ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ 2022 ᠣᠨ ᠤ ᠳᠡᠭᠡᠷ᠎ᠡ ᠬᠠᠭᠠᠰ ᠵᠢᠯ ᠦᠨ ᠬᠠᠤᠯᠢᠴᠢ ᠶᠢᠨ ᠠᠵᠢᠯ ᠡᠷᠬᠢᠯᠡᠬᠦ ᠡᠷᠬᠡ ᠶᠢ ᠪᠠᠲᠤᠯᠠᠭᠰᠠᠨ ᠲᠤᠬᠠᠢ ᠵᠠᠳᠠᠯᠤᠯᠲᠠ
ᠬᠠᠤᠯᠢᠴᠢ ᠪᠣᠯ ᠪᠦᠬᠦ ᠲᠠᠯ᠎ᠠ ᠪᠠᠷ ᠬᠠᠤᠯᠢ ᠶᠣᠰᠤᠭᠠᠷ ᠤᠯᠤᠰ ᠢᠶᠠᠨ ᠵᠠᠰᠠᠬᠤ ᠶᠢᠨ ᠴᠢᠬᠤᠯᠠ ᠬᠦᠴᠦᠨ ᠴᠢᠳᠠᠯ᠂ ᠮᠥᠨᠴᠦ ᠨᠡᠶᠢᠭᠡᠮ ᠵᠢᠷᠤᠮᠲᠤ ᠬᠠᠤᠯᠢ ᠪᠠᠷ ᠵᠠᠰᠠᠬᠤ ᠠᠵᠢᠯ ᠤᠨ ᠹᠷᠤᠨᠲ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠣᠶᠢᠷ᠎ᠠ ᠶᠢᠨ ᠵᠢᠯ ᠡᠴᠡ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠬᠠᠤᠯᠢᠴᠢ ᠶᠢᠨ ᠠᠵᠢᠯ ᠡᠷᠬᠢᠯᠡᠬᠦ ᠡᠷᠬᠡ ᠶᠢ ᠬᠠᠮᠠᠭᠠᠯᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠲᠠᠯ᠎ᠠ ᠪᠠᠷ ᠪᠠᠶᠢᠴᠠᠭᠠᠬᠤ ᠴᠢᠳᠠᠪᠬᠢ ᠪᠠᠨ ᠪᠠᠳᠠᠷᠠᠭᠤᠯᠵᠤ᠂ ᠬᠠᠤᠯᠢᠴᠢ ᠳᠤ ᠦᠢᠯᠡᠴᠢᠯᠡᠬᠦ ᠠᠵᠢᠯ ᠢᠶᠠᠨ ᠦᠨᠡᠨᠬᠦ ᠰᠠᠶᠢᠨ ᠬᠢᠵᠦ᠂ ᠪᠠᠶᠢᠴᠠᠭᠠᠬᠤ ᠪᠠᠶᠢᠭᠤᠯᠭ᠎ᠠ ᠪᠠ ᠬᠠᠤᠯᠢᠴᠢ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠪᠠ᠃
ᠨᠢᠭᠡ᠂ ᠳᠥᠭᠦᠮ ᠲᠦᠲᠡᠴᠢᠯᠡᠭᠰᠡᠨ ᠡᠪᠬᠡᠮᠡᠯ ᠢ ᠦᠵᠡᠬᠦ ᠠᠵᠢᠯ ᠢ ᠠᠬᠢᠭᠤᠯᠵᠤ᠂ ᠡᠪᠬᠡᠮᠡᠯ ᠦᠵᠡᠬᠦ ᠦᠢᠯᠡᠴᠢᠯᠡᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠪᠡᠶᠡᠯᠡᠭᠦᠯᠪᠡ
ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠬᠠᠤᠯᠢ ᠬᠡᠷᠡᠭᠵᠢᠭᠦᠯᠬᠦ ᠦᠵᠡᠯᠲᠡ ᠪᠠᠨ ᠢᠳᠡᠪᠬᠢᠲᠡᠢ ᠪᠡᠷ ᠬᠣᠪᠢᠷᠠᠭᠤᠯᠵᠤ᠂ ᠬᠠᠤᠯᠢᠴᠢ ᠳᠤ ᠦᠢᠯᠡᠴᠢᠯᠡᠬᠦ ᠠᠵᠢᠯ ᠤᠨ ᠬᠢᠷᠢ ᠲᠥᠪᠰᠢᠨ ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ 2022 ᠣᠨ ᠦ ᠳᠡᠭᠡᠷ᠎ᠡ ᠬᠠᠭᠠᠰ ᠵᠢᠯ ᠳᠦ ᠰᠢᠯᠢ ᠶᠢᠨ ᠭᠣᠣᠯ ᠠᠶᠢᠮᠠᠭ ᠤᠨ ᠬᠣᠶᠠᠷ ᠳᠡᠰ ᠦᠨ ᠪᠠᠶᠢᠴᠠᠭᠠᠬᠤ ᠪᠠᠶᠢᠭᠤᠯᠭ᠎ᠠ ᠨᠡᠶᠢᠲᠡ 276 ᠤᠳᠠᠭᠠᠨ ᠤ ᠬᠠᠤᠯᠢᠴᠢ ᠶᠢᠨ ᠡᠪᠬᠡᠮᠡᠯ ᠦᠵᠡᠬᠦ ᠭᠤᠶᠤᠴᠢᠯᠠᠯ ᠢ ᠬᠦᠯᠢᠶᠡᠵᠦ᠂ ᠡᠭᠦᠨ ᠳᠦ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ 22 ᠤᠳᠠᠭᠠᠨ ᠤ ᠭᠤᠶᠤᠴᠢᠯᠠᠯ ᠢ ᠬᠦᠯᠢᠶᠡᠵᠦ᠂ ᠪᠦᠬᠦ ᠠᠶᠢᠮᠠᠭ ᠤᠨ 7% ᠶᠢ ᠡᠵᠡᠯᠡᠵᠦ ᠪᠠᠶᠢᠨ᠎ᠠ᠃ ᠬᠡᠳᠦᠶᠢᠪᠡᠷ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠬᠡᠷᠡᠭ ᠦᠨ ᠦᠨᠳᠦᠰᠦᠨ ᠲᠣᠭ᠎ᠠ ᠬᠠᠷᠢᠴᠠᠩᠭᠤᠢ ᠪᠠᠭ᠎ᠠ᠂ ᠬᠠᠤᠯᠢᠴᠢ ᠶᠢ ᠬᠦᠯᠢᠶᠡᠨ ᠠᠭᠤᠯᠵᠠᠭᠰᠠᠨ ᠲᠣᠭ᠎ᠠ ᠨᠢ ᠪᠤᠰᠤᠳ ᠬᠣᠷᠢᠶᠠᠨ ᠠᠴᠠ ᠪᠠᠭ᠎ᠠ ᠪᠣᠯᠪᠠᠴᠤ᠂ ᠬᠠᠤᠯᠢᠴᠢ ᠳᠤ ᠪᠦᠬᠦ ᠲᠠᠯ᠎ᠠ ᠪᠠᠷ ᠰᠢᠯᠢᠳᠡᠭ ᠪᠠᠶᠢᠴᠠᠭᠠᠬᠤ ᠦᠢᠯᠡᠴᠢᠯᠡᠭᠡ ᠶᠢ ᠬᠠᠩᠭᠠᠵᠤ᠂ ᠲᠣᠲᠣᠨᠣᠰᠤᠭ ᠮᠥᠷᠲᠡᠭᠡᠨ ᠢᠲᠡᠭᠡᠮᠵᠢᠲᠦ ᠬᠠᠤᠯᠢᠴᠢ ᠶᠢ ᠬᠦᠯᠢᠶᠠᠨ ᠠᠭᠤᠯᠵᠠᠬᠤ ᠠᠵᠢᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃
︵ ᠨᠢᠭᠡ ︶ ᠲᠤᠬᠠᠢ ᠶᠢᠨ ᠲᠠᠯᠠᠪᠤᠷ ᠲᠤ ᠡᠪᠬᠡᠮᠡᠯ ᠦᠵᠡᠬᠦ ᠲᠤᠬᠠᠢ
2022 ᠣᠨ ᠳᠤ ᠰᠢᠯᠢ ᠶᠢᠨ ᠭᠣᠣᠯ ᠠᠶᠢᠮᠠᠭ ᠤᠨ ᠬᠣᠶᠠᠷ ᠳᠡᠰ ᠦᠨ ᠪᠠᠶᠢᠴᠠᠭᠠᠬᠤ ᠪᠠᠶᠢᠭᠤᠯᠭ᠎ᠠ ᠨᠡᠶᠢᠲᠡ 213 ᠤᠳᠠᠭᠠᠨ ᠤ ᠲᠤᠬᠠᠢ ᠶᠢᠨ ᠲᠠᠯᠠᠪᠤᠷ ᠲᠤ ᠡᠪᠬᠡᠮᠡᠯ ᠦᠵᠡᠬᠦ ᠭᠤᠶᠤᠴᠢᠯᠠᠯ ᠢ ᠬᠦᠯᠢᠶᠡᠵᠦ᠂ ᠡᠭᠦᠨ ᠳᠦ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ 16 ᠤᠳᠠᠭᠠᠨ ᠤ ᠭᠤᠶᠤᠴᠢᠯᠠᠯ ᠢ ᠬᠦᠯᠢᠶᠡᠪᠡ᠃ ᠬᠠᠤᠯᠢᠴᠢ ᠶᠢᠨ ᠨᠡᠩ ᠳᠥᠭᠥᠮ ᠢᠶᠡᠷ ᠡᠪᠬᠡᠮᠡᠯ ᠦᠵᠡᠬᠦ ᠳᠤ ᠵᠣᠷᠢᠭᠤᠯᠤᠨ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ 12309 ᠪᠠᠶᠢᠴᠠᠭᠠᠬᠤ ᠦᠢᠯᠡᠴᠢᠯᠡᠭᠡᠨ ᠦ ᠲᠥᠪ ᠲᠦ ᠬᠠᠤᠯᠢᠴᠢ ᠶᠢ ᠬᠦᠯᠢᠶᠡᠨ ᠠᠭᠤᠯᠵᠠᠬᠤ ᠪᠡᠶᠢᠷᠢ ᠲᠣᠬᠢᠷᠠᠭᠤᠯᠤᠨ᠂ ᠲᠤᠰᠬᠠᠢ ᠬᠥᠮᠥᠨ ᠬᠦᠯᠢᠶᠡᠨ ᠠᠪᠴᠤ᠂ ᠡᠪᠬᠡᠮᠡᠯ ᠢ ᠲᠥᠯᠥᠪᠦᠷᠢ ᠦᠭᠡᠢ ᠪᠡᠷ ᠯᠠᠶᠢᠰᠸᠷ ᠲᠠᠪᠠᠭ ᠲᠤ ᠰᠢᠩᠭᠡᠭᠡᠵᠦ᠂ ᠪᠠᠰᠠ ᠲᠤᠰᠬᠠᠢ ᠬᠠᠤᠯᠢᠴᠢ ᠶᠢᠨ ᠡᠪᠬᠡᠮᠡᠯ ᠦᠵᠡᠬᠦ ᠲᠠᠰᠤᠭ ᠲᠣᠬᠢᠷᠠᠭᠤᠯᠤᠨ᠂ ᠣᠯᠠᠨ ᠲᠠᠯ᠎ᠠ ᠪᠠᠷ ᠨᠡᠩ ᠲᠣᠬᠢᠯᠢᠭ ᠲᠠᠪᠠᠲᠠᠢ ᠡᠪᠬᠡᠮᠡᠯ ᠦᠵᠡᠬᠦ ᠣᠷᠴᠢᠨ ᠲᠣᠭᠣᠷᠢᠨ ᠢ ᠪᠣᠢ ᠪᠣᠯᠭᠠᠭᠰᠠᠨ ᠪᠠᠶᠢᠨ᠎ᠠ᠃ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠦ ᠬᠥᠮᠥᠵᠢᠯ ᠴᠡᠭᠴᠡᠯᠡᠯᠲᠡ ᠶᠢᠨ ᠬᠥᠳᠡᠯᠭᠡᠭᠡᠨ ᠡᠴᠡ ᠨᠠᠰᠢ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠪᠠᠰᠠ ︽ ᠬᠠᠤᠯᠢᠴᠢ ᠶᠢᠨ ᠦᠢᠯᠡᠴᠢᠯᠡᠭᠡᠨ ᠦ ᠤᠲᠠᠰᠤ︾ ᠶᠢ ᠨᠡᠪᠲᠡᠷᠡᠭᠦᠯᠵᠦ᠂ ᠬᠠᠤᠯᠢᠴᠢ ᠶᠢᠨ ᠤᠷᠢᠳᠴᠢᠯᠡᠨ ᠪᠣᠯᠵᠣᠬᠤ᠂ ᠯᠠᠪᠯᠠᠨ ᠠᠰᠠᠭᠤᠬᠤ ᠵᠡᠷᠭᠡ ᠳᠦ ᠨᠡᠩ ᠢᠯᠡᠭᠦᠦ ᠳᠥᠭᠦᠮ ᠲᠥᠲᠡ ᠦᠢᠯᠡᠴᠢᠯᠡᠭᠡ ᠶᠢ ᠬᠠᠩᠭᠠᠭᠰᠠᠨ ᠪᠠᠶᠢᠨ᠎ᠠ᠃
︵ ᠬᠣᠶᠠᠷ︶ ᠰᠦᠯᠵᠢᠶ᠎ᠡ ᠪᠡᠷ ᠡᠪᠬᠡᠮᠡᠯ ᠦᠵᠡᠬᠦ ᠲᠤᠬᠠᠢ
2022 ᠣᠨ ᠳᠤ ᠰᠢᠯᠢ ᠶᠢᠨ ᠭᠣᠣᠯ ᠠᠶᠢᠮᠠᠭ ᠤᠨ ᠬᠣᠶᠠᠷ ᠳᠡᠰ ᠦᠨ ᠪᠠᠶᠢᠴᠠᠭᠠᠬᠤ ᠪᠠᠶᠢᠭᠤᠯᠭ᠎ᠠ ᠨᠡᠶᠢᠲᠡ 38 ᠤᠳᠠᠭᠠᠨ ᠤ ᠰᠦᠯᠵᠢᠶ᠎ᠡ ᠪᠡᠷ ᠡᠪᠬᠡᠮᠡᠯ ᠦᠵᠡᠬᠦ ᠭᠤᠶᠤᠴᠢᠯᠠᠯ ᠢ ᠬᠦᠯᠢᠶᠡᠵᠦ᠂ ᠡᠭᠦᠨ ᠳᠦ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠬᠦᠯᠢᠶᠠᠭ᠍ᠰᠡᠨ ᠲᠣᠭ᠎ᠠ ᠨᠢ ᠪᠦᠬᠦ ᠠᠶᠢᠮᠠᠭ ᠤᠨ13% ᠶᠢ ᠡᠵᠡᠯᠡᠵᠦ ᠪᠠᠶᠢᠨ᠎ᠠ᠃ ᠰᠦᠯᠵᠢᠶᠡᠨ ᠳᠡᠭᠡᠷ᠎ᠡ ᠡᠪᠬᠡᠮᠡᠯ ᠦᠵᠡᠬᠦ ᠰᠢᠰᠲᠸᠮ ᠢ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠳᠤ ᠡᠬᠢᠯᠡᠵᠦ ᠬᠡᠷᠡᠭᠯᠡᠭᠰᠡᠨ ᠡᠴᠡ ᠠᠪᠤᠭᠠᠳ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠢᠳᠡᠪᠬᠢᠲᠡᠢ ᠪᠡᠷ ᠬᠥᠳᠡᠯᠦᠨ᠂ ᠨᠢᠭᠡ ᠲᠠᠯ᠎ᠠ ᠪᠠᠷ ᠵᠢᠯᠣᠭᠣᠳᠬᠤ ᠮᠠᠲᠸᠷᠢᠶᠠᠯ ᠢ ᠰᠠᠶᠢᠲᠤᠷ ᠰᠤᠷᠤᠯᠴᠠᠨ᠂ ᠤᠷᠤᠭᠰᠢᠲᠠᠢ ᠪᠠᠷ ᠠᠵᠢᠯ ᠢᠶᠠᠨ ᠥᠷᠨᠢᠭᠦᠯᠬᠦ ᠪᠡᠷ ᠪᠠᠲᠤ ᠰᠠᠭᠤᠷᠢ ᠶᠢ ᠲᠠᠯᠪᠢᠨ᠂ ᠨᠥᠭᠦᠭᠡ ᠲᠠᠯ᠎ᠠ ᠪᠠᠷ ᠲᠤᠬᠠᠢ ᠶᠢᠨ ᠲᠠᠯᠠᠪᠤᠷ ᠲᠤ ᠢᠷᠡᠵᠦ ᠡᠪᠬᠡᠮᠡᠯ ᠦᠵᠡᠭᠰᠡᠨ ᠬᠠᠤᠯᠢᠴᠢ ᠳᠤ ᠰᠦᠯᠵᠢᠶᠡᠨ ᠳᠡᠭᠡᠷ᠎ᠡ ᠡᠪᠬᠡᠮᠡᠯ ᠦᠵᠡᠬᠦ ᠦᠢᠯᠡᠴᠢᠯᠡᠭᠡ ᠶᠢ ᠤᠬᠠᠭᠤᠯᠤᠨ᠂ ᠠᠯᠬᠤᠮ ᠳᠠᠷᠠᠭ᠎ᠠ ᠶᠢ ᠨᠢ ᠨᠠᠷᠢᠨ ᠨᠢᠮᠪᠠᠢ ᠲᠠᠶᠢᠯᠪᠤᠷᠢᠯᠠᠨ᠂ ᠡᠳᠦᠷ ᠪᠦᠷᠢ ᠲᠤᠰᠬᠠᠢ ᠬᠥᠮᠥᠨ ᠢᠶᠡᠷ 12309 ᠳᠤᠮᠳᠠᠳᠤ ᠤᠯᠤᠰ ᠤᠨ ᠪᠠᠶᠢᠴᠠᠭᠠᠬᠤ ᠰᠦᠯᠵᠢᠶᠡᠨ ᠳᠡᠭᠡᠷ᠎ᠡ ᠡᠪᠬᠡᠮᠡᠯ ᠦᠵᠡᠬᠦ ᠭᠤᠶᠤᠴᠢᠯᠠᠯ ᠪᠠᠶᠢᠬᠤ ᠡᠰᠡᠬᠦ ᠶᠢ ᠯᠠᠪᠯᠠᠨ ᠦᠵᠡᠳᠡᠭ᠃ 2022 ᠣᠨ ᠤ 1 ᠰᠠᠷ᠎ᠠ ᠳᠤ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ 12309 ᠳᠤᠮᠳᠠᠳᠤ ᠤᠯᠤᠰ ᠤᠨ ᠪᠠᠶᠢᠴᠠᠭᠠᠬᠤ ᠰᠦᠯᠵᠢᠶ᠎ᠡ ᠪᠡᠷ ᠳᠠᠮᠵᠢᠵᠤ᠂ ᠾᠸᠪᠸᠢ ᠮᠤᠵᠢ ᠶᠢᠨ ᠾᠸ ᠲᠸᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠳᠦ ᠡᠯᠸᠺᠲᠷᠦᠨ ᠡᠪᠬᠡᠮᠡᠯ ᠢᠶᠡᠨ ᠠᠮᠵᠢᠯᠲᠠ ᠲᠠᠢ ᠳᠠᠮᠵᠢᠭᠤᠯᠵᠤ᠂ ᠠᠩᠬ᠎ᠠ ᠤᠳᠠᠭ᠎ᠠ ᠰᠦᠯᠵᠢᠶ᠎ᠡ ᠪᠡᠷ 400 ᠺᠢᠯᠤᠮᠸᠲᠷ ᠦᠨ ᠠᠯᠤᠰ ᠲᠤ ᠡᠪᠬᠡᠮᠡᠯ ᠦᠵᠡᠬᠦ ᠶᠢ ᠪᠡᠶᠡᠯᠡᠭᠦᠯᠦᠭᠡᠳ ︽ ᠬᠠᠮᠤᠭ ᠠᠷᠪᠢᠨ ᠳᠠᠭᠠᠨ ᠨᠢᠭᠡ ᠤᠳᠠᠭ᠎ᠠ ᠢᠷᠡᠬᠦ ᠴᠢᠬᠤᠯᠠᠲᠠᠢ︾ ᠶᠢ ︽ ᠨᠢᠭᠡ ᠤᠳᠠᠭ᠎ᠠ ᠴᠤ ᠢᠷᠡᠬᠦ ᠴᠢᠬᠤᠯᠠ ᠦᠭᠡᠢ︾ ᠪᠣᠯᠭᠠᠨ ᠳᠡᠭᠡᠭᠰᠢᠯᠡᠭᠦᠯᠵᠦ᠂ ᠬᠠᠤᠯᠢᠴᠢ ᠶᠢᠨ ᠡᠪᠬᠡᠮᠡᠯ ᠦᠵᠡᠬᠦ ᠬᠠᠮᠤᠭ ᠡᠴᠦᠰ ᠦᠨ ᠨᠢᠭᠡ ᠺᠢᠯᠤᠮᠸᠲᠷ ᠢ ᠨᠡᠪᠲᠡᠷᠡᠭᠦᠯᠦᠭᠰᠡᠨ ᠪᠠᠶᠢᠨ᠎ᠠ᠃
︵ ᠭᠤᠷᠪᠠ︶ ᠣᠨᠳᠣᠣ ᠭᠠᠵᠠᠷ ᠠᠴᠠ ᠡᠪᠬᠡᠮᠡᠯ ᠦᠵᠡᠬᠦ ᠲᠤᠬᠠᠢ
2022 ᠣᠨ ᠳᠤ ᠰᠢᠯᠢ ᠶᠢᠨ ᠭᠣᠣᠯ ᠠᠶᠢᠮᠠᠭ ᠤᠨ ᠬᠣᠶᠠᠷ ᠳᠡᠰ ᠦᠨ ᠪᠠᠶᠢᠴᠠᠭᠠᠬᠤ ᠪᠠᠶᠢᠭᠤᠯᠭ᠎ᠠ ᠨᠡᠶᠢᠲᠡ 25 ᠤᠳᠠᠭᠠᠨ ᠤ ᠣᠨᠳᠣᠣ ᠭᠠᠵᠠᠷ ᠠᠴᠠ ᠡᠪᠬᠡᠮᠡᠯ ᠦᠵᠡᠬᠦ ᠭᠤᠶᠤᠴᠢᠯᠠᠯ ᠢ ᠬᠦᠯᠢᠶᠡᠵᠦ᠂ ᠡᠭᠦᠨ ᠳᠦ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠬᠦᠯᠢᠶᠠᠭ᠍ᠰᠡᠨ ᠲᠣᠭ᠎ᠠ ᠨᠢ ᠪᠦᠬᠦ ᠠᠶᠢᠮᠠᠭ ᠤᠨ 4% ᠶᠢ ᠡᠵᠡᠯᠡᠵᠦ ᠪᠠᠶᠢᠨ᠎ᠠ᠃ 2022 ᠣᠨ ᠤ 4 ᠰᠠᠷ᠎ᠠ ᠳᠤ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠱᠠᠨᠳᠦ᠋ᠩ ᠮᠤᠵᠢ ᠶᠢᠨ ᠨᠢᠭᠡᠨ ᠬᠠᠤᠯᠢᠴᠢ ᠶᠢᠨ ᠭᠤᠶᠤᠴᠢᠯᠠᠭᠰᠠᠨ ᠨᠢᠭᠡᠨ ᠰᠦᠯᠵᠢᠶ᠎ᠡ ᠪᠡᠷ ᠦᠵᠡᠬᠦ ᠳᠤ ᠲᠣᠬᠢᠷᠠᠬᠤ ᠦᠭᠡᠢ ᠬᠡᠷᠡᠭ ᠦᠨ ᠡᠪᠬᠡᠮᠡᠯ ᠦᠵᠡᠬᠦ ᠭᠤᠶᠤᠴᠢᠯᠠᠯ ᠢ ᠣᠯᠵᠠᠢ᠃ ᠲᠤᠬᠠᠢ ᠶᠢᠨ ᠦᠶ᠎ᠡ ᠳᠦ ᠰᠢᠨ᠎ᠡ ᠲᠢᠲᠢᠮᠯᠢᠭ ᠬᠡᠯᠪᠡᠷᠢ ᠶᠢᠨ ᠠᠭᠤᠰᠬᠢᠨ ᠥᠷᠪᠢᠰᠦᠯ ᠪᠦᠬᠦ ᠤᠯᠤᠰ ᠤᠨ ᠣᠯᠠᠨ ᠭᠠᠵᠠᠷ ᠥᠷᠭᠡᠵᠢᠬᠦ ᠬᠠᠨᠳᠤᠰᠢ ᠲᠠᠢ ᠪᠣᠯᠵᠤ᠂ ᠭᠠᠳᠠᠭᠰᠢ ᠲᠣᠲᠣᠭᠰᠢ ᠶᠠᠪᠤᠬᠤ ᠬᠠᠮᠢᠶᠠᠷᠤᠯᠲᠠ ᠴᠢᠩᠭᠠᠷᠠᠭᠰᠠᠨ ᠠᠴᠠ ᠬᠠᠤᠯᠢᠴᠢ ᠶᠢᠨ ᠠᠵᠢᠯ ᠡᠷᠬᠢᠯᠡᠬᠦ ᠡᠷᠬᠡ ᠶᠢ ᠪᠠᠲᠤᠯᠠᠬᠤ ᠶᠢᠨ ᠲᠥᠯᠦᠭᠡ᠂ ᠢᠳᠡᠪᠬᠢᠲᠡᠢ ᠪᠡᠷ ᠣᠨᠳᠤᠤ ᠭᠠᠵᠠᠷ ᠠᠴᠠ ᠡᠪᠬᠡᠮᠡᠯ ᠦᠵᠡᠬᠦ ᠰᠢᠰᠲᠸᠮ ᠢ ᠰᠤᠳᠤᠯᠵᠤ᠂ ᠱᠠᠨᠳᠦ᠋ᠩ ᠮᠤᠵᠢ ᠶᠢᠨ ᠯᠢ ᠰᠢᠶᠠ ᠲᠣᠭᠣᠷᠢᠭ ᠤᠨ ᠠᠷᠠᠳ ᠤᠨ ᠪᠠᠶᠢᠴᠠᠭᠠᠬᠤ ᠬᠣᠷᠢᠶ᠎ᠠ ᠲᠠᠢ ᠬᠠᠷᠢᠴᠠᠨ᠂ ᠣᠨᠳᠣᠣ ᠭᠠᠵᠠᠷ ᠠᠴᠠ ᠡᠪᠬᠡᠮᠡᠯ ᠦᠵᠡᠬᠦ ᠬᠡᠯᠪᠡᠷᠢ ᠪᠠᠷ ᠮᠠᠲᠸᠷᠢᠶᠠᠯ ᠢ ᠬᠢᠨᠠᠬᠤ᠂ ᠬᠢᠷᠢ ᠬᠡᠮ ᠢ ᠰᠢᠯᠭᠠᠬᠤ ᠠᠵᠢᠯ ᠤᠨ ᠲᠤᠬᠠᠢ ᠶᠠᠷᠢᠯᠴᠠᠵᠤ᠂ ᠬᠠᠮᠤᠭ ᠡᠴᠦᠰ ᠲᠦ ᠠᠯᠤᠰ ᠬᠣᠯᠠ ᠱᠠᠨᠳᠦ᠋ᠩ ᠮᠤᠵᠢ ᠶᠢᠨ ᠬᠠᠤᠯᠢᠴᠢ ᠶᠢᠨ ᠡᠪᠬᠡᠮᠡᠯ ᠦᠵᠡᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠴᠡᠢ᠃
ᠬᠣᠶᠠᠷ᠂ ᠳᠥᠭᠦᠮ ᠲᠦᠲᠡᠴᠢᠯᠡᠭᠰᠡᠨ ᠡᠪᠬᠡᠮᠡᠯ ᠦᠵᠡᠬᠦ ᠦᠨᠳᠦᠰᠦᠨ ᠠᠵᠢᠯ ᠢ ᠲᠡᠭᠦᠯᠳᠡᠷᠵᠢᠭᠦᠯᠵᠦ᠂ ᠬᠠᠤᠯᠢᠴᠢ ᠶᠢᠨ ᠡᠪᠬᠡᠮᠡᠯ ᠦᠵᠡᠬᠦ ᠡᠷᠬᠡ ᠶᠢ ᠪᠠᠲᠤᠯᠠᠬᠤ ᠶᠢ ᠴᠢᠩᠭᠠᠳᠬᠠᠪᠠ
ᠬᠠᠤᠯᠢᠴᠢ ᠶᠢᠨ ᠡᠪᠬᠡᠮᠡᠯ ᠦᠵᠡᠬᠦ ᠳᠤ ᠤᠷᠢᠳᠠᠪᠠᠷ ᠡᠯᠸᠺᠲᠷᠦᠨ ᠡᠪᠬᠡᠮᠡᠯ ᠪᠠ ᠬᠡᠷᠡᠭ ᠦᠨ ᠵᠢᠷᠤᠮ ᠤᠨ ᠴᠢᠨᠠᠷᠲᠠᠢ ᠴᠢᠮᠡᠭᠡ ᠵᠠᠩᠭᠢ ᠶᠢ ᠴᠠᠭ ᠲᠤᠬᠠᠢ ᠳ᠋ᠤᠨᠢ ᠳᠠᠮᠵᠢᠭᠤᠯᠤᠭᠰᠠᠨ ᠪᠠᠶᠢᠬᠤ ᠬᠡᠷᠡᠭᠲᠡᠢ᠃ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠳᠥᠭᠥᠮ ᠲᠥᠲᠡ ᠡᠪᠬᠡᠮᠡᠯ ᠦᠵᠡᠬᠦ ᠳᠤ ᠵᠣᠷᠢᠭᠤᠯᠤᠨ ᠦᠨᠳᠦᠰᠦᠨ ᠠᠵᠢᠯ ᠢᠶᠠᠨ ᠰᠠᠶᠢᠲᠤᠷ ᠬᠢᠵᠦ᠂ ᠥᠨᠳᠦᠷ ᠠᠰᠢᠭᠲᠤ᠂ ᠳᠥᠭᠥᠮ ᠲᠦᠳᠡ ᠪᠠᠶᠢᠴᠠᠭᠠᠬᠤ ᠦᠢᠯᠡᠴᠢᠯᠡᠭᠡ ᠬᠠᠩᠭᠠᠵᠤ ᠪᠠᠶᠢᠨ᠎ᠠ᠃ 2022ᠣᠨ ᠳᠤ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠡᠯᠸᠺᠲᠷᠦᠨ ᠡᠪᠬᠡᠮᠡᠯ ᠬᠢᠵᠦ ᠪᠣᠯᠬᠤ ᠬᠡᠷᠡᠭ ᠪᠦᠬᠦᠨ ᠳᠦ ᠡᠯᠸᠺᠲᠷᠦᠨ ᠡᠪᠬᠡᠮᠡᠯ ᠬᠢᠵᠦ᠂ ᠨᠡᠶᠢᠲᠡ 78 ᠪᠣᠳᠢ ᠬᠡᠷᠡᠭ ᠦᠨ ᠡᠯᠸᠺᠲᠷᠦᠨ ᠡᠪᠬᠡᠮᠡᠯ ᠢ ᠴᠠᠭ ᠲᠤᠬᠠᠢ ᠳ᠋ᠤᠨᠢ ᠰᠢᠰᠲᠸᠮ ᠳᠦ ᠳᠠᠮᠵᠢᠭᠤᠯᠤᠭᠰᠠᠨ ᠪᠠᠶᠢᠨ᠎ᠠ᠃ ᠴᠦᠬᠡᠨ ᠡᠪᠬᠡᠮᠡᠯ ᠲᠠᠢ ᠬᠡᠷᠡᠭ ᠢ ᠬᠦᠯᠢᠶᠡᠨ ᠠᠪᠤᠭᠰᠠᠨ ᠡᠳᠦᠷ ᠲᠤᠨᠢ ᠡᠯᠸᠺᠲᠷᠦᠨ ᠡᠪᠬᠡᠮᠡᠯ ᠢ ᠬᠢᠵᠦ᠂ ᠣᠯᠠᠨ ᠡᠪᠬᠡᠮᠡᠯ ᠲᠠᠢ ᠬᠡᠷᠡᠭ ᠢ ᠭᠤᠷᠪᠠᠨ ᠡᠳᠦᠷ ᠦᠨ ᠳᠣᠳᠣᠷ᠎ᠠ ᠡᠯᠸᠺᠲᠷᠦᠨ ᠡᠪᠬᠡᠮᠡᠯ ᠬᠢᠵᠦ᠂ ᠬᠡᠷᠪᠡ ᠬᠠᠤᠯᠢᠴᠢ ᠡᠨᠡ ᠬᠤᠭᠤᠴᠠᠭᠠᠨ ᠳᠤ ᠡᠪᠬᠡᠮᠡᠯ ᠦᠵᠡᠬᠦ ᠱᠠᠭᠠᠷᠳᠠᠯᠭ᠎ᠠ ᠭᠠᠷᠭᠠᠪᠠᠯ᠂ ᠡᠯᠸᠺᠲᠷᠦᠨ ᠡᠪᠬᠡᠮᠡᠯ ᠬᠢᠵᠦ ᠳᠠᠭᠤᠰᠬᠤ ᠴᠠᠭ ᠢ ᠲᠣᠲᠣᠷᠬᠠᠢ ᠮᠡᠳᠡᠭᠳᠡᠵᠦ᠂ ᠰᠠᠨᠠᠭᠠᠴᠢᠯᠠᠭ᠎ᠠ ᠠᠴᠠ ᠪᠠᠨ ᠯᠠᠶᠢᠰᠸᠷ ᠲᠠᠪᠠᠭ ᠲᠤ ᠰᠢᠩᠭᠡᠭᠡᠨ ᠥᠭᠳᠡᠭ ᠪᠠᠶᠢᠨ᠎ᠠ᠃
2022 ᠣᠨ ᠠᠴᠠ ᠣᠳᠤ ᠪᠣᠯᠳᠠᠯ᠎ᠠ ᠨᠡᠶᠢᠲᠡ 52 ᠵᠤᠷᠪᠤᠰ ᠵᠢᠷᠤᠮ ᠤᠨ ᠴᠢᠨᠠᠷᠲᠠᠢ ᠴᠢᠮᠡᠭᠡ ᠵᠠᠩᠭᠢ ᠶᠢ ᠴᠠᠭ ᠲᠤᠬᠠᠢ ᠳ᠋ᠤᠨᠢ ᠥᠨᠳᠦᠷ ᠪᠦᠲᠦᠮᠵᠢᠲᠡᠢ ᠪᠡᠷ ᠢᠯᠡ ᠪᠡᠷ ᠨᠡᠶᠢᠲᠡᠯᠡᠵᠦ᠂ ᠬᠠᠤᠯᠢᠴᠢ ᠶᠢᠨ ᠬᠡᠷᠡᠭ ᠦᠨ ᠵᠢᠷᠤᠮ ᠤᠨ ᠴᠢᠨᠠᠷᠲᠠᠢ ᠴᠢᠮᠡᠭᠡ ᠵᠠᠩᠭᠢ ᠶᠢ ᠯᠠᠪᠯᠠᠨ ᠦᠵᠡᠬᠦ ᠪᠠ ᠡᠪᠬᠡᠮᠡᠯ ᠦᠵᠡᠬᠦ ᠪᠡᠷ ᠰᠦᠯᠵᠢᠶᠡᠨ ᠳᠦ ᠬᠣᠯᠪᠤᠬᠤ ᠶᠢ ᠤᠷᠤᠭᠰᠢᠲᠠᠢ ᠪᠠᠷ ᠪᠡᠶᠡᠯᠡᠭᠦᠯᠵᠦ᠂ ᠬᠠᠤᠯᠢᠴᠢ ᠶᠢᠨ ᠠᠵᠢᠯ ᠡᠷᠬᠢᠯᠡᠬᠦ ᠡᠷᠬᠡ ᠳᠤ ᠦᠨᠳᠦᠰᠦᠨ ᠴᠢᠨᠠᠷᠲᠠᠢ ᠪᠠᠲᠤᠯᠠᠭ᠎ᠠ ᠬᠠᠩᠭᠠᠵᠠᠢ᠃
ᠭᠤᠷᠪᠠ᠂ ᠬᠠᠤᠯᠢᠴᠢ ᠶᠢᠨ ᠰᠠᠨᠠᠯ ᠢ ᠪᠦᠬᠦ ᠲᠠᠯ᠎ᠠ ᠳᠤ ᠰᠣᠨᠣᠰᠴᠤ᠂ ᠲᠥᠪ ᠭᠣᠣᠯᠴᠢ᠂ ᠢᠯᠡ ᠲᠣᠳᠣ ᠬᠠᠤᠯᠢ ᠪᠠᠷᠢᠬᠤ ᠶᠢ ᠲᠦᠯᠬᠢᠨ ᠠᠬᠢᠭᠤᠯᠪᠠ
ᠠᠪᠠᠭ᠎ᠠ ᠬᠣᠰᠢᠭᠤᠨ ᠦ ᠠᠷᠠᠳ ᠤᠨ ᠪᠠᠶᠢᠴᠠᠭᠠᠬᠤ ᠬᠣᠷᠢᠶ᠎ᠠ ᠨᠢ ᠬᠠᠤᠯᠢ ᠶᠣᠰᠣᠭᠠᠷ ᠶᠠᠯ᠎ᠠ ᠬᠢᠭᠰᠡᠨ ᠰᠡᠵᠢᠭᠲᠡᠨ ᠦ ᠵᠠᠷᠭᠤ ᠶᠢᠨ ᠡᠷᠬᠡ ᠪᠠ ᠬᠠᠤᠯᠢᠴᠢ ᠶᠢᠨ ᠰᠠᠨᠠᠯ ᠢᠶᠠᠨ ᠳᠤᠷᠠᠳᠬᠤ ᠡᠷᠬᠡ ᠶᠢ ᠪᠠᠲᠤᠯᠠᠵᠤ᠂ ︽ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢᠶᠡᠷ ᠭᠣᠣᠯᠯᠠᠵᠤ᠂ ᠬᠡᠷᠡᠭ ᠦᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠵᠢᠯᠴᠠᠬᠤ︾ ᠠᠵᠢᠯ ᠤᠨ ᠬᠡᠯᠪᠡᠷᠢ ᠪᠡᠷ ᠥᠮᠥᠭᠯᠡᠭᠴᠢ ᠨᠠᠶᠢᠳᠠᠬᠤ ᠪᠢᠴᠢᠭ ᠪᠠ ᠥᠮᠦᠭᠯᠡᠬᠦ ᠰᠠᠨᠠᠯ ᠢ ᠬᠦᠯᠢᠶᠡᠨ ᠠᠪᠴᠤ ᠬᠡᠷᠡᠭ ᠰᠢᠢᠳᠪᠦᠷᠢᠯᠡᠬᠦ ᠰᠢᠰᠲᠸᠮ ᠳᠦ ᠣᠷᠣᠭᠤᠯᠤᠨ᠂ ᠴᠠᠭ ᠲᠤᠬᠠᠢ ᠳ᠋ᠤᠨᠢ ᠥᠮᠦᠭᠯᠡᠬᠦ ᠰᠠᠨᠠᠯ ᠵᠡᠷᠭᠡ ᠮᠠᠲᠸᠷᠢᠶᠠᠯ ᠢ ᠬᠡᠷᠡᠭ ᠰᠢᠢᠳᠪᠦᠷᠢᠯᠡᠭᠴᠢ ᠳᠦ ᠳᠠᠮᠵᠢᠭᠤᠯᠵᠤ᠂ ᠣᠳᠤ ᠪᠣᠯᠬᠤ ᠳᠤ ᠨᠡᠶᠢᠲᠡ 10 ᠤᠳᠠᠭ᠎ᠠ ᠬᠠᠤᠯᠢᠴᠢ ᠶᠢᠨ ᠰᠠᠨᠠᠯ ᠢ ᠰᠣᠨᠣᠰᠴᠠᠢ᠃
ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠭᠡᠷᠡᠴᠢᠯᠡᠭᠡ ᠰᠣᠨᠣᠰᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠠᠤᠯᠢᠴᠢ ᠶᠢᠨ ᠰᠠᠨᠠᠯ ᠢ ᠰᠣᠨᠣᠰᠬᠤ ᠶᠢ ᠡᠷᠡᠭᠦᠦ ᠶᠢᠨ ᠬᠡᠷᠡᠭ᠂ ᠢᠷᠭᠡᠨ ᠦ ᠬᠡᠷᠡᠭ᠂ ᠵᠠᠰᠠᠭ ᠵᠠᠬᠢᠷᠭᠠᠨ ᠤ ᠬᠡᠷᠡᠭ ᠪᠠ ᠨᠡᠶᠢᠲᠡ ᠶᠢᠨ ᠠᠰᠢᠭᠲᠤ ᠵᠠᠷᠭᠤ ᠶᠢᠨ︽ ᠳᠥᠷᠪᠡᠨ ᠶᠡᠬᠡ ᠪᠠᠶᠢᠴᠠᠭᠠᠬᠤ︾ ᠳᠦ ᠣᠷᠣᠭᠣᠯᠵᠤ᠂ 2022 ᠣᠨ ᠳᠤ ᠨᠡᠶᠢᠲᠡ 5 ᠬᠡᠷᠡᠭ ᠲᠦ ᠬᠠᠤᠯᠢᠴᠢ ᠶᠢᠨ ᠲᠥᠯᠦᠭᠡᠯᠡᠭᠴᠢ ᠶᠢ ᠭᠡᠷᠡᠴᠢᠯᠡᠭᠡ ᠰᠣᠨᠣᠰᠤᠭᠴᠢ ᠶᠢᠨ ᠬᠣᠪᠢ ᠪᠠᠷ ᠤᠷᠢᠵᠤ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠤᠯᠤᠨ᠂ ᠰᠠᠨᠠᠯ ᠢ ᠨᠢ ᠰᠣᠨᠣᠰᠴᠣ᠂ ᠬᠠᠤᠯᠢ ᠴᠠᠭᠠᠵᠠ ᠶᠢᠨ ᠲᠥᠪ ᠭᠣᠣᠯᠴᠢ ᠪᠠ ᠢᠯᠡ ᠲᠣᠳᠤ ᠶᠢ ᠲᠦᠯᠬᠢᠨ ᠠᠬᠢᠭᠤᠯᠵᠠᠢ᠃
ᠬᠠᠤᠯᠢᠴᠢ ᠶᠢᠨ ᠠᠵᠢᠯ ᠡᠷᠬᠢᠯᠡᠬᠦ ᠡᠷᠬᠡ ᠶᠢ ᠪᠠᠲᠤᠯᠠᠬᠤ ᠨᠢ ᠲᠤᠬᠠᠢ ᠶᠢᠨ ᠬᠥᠮᠥᠨ ᠦ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠠᠢ ᠰᠢᠭᠤᠳ ᠬᠣᠯᠪᠣᠭ᠎ᠠ ᠲᠠᠢ᠂ ᠮᠦᠨᠴᠦ ᠬᠠᠤᠯᠢ ᠴᠠᠭᠠᠵᠠ ᠶᠢ ᠵᠥᠪ ᠣᠨᠣᠪᠴᠢᠲᠠᠢ ᠬᠡᠷᠡᠭᠵᠢᠭᠦᠯᠬᠦ ᠪᠠ ᠨᠡᠶᠢᠭᠡᠮ ᠦᠨ ᠲᠥᠪ ᠭᠣᠣᠯᠴᠢ ᠠᠷᠢᠭᠤᠨ ᠴᠢᠭᠡᠴᠢ ᠶᠢ ᠪᠠᠲᠤᠯᠠᠬᠤ ᠲᠠᠢ ᠨᠢᠭᠲᠠ ᠬᠣᠯᠪᠣᠭ᠎ᠠ ᠲᠠᠢ᠃ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠦᠷᠭᠦᠯᠵᠢᠯᠡᠨ ᠬᠠᠤᠯᠢᠴᠢ ᠶᠢᠨ ᠠᠵᠢᠯ ᠡᠷᠬᠢᠯᠡᠬᠦ ᠡᠷᠬᠡ ᠶᠢ ᠪᠠᠲᠤᠯᠠᠬᠤ ᠪᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠪᠣᠯᠭᠠᠵᠤ᠂ ᠬᠠᠤᠯᠢ ᠶᠣᠰᠣᠭᠠᠷ ᠠᠵᠢᠯ ᠡᠷᠬᠢᠯᠡᠬᠦ ᠳᠦ ᠬᠦᠴᠦᠨ ᠵᠢᠳᠬᠦᠯ ᠢᠶᠡᠨ ᠦᠵᠡᠭᠦᠯᠦᠨ᠎ᠡ᠃