ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠨᠣᠮ ᠪᠢᠴᠢᠭ ᠢᠶᠡᠷ ᠵᠠᠭᠤᠴᠢ ᠪᠣᠯᠭᠠᠨ ᠬᠠᠤᠯᠢ ᠵᠢᠨ ᠦᠷ᠎ᠡ ᠶᠢ ᠰᠠᠴᠤᠵᠤ ᠂ ᠪᠠᠶᠢᠴᠠᠭᠠᠬᠤ ᠵᠢᠨ ᠬᠠᠶᠢᠷ᠎ᠠ ᠬᠠᠯᠠᠮᠵᠢ ᠪᠠᠷ ᠢᠷᠡᠭᠡᠳᠦᠢ ᠶᠢ ᠬᠠᠮᠠᠭᠠᠯᠠᠨᠠᠮ  

2022-06-06 16:45:40
ᠵᠣᠬᠢᠶᠠᠭᠴᠢ
ᠨᠠᠪᠴᠢ


W020220601420595780110.jpg


ᠨᠠᠰᠤᠨ ᠳᠤ ᠥᠯᠥ ᠭᠦᠷᠦᠭᠰᠡᠳ ᠦᠨ ᠬᠠᠸᠯᠢ ᠪᠠᠷ ᠵᠠᠰᠠᠬᠤ ᠬᠥᠮᠦᠵᠢᠯ ᠢ ᠴᠢᠩᠭᠠᠳᠬᠠᠬᠤ ᠪᠣᠯ ᠤᠯᠤᠰ ᠂ ᠨᠡᠶᠢᠭᠡᠮ ᠂ ᠰᠤᠷᠭᠠᠭᠤᠯᠢ ᠪᠠ ᠬᠡᠷ ᠪᠦᠯᠢ ᠶᠢᠨ ᠬᠠᠮᠲᠤ ᠶᠢᠨ ᠬᠠᠷᠢᠭᠤᠴᠠᠯᠭ᠎ᠠ ᠮᠥᠨ ᠃ᠠᠷᠠᠳ ᠤᠨ ᠪᠠᠶᠢᠴᠠᠭᠠᠬᠤ ᠬᠣᠷᠢᠶ᠎ᠠ ᠨᠢ ᠤᠯᠤᠰ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠᠶᠢᠭᠤᠯᠭ᠎ᠠ ᠪᠣᠯᠤᠭᠰᠠᠨ ᠤ ᠬᠤᠪᠢ ᠳᠤ᠂ ᠨᠠᠰᠤᠨ ᠳᠤ ᠦᠯᠤ ᠬᠥᠷᠦᠭᠰᠡᠳ ᠦᠨ ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠵᠤ᠂ ᠨᠠᠰᠤᠨ ᠳᠤ ᠦᠯᠤ ᠬᠥᠷᠦᠭᠰᠡᠳ ᠦᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠬᠤ ᠳᠤ ᠵᠠᠶᠢᠯᠠᠭᠤᠯᠵᠤ ᠪᠣᠯᠤᠰᠢ ᠦᠭᠡᠢ ᠬᠦᠨᠳᠦ ᠬᠠᠷᠢᠭᠤᠴᠠᠯᠭ᠎ᠠ ᠲᠠᠶ ᠶᠤᠮ᠃  5 ᠳ᠋ᠤᠭᠠᠷ ᠰᠠᠷ᠎ᠠ ᠶᠢᠨ 31 ᠦ ᠡᠳᠦᠷ ᠦᠨ ᠦᠳᠡ ᠶᠢᠨ ᠬᠣᠶᠢᠨ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ ᠬᠠᠸᠯᠢ ᠪᠠᠷ ᠵᠠᠰᠠᠬᠤ ᠳᠡᠳ᠋ ᠵᠠᠬᠢᠷᠤᠯ ᠤᠨ ᠬᠤᠪᠢ ᠪᠠᠷ ᠬᠥᠬᠡᠬᠣᠲᠠ ᠶᠢᠨ ᠬᠣᠶᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠂ ᠰᠤᠷᠤᠭᠴᠢᠳ ᠲᠤ ︽ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠸᠯᠢ ᠴᠠᠭᠠᠵᠠ ᠶᠢᠨ ᠪᠦᠷᠢᠨ ᠪᠢᠴᠢᠭ ︾ ᠵᠡᠷᠭᠡ ᠨᠣᠮ ᠪᠢᠴᠢᠭ ᠬᠦᠷᠭᠡᠭᠰᠡᠨ ᠪᠥᠭᠡᠳ ᠪᠠᠭᠰᠢ ᠰᠤᠷᠤᠭᠴᠢᠳ ᠤᠨ ᠲᠥᠯᠥᠭᠡᠯᠡᠭᠴᠢᠳ ᠲᠡᠶ ᠲᠣᠭᠣᠷᠢᠨ ᠰᠠᠭᠤᠵᠤ ᠰᠠᠨᠠᠯ ᠢᠶᠠᠨ ᠰᠣᠯᠢᠯᠴᠠᠪᠠ ᠃

 

W020220601420595862767.png 

 

︽ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠸᠯᠢ ᠴᠠᠭᠠᠵᠠ ᠶᠢᠨ ᠪᠦᠷᠢᠨ ᠪᠢᠴᠢᠭ ︾ ︵ ᠳᠣᠷᠣᠭᠰᠢ ︽ ᠪᠦᠷᠢᠨ ᠪᠢᠴᠢᠭ ︾ ᠭᠡᠵᠦ ᠲᠣᠪᠴᠢᠯᠠᠨ᠎ᠠ ︶ ᠢ ᠠᠷᠠᠳ ᠤᠨ ᠳᠡᠭᠡᠳᠦ ᠪᠠᠶᠢᠴᠠᠭᠠᠬᠤ ᠬᠣᠷᠢᠶ᠎ᠠ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠪᠢᠴᠢᠭᠡᠳ ᠣᠶᠢᠷ᠎ᠠ ᠳᠤ ᠬᠡᠪᠯᠡᠨ ᠲᠠᠷᠬᠠᠭᠠᠪᠠ ᠃ 《 ᠪᠦᠬᠦ ᠨᠣᠮ 》 ᠨᠢ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠠᠮᠢᠨ ᠰᠦᠨᠡᠰᠦ ᠪᠣᠯᠭᠠᠵᠤ ᠂ ᠰᠢᠨ᠎ᠡ ᠪᠡᠷ ᠵᠠᠰᠠᠪᠤᠷᠢ ᠣᠷᠣᠭᠤᠯᠤᠭᠰᠠᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ ᠂ ᠨᠠᠰᠤᠨ ᠳᠤ ᠥᠯᠥ ᠬᠦᠷᠦᠭᠰᠡᠳ ᠦᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ  ᠪᠠᠷ ᠭᠣᠣᠯᠳᠠᠯᠭ᠎ᠠ ᠪᠣᠯᠭᠠᠵᠤ ᠂ ᠬᠡᠷ ᠪᠦᠯᠢ ᠂ ᠰᠤᠷᠭᠠᠭᠤᠯᠢ ᠂ ᠨᠡᠶᠢᠭᠡᠮ ᠂ ᠰᠦᠯᠵᠢᠶ᠎ᠡ ᠂ ᠵᠠᠰᠠᠭ ᠤᠨ ᠣᠷᠳᠣᠨ ᠂ ᠬᠠᠸᠯᠢ ᠴᠠᠭᠠᠵᠠ ᠶᠢᠨ ︽ ᠵᠢᠷᠭᠤᠭᠠᠨ ᠶᠡᠬᠡ ᠬᠠᠮᠠᠭᠠᠯᠠᠯᠲᠠ ︾ ᠪᠠᠷ ᠭᠣᠸᠯ ᠰᠢᠵᠢᠮ ᠪᠣᠯᠭᠠᠵᠤ ᠂ ᠬᠡᠸᠬᠡᠳ ᠢᠶᠡᠷ ᠭᠣᠸᠯ ᠴᠣᠭᠴᠠ ᠪᠣᠯᠭᠠᠨ ᠂ ᠨᠠᠰᠤᠨ ᠳᠤ ᠥᠯᠥ ᠭᠦᠷᠦᠭᠰᠡᠳ ᠦᠨ ᠬᠠᠷᠠᠭᠠᠰᠤ ᠪᠠᠷ ᠰᠣᠨᠢᠷᠬᠠᠯᠲᠤ ᠴᠢᠨᠠᠷ ᠂ ᠦᠯᠢᠭᠡᠷᠲᠦ ᠴᠢᠨᠠᠷ ᠂ ᠬᠠᠷᠢᠯᠴᠠᠨ ᠦᠶᠯᠡᠳᠦᠯᠴᠡᠬᠦ ᠴᠢᠨᠠᠷ ᠢ ᠳᠣᠪᠣᠶᠢᠯᠭᠠᠬᠤ ᠶᠢ ᠴᠢᠬᠤᠯᠠᠴᠢᠯᠠᠵᠤ ᠂ ᠤᠩᠰᠢᠭᠴᠢᠳ ᠲᠤ 360 ᠭᠠᠷᠤᠶ ᠬᠠᠸᠯᠢ ᠪᠠᠷ ᠵᠠᠰᠠᠬᠤ ᠮᠡᠳᠡᠯᠭᠡ ᠶᠢᠨ ᠴᠡᠭ ᠢ ᠬᠠᠷᠠᠭᠤᠯᠵᠠᠶ ᠂ ᠡᠭᠦᠨ ᠢ ᠬᠠᠸᠯᠢ ᠲᠦᠭᠡᠮᠡᠯᠵᠢᠭᠦᠯᠬᠦ ᠬᠥᠮᠦᠵᠢᠯ ᠦᠨ ︽ ᠵᠢᠵᠢᠭ ᠨᠡᠪᠲᠡᠷᠬᠡᠶ ᠪᠢᠴᠢᠭ ︾  ᠂ ᠡᠯᠪᠡᠭ ᠪᠠᠶᠠᠯᠢᠭ ᠠᠭᠤᠯᠭ᠎ᠠ ᠲᠠᠶ ︽ ᠬᠠᠸᠯᠢ ᠪᠠᠷ ᠵᠠᠰᠠᠬᠤ ᠬᠢᠴᠢᠶᠡᠯ ︾ ᠂ ᠬᠠᠸᠯᠢ ᠴᠠᠭᠠᠵᠠ ᠶᠢᠨ ᠬᠢᠨᠠᠯᠲᠠ ᠶᠢᠨ ︽ ᠰᠠᠷᠬᠢᠨᠠᠭ ᠴᠣᠩᠬᠣ ︾ ᠭᠡᠵᠦ ᠬᠡᠯᠡᠵᠦ ᠪᠣᠯᠤᠨ᠎ᠠ ᠃


W020220601420596014486.jpg  


ᠶᠠᠷᠢᠯᠴᠠᠬᠤ ᠬᠤᠷᠠᠯ ᠳᠡᠭᠡᠷ᠎ᠡ ᠂ ᠰᠤᠷᠤᠭᠴᠢᠳ ᠥᠪᠡᠷ ᠦᠨ ᠰᠤᠷᠤᠯᠴᠠᠯᠭ᠎ᠠ ᠠᠮᠢᠳᠤᠷᠠᠯ ᠲᠠᠶ ᠪᠠᠨ ᠤᠶᠠᠯᠳᠤᠭᠤᠯᠤᠨ ᠬᠠᠸᠯᠢ ᠴᠠᠭᠠᠵᠠ ᠶᠢᠨ ᠲᠤᠬᠠᠶ ᠲᠠᠨᠢᠯᠲᠠ ᠪᠠᠨ ᠶᠠᠷᠢᠵᠤ ᠂ ᠬᠠᠸᠯᠢ ᠪᠠᠷ ᠵᠠᠰᠠᠬᠤ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠬᠦᠰᠡᠯ ᠢᠶᠡᠨ ᠢᠯᠡᠳᠬᠡᠵᠡᠶ ᠃ᠯᠢ ᠴᠢ ᠯᠢᠨ ᠣᠯᠠᠨ ᠤ ᠰᠠᠨᠠᠯ  ᠢ ᠬᠢᠨᠠᠮᠠᠭᠠᠶ ᠰᠣᠨᠣᠰᠤᠭᠰᠠᠨ ᠤ ᠳᠠᠷᠠᠭ᠎ᠠ ᠄ ︽ ᠪᠤᠰᠤᠳ ᠲᠤ ᠵᠢᠭᠠᠰᠤ  ᠬᠦᠷᠭᠡᠬᠦ ᠨᠢ ᠵᠢᠭᠠᠰᠤ ᠬᠦᠬᠢᠳᠡᠬᠦ ᠶᠢ ᠵᠢᠭᠠᠬᠤ ᠶᠢ ᠬᠦᠷᠬᠦ ᠦᠭᠡᠢ︾ ᠂ ᠨᠠᠰᠤᠨ ᠳᠤ ᠥᠯᠥ ᠭᠦᠷᠦᠭᠰᠡᠳ ᠦᠨ ᠬᠠᠮᠠᠭᠠᠯᠠᠯᠲᠠ  ᠶᠢ ᠴᠢᠩᠭᠠᠳᠬᠠᠬᠤ  ᠶᠢᠨ ᠵᠡᠷᠭᠡ ᠳᠦ ᠨᠠᠰᠤᠨ ᠳᠤ ᠥᠯᠥ ᠭᠦᠷᠦᠭᠰᠡᠳ ᠲᠦ ᠬᠠᠸᠯᠢ  ᠶᠢ ᠮᠡᠳᠡᠵᠦ ᠬᠠᠸᠯᠢ  ᠶᠢ ᠣᠶᠢᠯᠠᠭᠠᠭᠤᠯᠬᠤ  ᠶᠢ ᠰᠤᠷᠭᠠᠵᠤ ᠂ ᠲᠡᠳᠡᠨ  ᠢ ᠰᠠᠨᠠᠭᠠᠴᠢᠯᠠᠭ᠎ᠠ  ᠠᠴᠠ ᠪᠠᠨ ᠬᠠᠸᠯᠢ ᠴᠠᠭᠠᠵᠠ  ᠶᠢᠨ ᠵᠡᠪᠰᠡᠭ  ᠢᠶᠡᠷ ᠥᠪᠡᠷ  ᠢ ᠪᠡᠨ  ᠬᠠᠮᠠᠭᠠᠯᠠᠬᠤ  ᠶᠢᠨ ᠠᠴᠢ ᠬᠣᠯᠪᠣᠭᠳᠠᠯ ᠨᠢ ᠨᠠᠩ ᠭᠦᠨ ᠭᠦᠨᠵᠡᠭᠡᠶ ᠶᠤᠮ ᠭᠡᠵᠡᠶ ᠃ ᠥᠨᠥᠳᠦᠷ ᠦᠨ ᠪᠡᠯᠡᠭᠯᠡᠭᠰᠡᠨ ︽ ᠪᠦᠷᠢᠨ ᠪᠢᠴᠢᠭ ︾ ᠪᠠ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ  ᠠᠴᠠ ᠣᠷᠴᠢᠭᠤᠯᠤᠨ ᠨᠠᠶᠢᠷᠠᠭᠤᠯᠤᠭᠰᠠᠨ ᠬᠢᠲᠠᠳ ᠮᠣᠩᠭᠣᠯ ᠬᠣᠸᠰ ᠬᠡᠯᠡᠨ ᠦ ︽ ᠨᠠᠰᠤᠨ ᠳᠤ ᠥᠯᠥ ᠭᠦᠷᠦᠭᠰᠡᠳ ᠦᠨ ᠬᠠᠸᠯᠢ ᠴᠠᠭᠠᠵᠠ ᠶᠢᠨ  ᠲᠤᠪᠬᠢᠮᠠᠯ ︾ ᠪᠠ ︽ ᠨᠠᠰᠤᠨ ᠳᠤ ᠥᠯᠥ ᠭᠦᠷᠦᠭᠰᠡᠳ ᠦᠨ ᠬᠠᠸᠯᠢ ᠪᠠᠷ ᠵᠠᠰᠠᠬᠤ ᠤᠬᠠᠭᠤᠯᠭ᠎ᠠ ᠶᠢᠨ ᠭᠠᠷ ᠳᠡᠪᠲᠡᠷ ︾  ᠲᠤ ᠴᠥᠮ ᠪᠠᠶᠢᠴᠠᠭᠠᠬᠤ ᠲᠤᠰᠢᠶᠠᠯᠲᠠᠳ ᠤᠨ ᠬᠦᠴᠦ ᠬᠥᠯᠥᠰᠥ ᠰᠢᠩᠭᠡᠵᠦ ᠪᠠᠶᠢᠬᠤ ᠪᠥᠭᠡᠳ ᠪᠠᠰᠠ ᠪᠠᠶᠢᠴᠠᠭᠠᠬᠤ  ᠪᠠᠶᠢᠭᠤᠯᠭ᠎ᠠ ᠵᠢᠨ ᠨᠠᠰᠤᠨ ᠳᠤ ᠥᠯᠥ ᠭᠦᠷᠦᠭᠰᠡᠳ ᠦᠨ ᠡᠷᠡᠭᠦᠯ ᠢᠶᠡᠷ ᠦᠰᠦᠨ ᠪᠣᠶᠢᠵᠢᠬᠤ ᠶᠢ  ᠬᠠᠶᠢᠷᠠᠯᠠᠨ ᠢᠪᠡᠭᠡᠭᠰᠡᠨᠰᠠᠶᠢᠨ ᠰᠠᠶᠢᠬᠠᠨ ᠬᠦᠰᠡᠯ ᠡᠷᠡᠮᠡᠯᠵᠡᠯ ᠠᠭᠤᠯᠤᠭᠳᠠᠵᠤ ᠪᠠᠶᠢᠨ᠎ᠠ ᠃ᠡᠲᠡᠭᠡᠷ ᠬᠠᠸᠯᠢ ᠴᠠᠭᠠᠵᠠ ᠶᠢᠨ ᠨᠣᠮ ᠪᠢᠴᠢᠭ ᠢ ᠰᠤᠷᠤᠯᠴᠠᠪᠠᠯ ᠂ ᠬᠠᠸᠯᠢ ᠴᠠᠭᠠᠵᠠ ᠪᠠᠷ ᠨᠠᠰᠤᠨ ᠳᠤ ᠥᠯᠥ ᠭᠦᠷᠦᠭᠰᠡᠳ ᠢ ᠬᠡᠷᠬᠢᠨ ᠬᠠᠮᠠᠭᠠᠯᠠᠬᠤ ᠶᠢ ᠰᠤᠷᠤᠭᠴᠢᠳ ᠲᠤ ᠣᠶᠢᠯᠠᠭᠠᠭᠤᠯᠬᠤ ᠪᠠᠷ ᠪᠠᠷᠠᠬᠤ ᠥᠬᠡᠶ ᠂ ᠪᠠᠰᠠ ᠬᠠᠸᠯᠢ ᠴᠠᠭᠠᠵᠠ ᠶᠢᠨ ᠵᠡᠪᠰᠡᠭ ᠢ ᠵᠣᠷᠢᠭᠲᠠᠶ ᠪᠠᠷ ᠠᠳᠬᠤᠨ ᠬᠠᠸᠯᠢ ᠪᠠᠷ ᠵᠠᠰᠠᠬᠤ ᠵᠣᠷᠢᠭ ᠰᠠᠨᠠᠭ᠎ᠠ ᠲᠠᠶ ᠴᠠᠭ ᠦᠶ᠎ᠡ ᠶᠢᠨ ᠰᠢᠨ᠎ᠡ ᠬᠥᠮᠦᠨ ᠪᠣᠯᠵᠣ ᠴᠢᠳᠠᠨ᠎ᠠ ᠭᠡᠳᠡᠭ ᠢ ᠰᠤᠷᠤᠭᠴᠢᠳ ᠲᠤ ᠣᠶᠢᠯᠠᠭᠠᠭᠤᠯᠬᠤ ᠪᠣᠯᠤᠨ᠎ᠠ ᠃


W020220601420596061465.jpg

  

ᠰᠤᠷᠤᠭᠴᠢᠳ ᠲᠠᠶ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠤ ᠲᠠᠷᠠᠭ᠎ᠠ᠂ ᠯᠢ ᠴᠢ ᠯᠢᠨ ᠤᠯᠠᠨ ᠢ ᠬᠠᠤᠯᠢ ᠶᠢ ᠰᠤᠷᠴᠤ ᠬᠠᠤᠯᠢ ᠶᠢ ᠰᠠᠬᠢᠵᠤ᠂ ᠬᠠᠤᠯᠢ ᠶᠢ ᠣᠶᠢᠯᠠᠭᠠᠵᠤ ᠬᠠᠤᠯᠢ ᠶᠢ ᠵᠢᠷᠤᠮᠯᠠᠵᠤ᠂ ᠬᠠᠤᠯᠢ ᠴᠠᠭᠠᠵᠠ ᠶᠢᠨ ᠬᠣᠷᠢᠭ᠎ᠠ ᠱᠤᠭᠤᠮ ᠢ ᠰᠠᠬᠢᠵᠤ᠂ ᠬᠠᠤᠯᠢ ᠴᠠᠭᠠᠵᠠ ᠶᠢ ᠬᠦᠨᠳᠦᠳᠬᠡᠬᠦ᠂ ᠬᠠᠤᠯᠢ ᠴᠠᠭᠠᠵᠠ ᠶᠢ ᠪᠢᠰᠢᠷᠡᠬᠦ᠂ ᠬᠠᠤᠯᠢ ᠴᠠᠭᠠᠵᠠ ᠶᠢ ᠰᠠᠬᠢᠬᠤ᠂ ᠬᠠᠤᠯᠢ ᠴᠠᠭᠠᠵᠠ ᠶᠢ ᠬᠠᠮᠠᠭᠠᠯᠠᠬᠤ ᠬᠥᠮᠦᠨ ᠪᠣᠯᠬᠤ ᠬᠡᠷᠡᠭᠲᠡᠢ ᠭᠡᠵᠦ ᠵᠣᠷᠢᠭᠵᠢᠭᠤᠯᠪᠠ᠃ᠤᠯᠠᠨ ᠢᠶᠠᠷ ᠢᠶᠠᠨ ᠬᠠᠤᠯᠢ ᠪᠠᠷ ᠵᠠᠰᠠᠬᠤ ᠶᠢ ᠢᠳᠡᠭᠡᠨ ᠪᠢᠰᠢᠷᠡᠵᠦ᠂ ᠬᠠᠤᠯᠢ ᠪᠠᠷ ᠵᠠᠰᠠᠬᠤ ᠶᠢ ᠡᠷᠬᠢᠮᠯᠡᠵᠦ᠂ ᠬᠠᠤᠯᠢ ᠪᠠᠷ ᠵᠠᠰᠠᠬᠤ ᠶᠢ ᠨᠠᠰᠤᠨ ᠲᠤᠷᠰᠢᠳᠠ ᠶᠢᠨ ᠦᠷᠳᠡᠭ ᠦᠨ ᠬᠥᠭᠡᠭᠡᠴᠡᠯᠳᠦᠯ ᠪᠠ ᠦᠢᠯᠡ ᠠᠵᠢᠯᠯᠠᠭ᠎ᠠ ᠶᠢᠨ ᠳᠠᠳᠬᠠᠯ ᠪᠣᠯᠭᠠᠵᠤ᠂ ᠬᠣᠶᠢᠰᠢᠳᠠ ᠶᠢᠨ ᠠᠮᠢᠳᠤᠷᠠᠯ ᠤᠨ ᠵᠠᠮ ᠳᠡᠭᠡᠷ᠎ᠡ ᠪᠡᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠶᠢᠨ 《 ᠲᠠᠷᠨᠢ ᠵᠢᠨ ᠵᠠᠩᠭᠢᠶ᠎ᠠ 》 ᠶᠢ ᠢᠮᠠᠭᠲᠠ ᠴᠢᠩᠭ᠎ᠠ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠤᠯᠢ ᠶᠢ ᠰᠤᠷᠴᠤ᠂ ᠬᠠᠤᠯᠢ ᠶᠣᠰᠣᠭᠠᠷ ᠠᠵᠢᠯᠯᠠᠵᠤ᠂ ᠬᠠᠤᠯᠢ ᠴᠠᠭᠠᠵᠠ ᠪᠠᠷ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠬᠦᠰᠡᠵᠦ ᠪᠠᠶᠢᠨ᠎ᠠ︔ ᠢᠮᠠᠭᠲᠠ ᠬᠠᠤᠯᠢ ᠶᠢ ᠬᠦᠨᠳᠦᠳᠬᠡᠵᠦ ᠬᠠᠤᠯᠢ ᠶᠢ ᠰᠠᠬᠢᠬᠤ ︽ᠠᠮᠤᠷ ᠲᠦᠪᠰᠢᠨ ᠦ ᠪᠦᠰᠡ︾ ᠵᠢ ᠰᠠᠶᠢᠲᠤᠷ ᠪᠦᠰᠡᠯᠡᠵᠦ᠂ ᠬᠠᠤᠯᠢ ᠪᠠᠷ ᠵᠠᠰᠠᠬᠤ ᠶᠢ ᠡᠷᠬᠢᠮᠯᠡᠨ᠂ ᠬᠠᠤᠯᠢ ᠴᠠᠭᠠᠵᠠ ᠶᠢ ᠵᠢᠷᠤᠮᠯᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠠᠴᠠ ᠤᠬᠠᠮᠰᠠᠷ ᠠᠴᠠ ᠪᠠᠨ ᠬᠤᠯᠠ ᠵᠠᠶᠢᠳᠠᠬᠤ ᠬᠡᠷᠡᠭᠲᠡᠢ︔ᠢᠮᠠᠭᠲᠠ ᠲᠥᠪ ᠭᠣᠣᠯᠴᠢ ᠰᠢᠳᠤᠷᠭᠤ ᠶᠣᠰᠣᠨ ᠤ ︽ᠶᠡᠷᠦᠩᠬᠡᠢ ᠴᠢᠭᠯᠡᠯ︾ ᠢ ᠡᠵᠡᠮᠳᠡᠵᠦ᠂ ᠬᠠᠤᠯᠢ ᠶᠣᠰᠣᠭᠠᠷ ᠵᠠᠰᠠᠵᠤ᠂ ᠬᠠᠤᠯᠢ ᠶᠢ ᠵᠢᠷᠤᠮᠯᠠᠨ ᠬᠡᠷᠡᠭᠵᠢᠭᠦᠯᠵᠦ᠂ ᠨᠡᠩ ᠥᠨᠳᠥᠷ ᠲᠦᠪᠰᠢᠨ ᠪᠦᠬᠦᠢ  ᠬᠠᠥᠯᠢ ᠪᠠᠷ ᠵᠠᠰᠠᠬᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠥᠪᠡᠷ ᠦᠨ ᠠᠮᠢᠳᠤᠷᠠᠯ ᠢᠶᠠᠨ ᠨᠡᠩ ᠭᠣᠶᠢᠳᠠ ᠰᠠᠶᠢᠬᠠᠨ ᠪᠣᠯᠭᠠᠬᠤ ᠬᠡᠷᠡᠭᠲᠡᠢ᠃

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠳᠡᠳ᠋ ᠪᠠᠶᠢᠴᠠᠭᠠᠬᠤ ᠳᠠᠷᠤᠭ᠎ᠠ ᠵᠢᠶᠠᠨ ᠰᠢᠶᠤᠤ ᠸᠸᠨ ᠨᠣᠮ ᠪᠡᠯᠡᠭᠯᠡᠬᠦ ᠠᠵᠢᠯᠯᠠᠭ᠎ᠠ ᠳᠤ ᠣᠷᠣᠯᠴᠠᠪᠠ ᠃

 

  

 

 


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro