ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ 2019 ᠣᠨ ᠤ 1 ᠰᠠᠷ᠎ᠠ ᠡᠴᠡ2022 ᠣᠨ ᠤ 6 ᠰᠠᠷ᠎ᠠ ᠪᠣᠯᠲᠠᠯᠠᠬᠢ ᠬᠤᠤᠷᠲᠤ ᠡᠳ᠋ ᠤᠨ ᠶᠠᠯᠠᠲᠤ ᠬᠡᠷᠡᠭ ᠤᠨ ᠲᠤᠬᠠᠢ ᠵᠠᠳᠠᠯᠤᠯᠲᠠ
ᠣᠶᠢᠷ᠎ᠠ ᠶᠢᠨ ᠵᠢᠯ ᠳᠤ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠣ᠂ ᠳᠡᠭᠡᠷ᠎ᠡ ᠵᠠᠭᠤᠨ ᠤ ᠶᠡᠷᠡᠭᠡᠳ ᠣᠨ ᠠᠴᠠ ᠨᠠᠰᠢ᠂ ᠬᠤᠤᠷᠲᠤ ᠡᠳ᠋ ᠤᠨ ᠬᠡᠷᠡᠭ ᠤᠨ ᠲᠤᠭ᠎ᠠ ᠬᠡᠮᠵᠢᠶ᠎ᠡ ᠴᠦ ᠲᠠᠰᠤᠷᠠᠯᠲᠠ ᠥᠬᠡᠶ ᠨᠡᠮᠡᠭᠳᠡᠵᠦ᠂ ᠰᠢᠯᠢ ᠵᠢᠨ ᠭᠤᠤᠯ ᠠᠶᠢᠮᠠᠭ ᠲᠤ ᠬᠡᠳᠦ᠋ᠢᠪᠡᠷ ᠬᠤᠤᠷᠲᠤ ᠡᠳ᠋ ᠦᠢᠯᠡᠳᠪᠦᠷᠢᠯᠡᠬᠦ ᠨᠦᠬᠦᠴᠡᠯ ᠬᠠᠷᠠᠬᠠᠨ ᠪᠦᠷᠢᠯᠳᠦᠭᠡᠳᠦᠢ ᠪᠣᠯᠪᠠᠴᠤ ᠳᠥᠭᠦᠮ ᠳᠥᠲᠡ ᠵᠠᠮ ᠬᠠᠷᠢᠯᠴᠠᠭ᠎ᠠ ᠠᠴᠠ ᠪᠣᠯᠵᠣ᠂ ᠬᠤᠤᠷᠲᠤ ᠡᠳ᠋ ᠢ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ ᠵᠡᠷᠭᠡ ᠶᠠᠯᠠᠲᠤ ᠬᠡᠷᠡᠭ ᠦᠷᠭᠦᠯᠵᠢ ᠭᠠᠷᠴᠤ ᠪᠠᠶᠢᠨ᠎ᠠ᠃ 《 ᠡᠪᠡᠳᠴᠢᠨ ᠳᠤᠨᠢ ᠲᠤᠬᠢᠷᠠᠭᠤᠯᠤᠨ ᠡᠮ ᠦᠭᠭᠦᠨ᠎ᠡ》 ᠭᠡᠳᠡᠭᠴᠢᠯᠡᠨ ᠬᠡᠷᠡᠭ ᠤᠨ ᠰᠡᠵᠢᠭᠲᠡᠨ ᠤ ᠶᠠᠯ᠎ᠠ ᠬᠢᠭᠰᠡᠨ ᠰᠢᠯᠲᠠᠭᠠᠨ ᠢ ᠭᠦᠢᠴᠡᠳ ᠡᠵᠡᠮᠰᠢᠭᠰᠡᠨ ᠰᠠᠭᠤᠷᠢᠨ ᠳᠡᠭᠡᠷ᠎ᠡ ᠰᠠᠶ᠋ᠢ᠂ ᠶᠠᠯᠠᠲᠤ ᠠᠵᠢᠯᠯᠠᠭ᠎ᠠ ᠶᠢ ᠵᠠᠯᠠᠷᠠᠭᠤᠯᠤᠨ ᠵᠠᠰᠠᠵᠤ᠂ ᠤᠷᠢᠳᠴᠢᠯᠠᠨ ᠰᠡᠷᠭᠡᠶᠢᠯᠡᠬᠦ ᠵᠣᠷᠢᠯᠭ᠎ᠠ ᠳᠤ ᠬᠦᠷᠴᠦ ᠴᠢᠳᠠᠨ᠎ᠠ᠃
ᠨᠢᠭᠡ᠂ ᠬᠤᠣᠷᠲᠤ ᠡᠳ᠋ ᠤᠨ ᠲᠥᠷᠥᠯ ᠤᠨ ᠡᠷᠡᠭᠦᠦ ᠶᠢᠨ ᠬᠡᠷᠡᠭ ᠤᠨ ᠦᠨᠳᠦᠰᠦᠨ ᠪᠠᠶᠢᠳᠠᠯ
2019 ᠣᠨ ᠤ 1 ᠰᠠᠷ᠎ᠠ — 2022 ᠣᠨ ᠤ 6 ᠰᠠᠷ᠎ᠠ ᠬᠦᠷᠲᠡᠯᠡᠬᠢ ᠪᠥᠬᠦ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ᠬᠤᠤᠷᠲᠤ ᠡᠳ᠋ ᠤᠨ ᠲᠥᠷᠥᠯ ᠤᠨ ᠡᠷᠡᠭᠦᠤ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ᠄
︵ᠨᠢᠭᠡ︶ 2019 ᠣᠨ ᠤ 1 ᠰᠠᠷ᠎ᠠ — 2022 ᠣᠨ ᠤ 6 ᠰᠠᠷ᠎ᠠ ᠬᠦᠷᠲᠡᠯ᠎ᠡ᠂ ᠪᠥᠬᠦ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠬᠤᠤᠷᠲᠤ ᠡᠳ᠋ ᠤᠨ ᠲᠥᠷᠥᠯ ᠤᠨ ᠪᠠᠷᠢᠪᠴᠢᠯᠠᠬᠤ ᠪᠠᠷ ᠳᠡᠪᠰᠢᠭᠦᠯᠦᠭᠰᠡᠨ 61 ᠬᠡᠷᠡᠭ 105 ᠬᠥᠮᠦᠨ ᠢ ᠬᠦᠯᠢᠶᠡᠨ ᠠᠪᠴᠤ᠂ 57 ᠬᠡᠷᠡᠭ 95 ᠬᠥᠮᠦᠨ ᠢ ᠪᠠᠷᠢᠪᠴᠢᠯᠠᠬᠤ ᠪᠠᠷ ᠵᠥᠪᠰᠢᠶᠡᠷᠡᠭᠰᠡᠨ ᠪᠤᠶᠤ ᠪᠠᠷᠢᠪᠴᠢᠯᠠᠬᠤ ᠪᠠᠷ ᠲᠤᠭᠳᠠᠵᠤ᠂ 5 ᠬᠡᠷᠡᠭ 12 ᠬᠥᠮᠦᠨ ᠢ ᠪᠠᠷᠢᠪᠴᠢᠯᠠᠬᠤ ᠶᠢ ᠦᠯᠦ ᠵᠦᠪᠰᠢᠶᠡᠷᠡᠪᠡ᠃
︵ᠬᠤᠶᠠᠷ︶ 2019 ᠣᠨ ᠤ 1 ᠰᠠᠷ᠎ᠠ — 2022 ᠣᠨ ᠤ 6 ᠰᠠᠷ᠎ᠠ ᠬᠦᠷᠲᠡᠯ᠎ᠡ᠂ ᠪᠥᠬᠦ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠬᠤᠤᠷᠲᠤ ᠡᠳ᠋ ᠤᠨ ᠲᠥᠷᠥᠯ ᠤᠨ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠭᠰᠡᠨ 69 ᠬᠡᠷᠡᠭ 133 ᠬᠥᠮᠦᠨ ᠢ ᠬᠦᠯᠢᠶᠡᠨ ᠠᠪᠴᠤ᠂ ᠬᠢᠨᠠᠨ ᠪᠠᠶᠢᠴᠠᠭᠠᠬᠤ ᠪᠠᠷ ᠲᠠᠮᠵᠢᠨ 71 ᠬᠡᠷᠡᠭ 129 ᠬᠥᠮᠦᠨ ᠳᠤ ᠠᠯᠪᠠᠨ ᠵᠠᠭᠠᠯᠳᠤᠯᠭ᠎ᠠ ᠬᠢᠵᠦ᠂ 1 ᠬᠡᠷᠡᠭ 2 ᠬᠥᠮᠦᠨ ᠢ ᠦᠯᠦ ᠵᠠᠭᠠᠯᠳᠤᠵᠤ᠂ 2 ᠬᠡᠷᠡᠭ 6 ᠬᠥᠮᠦᠨ ᠢ ᠬᠢᠨᠠᠨ ᠪᠠᠶᠢᠴᠠᠭᠠᠵᠤ ᠲᠠᠭᠤᠰᠬᠠᠭᠠᠳᠤᠢ ᠪᠠᠶᠢᠨ᠎ᠠ᠃
ᠬᠤᠶᠠᠷ᠂ ᠬᠤᠣᠷᠲᠤ ᠡᠳ᠋ ᠤᠨ ᠲᠦᠷᠦᠯ ᠤᠨ ᠶᠠᠯᠠᠲᠤ ᠬᠡᠷᠡᠭ ᠤᠨ ᠣᠨᠴᠠᠯᠢᠭ
︵ᠨᠢᠭᠡ︶ ᠨᠡᠶᠢᠭᠡᠮ ᠤᠨ ᠬᠤᠣᠷ ᠬᠦᠨᠤᠭᠡᠯᠳᠤ ᠴᠢᠨᠠᠷ ᠨᠢ ᠨᠡᠯᠢᠶᠡᠳ ᠥᠨᠳᠥᠷ
2019 ᠣᠨ ᠤ 1 ᠰᠠᠷ᠎ᠠ — 2022 ᠣᠨ ᠤ 6 ᠰᠠᠷ᠎ᠠ ᠳᠤ ᠪᠠᠷᠢᠪᠴᠢᠯᠠᠬᠤ ᠶᠢ ᠵᠥᠪᠰᠢᠶᠡᠷᠡᠭᠰᠡᠨ 95 ᠶᠠᠯ᠎ᠠ ᠬᠢᠭᠰᠡᠨ ᠬᠡᠷᠡᠭ ᠤᠨ ᠰᠡᠵᠢᠭᠳᠡᠨ ᠤ ᠳᠣᠲᠣᠷ᠎ᠠ᠂ ᠨᠡᠶᠢᠭᠡᠮ ᠤᠨ ᠬᠤᠣᠷ ᠬᠦᠨᠦᠭᠡᠯᠲᠦ ᠴᠢᠨᠠᠷ ᠠᠴᠠ ᠪᠠᠷᠢᠪᠴᠢᠯᠠᠬᠤ ᠶᠢ ᠵᠥᠪᠰᠢᠶᠡᠷᠡᠭᠰᠡᠨ ᠬᠥᠮᠦᠨ ᠨᠡᠶᠢᠲᠡ 66 ᠪᠠᠶᠢᠵᠤ᠂ ᠪᠠᠷᠢᠪᠴᠢᠯᠠᠭᠰᠠᠨ ᠪᠦᠬᠦ ᠬᠥᠮᠦᠨ ᠤ ᠲᠣᠭᠠᠨ ᠤ 71.58% ᠶᠢ ᠡᠵᠡᠯᠡᠵᠦ ᠪᠤᠢ᠃
︵ᠬᠤᠶᠠᠷ︶ ᠶᠠᠯ᠎ᠠ ᠶᠢᠨ ᠲᠦᠷᠦᠯ ᠵᠦᠢᠯ ᠨᠢ ᠨᠡᠯᠢᠶᠡᠳ ᠳᠠᠩ ᠴᠤᠯᠭᠤᠶ
2019 ᠣᠨ ᠤ 1 ᠰᠠᠷ᠎ᠠ — 2022 ᠣᠨ ᠤ 6 ᠰᠠᠷ᠎ᠠ ᠳᠤ᠂ ᠰᠢᠯᠢ ᠵᠢᠨ ᠭᠤᠤᠯ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ᠰᠢᠢᠳᠪᠦᠷᠢᠯᠡᠭᠰᠡᠨ ᠬᠤᠤᠷᠲᠤ ᠡᠳ᠋ ᠤᠨ ᠬᠡᠷᠡᠭ ᠠᠴᠠ ᠦᠵᠡᠪᠡᠯ᠂ ᠬᠢᠨᠠᠨ ᠪᠠᠶᠢᠴᠠᠭᠠᠵᠤ ᠠᠯᠪᠠᠨ ᠵᠠᠭᠠᠯᠳᠤᠯᠭ᠎ᠠ ᠬᠢᠭᠰᠡᠨ 69 ᠬᠤᠣᠷᠲᠤ ᠡᠳ᠋ ᠤᠨ ᠬᠡᠷᠡᠭ ᠤᠨ ᠳᠣᠲᠣᠷ᠎ᠠ᠂ ᠬᠤᠣᠷᠲᠤ ᠡᠳ᠋ ᠢ ᠨᠢᠭᠤᠴᠠ ᠪᠠᠷ ᠠᠷᠠᠯᠵᠢᠶᠠᠯᠠᠭᠰᠠᠨ᠂ ᠫᠠᠨᠽᠠᠯᠠᠭᠰᠠᠨ᠂ ᠵᠥᠭᠡᠭᠡᠪᠦᠷᠢᠯᠡᠭᠰᠡᠨ᠂ ᠦᠢᠯᠡᠳᠦᠭᠰᠡᠨ ᠶᠠᠯ᠎ᠠ 51 ᠬᠡᠷᠡᠭ 103 ᠬᠥᠮᠦᠨ ᠪᠠᠶᠢᠵᠤ᠂ ᠡᠵᠡᠯᠡᠬᠦ ᠬᠠᠷᠢᠴᠠᠯ ᠨᠢ 73.91% ᠳᠤ ᠬᠦᠷᠴᠦ ᠪᠤᠢ᠃
︵ᠭᠤᠷᠪᠠ︶ ᠶᠠᠯ᠎ᠠ ᠬᠢᠭᠰᠡᠨ ᠬᠡᠷᠡᠭ ᠤᠨ ᠰᠡᠵᠢᠭᠲᠡᠨ ᠤ ᠳᠣᠲᠣᠷ᠎ᠠ ᠡᠷᠡᠭᠲᠡᠶ ᠬᠥᠮᠦᠨ ᠤ ᠡᠵᠡᠯᠡᠬᠦ ᠬᠠᠷᠢᠴᠠᠯ ᠨᠢ ᠬᠠᠷᠢᠴᠠᠩᠭᠤᠢ ᠪᠠᠷ ᠥᠨᠳᠥᠷ
2019 ᠣᠨ ᠤ 1 ᠰᠠᠷ᠎ᠠ — 2022 ᠣᠨ ᠤ 6 ᠰᠠᠷ᠎ᠠ ᠳᠤ ᠭᠥᠯᠢᠶᠡᠨ ᠠᠪᠴᠤ ᠰᠢᠢᠳᠪᠦᠷᠢᠯᠡᠭᠰᠡᠨ ᠬᠢᠨᠠᠨ ᠪᠠᠶᠢᠴᠠᠭᠠᠵᠤ ᠵᠠᠭᠠᠯᠳᠤᠭᠰᠠᠨ 69 ᠬᠡᠷᠡᠭ 133 ᠬᠥᠮᠦᠨ ᠤ ᠲᠤᠲᠤᠷ᠎ᠠ ᠡᠷᠡᠭᠲᠡᠶ ᠬᠡᠷᠡᠭ ᠤᠨ ᠰᠡᠵᠢᠭᠳᠡᠨ 112 ᠪᠠᠶᠢᠵᠤ᠂ ᠡᠵᠡᠯᠡᠬᠦ ᠬᠠᠷᠢᠴᠠᠯ ᠨᠢ 84.21% ᠬᠦᠷᠴᠦ ᠪᠤᠢ᠃
︵ᠲᠦᠷᠪᠡ︶ ᠶᠠᠯ᠎ᠠ ᠬᠢᠭᠰᠡᠨ ᠬᠡᠷᠡᠭ ᠤᠨ ᠰᠡᠵᠢᠭᠲᠡᠨ ᠤ ᠨᠠᠰᠤᠨ ᠤ ᠲᠠᠷᠬᠠᠯᠲᠠ ᠨᠡᠯᠢᠶᠡᠳ ᠲᠥᠪᠯᠡᠷᠡᠭᠰᠡᠨ
2019 ᠣᠨ ᠤ 1 ᠰᠠᠷ᠎ᠠ — 2022 ᠣᠨ ᠤ 6 ᠰᠠᠷ᠎ᠠ ᠳᠤ ᠭᠥᠯᠢᠶᠡᠨ ᠠᠪᠴᠤ ᠰᠢᠢᠳᠪᠦᠷᠢᠯᠡᠭᠰᠡᠨ ᠬᠢᠨᠠᠨ ᠪᠠᠶᠢᠴᠠᠭᠠᠵᠤ ᠵᠠᠭᠠᠯᠳᠤᠭᠰᠠᠨ ᠬᠡᠷᠡᠭ ᠤᠨ ᠳᠣᠲᠣᠷ᠎ᠠ᠂ 20 — 29 ᠨᠠᠰᠤᠨ ᠤ ᠶᠠᠯ᠎ᠠ ᠬᠢᠭᠰᠡᠨ ᠬᠡᠷᠡᠭ ᠤᠨ ᠰᠡᠵᠢᠭᠲᠡᠨ 21 ᠬᠥᠮᠦᠨ᠂ 30 — 39 ᠨᠠᠰᠤᠨ ᠤ ᠶᠠᠯ᠎ᠠ ᠬᠢᠭᠰᠡᠨ ᠬᠡᠷᠡᠭ ᠤᠨ ᠰᠡᠵᠢᠭᠲᠡᠨ 68 ᠬᠥᠮᠦᠨ᠂ 40 — 49 ᠨᠠᠰᠤᠨ ᠤ ᠶᠠᠯ᠎ᠠ ᠬᠢᠭᠰᠡᠨ ᠬᠡᠷᠡᠭ ᠤᠨ ᠰᠡᠵᠢᠭᠲᠡᠨ 25 ᠬᠥᠮᠦᠨ᠂ 50 — 59 ᠨᠠᠰᠤᠨ ᠤ ᠶᠠᠯ᠎ᠠ ᠬᠢᠭᠰᠡᠨ ᠬᠡᠷᠡᠭ ᠤᠨ ᠰᠡᠵᠢᠭᠲᠡᠨ 14 ᠬᠥᠮᠦᠨ᠂ 60 ᠨᠠᠰᠤᠨ ᠠᠴᠠ ᠳᠡᠭᠡᠭᠰᠢᠬᠢ ᠶᠠᠯ᠎ᠠ ᠬᠢᠭᠰᠡᠨ ᠬᠡᠷᠡᠭ ᠤᠨ ᠰᠡᠵᠢᠭᠲᠡᠨ 5 ᠬᠥᠮᠦᠨ ᠪᠣᠶ᠃ ᠡᠭᠦᠨ ᠠᠴᠠ ᠦᠵᠡᠪᠡᠯ᠂ ᠶᠠᠯ᠎ᠠ ᠬᠢᠭᠰᠡᠨ ᠬᠡᠷᠡᠭ ᠤᠨ ᠰᠡᠵᠢᠭᠲᠡᠨ ᠭᠤᠤᠯᠳᠠᠭᠤ 20-49 ᠨᠠᠰᠤᠨ ᠤ ᠱᠠᠲᠤ ᠦᠶ᠎ᠡ ᠳᠤ ᠲᠦᠪᠯᠡᠷᠡᠵᠦ᠂ ᠶᠠᠭ ᠲᠡᠲᠡᠭᠡᠷ ᠨᠡᠶᠢᠭᠡᠮ ᠤᠨ ᠪᠠᠶᠢᠭᠤᠯᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠬᠦ ᠶᠣᠰᠣᠲᠠᠶ ᠠᠮᠢᠳᠤᠷᠠᠯ ᠤᠨ ᠴᠢᠬᠤᠯᠠ ᠱᠠᠲᠤ ᠦᠶ᠎ᠡ ᠳᠤ ᠪᠠᠶᠢᠭ᠎ᠠ ᠬᠦᠮᠦᠰ ᠬᠠᠤᠯᠢ ᠶᠢ ᠵᠥᠷᠢᠴᠡᠵᠦ ᠶᠠᠯ᠎ᠠ ᠬᠢᠬᠦ ᠵᠠᠮ ᠢᠶᠠᠷ ᠶᠠᠪᠤᠵᠤ᠂ ᠡᠨᠡ ᠨᠢ ᠤᠯᠤᠰ ᠣᠷᠣᠨ ᠤ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠬᠡᠷ ᠪᠦᠯᠢ ᠶᠢᠨ ᠡᠶ᠎ᠡ ᠵᠣᠬᠢᠴᠠᠯ ᠳᠤ ᠣᠮᠲᠣᠭᠠᠶᠢᠯᠠᠵᠤ ᠪᠣᠯᠤᠰᠢ ᠥᠬᠡᠶ ᠬᠤᠬᠢᠷᠠᠯ ᠦᠵᠡᠭᠦᠯᠬᠦ ᠨᠢ ᠲᠠᠮᠵᠢᠭ ᠦᠭᠡᠢ᠃
︵ᠲᠠᠪᠤ︶ ᠶᠠᠯ᠎ᠠ ᠬᠢᠭᠰᠡᠨ ᠬᠡᠷᠡᠭ ᠤᠨ ᠰᠡᠵᠢᠭᠲᠡᠨ ᠤ ᠲᠤᠲᠤᠷ᠎ᠠ ᠠᠵᠢᠯ ᠦᠭᠡᠢ ᠬᠥᠮᠦᠰ ᠤᠨ ᠡᠵᠡᠯᠡᠬᠦ ᠬᠠᠷᠢᠴᠠᠯ ᠨᠢ ᠨᠡᠯᠢᠶᠡᠳ ᠶᠡᠭᠡ
2019 ᠣᠨ ᠤ 1 ᠰᠠᠷ᠎ᠠ — 2022 ᠣᠨ ᠤ 6 ᠰᠠᠷ᠎ᠠ ᠳᠤ᠂ ᠶᠠᠯ᠎ᠠ ᠬᠢᠭᠰᠡᠨ ᠪᠡᠶᠡᠴᠢ ᠴᠣᠭᠴᠠ ᠶᠢᠨ ᠡᠷᠭᠢᠯᠡᠭᠰᠡᠨ ᠠᠵᠢᠯ ᠠᠴᠠ ᠦᠵᠡᠪᠡᠯ᠂ ᠬᠢᠨᠠᠨ ᠪᠠᠶᠢᠴᠠᠭᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠭᠰᠡᠨ 133 ᠶᠠᠯ᠎ᠠ ᠬᠢᠭᠰᠡᠨ ᠬᠡᠷᠡᠭ ᠤᠨ ᠰᠡᠵᠢᠭᠳᠡᠨ ᠳᠣᠲᠣᠷ᠎ᠠ᠂ ᠠᠵᠢᠯ ᠥᠬᠡᠶ ᠬᠥᠮᠦᠨ 98 ᠪᠠᠶᠢᠵᠤ᠂ ᠡᠵᠡᠯᠡᠬᠦ ᠬᠠᠷᠢᠴᠠᠯ ᠨᠢ 73.68% ᠳᠤ ᠬᠦᠷᠴᠦ ᠪᠤᠢ᠃
︵ᠵᠢᠷᠭᠤᠭ᠎ᠠ︶ ᠶᠠᠯ᠎ᠠ ᠬᠢᠭᠰᠡᠨ ᠬᠡᠷᠡᠭ ᠤᠨ ᠰᠡᠵᠢᠭᠲᠡᠨ ᠤ ᠰᠣᠶᠣᠯ ᠤᠨ ᠬᠢᠷᠢ ᠬᠡᠮᠵᠢᠶ᠎ᠡ ᠨᠢ ᠨᠡᠶᠢᠳᠡᠮ ᠳᠡᠭᠡᠨ ᠳᠣᠣᠷ᠎ᠠ ᠪᠠᠶᠢᠨ᠎ᠠ
2019 ᠣᠨ ᠤ 1 ᠰᠠᠷ᠎ᠠ — 2022 ᠣᠨ ᠤ 6 ᠰᠠᠷ᠎ᠠ ᠳᠤ ᠵᠠᠭᠠᠯᠳᠤᠯᠭ᠎ᠠ ᠶᠢ ᠬᠢᠨᠠᠨ ᠪᠠᠶᠢᠴᠠᠭᠠᠬᠤ ᠪᠠᠷ ᠭᠥᠯᠢᠶᠡᠨ ᠠᠪᠤᠭᠰᠠᠨ 133 ᠶᠠᠯ᠎ᠠ ᠬᠢᠭᠰᠡᠨ ᠰᠡᠵᠢᠭᠳᠡᠨ ᠤ ᠳᠣᠲᠣᠷ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠲᠡᠭᠦᠨ ᠠᠴᠠ ᠳᠣᠷᠣᠭᠰᠢᠬᠢ ᠰᠣᠶᠣᠯ ᠲᠠᠢ ᠬᠥᠮᠦᠨ ᠨᠡᠶᠢᠲᠡ 85 ᠪᠠᠶᠢᠵᠤ᠂ ᠡᠵᠡᠯᠡᠬᠦ ᠬᠠᠷᠢᠴᠠᠯ ᠨᠢ 63.91% ᠳᠤ ᠬᠦᠷᠴᠡᠶ᠃
︵ᠲᠤᠯᠤᠭ᠎ᠠ︶ ᠶᠠᠯ᠎ᠠ ᠬᠢᠭᠰᠡᠨ ᠬᠡᠷᠡᠭ ᠤᠨ ᠰᠡᠵᠢᠭᠲᠡᠨ ᠤ ᠲᠠᠬᠢᠨ ᠶᠠᠯ᠎ᠠ ᠬᠢᠵᠤ ᠪᠠᠶᠢᠭ᠎ᠠ ᠠᠰᠠᠭᠤᠳᠠᠯ ᠨᠡᠯᠢᠶᠡᠳ ᠲᠤᠪᠦ᠋ᠢᠮ᠎ᠠ ᠣᠷᠣᠰᠢᠵᠤ ᠪᠤᠢ
ᠬᠤᠣᠷᠲᠤ ᠡᠳ᠋ ᠤᠨ ᠲᠦᠷᠦᠯ ᠤᠨ ᠶᠠᠯᠠᠲᠤ ᠠᠵᠢᠯᠯᠠᠭ᠎ᠠ ᠳᠤ ᠣᠯᠠᠩᠬᠢ ᠶᠠᠯ᠎ᠠ ᠬᠢᠭᠰᠡᠨ ᠬᠡᠷᠡᠭ ᠤᠨ ᠰᠡᠵᠢᠭᠲᠡᠨ ᠨᠢ ᠠᠩᠬ᠎ᠠ ᠤᠳᠠᠭ᠎ᠠ ᠶᠠᠯ᠎ᠠ ᠬᠢᠵᠤ ᠪᠠᠶᠢᠭ᠎ᠠ ᠪᠢᠰᠢ᠂ ᠬᠠᠷᠢᠨ ᠤᠯᠠᠩᠬᠢ ᠨᠢ ᠲᠠᠬᠢᠨ ᠶᠠᠯ᠎ᠠ ᠬᠢᠵᠤ ᠪᠠᠶᠢᠭ᠎ᠠ ᠬᠡᠷᠡᠭ ᠤᠨ ᠰᠡᠵᠢᠭᠲᠡᠨ ᠪᠠᠶᠢᠳᠠᠭ᠃ ᠵᠠᠭᠠᠯᠳᠤᠯᠭ᠎ᠠ ᠶᠢ ᠬᠢᠨᠠᠨ ᠪᠠᠢᠴᠭᠠᠬᠠᠤ ᠶᠢ ᠭᠥᠯᠢᠶᠡᠨ ᠠᠪᠤᠭᠰᠠᠨ 133 ᠶᠠᠯ᠎ᠠ ᠬᠢᠭᠰᠡᠨ ᠬᠡᠷᠡᠭ ᠤᠨ ᠰᠡᠵᠢᠭᠲᠡᠨ ᠳᠣᠲᠣᠷ᠎ᠠ᠂ ᠶᠠᠯ᠎ᠠ ᠬᠢᠵᠦ ᠥᠩᠭᠡᠷᠡᠭᠰᠡᠨ ᠬᠦᠮᠦᠨ 36 ᠪᠣᠶ᠃
ᠬᠤᠶᠠᠷ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠪᠠᠶᠢᠩᠭᠤ ᠤᠷᠤᠰᠢᠵᠤ ᠪᠠᠶᠢᠭ᠎ᠠ ᠰᠢᠯᠲᠠᠭᠠᠨ
︵ᠨᠢᠭᠡ︶ ᠬᠤᠣᠷᠲᠤ ᠡᠳ᠋ ᠤᠨ ᠰᠢᠨᠤᠯᠲᠤ ᠴᠢᠨᠠᠷ ᠪᠠ ᠵᠤᠭᠰᠤᠬᠤ ᠳᠤ ᠪᠡᠷᠬᠡ ᠴᠢᠨᠠᠷ ᠨᠢ ᠬᠤᠣᠷᠲᠤ ᠡᠳ᠋ ᠢ ᠤᠷᠳᠤ ᠬᠤᠭᠤᠴᠠᠭ᠎ᠠ ᠪᠦᠬᠦᠢ ᠬᠡᠷᠡᠭᠯᠡᠭᠡᠨ ᠤ ᠵᠠᠬ᠎ᠠ ᠳᠡᠯᠭᠡᠭᠦᠷ ᠲᠠᠢ ᠪᠤᠯᠭᠠᠭᠰᠠᠨ
ᠬᠦᠮᠦᠨ ᠬᠤᠣᠷ ᠲᠠᠲᠠᠪᠠᠯ ᠪᠡᠶ᠎ᠡ ᠮᠠᠬᠠᠪᠣᠳ ᠪᠠ ᠰᠡᠳᠬᠢᠴᠡ ᠶᠢᠨ ᠲᠠᠯ᠎ᠠ ᠪᠠᠷ ᠠᠮᠠᠷᠬᠠᠨ ᠬᠤᠤᠷᠲᠤ ᠡᠳ᠋ ᠲᠤ ᠨᠠᠶᠢᠳᠠᠵᠤ᠂ ᠵᠠᠷᠢᠮ ᠨᠢ ᠲᠦᠷ ᠴᠠᠭ ᠴᠡᠭᠡᠷᠯᠡᠭᠰᠡᠨ ᠴᠦ ᠲᠠᠳᠠᠬᠤ ᠪᠠᠨ ᠵᠣᠭᠰᠣᠬᠤ ᠳᠤ ᠪᠡᠷᠬᠡ ᠪᠠᠶᠢᠳᠠᠭ᠂ ᠣᠶᠢᠷ᠎ᠠ ᠶᠢᠨ ᠵᠢᠯ ᠳᠤ ᠰᠢᠢᠳᠪᠦᠷᠢᠯᠡᠭᠰᠡᠨ ᠬᠤᠤᠷᠲᠤ ᠡᠳ᠋ ᠤᠨ ᠬᠡᠷᠡᠭ ᠤᠨ ᠶᠠᠯ᠎ᠠ ᠬᠢᠭᠰᠡᠨ ᠬᠡᠷᠡᠭ ᠤᠨ ᠰᠡᠵᠢᠭᠳᠡᠨ ᠤ ᠣᠯᠠᠩᠬᠢ ᠨᠢ ᠣᠯᠠᠨ ᠤᠳᠠᠭ᠎ᠠ ᠰᠢᠳᠬᠡᠭᠳᠡᠭᠰᠡᠨ ᠪᠤᠯᠪᠠᠴᠤ ᠮᠥᠨ ᠯᠠ ᠪᠡᠶ᠎ᠡ ᠪᠠᠨ ᠪᠠᠷᠢᠵᠤ ᠳᠡᠶᠢᠯᠬᠦ ᠥᠬᠡᠶ ᠪᠠᠶᠢᠵᠤ ᠲᠠᠬᠢᠨ ᠬᠤᠤᠷᠲᠤ ᠡᠳ᠋ ᠲᠠᠢ ᠤᠶᠢᠷᠠᠲᠤᠨ ᠬᠤᠤᠷᠲᠤ ᠡᠳ᠋ ᠲᠠᠲᠠᠬᠤ ᠪᠤᠶᠤ ᠬᠤᠤᠷᠲᠤ ᠡᠳ᠋ ᠠᠷᠠᠯᠵᠢᠶᠠᠯᠠᠵᠤ ᠪᠤᠢ᠃ ᠬᠤᠤᠷ ᠲᠠᠲᠠᠭᠴᠢ ᠨᠢ ᠬᠤᠤᠷᠲᠤ ᠡᠳ᠋ ᠤᠨ ᠵᠠᠬ᠎ᠠ ᠳᠡᠯᠭᠡᠭᠦᠷ ᠢ ᠪᠣᠶ ᠪᠤᠯᠭᠠᠵᠤ᠂ ᠨᠡᠩ ᠣᠯᠠᠨ ᠬᠥᠮᠦᠨ ᠢ ᠬᠤᠤᠷᠲᠤ ᠡᠳ᠋ ᠤᠨ ᠭᠦᠨ ᠬᠥᠪ ᠲᠤ ᠬᠥᠲᠥᠯᠥᠨ ᠣᠷᠣᠭᠤᠯᠵᠤ ᠪᠠᠶᠢᠨ᠎ᠠ᠃
︵ᠬᠤᠶᠠᠷ︶ ᠵᠦᠪ ᠪᠤᠰᠤ ᠦᠷᠳᠡᠭ ᠤᠨ ᠦᠵᠡᠯᠲᠡ ᠪᠠ ᠬᠡᠷᠡᠭᠯᠡᠭᠡᠨ ᠤ ᠦᠵᠡᠯᠲᠡ ᠨᠢ ᠬᠤᠣᠷᠲᠤ ᠡᠳ᠋ ᠤᠨ ᠶᠠᠯᠠᠲᠤ ᠠᠵᠢᠯᠯᠠᠭ᠎ᠠ ᠶᠢ ᠪᠤᠢ ᠪᠣᠯᠭᠠᠭᠰᠠᠨ
ᠨᠢᠭᠡ ᠳᠤ᠂ ᠬᠡᠰᠡᠭ ᠪᠦᠯᠦᠭ ᠵᠠᠯᠠᠭᠤᠴᠤᠳ ᠬᠤᠤᠷᠲᠤ ᠡᠳ᠋᠂ ᠢᠯᠠᠩᠭᠤᠶ᠎ᠠ ᠮᠦᠰᠦᠨ ᠬᠤᠤᠷ᠂ ᠲᠣᠯᠣᠭᠠᠶ ᠰᠠᠵᠢᠯᠠᠭᠤᠯᠬᠤ ᠦᠷᠢᠯ᠂ K ᠨᠤᠨᠲᠠᠭ ᠵᠡᠷᠭᠡ ︽ᠰᠢᠨ᠎ᠡ ᠬᠡᠯᠪᠡᠷᠢ ᠶᠢᠨ ᠬᠤᠤᠷᠲᠤ ᠡᠳ᠋︾ ᠤᠨ ᠬᠤᠤᠷ ᠬᠥᠨᠥᠭᠡᠯᠲᠦ ᠴᠢᠨᠠᠷ ᠤᠨ ᠲᠤᠬᠠᠶ ᠲᠠᠨᠢᠯᠲᠠ ᠪᠠ ᠰᠣᠨᠣᠷ ᠰᠡᠷᠡᠮᠵᠢ ᠪᠠᠷ ᠳᠤᠲᠠᠮᠠᠭ ᠪᠠᠶᠢᠵᠤ᠂ ᠨᠢᠭᠡ ᠴᠠᠭ ᠤᠨ ᠰᠣᠨᠢᠭᠤᠴᠢ ᠪᠤᠳᠤᠯ ᠠᠴᠠ ᠪᠠᠨ ᠪᠤᠯᠵᠤ᠂ ᠬᠤᠤᠷ ᠢ ᠲᠤᠷᠰᠢᠨ ᠲᠠᠳᠠᠵᠤ ᠴᠢᠨᠠᠭᠰᠢᠯᠠᠨ ᠰᠢᠨᠤᠯ ᠲᠠᠢ ᠪᠣᠯᠳᠠᠭ︔
ᠬᠤᠶᠠᠷ ᠲᠤ᠂ ᠵᠠᠷᠢᠮ ᠵᠠᠯᠠᠭᠤᠴᠤᠳ ᠪᠠ ᠠᠵᠢᠯ ᠥᠬᠡᠶ ᠬᠥᠮᠦᠰ ᠦᠷᠭᠦᠯᠵᠢ ᠠᠷᠢᠬᠢᠨ ᠪᠠᠭᠠᠷ᠂ KTV᠂ ᠵᠣᠴᠢᠳ ᠤᠨ ᠪᠠᠭᠤᠳᠠᠯ᠂ ᠰᠦᠯᠵᠢᠶᠡᠨ ᠤ ᠪᠠᠭᠠᠷ ᠵᠡᠷᠭᠡ ᠵᠤᠭ᠎ᠠ ᠴᠡᠩᠭᠡᠯ ᠤᠨ ᠭᠠᠵᠠᠷ ᠲᠤ ᠤᠷᠤᠳᠠᠭ᠃ ᠲᠡᠳᠡᠨᠡᠷ ᠡᠶᠢᠮᠦᠷᠬᠦᠦ ᠭᠠᠵᠠᠷ ᠲᠤ ᠬᠤᠣᠷ ᠲᠠᠲᠠᠭᠴᠢ ᠪᠠ ᠬᠤᠣᠷ ᠫᠠᠨᠽᠠᠯᠠᠭᠴᠢ ᠲᠠᠢ ᠠᠮᠠᠷᠬᠠᠨ ᠣᠶᠢᠷᠠᠳᠴᠤ᠂ ᠬᠤᠣᠷ ᠲᠠᠲᠠᠭᠴᠢ ᠪᠤᠶᠤ ᠬᠤᠣᠷ ᠫᠠᠨᠽᠠᠯᠠᠭᠴᠢ ᠶᠢᠨ ᠦᠳᠦᠭᠡᠯᠭᠡ ᠳᠤ ᠠᠮᠠᠷᠬᠠᠨ ᠤᠷᠤᠳᠠᠭ᠃ ᠤᠯᠠᠩᠬᠢ ᠵᠠᠯᠠᠭᠤᠴᠤᠳ᠂ ᠠᠵᠢᠯ ᠥᠬᠡᠶ ᠬᠥᠮᠦᠰ ᠲᠤᠭᠲᠠᠮᠠᠯ ᠤᠷᠤᠯᠭ᠎ᠠ ᠦᠭᠡᠢ ᠠᠴᠠ ᠬᠤᠤᠷ ᠲᠠᠲᠠᠬᠤ ᠰᠢᠨᠤᠯ ᠢᠶᠠᠨ ᠬᠠᠩᠭᠠᠬᠤ ᠶᠢᠨ ᠲᠦᠯᠦᠭᠡ ᠬᠤᠤᠷ ᠠᠷᠠᠯᠵᠢᠶᠠᠯᠠᠵᠤ᠂ ᠬᠠᠤᠯᠢ ᠪᠤᠰᠤ ᠵᠠᠮ ᠢᠶᠠᠷ ᠶᠠᠪᠤᠳᠠᠭ᠃
ᠭᠤᠷᠪᠠ ᠳᠤ᠂ ᠰᠣᠶᠣᠯ ᠤᠨ ᠬᠢᠷᠢ ᠬᠡᠮᠵᠢᠶ᠎ᠡ ᠳᠣᠤᠷ᠎ᠠ ᠠᠴᠠ ᠪᠤᠯᠵᠤ᠂ ᠬᠤᠤᠷᠲᠤ ᠡᠳ᠋ ᠤᠨ ᠬᠤᠤᠷ ᠬᠥᠨᠥᠭᠡᠯ ᠤᠨ ᠲᠤᠬᠠᠶ ᠲᠠᠨᠢᠯᠲᠠ ᠳᠤᠲᠠᠮᠠᠭ ᠪᠤᠶᠤ ᠬᠤᠤᠷᠲᠤ ᠡᠳ᠋ ᠠᠴᠠ ᠵᠠᠶᠢᠯᠠᠰᠬᠢᠬᠤ ᠦᠵᠡᠯ ᠤᠬᠠᠮᠰᠠᠷ ᠨᠢ ᠲᠤᠤᠷ᠎ᠠ ᠪᠠᠶᠢᠵᠤ᠂ ᠬᠤᠤᠷ ᠲᠠᠲᠠᠭᠴᠢ ᠲᠠᠢ ᠤᠶᠢᠷᠠᠲᠤᠪᠠᠯ ᠬᠤᠤᠷᠲᠤ ᠡᠳ᠋ ᠢ ᠠᠮᠠᠷᠬᠠᠨ ᠬᠦᠯᠢᠶᠡᠨ ᠠᠪᠴᠤ᠂ ᠲᠤᠷᠰᠢᠨ ᠲᠠᠲᠠᠵᠤ᠂ ᠨᠡᠩ ᠴᠢᠨᠠᠭᠰᠢᠯᠠᠨ ᠰᠢᠨᠤᠯ ᠲᠠᠢ ᠪᠤᠯᠳᠠᠭ᠃
︵ᠭᠤᠷᠪᠠ︶ ᠬᠤᠣᠷᠲᠤ ᠡᠳ᠋ ᠤᠨ ᠵᠠᠬ᠎ᠠ ᠲᠡᠯᠭᠡᠭᠦᠷ ᠤᠨ ᠨᠢᠭᠤᠭᠳᠠᠮᠠᠯ ᠴᠢᠨᠠᠷ ᠨᠢ ᠶᠠᠯᠠᠲᠤ ᠠᠵᠢᠯᠯᠠᠭ᠎ᠠ ᠶᠢ ᠪᠠᠶᠢᠴᠠᠭᠠᠨ ᠢᠯᠡᠷᠡᠭᠦᠯᠬᠦ ᠬᠦᠴᠢᠷᠳᠡᠯ ᠢ ᠨᠡᠮᠡᠭᠳᠡᠭᠦᠯᠦᠭᠰᠡᠨ
ᠨᠢᠭᠡ ᠲᠠᠯ᠎ᠠ ᠪᠠᠷ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠨᠢ ᠡ᠊ᠩ ᠤᠨ ᠡᠷᠡᠭᠦᠦ ᠶᠢᠨ ᠶᠠᠯᠠᠲᠤ ᠬᠡᠷᠡᠭ ᠲᠠᠢ ᠠᠳᠠᠯᠢ ᠦᠭᠡᠢ ᠪᠠᠶᠢᠳᠠᠭ᠃ ᠡᠩ ᠤᠨ ᠪᠠᠶᠢᠳᠠᠯ ᠳᠤ ᠬᠤᠣᠷᠲᠤ ᠡᠳ᠋ ᠤᠨ ᠶᠠᠯᠠᠲᠤ ᠬᠡᠷᠡᠭ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠠᠨᠠᠭᠠᠴᠢᠯᠠᠭ᠎ᠠ ᠠᠴᠠ ᠪᠠᠨ ᠣᠴᠢᠵᠤ ᠵᠠᠭᠠᠯᠳᠤᠬᠤ᠂ ᠢᠯᠡᠴᠢᠯᠡᠬᠦ ᠬᠤᠣᠷᠯᠠᠭᠳᠠᠭᠴᠢ ᠲᠤᠩ ᠴᠥᠭᠡᠨ ᠪᠠᠶᠢᠳᠠᠭ᠃ ᠬᠤᠳᠠᠯᠳᠤᠭᠴᠢ᠂ ᠬᠤᠳᠠᠯᠳᠤᠨ ᠠᠪᠤᠭᠴᠢ ᠬᠤᠶᠠᠷ ᠡᠲᠡᠭᠡᠳ ᠴᠥᠮ ᠬᠤᠣᠷᠲᠤ ᠡᠳ᠋ ᠢ ᠪᠠᠴᠢᠮ ᠱᠠᠭᠠᠷᠳᠠᠵᠤ ᠪᠠᠶᠢᠭ᠎ᠠ ᠪᠠᠶᠢᠳᠠᠯ ᠲᠤᠤᠷ᠎ᠠ ᠬᠤᠤᠷᠲᠤ ᠡᠳ᠋ ᠢ ᠠᠷᠠᠯᠵᠢᠶᠠᠯᠠᠵᠤ ᠪᠠᠶᠢᠳᠠᠭ᠃ ᠲᠡᠲᠡᠨᠡᠷ ᠬᠠᠤᠯᠢ ᠶᠢ ᠵᠦᠷᠢᠴᠡᠵᠦ ᠶᠠᠯ᠎ᠠ ᠬᠢᠵᠤ ᠪᠠᠶᠢᠭ᠎ᠠ ᠪᠠᠨ ᠮᠡᠳᠡᠳᠡᠭ ᠤᠴᠢᠷ ᠠᠴᠠ ᠬᠡᠷᠡᠭ ᠬᠢᠬᠦ ᠠᠷᠭ᠎ᠠ ᠪᠠᠷᠢᠯ ᠨᠢ ᠨᠡᠩ ᠨᠢᠭᠤᠴᠠ ᠳᠠᠯᠳᠠ ᠪᠥᠭᠡᠳ ᠪᠣᠯᠭᠤᠮᠵᠢᠲᠠᠶ ᠪᠠᠶᠢᠳᠠᠭ ᠃ ᠪᠤᠰᠤᠳ ᠢ ᠦᠯᠡᠳᠡᠭᠡᠨ ᠠᠪᠴᠤ ᠬᠤᠣᠷ ᠲᠠᠳᠠᠭᠰᠠᠨ ᠬᠡᠷᠡᠭ ᠤᠨ ᠳᠣᠲᠣᠷ᠎ᠠ᠂ ᠬᠡᠷᠡᠭ ᠤᠨ ᠰᠡᠵᠢᠭᠲᠡᠨ ᠬᠤᠭᠤᠷᠣᠨᠳᠣ ᠪᠠᠨ ᠪᠦᠷ ᠲᠠᠨᠢᠯᠴᠠᠳᠠᠭ ᠪᠦᠭᠡᠳ ᠪᠡᠶ᠎ᠡ ᠪᠡᠶᠡᠨ ᠳᠤ ᠪᠠᠨ ᠬᠤᠣᠷ ᠡᠳ᠋ᠯᠡᠭᠦᠯᠬᠦ ᠳᠡᠭᠡᠨ ᠣᠯᠠᠩᠬᠢ ᠳᠠᠭᠠᠨ ᠥᠪᠡᠷ ᠤᠨ ᠭᠡᠷ ᠪᠤᠶᠤ ᠵᠣᠴᠢᠳ ᠤᠨ ᠪᠠᠭᠤᠳᠠᠯ ᠵᠡᠷᠭᠡ ᠪᠢᠲᠡᠭᠦᠮᠵᠢᠯᠡᠭᠰᠡᠨ ᠲᠠᠯᠠᠪᠤᠷ ᠲᠤ ᠨᠢᠭᠤᠴᠠ ᠪᠠᠷ ᠶᠠᠪᠤᠭᠳᠠᠳᠠᠭ ᠠᠴᠠ ᠡᠶᠢᠮᠦᠷᠬᠦ ᠬᠡᠷᠡᠭ ᠢ ᠲᠠᠩᠨᠠᠨ ᠢᠯᠡᠷᠡᠭᠦᠯᠬᠦ ᠨᠤᠷᠮ᠎ᠠ ᠨᠢ ᠴᠦ ᠨᠡᠯᠢᠶᠡᠳ ᠳᠣᠣᠷ᠎ᠠ ᠪᠠᠶᠢᠳᠠᠭ᠃
ᠨᠦᠭᠦᠭᠡ ᠲᠠᠯ᠎ᠠ ᠪᠠᠷ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠨᠢ ᠦᠢᠯᠡᠳᠬᠦ᠂ ᠵᠥᠭᠡᠭᠡᠪᠦᠷᠢᠯᠡᠬᠦ᠂ ᠫᠠᠨᠽᠠᠯᠠᠬᠤ᠂ ᠠᠷᠠᠯᠵᠢᠶᠠᠯᠠᠬᠤ᠂ ᠬᠡᠷᠡᠭᠯᠡᠬᠦ ᠲᠠᠯ᠎ᠠ ᠪᠠᠷ ᠠᠵᠤ ᠦᠢᠯᠡᠰ ᠤᠨ ᠬᠡᠯᠬᠢᠶ᠎ᠡ ᠶᠢ ᠪᠤᠢ ᠪᠣᠯᠭᠠᠵᠤ᠂ ᠶᠡᠷᠦ ᠨᠢ ᠮᠤᠵᠢ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠤᠨᠴᠠᠯᠢᠭ ᠲᠠᠢ ᠪᠠᠶᠢᠵᠤ᠂ ᠭᠠᠭᠴᠠ ᠨᠢᠭᠡ ᠭᠠᠵᠠᠷ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠤᠰᠠᠭᠠᠷ ᠢᠶᠠᠨ ᠲᠠᠩᠨᠠᠨ ᠢᠯᠡᠷᠡᠭᠦᠯᠬᠦ ᠳᠤ ᠨᠡᠯᠢᠶᠡᠳ ᠬᠦᠴᠢᠷᠲᠡᠶ ᠪᠠᠶᠢᠳᠠᠭ᠃
ᠭᠤᠷᠪᠠ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠤᠶᠤ ᠲᠡᠭᠦᠨ ᠢ ᠤᠷᠢᠳᠴᠢᠯᠠᠨ ᠰᠡᠷᠭᠡᠶᠢᠯᠡᠬᠦ ᠲᠤᠬᠠᠢ ᠰᠠᠨᠠᠭᠤᠯᠭ᠎ᠠ
︵ᠨᠢᠭᠡ︶ ᠬᠤᠣᠷᠲᠤ ᠡᠳ᠋ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠨ᠎ᠠ᠃
ᠨᠢᠭᠡ ᠳᠤ ᠤᠬᠠᠭᠤᠯᠭ᠎ᠠ ᠰᠤᠷᠲᠠᠯᠴᠢᠯᠠᠭ᠎ᠠ ᠶᠢᠨ ᠠᠵᠢᠯ ᠢ ᠰᠠᠶᠢᠲᠤᠷ ᠬᠢᠵᠤ᠂ ᠨᠡᠶᠢᠭᠡᠮ ᠲᠣᠭᠤᠷᠢᠭ ᠂ ᠬᠦᠳᠡᠭᠡ ᠲᠤᠰᠬᠤᠨ ᠮᠠᠯᠵᠢᠬᠤ ᠤᠷᠤᠨ ᠳᠤ ᠭᠦᠨᠵᠡᠭᠡᠶᠢᠷᠡᠨ᠂ ᠤᠨᠴᠠᠭᠠᠶᠢᠯᠠᠨ ᠠᠵᠢᠯ ᠦᠭᠡᠢ ᠪᠤᠶᠤ ᠲᠦᠷ ᠰᠠᠭᠤᠭ᠎ᠠ ᠨᠡᠭᠦᠳᠡᠯ ᠬᠥᠮᠦᠨ ᠠᠮᠠ᠂ ᠵᠤᠭ᠎ᠠ ᠴᠡᠩᠭᠡᠯ ᠤᠨ ᠭᠠᠵᠠᠷ ᠲᠤ ᠠᠵᠢᠯᠯᠠᠵᠤ ᠪᠠᠶᠢᠭ᠎ᠠ ᠵᠠᠯᠠᠭᠤᠴᠤᠳ ᠲᠤ ᠢᠯᠡᠭᠦᠬᠡᠨ ᠠᠩᠬᠠᠷᠤᠯ ᠢᠶᠠᠨ ᠬᠠᠨᠳᠤᠭᠤᠯᠵᠤ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠶᠢᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠨ ᠶᠠᠷᠢᠬᠤ ᠪᠠᠷ ᠲᠠᠮᠵᠢᠨ᠂ ᠬᠤᠣᠷᠲᠤ ᠡᠳ᠋ ᠤᠨ ᠬᠤᠣᠷ ᠬᠦᠨᠦᠭᠡᠯᠳᠦ ᠴᠢᠨᠠᠷ ᠢ ᠭᠦᠢᠴᠡᠳ ᠲᠠᠨᠢᠭᠤᠯᠤᠨ᠎ᠠ︔
ᠬᠤᠶᠠᠷ ᠲᠤ ᠬᠤᠣᠷᠲᠤ ᠡᠳ᠋ ᠤᠨ ᠶᠠᠯᠠᠲᠤ ᠠᠵᠢᠯᠯᠠᠭ᠎ᠠ ᠣᠯᠠᠨ ᠡᠭᠦᠰᠴᠦ ᠮᠡᠳᠡᠬᠦ ᠲᠦᠷᠢᠶᠡᠰᠦᠨ ᠭᠡᠷ᠂ ᠵᠣᠴᠢᠳ ᠤᠨ ᠪᠠᠭᠤᠳᠠᠯ᠂ ᠰᠦᠯᠵᠢᠶᠡᠨ ᠤ ᠪᠠᠭᠠᠷ᠂ KTV᠂ ᠰᠢᠲᠠᠷ᠎ᠠ ᠶᠢᠨ ᠦᠷᠦᠭᠡ ᠵᠡᠷᠭᠡ ᠭᠤᠣᠯᠳᠠᠯᠭ᠎ᠠ ᠲᠠᠢ ᠭᠠᠵᠠᠷ ᠲᠤ ᠪᠠᠶᠢᠴᠠᠭᠠᠯᠲᠠ ᠪᠠ ᠴᠡᠭᠴᠡᠯᠡᠯᠲᠡ ᠪᠠᠨ ᠴᠢᠩᠭᠠᠳᠬᠠᠵᠤ᠂ ᠬᠤᠣᠷᠲᠤ ᠡᠳ᠋ ᠲᠠᠲᠠᠭᠰᠠᠨ ᠪᠤᠶᠤ ᠫᠠᠨᠽᠠᠯᠠᠵᠤ ᠥᠩᠭᠡᠷᠡᠭᠰᠡᠨ ᠶᠠᠯ᠎ᠠ ᠬᠢᠭᠰᠡᠳ ᠢ ᠭᠤᠣᠯᠳᠠᠯᠭ᠎ᠠ ᠲᠠᠢ ᠠᠩᠬᠠᠷᠴᠤ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠶᠢᠨ ᠴᠤᠬᠤᠶᠢᠯᠲᠠ ᠶᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠰᠡᠷᠭᠡᠶᠢᠯᠡᠨ ᠡᠵᠡᠮᠳᠡᠨ᠎ᠡ᠃
ᠭᠤᠷᠪᠠ ᠳᠤ ᠳᠤᠮᠳᠠᠳᠤ ᠪᠠᠭ᠎ᠠ ᠰᠤᠷᠭᠠᠭᠤᠯᠢ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢᠨ ᠬᠦᠨᠳᠦ ᠨᠣᠴᠢᠲᠠᠶ ᠬᠤᠤᠷ ᠬᠥᠨᠥᠭᠡᠯᠲᠦ ᠴᠢᠨᠠᠷ ᠤᠨ ᠲᠤᠬᠠᠶ ᠲᠠᠨᠢᠯᠲᠠ ᠶᠢ ᠨᠡᠮᠡᠭᠳᠡᠭᠦᠯᠦᠨ᠂ ᠲᠡᠲᠡᠨᠡᠷ ᠤᠨ ᠬᠤᠤᠷᠲᠤ ᠡᠳ᠋ ᠢ ᠰᠡᠷᠭᠡᠶᠢᠯᠡᠬᠦ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠬᠤᠤᠷᠲᠤ ᠡᠳ᠋ ᠠᠴᠠ ᠬᠤᠯᠠᠬᠠᠨ ᠪᠠᠶᠢᠬᠤ ᠵᠦᠪ ᠤᠬᠠᠮᠰᠠᠷ ᠢ ᠬᠥᠮᠦᠵᠢᠭᠦᠯᠦᠨ᠎ᠡ᠃ ᠬᠤᠯᠪᠣᠭᠳᠠᠯ ᠪᠦᠬᠦᠢ ᠤᠬᠠᠭᠤᠯᠬᠤ ᠰᠠᠯᠠᠭ᠎ᠠ ᠮᠥᠴᠢᠷ ᠠᠴᠠ ᠰᠣᠨᠢᠨ᠂ ᠰᠦᠯᠵᠢᠶ᠎ᠡ᠂ ᠲᠧᠯᠸᠢᠰ᠂ ᠷᠠᠳᠢᠣ᠋ ᠨᠡᠪᠲᠡᠷᠡᠭᠦᠯᠭᠡ ᠵᠡᠷᠭᠡ ᠡᠯ᠎ᠡ ᠵᠦᠢᠯ ᠤᠨ ᠵᠠᠭᠤᠴᠢ ᠶᠢ ᠭᠦᠢᠴᠡᠳ ᠠᠰᠢᠭᠯᠠᠨ ᠬᠤᠣᠷᠲᠤ ᠡᠳ᠋ ᠤᠨ ᠬᠤᠣᠷ ᠬᠥᠨᠥᠭᠡᠯ ᠢ ᠤᠬᠠᠭᠤᠯᠵᠤ᠂ ᠥᠷᠭᠡᠨ ᠤᠯᠠᠨ ᠲᠦᠮᠡᠨ ᠤ ᠠᠮᠢ ᠨᠠᠰᠤ ᠪᠠᠨ ᠨᠠᠨᠳᠢᠩᠨᠠᠵᠤ᠂ ᠬᠤᠣᠷᠲᠤ ᠡᠳ᠋ ᠠᠴᠠ ᠬᠤᠯᠠ ᠵᠠᠶᠢᠳᠠᠬᠤ ᠤᠬᠠᠮᠰᠠᠷ ᠢ ᠪᠤᠢ ᠪᠣᠯᠭᠠᠵᠤ᠂ ᠨᠡᠶᠢᠭᠡᠮ ᠳᠠᠶᠠᠭᠠᠷ ᠲᠤ ᠬᠤᠣᠷᠲᠤ ᠡᠳ᠋ ᠢ ᠴᠠᠭᠠᠵᠠᠯᠠᠬᠤ ᠰᠠᠶᠢᠨ ᠰᠠᠶᠢᠬᠠᠨ ᠤᠷᠴᠢᠨ ᠠᠬᠤᠢ ᠢ ᠪᠤᠢ ᠪᠤᠯᠭᠠᠨ᠎ᠠ᠃
︵ᠬᠤᠶᠠᠷ︶ ᠬᠤᠣᠷᠲᠤ ᠡᠳ᠋ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃
ᠨᠢᠭᠡ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠤᠤᠷᠲᠤ ᠡᠳ᠋ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠤᠷᠲᠤ ᠡᠳ᠋ ᠫᠠᠨᠽᠠᠯᠠᠬᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠠᠷᠠᠭ᠎ᠠ ᠬᠠᠩᠭᠠᠭᠰᠠᠳ ᠢ ᠭᠦᠨ ᠠᠭᠤᠳᠠᠯᠵᠤ᠂ ᠪᠣᠷᠣᠯᠠᠭᠤᠯᠤᠭᠰᠠᠳ ᠢ ᠨᠡᠬᠡᠮᠵᠢᠯᠡᠨ ᠪᠠᠶᠢᠴᠠᠭᠠᠬᠤ ᠡᠷᠴᠢᠮ ᠢᠶᠠᠨ ᠴᠢᠩᠭᠠᠳᠬᠠᠨ᠎ᠠ᠃ ᠬᠤᠣᠷᠲᠤ ᠡᠳ᠋ ᠲᠤ ᠬᠤᠯᠪᠣᠭᠳᠠᠭᠰᠠᠨ ᠬᠥᠮᠦᠰ ᠤᠨ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠶᠠᠯ᠎ᠠ ᠬᠢᠭᠰᠡᠨ ᠬᠡᠷᠡᠭ ᠤᠨ ᠰᠡᠵᠢᠭᠲᠡᠨ ᠤ ᠬᠠᠩᠭᠠᠭᠰᠠᠨ ᠬᠤᠯᠪᠣᠭᠳᠠᠯ ᠪᠦᠬᠦᠢ ᠰᠦᠪᠡᠭᠴᠢ ᠶᠢ ᠮᠥᠷᠳᠡᠨ ᠲᠤᠷᠰᠢᠨ ᠪᠠᠶᠢᠴᠠᠭᠠᠵᠤ᠂ ᠬᠡᠷᠡᠭ ᠢᠶᠠᠷ ᠬᠡᠷᠡᠭ ᠢ ᠲᠠᠩᠨᠠᠨ ᠢᠯᠡᠷᠡᠭᠦᠯᠬᠦ ᠶᠢ ᠴᠢᠷᠮᠠᠶᠢᠨ ᠪᠡᠶᠡᠯᠡᠭᠦᠯᠦᠨ᠎ᠡ︔ ᠲᠠᠩᠨᠠᠨ ᠢᠯᠡᠷᠡᠭᠦᠯᠬᠦ ᠳᠤ ᠬᠦᠴᠢᠷᠲᠡᠢ ᠬᠡᠷᠡᠭ ᠢ ᠲᠠᠩᠰᠠᠯᠠᠨ᠂ ᠬᠤᠣᠷᠲᠤ ᠡᠳ᠋ ᠲᠤ ᠬᠤᠯᠪᠣᠭᠳᠠᠭᠰᠠᠨ ᠬᠥᠮᠦᠰ ᠤᠨ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠰᠢᠰᠲ᠋ᠧᠮ ᠳᠤ ᠣᠷᠣᠭᠤᠯᠤᠨ᠎ᠠ᠃ ᠡᠭᠦᠨ ᠤ ᠬᠠᠮᠲᠤ ᠮᠤᠵᠢ ᠤᠷᠤᠨ ᠤ ᠬᠤᠭᠤᠷᠣᠨᠳᠣᠬᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠳᠠᠬᠢ ᠳᠠᠬᠢᠨᠲᠠ ᠶᠠᠯ᠎ᠠ ᠬᠢᠭᠰᠡᠨ ᠬᠡᠷᠡᠭᠲᠡᠨ᠂ ᠬᠤᠣᠷᠲᠤ ᠡᠳ᠋ ᠫᠠᠨᠽᠠᠯᠠᠵᠤ ᠬᠤᠣᠷᠲᠤ ᠡᠳ᠋ ᠦᠢᠯᠡᠳᠦᠭᠰᠡᠨ ᠲᠣᠯᠣᠭᠠᠶᠢᠯᠠᠭᠴᠢ ᠳᠤ ᠬᠠᠤᠯᠢ ᠶᠣᠰᠣᠭᠠᠷ ᠬᠦᠨᠳᠦ ᠪᠥᠭᠡᠳ ᠲᠦᠷᠭᠡᠨ ᠴᠣᠬᠢᠯᠲᠠ ᠥᠭᠴᠦ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠶᠢᠨ ᠡᠬᠢ ᠰᠤᠷᠪᠤᠯᠵᠢ ᠶᠢ ᠡᠷᠡᠰ ᠬᠤᠷᠢᠭᠯᠠᠨ᠎ᠠ᠃
ᠬᠤᠶᠠᠷ ᠲᠤ ᠬᠤᠣᠷᠲᠤ ᠡᠳ᠋ ᠤᠨ ᠶᠠᠯᠠᠲᠤ ᠬᠡᠷᠡᠭ ᠤᠨ ᠬᠡᠷᠡᠴᠢ ᠪᠠᠷᠢᠮᠲᠠ ᠶᠢ ᠴᠤᠭᠯᠠᠭᠤᠯᠬᠤ᠂ ᠲᠤᠭᠲᠠᠪᠤᠷᠢᠵᠢᠭᠤᠯᠬᠤ ᠶᠢ ᠴᠢᠬᠤᠯᠠᠴᠢᠯᠠᠨ᠎ᠠ᠃ ᠶᠠᠯ᠎ᠠ ᠬᠢᠭᠰᠡᠨ ᠬᠡᠷᠡᠭ ᠤᠨ ᠰᠡᠵᠢᠭᠳᠡᠨ ᠠᠴᠠ ᠰᠢᠭᠦᠨ ᠠᠰᠠᠭᠤᠬᠤ ᠦᠶ᠎ᠡ ᠳᠤ᠂ ᠬᠡᠷᠡᠭ ᠬᠢᠭᠰᠡᠨ ᠶᠠᠪᠤᠴᠠ ᠶᠢᠨ ᠡᠯ᠎ᠡ ᠭᠤᠭᠴᠤᠭ᠎ᠠ ᠵᠢᠴᠢ ᠬᠡᠷᠡᠭ ᠬᠢᠭᠰᠡᠨ ᠨᠠᠷᠢᠨ ᠵᠦᠢᠯᠡᠰ ᠢ ᠨᠠᠷᠢᠨ ᠲᠣᠳᠣᠷᠬᠠᠢ ᠲᠡᠮᠳᠡᠭᠯᠡᠵᠦ᠂ ᠴᠢᠬᠤᠯᠠᠲᠠᠢ ᠦᠶ᠎ᠡ ᠳᠤ ᠳᠠᠭᠤ ᠳᠦᠷᠰᠦ ᠰᠢᠩᠭᠡᠭᠡᠬᠦ ᠵᠡᠷᠭᠡ ᠠᠷᠭ᠎ᠠ ᠪᠠᠷ ᠵᠠᠩᠭᠢᠯᠠᠭ᠎ᠠ ᠶᠢᠨ ᠭᠡᠷᠡᠴᠢ ᠪᠠᠷᠢᠮᠲᠠ ᠶᠢ ᠴᠠᠭ ᠲᠤᠬᠠᠢ ᠳᠤᠨᠢ ᠲᠣᠭᠲᠠᠪᠤᠷᠢᠵᠢᠭᠤᠯᠵᠤ᠂ ᠶᠠᠯ᠎ᠠ ᠬᠢᠭᠰᠡᠨ ᠰᠡᠵᠢᠭᠳᠡᠨ ᠤ ᠥᠴᠢᠭ ᠢᠶᠠᠨ ᠬᠤᠪᠢᠷᠠᠭᠤᠯᠬᠤ᠂ ᠥᠴᠢᠭ ᠢᠶᠠᠨ ᠪᠤᠴᠠᠭᠠᠬᠤ ᠠᠴᠠ ᠪᠤᠯᠭᠤᠮᠵᠢᠯᠠᠨ᠎ᠠ︔ ᠬᠡᠷᠡᠭ ᠲᠤ ᠬᠤᠯᠪᠣᠭᠳᠠᠭᠰᠠᠨ ᠡᠯ᠎ᠡ ᠲᠦᠷᠦᠯ ᠤᠨ ᠬᠡᠷᠡᠴᠢ ᠪᠠᠷᠢᠮᠲᠠ ᠶᠢ ᠪᠦᠬᠦ ᠲᠠᠯ᠎ᠠ ᠪᠠᠷ ᠴᠤᠭᠯᠠᠭᠤᠯᠵᠤ᠂ ᠠᠮᠠᠨ ᠥᠴᠢᠭ ᠪᠠ ᠠᠮᠠᠨ ᠦᠴᠢᠭ ᠠᠴᠠ ᠪᠤᠰᠤᠳ ᠬᠡᠷᠡᠴᠢ ᠪᠠᠷᠢᠮᠲᠠ ᠶᠢ ᠵᠡᠷᠭᠡ ᠳᠤᠨᠢ ᠨᠢ ᠠᠳᠬᠤᠵᠤ᠂ ᠬᠡᠷᠡᠴᠢ ᠪᠠᠷᠢᠮᠲᠠ ᠶᠢᠨ ᠬᠡᠯᠬᠢᠶ᠎ᠡ ᠶᠢ ᠪᠦᠷᠢᠯᠳᠦᠭᠦᠯᠦᠨ᠎ᠡ᠃
︵ᠭᠤᠷᠪᠠ︶ ᠬᠤᠤᠷ ᠡᠳ᠋ᠯᠡᠭᠴᠢ᠂ ᠬᠤᠤᠷᠲᠤ ᠡᠳ᠋ ᠤᠨ ᠶᠠᠯ᠎ᠠ ᠬᠢᠵᠦ ᠥᠩᠭᠡᠷᠡᠭᠰᠡᠨ ᠶᠠᠯ᠎ᠠ ᠬᠢᠭᠰᠡᠳ ᠢ ᠬᠠᠪᠰᠤᠷᠤᠨ ᠰᠤᠷᠭᠠᠬᠤ ᠪᠠ ᠬᠠᠮᠢᠶᠠᠷᠤᠨ ᠡᠵᠡᠮᠳᠡᠬᠦ ᠬᠦᠴᠦᠨ ᠢᠶᠠᠨ ᠴᠢᠩᠭᠠᠳᠬᠠᠨ᠎ᠠ᠃
ᠨᠢᠭᠡ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠯᠤᠨ ᠨᠡᠶᠢᠭᠡᠮ ᠲᠣᠭᠤᠷᠢᠭ ᠨᠢ ᠬᠤᠤᠷ ᠲᠠᠲᠠᠬᠤ ᠶᠢ ᠠᠯᠪᠠᠳᠠᠯᠭ᠎ᠠ ᠪᠠᠷ ᠵᠣᠭᠰᠣᠭᠠᠬᠤ ᠭᠠᠵᠠᠷ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠠᠩᠭᠠᠭᠰᠠᠨ ᠮᠠᠲ᠋ᠧᠷᠢᠶᠠᠯ ᠠᠴᠠ ᠭᠠᠷᠳᠠᠨ ᠪᠠᠶᠢᠴᠠᠭᠠᠵᠤ᠂ ᠬᠤᠤᠷ ᠡᠳ᠋ᠯᠡᠭᠴᠢ ᠪᠠ ᠬᠤᠤᠷᠲᠤ ᠡᠳ᠋ ᠤᠨ ᠶᠠᠯ᠎ᠠ ᠬᠢᠵᠦ ᠥᠩᠭᠡᠷᠡᠭᠰᠡᠨ ᠶᠠᠯ᠎ᠠ ᠬᠢᠭᠰᠡᠳ ᠤᠨ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠭᠰᠠᠨ ᠰᠠᠭᠤᠷᠢᠨ ᠳᠤ ᠳᠠᠷᠠᠭᠠᠯᠠᠨ ᠪᠠᠶᠢᠴᠠᠭᠠᠬᠤ᠂ ᠳᠡᠩᠰᠡᠯᠡᠨ ᠲᠡᠮᠳᠡᠭᠯᠡᠬᠦ᠂ ᠴᠡᠭᠡᠷᠯᠡᠨ ᠵᠠᠰᠠᠬᠤ᠂ ᠡᠷᠡᠭᠦᠯᠵᠢᠭᠦᠯᠬᠦ᠂ ᠬᠠᠪᠰᠤᠷᠤᠨ ᠰᠤᠷᠭᠠᠬᠤ᠂ ᠪᠤᠴᠠᠭᠠᠨ ᠬᠢᠨᠠᠨ ᠡᠵᠡᠮᠳᠡᠬᠦ ᠶᠢ ᠨᠢᠭᠡ ᠴᠤᠭᠴᠠᠵᠢᠭᠤᠯᠬᠤ ᠲᠠᠪᠴᠠᠩ ᠢ ᠪᠠᠶᠢᠭᠤᠯᠵᠤ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠨ᠎ᠠ᠃
ᠬᠤᠶᠠᠷ ᠲᠤ᠂ ᠬᠡᠷ ᠪᠦᠯᠢ᠂ ᠰᠠᠭᠤᠭᠠᠯᠢ ᠠᠷᠠᠳ ᠤᠨ ᠵᠥᠪᠯᠡᠯ᠂ ᠨᠡᠶᠢᠭᠡᠮ ᠤᠨ ᠰᠠᠶᠢᠨ ᠳᠤᠷ᠎ᠠ ᠶᠢᠨ ᠠᠵᠢᠯᠲᠠᠨ ᠂ ᠠᠷᠠᠳ ᠤᠨ ᠴᠠᠭᠳᠠᠭ᠎ᠠ᠂ ᠬᠤᠤᠷ ᠴᠠᠭᠠᠵᠠᠯᠠᠬᠤ ᠲᠤᠰᠬᠠᠶ ᠲᠤᠰᠢᠶᠠᠯᠲᠠᠨ ᠵᠡᠷᠭᠡ ᠨᠡᠶᠢᠭᠡᠮ ᠤᠨ ᠡᠯ᠎ᠡ ᠬᠦᠴᠦᠨ ᠢᠶᠠᠷ ᠪᠦᠷᠢᠯᠳᠦᠭᠰᠡᠨ ᠬᠤᠤᠷ ᠡᠳ᠋ᠯᠡᠭᠴᠢ ᠶᠢ ᠬᠠᠪᠰᠤᠷᠤᠨ ᠰᠤᠷᠭᠠᠬᠤ ᠪᠠᠶᠢᠭᠤᠯᠤᠮᠵᠢ ᠶᠢ ᠪᠠᠶᠢᠭᠤᠯᠵᠤ᠂ ᠬᠤᠤᠷ ᠡᠳ᠋ᠯᠡᠭᠴᠢ ᠶᠢ ᠮᠥᠷᠳᠡᠨ ᠰᠤᠷᠭᠠᠨ ᠬᠥᠮᠦᠵᠢᠭᠦᠯᠬᠦ ᠪᠠ ᠬᠠᠪᠰᠤᠷᠤᠨ ᠲᠡᠳᠬᠦᠵᠦ᠂ ᠬᠤᠤᠷ ᠴᠠᠭᠠᠵᠠᠯᠠᠬᠤ ᠠᠵᠢᠯ ᠢ ᠦᠨᠳᠦᠰᠦᠨ ᠱᠠᠲᠤᠨ ᠤ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ᠎ᠡ᠃ ᠬᠤᠣᠷ ᠲᠠᠲᠠᠭᠴᠢ ᠶᠢᠨ ᠰᠡᠳᠬᠢᠴᠡ ᠶᠢᠨ ᠣᠨᠴᠠᠯᠢᠭ ᠢ ᠦᠨᠳᠦᠰᠦᠯᠡᠨ᠂ ᠰᠡᠳᠬᠢᠴᠡ ᠶᠢᠨ ᠵᠥᠪᠯᠡᠯᠭᠡ ᠬᠠᠩᠭᠠᠬᠤ ᠪᠤᠶᠤ ᠨᠡᠶᠢᠭᠡᠮ ᠤᠨ ᠰᠠᠶᠢᠨ ᠳᠤᠷ᠎ᠠ ᠶᠢᠨ ᠠᠵᠢᠯᠲᠠᠨ ᠢ ᠬᠠᠨᠳᠤᠯᠭ᠎ᠠ ᠲᠠᠢ ᠪᠠᠷ ᠲᠣᠬᠢᠷᠠᠭᠤᠯᠵᠤ ᠬᠤᠣᠷ ᠲᠠᠲᠠᠭᠴᠢ ᠳᠤ ᠰᠡᠳᠬᠢᠴᠡ ᠶᠢᠨ ᠵᠠᠰᠠᠯᠲᠠ ᠬᠢᠵᠤ᠂ ᠬᠤᠤᠷᠲᠤ ᠡᠳ᠋ ᠤᠨ ᠰᠢᠨᠤᠯ ᠠᠴᠠ ᠲᠤᠶᠢᠯᠪᠤᠷᠢᠲᠠᠢ ᠠᠩᠭᠢᠵᠢᠷᠠᠬᠤ ᠶᠢ ᠴᠢᠷᠮᠠᠶᠢᠨ ᠪᠡᠶᠡᠯᠡᠭᠦᠯᠦᠨ᠎ᠡ᠃