᠤᠬᠢᠯᠲᠠ ᠦᠭᠭᠦ︾ᠤᠳᠤᠷᠢᠳᠬᠤ ᠲᠤᠭᠤᠶᠢᠯᠠᠩ ᠤᠨ ᠠᠯᠪᠠᠨ ᠭᠡᠷ ᠡᠴᠡ ᠵᠤᠬᠢᠶᠠᠨ ᠪᠠᠶᠢᠭᠤᠯᠤᠭᠰᠠᠨ22 ᠳ᠋ᠤᠭᠠᠷ ᠤᠳᠠᠭᠠᠨ ᠤ ᠲᠡᠯᠡᠬᠡᠢ ᠶᠢᠨ ᠤᠶᠤᠨ ᠤ ᠦᠮᠴᠢ ᠵᠢᠨ ᠡᠷᠬᠡ ᠶᠢᠨ ᠤᠬᠠᠭᠠᠭᠤᠯᠬᠤ ᠡᠳᠦᠷ ᠦᠨ ᠬᠦᠳᠡᠯᠭᠡᠭᠡᠨ ᠳᠦ ᠤᠷᠤᠯᠴᠠᠪᠠ᠃
ᠤᠬᠠᠭᠤᠯᠭ᠎ᠠ ᠶᠢᠨ ᠠᠵᠢᠯ ᠳᠦ᠂ ᠤᠬᠠᠭᠤᠯᠭ᠎ᠠ ᠶᠢᠨ ᠬᠦᠰᠢᠭᠡ ᠡᠯᠭᠦᠭᠦ᠂ ︽ᠬᠠᠤᠯᠢ ᠲᠦᠷᠢᠮ ᠦᠨ ᠦᠵᠡᠯᠲᠡ ᠪᠠᠨ ᠴᠢᠩᠭᠠᠳᠬᠠᠵᠦ᠂ ᠤᠶᠤᠨ ᠤ ᠦᠮᠴᠢ ᠵᠢᠨ ᠡᠷᠬᠡ ᠶᠢ ᠬᠠᠮᠠᠭᠠᠯᠠᠬᠤ︾ ᠤᠬᠠᠭᠤᠯᠭ᠎ᠠ ᠶᠢᠨ ᠰᠠᠮᠪᠠᠷ᠎ᠠ ᠲᠡᠯᠭᠡᠬᠦ᠂ ᠤᠯᠠᠨ ᠲᠦᠮᠡᠨ ᠳᠦ ᠮᠡᠳᠡᠯᠭᠡ ᠶᠢᠨ ᠪᠦᠲᠦᠭᠡᠭᠳᠡᠭᠦᠨ ᠦ ᠡᠷᠭᠡ ᠶᠢᠨ ᠬᠠᠮᠢᠶ᠎ᠠ ᠪᠦᠬᠦᠢ ᠬᠠᠤᠯᠢ ᠲᠤᠭᠲᠠᠭᠠᠯ ᠤᠨ ᠤᠬᠠᠭᠠᠭᠤᠯᠬᠤ ᠮᠠᠲᠸᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷ ᠪᠡᠷ ᠲᠠᠮᠵᠢᠭᠤᠯᠤᠨ᠂ ᠤᠯᠠᠨ ᠨᠡᠶᠢᠳᠠ ᠳᠤ ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠵᠦ᠂ ᠤᠶᠤᠨ ᠤ ᠦᠮᠴᠢ ᠵᠢᠨ ᠡᠷᠬᠡ ᠶᠢ ᠤᠶᠢᠯᠠᠭᠠᠭᠤᠯᠤᠨ ᠲᠠᠨᠢᠭᠤᠯᠵᠦ᠂ ᠲᠡᠳᠠᠨᠦᠰ ᠤᠨ ᠤᠶᠤᠨ ᠤ ᠦᠮᠴᠢ ᠵᠢᠨ ᠡᠷᠬᠡ ᠶᠢ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠨ᠂ ᠵᠤᠬᠢᠶᠠᠭᠴᠢ ᠶᠢᠨ ᠬᠦᠳᠡᠯᠮᠦᠷᠢ ᠶᠢᠨ ᠦᠷ᠎ᠡ ᠪᠦᠳᠦᠭᠡᠯ ᠢ ᠬᠦᠨᠳᠦᠳᠬᠡᠬᠦ᠂ ᠤᠤᠯ ᠪᠦᠲᠦᠭᠡᠯ ᠢ ᠴᠢᠬᠤᠯᠠᠴᠢᠯᠠᠵᠦ᠂ ᠪᠦᠬᠦ ᠨᠡᠶᠢᠭᠡᠮ ᠢᠶᠡᠷ ᠢᠶᠡᠨ ᠤᠶᠤᠨ ᠤ ᠦᠮᠴᠢ ᠵᠢᠨ ᠡᠷᠬᠡ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠂ ᠬᠡᠪᠯᠡᠯ ᠤᠨ ᠡᠷᠬᠡᠲᠦ ᠬᠦᠴᠦᠷᠭᠡᠭ ᠤᠯᠤᠰ ᠢ ᠪᠦᠲᠦᠭᠡᠨ ᠪᠠᠶᠢᠭᠤᠯᠬᠤ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠠᠢ᠃