ᠪᠠᠭᠠᠷᠢᠨ ᠪᠠᠷᠠᠭᠤᠨ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠣᠯᠠᠨ ᠵᠦᠢᠯ ᠦᠨ ᠬᠡᠯᠪᠡᠷᠢ ᠪᠡᠷ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
6 ᠰᠠᠷ᠎ᠠ ᠶᠢᠨ 26 ᠤ ᠡᠳᠦᠷ ᠪᠣᠯ ᠭᠤᠴᠢᠨ ᠲᠠᠪᠤᠳᠠᠬᠢ ᠣᠯᠠᠨ ᠤᠯᠤᠰ ᠤᠨ ᠬᠤᠤᠷᠲᠤ ᠡᠳ᠋ ᠢ ᠴᠠᠭᠠᠵᠠᠯᠠᠬᠤ ᠡᠳᠦᠷ ᠪᠣᠯᠤᠨ᠎ᠠ ᠃ ᠪᠠᠭᠠᠷᠢᠨ ᠪᠠᠷᠠᠭᠤᠨ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠪᠥᠬᠥ ᠬᠣᠰᠢᠭᠤᠨ ᠤ ᠰᠠᠭᠤᠭᠠᠯᠢ ᠠᠷᠠᠳ ᠲᠤ ᠦᠷᠨᠢᠭᠦᠯᠦᠭᠰᠡᠨ ᠨᠢᠭᠡ ᠬᠤᠪᠢ ᠵᠠᠬᠢᠳᠠᠯ ᠂ ᠤᠬᠠᠭᠤᠯᠭ᠎ᠠ ᠶᠢᠨ ᠤᠷᠢᠶ᠎ᠠ ᠨᠠᠭᠠᠬᠤ ᠂ ᠰᠤᠷᠤᠯᠴᠠᠬᠤ ᠬᠤᠷᠠᠯ ᠬᠤᠷᠠᠯᠳᠤᠭᠤᠯᠬᠤ ᠵᠡᠷᠬᠡ ᠬᠡᠯᠪᠡᠷᠢ ᠪᠡᠷ ᠬᠤᠤᠷᠲᠤ ᠡᠳ᠋ ᠢ ᠴᠠᠭᠠᠵᠠᠯᠠᠬᠤ ᠠᠵᠢᠯ ᠤᠨ ᠤᠬᠠᠭᠤᠯᠭ᠎ᠠ ᠪᠠ ᠰᠤᠷᠤᠯᠴᠠᠯᠭ᠎ᠠ ᠬᠢᠵᠦ ᠂ ᠰᠠᠶᠢᠨ ᠦᠷ᠎ᠡ ᠪᠦᠲᠦᠮᠵᠢ ᠤᠯᠪᠠ᠃
ᠨᠢᠭᠡ ᠳᠤ ᠂ ᠰᠢᠨ᠎ᠡ ᠵᠠᠭᠤᠴᠢᠯᠠᠭᠤᠷ ᠢ ᠠᠰᠢᠭᠯᠠᠨ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠦᠷᠭᠡᠳᠬᠡᠪᠡ᠃ ᠲᠣᠰ ᠬᠣᠷᠢᠶᠠᠨ ᠤ ᠸᠢᠴᠠᠲ ᠤᠨ ᠣᠯᠠᠨ ᠨᠡᠶᠢᠲᠡ ᠶᠢᠨ ᠵᠠᠭᠤᠴᠢᠯᠠᠭᠤᠷ ᠢᠶᠠᠷ ᠪᠥᠬᠥ ᠬᠣᠰᠢᠭᠤᠨ ᠤ ᠰᠠᠭᠤᠭᠠᠯᠢ ᠠᠷᠠᠳ ᠲᠤ ᠨᠢᠭᠡ ᠬᠤᠪᠢ ᠵᠠᠬᠢᠳᠠᠯ ᠨᠡᠶᠢᠲᠡᠯᠡᠵᠦ ᠂ ᠰᠠᠭᠤᠭᠠᠯᠢ ᠠᠷᠠᠳ ᠤᠨ ᠬᠤᠤᠷᠲᠤ ᠡᠳ᠋ ᠢ ᠴᠠᠭᠠᠵᠠᠯᠠᠬᠤ ᠤᠬᠠᠮᠰᠠᠷ ᠢ ᠪᠠᠳᠠᠷᠠᠭᠤᠯᠵᠤ ᠂ ᠵᠦᠪ ᠡᠨᠧᠷᠭᠢ ᠲᠠᠢ ᠠᠮᠢᠳᠤᠷᠠᠬᠤ ᠶᠢ ᠰᠠᠨᠠᠭᠠᠴᠢᠯᠠᠪᠠ ᠃ ᠬᠤᠤᠷᠲᠤ ᠡᠳ᠋ ᠢ ᠴᠠᠭᠠᠵᠠᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠴᠢᠷᠮᠠᠶᠢᠨ ᠪᠠᠶᠢᠭᠤᠯᠵᠤ ᠂ ᠬᠤᠤᠷᠲᠤ ᠡᠳ᠋ ᠢ ᠡᠷᠡᠰ ᠬᠣᠷᠢᠭᠯᠠᠵᠤ ᠂ ᠬᠤᠤᠷᠲᠤ ᠡᠳ᠋ ᠢ ᠴᠠᠭᠠᠵᠠᠯᠠᠬᠤ ᠳᠤ ᠢᠳᠡᠪᠬᠢᠲᠡᠶ ᠣᠷᠣᠯᠴᠠᠬᠤ ᠬᠡᠷᠡᠭᠲᠡᠶ ᠭᠡᠵᠤ ᠤᠷᠢᠶᠠᠯᠠᠪᠠ᠃ ᠲᠤᠬᠠᠶ ᠶᠢᠨ ᠡᠳᠦᠷ ᠦᠨ ᠸᠢᠴᠠᠲ ᠤᠨ ᠣᠯᠠᠨ ᠨᠡᠶᠢᠲᠡ ᠶᠢᠨ ᠵᠠᠭᠤᠴᠢᠯᠠᠭᠤᠷ ᠪᠠᠷ ᠳᠠᠮᠵᠢᠭᠤᠯᠤᠭᠰᠠᠨ ᠮᠡᠳᠡᠭᠡ ᠶᠢᠨ ᠤᠩᠰᠢᠭᠰᠠᠨ ᠬᠡᠮᠵᠢᠶ᠎ᠡ ᠨᠢ ᠨᠢᠭᠡᠨᠲᠡ 2200 ᠭᠠᠷᠤᠶ ᠬᠥᠮᠦᠨ ᠳᠤ ᠬᠦᠷᠴᠡᠶ᠃
ᠬᠣᠶᠠᠷ ᠲᠤ ᠂ ᠪᠠᠶᠢᠴᠠᠭᠠᠭᠴᠢ ᠂ ᠪᠠᠶᠢᠴᠠᠭᠠᠭᠴᠢ ᠶᠢᠨ ᠲᠤᠰᠠᠯᠠᠭᠴᠢ ᠶᠢᠨ ᠣᠷᠣᠯᠴᠠᠭᠰᠠᠨ ᠵᠢᠯᠣᠭᠣᠳᠬᠤ ᠴᠢᠨᠠᠷᠲᠠᠶ ᠬᠡᠷᠡᠭ ᠦᠨ ᠵᠢᠱᠢᠶ᠎ᠡ ᠶᠢ ᠰᠤᠷᠤᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠬᠤᠷᠠᠯ ᠳᠤ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ 2022 ᠣᠨ ᠤ 6 ᠰᠠᠷ᠎ᠠ ᠶᠢᠨ 21 ᠦ ᠡᠳᠦᠷ ᠳᠠᠷᠤᠮᠯᠠᠨ ᠲᠠᠷᠬᠠᠭᠠᠭᠰᠠᠨ ᠭᠤᠴᠢᠨ ᠳᠣᠯᠣᠳᠤᠭᠠᠷ ᠪᠦᠯᠦᠭ ᠦᠨ ᠵᠢᠯᠣᠭᠣᠳᠬᠤ ᠴᠢᠨᠠᠷᠲᠠᠶ ᠬᠡᠷᠡᠭ ᠦᠨ ᠵᠢᠱᠢᠶ᠎ᠡ ᠶᠢ ᠬᠠᠮᠲᠤ ᠪᠠᠷ ᠰᠤᠷᠤᠯᠴᠠᠵᠤ ᠂ ᠰᠢᠨ᠎ᠡ ᠬᠡᠯᠪᠡᠷᠢ ᠶᠢᠨ ᠬᠤᠤᠷᠲᠤ ᠡᠳ᠋ ᠦᠨ ᠶᠠᠯᠠᠲᠤ ᠠᠵᠢᠯᠯᠠᠭ᠎ᠠ ᠶᠢᠨ ᠲᠥᠷᠥᠯ ᠬᠡᠯᠪᠡᠷᠢ ᠵᠢᠴᠢ ᠪᠠᠶᠢᠴᠠᠭᠠᠬᠤ ᠪᠠᠶᠢᠭᠤᠯᠤᠯᠭ᠎ᠠ ᠶᠢᠨ ᠲᠤᠷᠰᠢᠨ ᠪᠠᠶᠢᠴᠠᠭᠠᠵᠤ ᠭᠡᠷᠡᠴᠢ ᠠᠪᠬᠤ ᠂ ᠬᠢᠨᠠᠨ ᠪᠠᠶᠢᠴᠠᠭᠠᠵᠤ ᠵᠠᠭᠠᠯᠳᠤᠬᠤ ᠶᠢ ᠭᠦᠨᠵᠡᠭᠡᠶ ᠰᠤᠷᠤᠯᠴᠠᠪᠠ᠃ᠶᠠᠯᠠᠲᠤ ᠠᠵᠢᠯᠯᠠᠭ᠎ᠠ ᠶᠢ ᠵᠠᠭᠠᠯᠳᠤᠬᠤ ᠪᠠ ᠭᠡᠷᠡᠴᠢᠯᠡᠬᠦ ᠂ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠬᠤ ᠵᠡᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠰᠢᠨ᠎ᠡ ᠬᠡᠯᠪᠡᠷᠢ ᠶᠢᠨ ᠬᠣᠣᠷᠲᠤ ᠡᠳ᠋ ᠦᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠷᠠᠭᠤᠯᠪᠠ᠃
ᠬᠣᠶᠢᠰᠢᠳᠠ ᠂ ᠪᠠᠭᠠᠷᠢᠨ ᠪᠠᠷᠠᠭᠤᠨ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠬᠤᠤᠷᠲᠤ ᠡᠳ᠋ ᠦᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠡᠨ ᠦᠷᠭᠦᠯᠵᠢᠯᠡᠨ ᠴᠢᠩᠭᠠᠷᠠᠭᠤᠯᠵᠤ ᠂ ᠬᠤᠤᠷᠲᠤ ᠡᠳ᠋ ᠢ ᠴᠠᠭᠠᠵᠠᠯᠠᠬᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠴᠢᠬᠤᠯᠴᠢᠯᠠᠵᠤ᠂ ᠬᠤᠤᠷᠲᠤ ᠡᠳ᠋ ᠢ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ ᠂ ᠨᠡᠶᠢᠭᠡᠮ ᠨᠡᠶᠢᠲᠡ ᠶᠢᠨ ᠪᠥᠲᠥᠭᠡᠨ ᠪᠠᠶᠢᠭᠤᠯᠤᠯᠲᠠ ᠳᠦ ᠪᠠᠲᠤᠯᠠᠭ᠎ᠠ ᠬᠠᠩᠭᠠᠨ᠎ᠠ᠃
ᠨᠠᠶᠢᠷᠠᠭᠤᠯᠤᠭᠴᠢ᠄ ᠸᠠᠩ ᠬᠠᠨ
ᠤᠷᠴᠢᠭᠤᠯᠤᠭᠴᠢ᠄ ᠳᠤᠷᠠᠨ