ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠲᠥᠩᠯᠢᠶᠥᠥ ᠬᠤᠲᠠ ᠶᠢᠨ ᠪᠠᠶᠢᠴᠠᠭᠠᠬᠤ ᠬᠤᠷᠢᠶ᠎ᠠ ᠨᠢᠭᠡᠳᠥᠭᠡᠷ ᠤᠯᠠᠷᠢᠯ  ᠦᠨ ᠠᠩᠬ᠎ᠠ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠭᠡᠳᠡᠷᠭᠦ ᠪᠠᠶᠢᠴᠠᠭᠠᠬᠤ ᠲᠤᠰᠬᠠᠢ ᠰᠣᠳᠣᠯᠣᠨ ᠮᠠᠭᠠᠳᠯᠠᠬᠤ ᠬᠤᠷᠠᠯ ᠬᠢᠪᠡ

2022-05-19 11:30:02
ᠵᠣᠬᠢᠶᠠᠭᠴᠢ
ᠦ᠋ ᠳ᠋ᠧ ᠱᠧᠩ


09094910i4l0.jpg


5 ᠰᠠᠷ᠎ᠠ ᠶᠢᠨ 7 ᠤ ᠡᠳᠦᠷ᠂ ᠲᠥᠩᠯᠢᠶᠥᠥ ᠬᠤᠲᠠ ᠶᠢᠨ ᠪᠠᠶᠢᠴᠠᠭᠠᠬᠤ ᠬᠤᠷᠢᠶ᠎ᠠ ᠨᠢᠭᠡᠳᠥᠭᠡᠷ ᠤᠯᠠᠷᠢᠯ ᠤᠨ ᠠᠩᠬ᠎ᠠ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠭᠡᠳᠡᠷᠭᠦ ᠪᠠᠶᠢᠴᠠᠭᠠᠬᠤ ᠲᠤᠰᠬᠠᠢ ᠰᠣᠳᠣᠯᠣᠨ ᠮᠠᠭᠠᠳᠯᠠᠬᠤ ᠬᠤᠷᠠᠯ ᠬᠢᠪᠡ᠃ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠨᠠᠮ ᠤᠨ ᠣᠳᠣᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠸᠠᠩ ᠶᠠᠨ ᠴᠦᠨ ᠬᠤᠷᠠᠯ ᠳᠤ ᠣᠷᠣᠯᠴᠠᠵᠣ ᠶᠠᠷᠢᠶ᠎ᠠ ᠲᠠᠯᠪᠢᠪᠠ᠃ ᠬᠤᠲᠠ ᠶᠢᠨ ᠪᠠᠶᠢᠴᠠᠭᠠᠬᠤ ᠬᠤᠷᠢᠶ᠎ᠠ ᠵᠢᠴᠢ ᠬᠠᠮᠢᠶ᠎ᠠ ᠪᠦᠬᠦᠢ ᠦᠨᠳᠦᠰᠦᠨ ᠱᠠᠳᠤᠨ ᠤ ᠬᠤᠷᠢᠶ᠎ᠠ ᠶᠢᠨ ᠬᠡᠷᠡᠭ ᠳᠠᠭᠠᠭᠠᠴᠢᠯᠠᠭᠰᠠᠨ ᠤᠳᠤᠷᠢᠳᠤᠯᠭ᠎ᠠ᠂ ᠳᠠᠭᠠᠭᠠᠨ ᠠᠪᠴᠣ ᠰᠢᠢᠳᠪᠦᠷᠢᠯᠡᠬᠦ ᠪᠠᠢᠭᠤᠯᠭ᠎ᠠ ᠶᠢᠨ ᠬᠠᠷᠢᠭᠤᠴᠠᠯᠭᠠᠲᠠᠨ᠂ ᠳᠠᠭᠠᠭᠠᠨ ᠠᠪᠴᠣ ᠰᠢᠢᠳᠪᠦᠷᠢᠯᠡᠬᠦ ᠪᠠᠢᠴᠠᠭᠠᠬᠤ ᠲᠤᠰᠢᠶᠠᠯᠲᠠᠨ ᠬᠤᠷᠠᠯ ᠳᠤ ᠤᠷᠤᠯᠴᠠᠪᠠ᠃

ᠬᠤᠷᠠᠯ ᠠᠴᠠ ᠦᠨᠳᠦᠰᠦᠨ ᠱᠠᠳᠣᠨ ᠤ ᠬᠤᠷᠢᠶ᠎ᠠ ᠪᠠ ᠬᠤᠳᠠ ᠶᠢᠨ ᠬᠤᠷᠢᠶ᠎ᠠ ᠶᠢᠨ ᠳᠠᠭᠠᠭᠠᠨ ᠠᠪᠴᠣ ᠰᠢᠢᠳᠪᠦᠷᠢᠯᠡᠬᠦ ᠪᠠᠶᠢᠴᠠᠭᠠᠭᠴᠢ ᠶᠢᠨ ᠡᠷᠡᠭᠦᠦ᠂ ᠢᠷᠭᠡᠨ ᠤ ᠬᠡᠷᠡᠭ ᠤᠨ ᠦᠯᠦ ᠵᠠᠭᠠᠯᠳᠤᠬᠤ ᠶᠢ ᠦᠯᠦ ᠬᠦᠯᠢᠶᠡᠬᠦ᠂ ᠭᠤᠮᠤᠳᠠᠯ ᠲᠣᠭᠠᠴᠢᠬᠤ ᠳᠤ ᠦᠯᠦ ᠳᠡᠮᠵᠢᠬᠦ ᠬᠢᠨᠠᠯᠲᠠ ᠲᠠᠯᠪᠢᠬᠤ ᠶᠢ ᠦᠯᠦ ᠬᠦᠯᠢᠶᠡᠬᠦ 12 ᠬᠡᠷᠡᠭ ᠤᠨ ᠪᠠᠶᠢᠳᠠᠯ ᠤᠨ ᠮᠡᠳᠡᠭᠦᠯᠦᠯᠲᠡ ᠶᠢ ᠰᠤᠨᠤᠰᠴᠣ᠂ ᠭᠤᠮᠤᠳᠠᠯ ᠲᠤᠭᠠᠴᠢᠭᠴᠢ ᠶᠢᠨ ᠦᠴᠢᠭ ᠪᠠ ᠭᠤᠮᠤᠳᠠᠯ ᠲᠤᠭᠠᠴᠢᠭᠰᠠᠨ ᠰᠢᠯᠳᠠᠭᠠᠨ ᠢ ᠰᠣᠳᠣᠯᠣᠨ ᠮᠠᠭᠠᠳᠯᠠᠵᠣ᠂ ᠬᠡᠷᠡᠭ ᠰᠢᠳᠬᠡᠬᠦ ᠪᠠ ᠠᠵᠢᠯ ᠤᠨ ᠳᠤᠮᠳᠠ ᠤᠷᠤᠰᠢᠵᠦ  ᠪᠠᠢᠭ᠎ᠠ ᠮᠡᠳᠡᠭᠡ ᠵᠠᠩᠭᠢ ᠶᠢ ᠢᠯᠡ ᠪᠤᠯᠭᠠᠬᠤ ᠪᠠ ᠡᠷᠬᠡ ᠠᠰᠢᠭ ᠢ ᠪᠠᠳᠣᠯᠠᠬᠤ ᠬᠠᠩᠭᠠᠮᠵᠢ ᠭᠦᠢᠴᠡᠳ ᠦᠭᠡᠢ ᠵᠡᠷᠭᠡ ᠠᠰᠠᠭᠤᠳᠠᠯ ᠢ ᠰᠣᠳᠣᠯᠣᠨ  ᠰᠢᠢᠳᠪᠦᠷᠢᠯᠡᠵᠡᠢ᠂ ᠬᠤᠷᠠᠯ ᠳᠤ ᠣᠷᠣᠯᠴᠠᠭᠰᠠᠨ ᠨᠦᠬᠦᠳ ᠬᠠᠨᠳᠣᠯᠭᠠᠳᠣ ᠴᠢᠨᠠᠷ ᠲᠠᠢ ᠰᠠᠨᠠᠯ ᠪᠠ ᠰᠠᠨᠠᠭᠤᠯᠭ᠎ᠠ ᠳᠤᠷᠠᠳᠴᠠᠢ᠃


09094928xmo4.jpg


ᠬᠤᠷᠠᠯ ᠠᠴᠠ ᠵᠢᠭᠠᠨ ᠭᠠᠷᠭᠠᠭᠰᠠᠨ ᠨᠢ᠂ ᠬᠡᠷᠡᠭ ᠤᠨ ᠴᠢᠨᠠᠡᠷ ᠴᠢᠨᠰᠠᠭ᠎ᠠ ᠪᠠ ᠵᠦᠷᠢᠴᠡᠯ ᠢ ᠰᠢᠢᠳᠪᠦᠷᠢᠯᠡᠬᠦ ᠨᠢ ᠬᠠᠤᠯᠢ ᠪᠠᠷᠢᠬᠤ ᠬᠡᠷᠡᠭ  ᠰᠢᠳᠬᠡᠬᠦ ᠶᠢᠨ ︽ᠨᠢᠭᠡᠨ ᠴᠣᠭᠴᠠ ᠵᠢᠨ ᠬᠤᠶᠠᠷ ᠵᠢᠭᠦᠷ︾ ᠮᠦᠨ᠂ ᠵᠠᠪᠠᠯ ᠬᠤᠶᠠᠷ ᠲᠠᠯ᠎ᠠ ᠶᠢ  ᠠᠳᠬᠤᠵᠤ᠂ ᠬᠠᠮᠲᠦ ᠳ᠋ᠤᠨᠢ ᠠᠬᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠬᠡᠷᠡᠭ ᠤᠨ ᠴᠢᠨᠠᠡᠷ ᠴᠢᠨᠰᠠᠭ᠎ᠠ  ᠶᠢ ᠳᠡᠭᠡᠭᠰᠢᠯᠡᠭᠦᠯᠵᠦ᠂ ᠵᠠᠷᠭᠤ ᠳᠤ ᠣᠷᠣᠯᠴᠠᠭᠴᠢ ᠶᠢᠨ ᠡᠷᠬᠡ ᠶᠢ ᠠᠳᠠᠯᠢ ᠲᠡᠭᠰᠢ ᠪᠠᠳᠤᠯᠠᠵᠦ᠂ ᠬᠡᠷᠡᠭ ᠢ ᠳᠠᠭᠤᠰᠭᠠᠨ  ᠤᠴᠢᠷ ᠢ ᠰᠢᠢᠳᠪᠦᠷᠢᠯᠡᠵᠦ᠂ ᠭᠡᠷᠡᠭ ᠳᠠᠭᠤᠰᠤᠭᠰᠠᠨ ᠤ ᠰᠡᠭᠦᠯᠡᠷ ᠰᠤᠷᠪᠥᠯᠵᠢᠯᠠᠭ᠎ᠠ ᠡᠬᠢᠯᠡᠬᠦ ᠶᠢ ᠬᠤᠷᠢᠭᠯᠠᠬᠤ ᠬᠡᠷᠡᠭᠲᠡᠢ︔ ᠰᠢᠨ᠎ᠡ ᠬᠡᠷᠡᠭ ᠰᠢᠨ᠎ᠡ ᠰᠤᠷᠪᠥᠯᠵᠢᠯᠠᠭ᠎ᠠ ᠶᠢᠨ ᠬᠠᠷᠢᠭᠤᠴᠠᠯᠭ᠎ᠠ ᠳᠤ ᠭᠡᠳᠡᠷᠭᠦ ᠪᠠᠶᠢᠴᠠᠭᠠᠯᠲᠠ ᠬᠢᠵᠦ᠂ ᠰᠢᠯᠳᠠᠭᠠᠨ ᠪᠠ ᠳᠤᠲᠠᠭᠳᠠᠯ ᠢ ᠡᠷᠢᠨ᠂ ᠡᠬᠢ ᠡᠭᠦᠰᠣᠯ ᠠᠴᠠ ᠴᠡᠭᠴᠡᠯᠡᠨ ᠦᠭᠡᠷᠡᠴᠢᠯᠡᠵᠦ᠂ ᠵᠠᠬᠢᠳᠠᠯ ᠰᠤᠷᠪᠥᠯᠵᠢᠯᠠᠭ᠎ᠠ ᠶᠢᠨ ᠬᠡᠷᠡᠭ ᠤᠨ ᠬᠤᠷᠢᠭ᠎ᠠ ᠦᠭᠡᠢ ᠨᠡᠮᠡᠭᠳᠡᠬᠦ ᠶᠢ ᠬᠤᠷᠢᠭᠯᠠᠨ᠎ᠠ᠃

ᠬᠤᠷᠠᠯ ᠠᠴᠠ ᠴᠢᠬᠤᠯᠠᠴᠢᠯᠠᠭᠰᠠᠨ ᠨᠢ᠂ ᠬᠠᠤᠯᠢ  ᠪᠠᠷᠢᠵᠤ ᠬᠡᠷᠡᠭ  ᠰᠢᠳᠬᠡᠬᠦ ᠨᠢ ᠵᠦᠷᠢᠴᠡᠯ ᠢ ᠰᠢᠢᠳᠪᠦᠷᠢᠯᠡᠬᠦ᠂ ᠨᠡᠶᠢᠭᠡᠮ ᠤᠨ ᠡᠮᠬᠢ ᠲᠢᠭᠯᠢᠮ ᠢ ᠪᠠᠳᠤᠯᠠᠬᠤ ᠶᠢᠨ ᠴᠢᠬᠤᠯᠠ ᠠᠷᠭ᠎ᠠ ᠪᠠᠷᠢᠯ ᠮᠦᠨ᠂ ᠬᠠᠤᠯᠢ ᠪᠠᠷᠢᠵᠤ ᠬᠡᠷᠡᠭ  ᠰᠢᠳᠬᠡᠬᠦ ᠶᠠᠪᠣᠴᠠ ᠳᠤ ᠬᠠᠣᠯᠢ  ᠪᠠ ᠵᠠᠷᠭᠤ  ᠲᠠᠢ  ᠬᠤᠯᠪᠤᠭᠳᠠᠬᠤ ᠠᠴᠠ ᠪᠤᠯᠵᠤ ᠰᠢᠨ᠎ᠡ ᠵᠦᠷᠢᠴᠡᠯ ᠢᠯᠡᠷᠡᠵᠦ ᠪᠣᠯᠬᠤ ᠦᠭᠡᠢ᠃ ᠪᠦᠬᠦ ᠬᠤᠳᠠ ᠶᠢᠨ ᠪᠠᠶᠢᠴᠠᠭᠠᠬᠤ ᠪᠠᠶᠢᠭᠤᠯᠭ᠎ᠠ ᠬᠠᠣᠯᠢ  ᠪᠠ ᠵᠠᠷᠭᠤ ᠲᠠᠢ  ᠬᠤᠯᠪᠣᠭᠳᠠᠬᠤ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ︽ᠦᠪᠡᠷ ᠢᠶᠡᠨ  ᠵᠠᠷᠭᠤ ᠬᠢᠵᠦ ᠪᠠᠶᠢᠬᠤ︾ ᠮᠡᠳᠦ ᠬᠠᠷᠢᠭᠤᠴᠠᠯᠭᠠᠲᠦ ᠤᠬᠠᠮᠰᠠᠷ ᠢᠶᠠᠷ ᠵᠦᠢ ᠶᠣᠰᠣ  ᠪᠠ ᠬᠠᠣᠯᠢ ᠴᠠᠭᠠᠵᠠ ᠶᠢ ᠨᠢᠭᠡ ᠴᠣᠭᠴᠠᠵᠢᠭᠤᠯᠵᠦ᠂ ᠵᠦᠷᠢᠴᠡᠯ ᠰᠢᠢᠳᠪᠦᠷᠢᠯᠡᠬᠦ ᠠᠵᠢᠯ ᠢ ᠴᠢᠩᠭᠠᠳᠭᠠᠨ᠎ᠠ᠃ ︽ᠡᠭᠦᠳᠡ ᠪᠠᠨ ᠨᠡᠭᠡᠭᠡᠬᠦ ᠬᠡᠯᠪᠡᠷᠢ ᠪᠡᠷ  ᠣᠭᠲᠣᠬᠤ᠂  ᠵᠠᠬᠢᠶᠠᠯᠠᠭ᠎ᠠ ᠮᠡᠲᠦ ᠬᠦᠯᠢᠶᠡᠨ ᠠᠪᠬᠤ᠂ ᠮᠦᠷᠳᠡᠬᠦ ᠬᠡᠯᠪᠡᠷᠢ ᠪᠡᠷ ᠰᠢᠢᠳᠪᠦᠷᠢᠯᠡᠬᠦ ᠂ ᠪᠤᠭᠤᠳᠠᠯᠯᠠᠬᠤ ᠬᠡᠯᠪᠡᠷᠢ ᠪᠡᠷ ᠰᠢᠢᠳᠪᠦᠷᠢᠯᠡᠬᠦ︾ ᠠᠷᠠᠳ ᠲᠦᠮᠡᠨ ᠤ ᠰᠤᠷᠪᠤᠯᠵᠢᠯᠠᠭ᠎ᠠ ᠶᠢ ᠶᠡᠭᠡ ᠪᠠᠷ ᠬᠦᠯᠢᠶᠡᠨ ᠠᠪᠬᠤ ᠬᠦᠳᠡᠯᠭᠡᠭᠡᠨ ᠢ ᠦᠷᠭᠦᠯᠵᠢᠯᠡᠨ ᠴᠢᠩᠭᠠᠳᠬᠠᠨ᠂ ᠭᠤᠮᠣᠳᠠᠯ ᠲᠣᠭᠠᠴᠢᠬᠤ ᠳᠤ ᠲᠦᠭᠦᠮ ᠪᠤᠯᠭᠠᠵᠣ᠂ ᠵᠠᠭᠠᠯᠳᠣᠯᠭ᠎ᠠ ᠳᠤ ᠬᠤᠯᠪᠤᠭᠳᠠᠭᠰᠠᠨ ᠠᠷᠠᠳ ᠲᠦᠮᠡᠨ ᠳᠤ ᠪᠠᠶᠢᠴᠠᠭᠠᠬᠤ ᠪᠠᠶᠢᠭᠤᠯᠭ᠎ᠠ ᠦᠨᠡᠨᠬᠦ ᠢᠳᠡᠭᠡᠭᠦᠯᠦᠨ᠂ ᠬᠡᠷᠡᠭ ᠢ ᠨᠢ ᠰᠢᠢᠳᠪᠦᠷᠢᠯᠡᠨ᠎ᠡ︔ ︽ᠰᠤᠷᠪᠣᠯᠵᠢᠯᠠᠭ᠎ᠠ ᠦᠭᠡᠢ  ᠪᠠᠢᠭᠤᠯᠭ᠎ᠠ ᠨᠢᠬᠡᠴᠡ︾᠂ ︽ᠰᠤᠷᠪᠤᠯᠵᠢᠯᠠᠭ᠎ᠠ ᠦᠭᠡᠢ ᠬᠤᠪᠢ ᠬᠦᠮᠦᠨ︾ ᠢ ᠰᠢᠯᠭᠠᠷᠠᠭᠤᠯᠬᠤ ᠪᠠᠷ ᠠᠴᠢᠶ᠎ᠠ ᠪᠤᠯᠭᠠᠨ᠂ ︽ᠬᠡᠷᠡᠭ ᠪᠠ ᠣᠳᠠᠭᠠᠨ ᠤ ᠬᠠᠷᠢᠴᠠᠯ︾ ᠢᠶᠠᠷ ᠰᠢᠵᠢᠮ ᠪᠤᠯᠭᠠᠨ᠂ ᠪᠠᠶᠢᠴᠠᠭᠠᠬᠤ ᠭᠤᠭᠴᠣᠭᠠᠨ ᠤ ᠬᠡᠷᠡᠭ ᠤᠨ ᠮᠡᠳᠡᠭᠡ ᠵᠠᠩᠭᠢ ᠲᠡᠩᠴᠡᠭᠦᠷᠢ ᠦᠬᠡᠢ᠂ ᠶᠠᠪᠤᠴᠠ ᠨᠢ ᠲᠤᠳᠤᠷᠬᠠᠢ ᠦᠭᠡᠢ᠂ ᠡᠷᠬᠡ ᠠᠰᠢᠭ ᠤᠨ ᠪᠠᠳᠣᠯᠠᠭ᠎ᠠ ᠲᠡᠭᠰᠢ ᠪᠣᠰᠣ ᠵᠡᠷᠭᠡ ᠳᠤᠪᠥᠶᠢᠮ᠎ᠠ ᠠᠰᠠᠭᠤᠳᠠᠯ ᠢ ᠰᠢᠢᠳᠪᠦᠷᠢᠯᠡᠵᠦ᠂ ᠠᠯᠳᠠᠭ᠎ᠠ ᠪᠠᠨ ᠨᠦᠬᠦᠵᠦ᠂ ᠲᠣᠭᠲᠠᠯᠴᠠᠭ᠎ᠠ ᠪᠠᠶᠢᠭᠤᠯᠵᠣ᠂ ᠵᠦᠷᠢᠴᠡᠯ ᠮᠦᠷᠭᠦᠯᠳᠦᠭᠡᠨ ᠢ ᠬᠤᠳᠠ ᠶᠢᠨ ᠬᠡᠪᠴᠢᠶᠡᠨ ᠳᠤ ᠰᠢᠢᠳᠪᠦᠷᠢᠯᠡᠵᠦ᠂ ᠦᠨᠳᠦᠰᠦᠨ ᠱᠠᠳᠣᠨ ᠳᠤ ᠨᠠᠮᠳᠠᠭᠤᠯᠣᠨ᠂ ᠭᠠᠳᠠᠭᠰᠢ ᠯᠡᠪᠡᠷᠡᠭᠦᠯᠬᠦ ᠦᠭᠡᠢ ᠳᠡᠭᠡᠭᠰᠢ ᠲᠣᠰᠢᠶᠠᠬᠤ ᠦᠭᠡᠢ ᠪᠠᠶᠢᠬᠤ ᠬᠡᠷᠡᠭᠲᠡᠢ᠃ ᠵᠠᠬᠢᠳᠠᠯ ᠰᠣᠷᠪᠣᠯᠵᠢᠯᠠᠭ᠎ᠠ ᠶᠢ ᠳᠣᠭᠲᠠᠭᠤᠨ ᠪᠣᠯᠭᠠᠬᠤ ᠠᠵᠢᠯ ᠢ ᠪᠦᠬᠦ ᠬᠦᠴᠦᠨ ᠢᠶᠠᠷ ᠬᠢᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠬᠤᠷᠠᠯ ᠢ ᠢᠯᠠᠯᠲᠠ ᠲᠠᠢ ᠬᠤᠷᠠᠯᠳᠣᠬᠤ ᠶᠢ   ᠤᠭᠲᠤᠬᠤ ᠬᠡᠷᠡᠭᠲᠡᠢ᠃


ᠢᠷᠡᠯᠲᠡ
ᠲᠥᠩᠯᠢᠶᠥᠥ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro