ᠵᠢᠦ ᠶᠤᠸᠠᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠶᠢᠨ︽ᠲᠠᠪᠤᠨ ᠵᠦᠶᠯ ᠤᠨ ᠠᠷᠭ᠎ᠠ ᠬᠡᠮᠵᠢᠶ᠎ᠡ ︾ᠨᠢ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠ ᠬᠠᠮᠵᠢᠯᠴᠠᠬᠤ ᠠᠯᠪᠠᠨ ᠬᠡᠷ ᠤᠨ ᠬᠡᠷᠡᠭ ᠰᠢᠶᠳᠪᠦᠷᠢᠯᠡᠭᠰᠡᠨ ᠦᠷ᠎ᠡ ᠪᠦᠲᠦᠮᠵᠢ ᠶᠢ ᠣᠯᠪᠠ
ᠣᠶᠢᠷ᠎ᠠ ᠳᠤ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ ᠬᠡᠷᠡᠭ ᠢ ᠬᠦᠴᠦᠨ ᠥᠬᠡᠶ ᠪᠣᠯᠭᠠᠬᠤ ᠲᠣᠭᠲᠠᠭᠠᠯ ᠤᠨ ᠪᠢᠴᠢᠭ ︾ ᠢ ᠵᠢᠦ ᠶᠤᠸᠠᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠳᠤ ᠬᠦᠷᠭᠡᠵᠦ ᠂ ᠶᠣᠣ ᠣᠪᠣᠭᠲᠤ ᠂ ᠸᠠᠩ ᠣᠪᠣᠭᠲᠤ ᠶᠢᠨ ᠣᠷᠣᠨ ᠰᠠᠭᠤᠴᠠ ᠳᠦ ᠬᠠᠸᠯᠢ ᠪᠤᠰᠤ ᠪᠠᠷ ᠬᠠᠯᠳᠠᠨ ᠤᠷᠤᠭᠰᠠᠨ ᠰᠡᠵᠢᠭᠯᠡᠯᠲᠡᠶ ᠬᠡᠷᠡᠭ ᠢ ᠵᠢᠩᠬᠢᠨᠢ ᠪᠡᠷ ᠬᠦᠴᠦᠨ ᠥᠬᠡᠶ ᠪᠣᠯᠭᠠᠬᠤ ᠪᠠᠷ ᠲᠣᠭᠲᠠᠪᠠ ᠃ ᠡᠨᠡ ᠪᠣᠯ ᠵᠢᠤ ᠶᠤᠸᠠᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠵᠢᠤ ᠶᠤᠸᠠᠨ ᠲᠣᠭᠣᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠠᠶ ᠬᠠᠮᠲᠤᠷᠠᠨ ᠲᠤᠷᠰᠢᠨ ᠪᠠᠶᠢᠴᠠᠭᠠᠯᠲᠠ ᠳᠦ ᠬᠢᠨᠠᠯᠲᠠ ᠲᠠᠯᠪᠢᠬᠤ ᠪᠠ ᠬᠠᠮᠵᠢᠯᠴᠠᠬᠤ ᠠᠯᠪᠠᠨ ᠬᠡᠷ ᠪᠠᠶᠢᠭᠤᠯᠤᠭᠰᠠᠨ ᠡᠴᠡ ᠨᠠᠰᠢ ᠳᠠᠷᠤᠭᠳᠠᠮᠠᠯ ᠬᠡᠷᠡᠭ ᠢ ᠢᠯᠭᠠᠷᠠᠭᠤᠯᠤᠨ ᠳᠢᠭᠯᠡᠬᠦ ᠠᠵᠢᠯ ᠢ ᠬᠠᠮᠵᠢᠯᠴᠠᠨ ᠥᠷᠨᠢᠭᠦᠯᠦᠭᠡᠳ ᠣᠯᠤᠭᠰᠠᠨ ᠢᠳᠡᠪᠬᠢᠲᠡᠶ ᠦᠷ᠎ᠡ ᠪᠦᠲᠦᠭᠡᠯ ᠪᠣᠯᠤᠨ᠎ᠠ ᠃
ᠲᠤᠷᠰᠢᠨ ᠪᠠᠶᠢᠴᠠᠭᠠᠯᠲᠠ ᠳᠦ ᠬᠢᠨᠠᠯᠲᠠ ᠲᠠᠯᠪᠢᠬᠤ ᠪᠠ ᠬᠠᠮᠵᠢᠯᠴᠠᠬᠤ ᠠᠯᠪᠠᠨ ᠬᠡᠷ ᠪᠠᠶᠢᠭᠤᠯᠤᠭᠳᠠᠭᠰᠠᠨ ᠡᠴᠡ ᠨᠠᠰᠢ ᠂ ᠵᠢᠦ ᠶᠤᠸᠠᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠬᠡᠷᠡᠭ ᠪᠣᠯᠭᠠᠨ ᠳᠡᠩᠰᠡᠯᠡᠬᠤ ᠳᠤ ᠬᠢᠨᠠᠯᠲᠠ ᠲᠠᠯᠪᠢᠬᠤ ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠢᠳᠡᠪᠬᠢᠲᠡᠶ ᠪᠠᠳᠠᠷᠠᠭᠤᠯᠵᠤ ᠂ ᠣᠯᠠᠨ ᠵᠦᠶᠯ ᠤᠨ ᠠᠷᠭ᠎ᠠ ᠬᠡᠯᠪᠡᠷᠢ ᠪᠡᠷ ᠪᠠᠶᠢᠴᠠᠭᠠᠬᠤ ᠲᠤᠰᠢᠶᠠᠯᠲᠠᠨ ᠪᠠ ᠴᠠᠭᠳᠠᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂︽ᠲᠠᠪᠤᠨ ᠵᠦᠶᠯ ᠤᠨ ᠠᠷᠭ᠎ᠠ ᠬᠡᠮᠵᠢᠶ᠎ᠡ ︾ ᠪᠠᠷ ᠳᠠᠮᠵᠢᠭᠤᠯᠤᠨ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠ ᠬᠠᠮᠵᠢᠯᠴᠠᠬᠤ ᠠᠯᠪᠠᠨ ᠬᠡᠷ ᠤᠨ ᠬᠡᠷᠡᠭ ᠰᠢᠶᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ ᠃
ᠨᠢᠭᠡ᠂ ᠲᠣᠮᠢᠯᠠᠨ ᠰᠠᠭᠤᠯᠭᠠᠬᠤ ᠬᠡᠯᠪᠡᠷᠢ ᠶᠢ ᠵᠢᠷᠤᠮᠵᠢᠭᠤᠯᠵᠤ᠂ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠪᠡ
ᠲᠤᠷᠰᠢᠨ ᠪᠠᠶᠢᠴᠠᠭᠠᠯᠲᠠ ᠳᠦ ᠬᠢᠨᠠᠯᠲᠠ ᠲᠠᠯᠪᠢᠬᠤ ᠪᠠ ᠬᠠᠮᠵᠢᠯᠴᠠᠬᠤ ᠠᠯᠪᠠᠨ ᠭᠡᠷ ᠪᠠᠶᠢᠭᠤᠯᠤᠭᠳᠠᠭᠰᠠᠨ ᠡᠴᠡ ᠨᠠᠰᠢ ᠂ ᠵᠢᠦ ᠶᠤᠸᠠᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶᠠᠨ ᠤ ᠣᠷᠣᠨ ᠲᠤᠭᠠᠲᠦ ᠪᠠᠶᠢᠴᠠᠭᠠᠬᠤ ᠲᠤᠰᠢᠶᠠᠯᠲᠠᠨ ᠤ ᠬᠡᠷᠡᠭ ᠰᠢᠢᠳᠪᠦᠷᠢᠯᠡᠬᠦ ᠳᠤᠭᠤᠶᠢᠯᠠᠩ ᠭᠠᠷᠠᠭ ᠪᠦᠷᠢ ᠲᠣᠭᠲᠠᠮᠠᠯ ᠴᠠᠭ ᠢᠶᠠᠷ ᠡᠭᠡᠯᠵᠢᠯᠡᠨ ᠵᠢᠵᠢᠭᠦᠷᠯᠡᠵᠤ ᠂ ᠵᠠᠷᠭᠤ ᠳᠤ ᠬᠢᠨᠠᠯᠲᠠ ᠲᠠᠯᠪᠢᠬᠤ ᠠᠵᠢᠯ ᠤᠨ ᠡᠭᠡ ᠲᠠᠨᠭᠰᠠ ᠶᠢ ᠪᠠᠶᠢᠭᠤᠯᠤᠨ ᠪᠦᠷᠢᠨᠰᠢᠬᠦᠯᠬᠦ ᠪᠠ ᠠᠵᠢᠯ ᠤᠨ ᠡᠳᠦᠷ ᠤᠨ ᠲᠡᠮᠳᠡᠭᠯᠡᠯ ᠢ ᠵᠢᠷᠤᠮᠵᠢᠭᠤᠯᠬᠤ ᠪᠠᠷ ᠳᠠᠮᠵᠢᠭᠤᠯᠤᠨ᠂ ᠲᠣᠭᠲᠠᠮᠠᠯ ᠬᠤᠭᠤᠴᠠᠭ᠎ᠠ ᠲᠠᠶ ᠪᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠶ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠡᠷᠡᠭ ᠪᠣᠯᠭᠠᠨ ᠳᠠᠩᠰᠠᠯᠠᠬᠤ ᠳᠦ ᠬᠢᠨᠠᠯᠲᠠ ᠲᠠᠯᠪᠢᠬᠤ᠂ ᠬᠡᠷᠡᠭ ᠢ ᠬᠦᠴᠦᠨ ᠦᠭᠡᠢ ᠪᠣᠯᠭᠠᠬᠤ ᠳᠦ ᠬᠢᠨᠠᠯᠲᠠ ᠲᠠᠯᠪᠢᠬᠤ ᠂ ᠬᠠᠤᠯᠢ ᠠᠴᠠ ᠵᠥᠷᠢᠴᠡᠭᠰᠡᠨ ᠢ ᠵᠠᠯᠠᠷᠠᠭᠤᠯᠬᠤ ᠵᠡᠷᠭᠡ ᠬᠡᠷᠡᠭ ᠤᠨ ᠰᠦᠪᠡᠭᠴᠢ ᠶᠢ ᠭᠦᠨᠵᠡᠭᠡᠢ ᠠᠭᠤᠳᠠᠯᠪᠠ᠃
ᠬᠤᠶᠠᠷ᠂ ᠰᠦᠪᠡᠭᠴᠢ ᠶᠢ ᠢᠯᠡᠷᠡᠭᠦᠯᠬᠦ ᠳᠦ ᠰᠠᠭᠤᠷᠢᠯᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠪᠡ
ᠵᠢᠦ ᠶᠤᠸᠠᠨ ᠲᠣᠭᠣᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠸᠯᠢ ᠬᠡᠷᠡᠭᠵᠢᠭᠦᠯᠦᠯᠲᠡ ᠶᠢᠨ ᠲᠣᠮᠣ ᠳ᠋ᠠᠶᠢᠲ᠋ᠠ ᠶᠢᠨ ᠲᠠᠪᠴᠠᠩ ᠢ ᠭᠦᠶᠴᠡᠳ ᠠᠰᠢᠭᠯᠠᠨ ᠂ ᠬᠡᠷᠡᠭ ᠢᠯᠡᠷᠡᠭᠦᠯᠦᠭᠰᠡᠨ ᠮᠡᠳᠡᠭᠡ ᠵᠠᠩᠭᠢ ᠶᠢ ᠤᠯᠬᠤ ᠶᠢᠨ ᠬᠠᠮᠲᠤ ᠪᠠᠶᠢᠴᠠᠭᠠᠬᠤ ᠪᠠᠶᠢᠭᠤᠯᠭ᠎ᠠ ᠶᠢᠨ ᠪᠠᠷᠢᠪᠴᠢᠯᠠᠬᠤ ᠶᠢ ᠵᠥᠪᠰᠢᠶᠡᠷᠡᠭᠰᠡᠨ ᠂ ᠵᠠᠭᠠᠯᠳᠤᠭᠰᠠᠨ ᠡᠬᠡ ᠲᠠᠩᠰᠠ ᠶᠢᠨ ᠲᠣᠭ᠎ᠠ ᠪᠠᠷᠢᠮᠲᠠ ᠶᠢ ᠬᠠᠷᠢᠴᠠᠭᠤᠯᠤᠭᠰᠠᠨ ᠬᠡᠷᠡᠭ ᠵᠠᠷᠭᠤ ᠶᠢᠨ ᠵᠠᠩᠭᠢᠯᠠᠭ᠎ᠠ ᠶᠢᠨ ᠴᠡᠭ ᠢ ᠴᠠᠭ ᠲᠤᠬᠠᠶ ᠳᠤᠨᠢ ᠣᠯᠵᠤ ᠮᠡᠳᠡᠭᠰᠡᠨ ᠪᠠᠶᠢᠨ᠎ᠠ ᠃ ᠤᠯᠠᠮ ᠨᠢᠭᠡ ᠠᠯᠬᠤᠮ ᠡᠮᠬᠢᠯᠡᠨ ᠳᠢᠭᠯᠡᠬᠦ ᠪᠡᠷ ᠳᠡᠮᠵᠢᠨ ᠂ ᠪᠠᠲᠤᠯᠠᠭ᠎ᠠ ᠠᠪᠴᠤ ᠰᠢᠭᠦᠬᠦ ᠶᠢ ᠬᠦᠯᠢᠶᠡᠯᠭᠡᠬᠦ ᠪᠤᠶᠤ ᠰᠠᠭᠤᠭ᠎ᠠ ᠭᠠᠵᠠᠷ ᠲᠤᠨᠢ ᠬᠢᠨᠠᠯᠲᠠ ᠲᠠᠯᠪᠢᠬᠤ ᠪᠠ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠦᠯᠦ ᠰᠢᠶᠳᠪᠦᠷᠢᠯᠡᠭᠰᠡᠨ ᠬᠡᠷᠡᠭ ᠤᠨ ᠲᠣᠭ᠎ᠠ ᠪᠠᠷᠢᠮᠲᠠ ᠶᠢ ᠰᠢᠰᠲ᠋ᠧᠮ ᠲᠡᠶ ᠪᠦᠷᠢᠳᠬᠡᠵᠦ ᠂ ᠳᠤᠮᠳᠠ ᠡᠴᠡ ᠨᠢ ᠰᠦᠪᠡᠭᠴᠢ ᠤᠯᠬᠤ ᠶᠢᠨ ᠬᠠᠮᠲᠤ ᠬᠡᠷᠡᠭ ᠢ ᠬᠦᠴᠦᠨ ᠥᠬᠡᠶ ᠪᠣᠯᠭᠠᠬᠤ ᠳᠤ ᠠᠮᠵᠢᠯᠲᠠ ᠲᠠᠶ ᠪᠠᠷ ᠬᠢᠨᠠᠯᠲᠠ ᠲᠠᠯᠪᠢᠪᠠ ᠃
ᠭᠤᠷᠪᠠ᠂ ᠬᠡᠷᠡᠭ ᠤᠨ ᠶᠠᠰᠤ ᠴᠢᠨᠠᠷ ᠦᠷ᠎ᠡ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ ᠬᠡᠷᠡᠭ ᠰᠢᠶᠳᠪᠦᠷᠢᠯᠡᠬᠦ ᠦᠷ᠎ᠡ ᠪᠦᠲᠦᠮᠵᠢ ᠶᠢ ᠳᠣᠪᠣᠶᠢᠯᠭᠠᠪᠠ
ᠪᠠᠶᠢᠴᠠᠭᠠᠬᠤ ᠲᠤᠰᠢᠶᠠᠯᠲᠠᠨ ᠪᠠ ᠴᠠᠭᠳᠠᠭ᠎ᠠ ᠬᠣᠶᠠᠷ ᠲᠠᠯ᠎ᠠ ᠪᠠᠷ ᠢᠶᠠᠨ ᠵᠥᠪᠳᠡᠯᠴᠡᠬᠦ ᠬᠡᠯᠪᠡᠷᠢ ᠪᠡᠷ ᠳᠠᠮᠵᠢᠭᠤᠯᠤᠨ ᠂ ᠭᠣᠸᠯᠳᠠᠯᠭ᠎ᠠ ᠲᠠᠶ ᠬᠡᠷᠡᠭ ᠢ ᠲᠤᠷᠰᠢᠨ ᠪᠠᠶᠢᠴᠠᠭᠠᠬᠤ ᠶᠠᠪᠤᠴᠠ ᠳᠦ ᠭᠡᠷᠡᠴᠢ ᠪᠠᠷᠢᠮᠲᠠ ᠴᠤᠭᠯᠠᠭᠤᠯᠬᠤ ᠂ ᠬᠡᠷᠡᠭ ᠤᠨ ᠰᠢᠨᠵᠢ ᠴᠢᠨᠠᠷ ᠢ ᠲᠣᠭᠲᠠᠭᠠᠬᠤ ᠂ ᠬᠠᠸᠯᠢ ᠴᠠᠭᠠᠵᠠ ᠶᠢ ᠬᠡᠷᠡᠭᠯᠡᠬᠦ ᠵᠡᠷᠭᠡ ᠲᠠᠯ᠎ᠠ ᠪᠠᠷ ᠭᠦᠨᠵᠡᠭᠡᠶ ᠨᠡᠪᠲᠡᠷᠡᠯᠴᠡᠨ ᠰᠤᠳᠤᠯᠤᠨ ᠮᠠᠭᠠᠳᠯᠠᠵᠤ ᠂ ᠲᠤᠷᠰᠢᠨ ᠪᠠᠶᠢᠴᠠᠭᠠᠬᠤ ᠠᠵᠢᠯᠯᠠᠭ᠎ᠠ ᠳᠦ ᠢᠯᠡᠷᠡᠭᠰᠡᠨ ᠨᠡᠶᠢᠲᠡᠯᠢᠭ ᠴᠢᠨᠠᠷᠲᠠᠶ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠶ ᠪᠠᠷ ᠵᠠᠷᠯᠠᠨ ᠮᠡᠳᠡᠭᠳᠡᠵᠦ ᠂ ᠬᠠᠸᠯᠢ ᠶᠣᠰᠣᠭᠠᠷ ᠲᠤᠷᠰᠢᠨ ᠪᠠᠶᠢᠴᠠᠭᠠᠵᠤ ᠭᠡᠷᠡᠴᠢ ᠠᠪᠬᠤ ᠶᠢ ᠴᠠᠭ ᠲᠤᠬᠠᠶ ᠳᠤᠨᠢ ᠬᠥᠲᠥᠯᠦᠨ ᠵᠢᠯᠣᠭᠣᠳᠴᠤ ᠂ ᠡᠷᠡᠭᠦᠸ ᠶᠢᠨ ᠬᠡᠷᠡᠭ ᠤᠨ ᠪᠥᠬᠥ ᠶᠠᠪᠤᠴᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨᠬᠦ ᠪᠠᠲᠤᠯᠠᠪᠠ ᠃
ᠲᠥᠷᠪᠡ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠲᠤᠬᠠᠶ ᠰᠤᠳᠤᠯᠤᠨ ᠶᠠᠷᠢᠯᠴᠠᠪᠠ
ᠣᠶᠢᠷ᠎ᠠ ᠳᠦ ᠂《ᠵᠣᠬᠢᠶᠠᠨ ᠪᠠᠶᠢᠭᠤᠯᠤᠯᠲᠠ ᠲᠠᠶ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ 》 ᠶᠢ ᠵᠢᠩᠬᠢᠨᠢ ᠪᠡᠷ ᠬᠡᠷᠡᠭᠵᠢᠭᠦᠯᠬᠦ ᠡᠴᠡ ᠡᠮᠦᠨᠡᠬᠡᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠣᠳᠠᠲᠤ ᠪᠠᠶᠢᠳᠠᠯ ᠲᠠᠶ ᠤᠶᠠᠯᠳᠤᠭᠤᠯᠤᠨ ᠂ ᠵᠢᠤ ᠶᠤᠸᠠᠨ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠵᠢᠤ ᠶᠤᠸᠠᠨ ᠲᠣᠭᠣᠷᠢᠭ ᠤᠨ ᠠᠷᠠᠳ ᠤᠨ ᠰᠢᠭᠦᠬᠦ ᠬᠣᠷᠢᠶ᠎ᠠ ᠂ ᠵᠢᠤ ᠶᠤᠸᠠᠨ ᠲᠣᠭᠣᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠠᠶ ᠬᠠᠮᠲᠤᠷᠠᠨ ᠬᠠᠷᠠᠭᠠᠨ ᠳᠠᠪᠲᠠᠮᠵᠢ ᠶᠢᠨ ᠬᠤᠷᠠᠯ ᠢ ᠠᠰᠢᠭᠯᠠᠵᠤ ᠂《 ᠵᠣᠬᠢᠶᠠᠨ ᠪᠠᠶᠢᠭᠤᠯᠲᠠ ᠲᠠᠶ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ 》 ᠶᠢᠨ ᠭᠣᠣᠯ ᠠᠭᠤᠯᠭ᠎ᠠ ᠂ ᠪᠣᠳᠠᠲᠤ ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠪᠠ ᠬᠡᠷᠡᠭ ᠰᠢᠶᠳᠪᠦᠷᠢᠯᠡᠬᠦ ᠶᠠᠪᠤᠴᠠ ᠳᠤ ᠣᠷᠣᠰᠢᠵᠤ ᠮᠡᠳᠡᠬᠦ ᠲᠠᠨᠢᠯᠲᠠ ᠨᠢᠭᠡᠳᠦᠯ ᠦᠭᠡᠢ ᠪᠠᠶᠢᠬᠤ ᠵᠡᠷᠭᠡ ᠠᠰᠠᠭᠤᠳᠠᠯ ᠤᠨ ᠲᠣᠭᠣᠷᠢᠨ ᠳᠤ ᠭᠣᠣᠯᠳᠠᠯᠭ᠎ᠠ ᠲᠠᠶ ᠪᠠᠷ ᠶᠠᠷᠢᠯᠴᠠᠨ ᠰᠤᠳᠤᠯᠵᠤ ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠ ᠬᠠᠮᠵᠢᠯᠴᠠᠨ ᠠᠵᠢᠯᠯᠠᠬᠤ ᠠᠵᠢᠯ ᠤᠨ ᠰᠠᠭᠤᠷᠢ ᠶᠢ ᠪᠠᠲᠤᠳᠬᠠᠵᠤ᠂ ᠬᠡᠷᠡᠭ ᠰᠢᠶᠳᠪᠦᠷᠢᠯᠡᠬᠦ ᠴᠢᠳᠠᠪᠤᠷᠢ ᠶᠢᠨ ᠳᠡᠭᠡᠭᠰᠢᠯᠡᠯᠲᠡ ᠶᠢ ᠬᠠᠮᠲᠤ ᠪᠠᠷ ᠠᠬᠢᠭᠤᠯᠪᠠ᠃ ᠲᠤᠷᠰᠢᠨ ᠪᠠᠶᠢᠴᠠᠭᠠᠯᠲᠠ ᠳᠦ ᠬᠢᠨᠠᠯᠲᠠ ᠲᠠᠯᠪᠢᠬᠤ ᠪᠠ ᠬᠠᠮᠵᠢᠯᠴᠠᠨ ᠠᠵᠢᠯᠯᠠᠬᠤ ᠠᠵᠢᠯ ᠳᠦ ᠬᠠᠷᠰᠢ ᠰᠠᠭᠠᠳ ᠭᠠᠷᠬᠤ ᠡᠴᠡ ᠵᠠᠶᠢᠯᠠᠰᠬᠢᠬᠤ ᠶᠢᠨ ᠲᠥᠯᠥᠭᠡ᠂ ᠴᠠᠭ ᠢᠮᠠᠭᠲᠠ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠪᠠᠶᠢᠴᠠᠭᠠᠬᠤ ᠲᠤᠰᠢᠶᠠᠯᠲᠠᠨ ᠪᠠ ᠴᠠᠭᠳᠠᠭᠠᠨ ᠤ ᠠᠵᠢᠯ ᠤᠨ《ᠪᠠᠶᠢᠩᠭᠤ ᠬᠣᠯᠪᠣᠭᠠᠯᠠᠵᠤ ᠪᠠᠶᠢᠩᠭᠤ ᠨᠡᠪᠲᠡᠷᠡᠯᠴᠡᠬᠦ》 ᠶᠢ ᠦᠨᠡᠨᠬᠦ ᠪᠠᠲᠤᠯᠠᠪᠠ᠃ ᠬᠦᠨᠳᠦ ᠶᠡᠬᠡ᠂ ᠲᠦᠪᠡᠭ ᠪᠤᠳᠤᠯᠢᠶᠠᠨᠲᠠᠶ ᠬᠡᠷᠡᠭ ᠲᠣᠬᠢᠶᠠᠯᠳᠤᠪᠠᠯ ᠴᠠᠭ ᠲᠤᠬᠠᠶ ᠳ᠋ᠤᠨᠢ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠡᠷᠡᠭ ᠤᠨ ᠰᠢᠨᠵᠢ ᠴᠢᠨᠠᠷ ᠢ ᠲᠣᠭᠲᠠᠭᠠᠬᠤ᠂ ᠲᠤᠷᠰᠢᠨ ᠪᠠᠶᠢᠴᠠᠭᠠᠬᠤ ᠴᠢᠭᠯᠡᠯ᠂ ᠬᠠᠤᠯᠢ ᠴᠠᠭᠠᠵᠠ ᠶᠢ ᠬᠡᠷᠡᠭᠯᠡᠬᠦ ᠵᠡᠷᠭᠡ ᠲᠠᠯ᠎ᠠ ᠪᠠᠷ ᠬᠥᠲᠥᠯᠥᠨ ᠵᠢᠯᠣᠭᠣᠳᠬᠤ ᠰᠠᠨᠠᠯ ᠳᠤᠷᠠᠳᠴᠤ᠂ ᠴᠢᠬᠤᠯᠠ ᠶᠡᠬᠡ ᠵᠥᠷᠢᠯᠳᠦᠭᠡᠨ ᠲᠣᠬᠢᠶᠠᠯᠳᠤᠪᠠᠯ ᠴᠠᠭ ᠲᠤᠬᠠᠶ ᠳ᠋ᠤᠨᠢ ᠵᠢᠭᠠᠪᠤᠷᠢ ᠠᠪᠴᠤ ᠬᠠᠷᠢᠭᠤ ᠮᠡᠳᠡᠭᠦᠯᠦᠨ᠂ ᠡᠷᠡᠭᠦᠦ ᠶᠢᠨ ᠵᠠᠷᠭᠤ ᠶᠢᠨ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠶ ᠳ᠋ᠤᠨᠢ ᠪᠦᠲᠦᠮᠵᠢᠲᠡᠶ ᠰᠢᠶᠳᠪᠦᠷᠢᠯᠡᠪᠠ᠃