ᠲᠡᠷᠢᠭᠦᠨ ᠨᠢᠭᠤᠷ  -  ᠪᠠᠶᠢᠴᠠᠭᠠᠬᠤ ᠬᠥᠳᠡᠯᠦᠯ ᠪᠠᠶᠢᠳᠠᠯ

ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ 《 ᠬᠣᠶᠠᠷ ᠰᠢᠯᠢᠳᠡᠭ ᠨᠢᠭᠡ ᠲᠡᠷᠢᠭᠦᠨ 》  ᠢ ᠬᠥᠬᠢᠭᠦᠯᠦᠨ ᠰᠠᠶᠢᠰᠢᠶᠠᠬᠤ ᠶᠡᠬᠡ ᠬᠤᠷᠠᠯ ᠬᠤᠷᠠᠯᠳᠤᠭᠤᠯᠤᠭᠰᠠᠨ ᠪᠥᠭᠡᠳ 《 ᠢᠷᠠᠭᠤ ᠠᠯᠳᠠᠷᠲᠠᠢ ᠪᠠᠷ ᠨᠠᠮ   ᠳᠤ ᠪᠠᠨ 50 ᠵᠢᠯ ᠠᠵᠢᠯᠯᠠᠭᠰᠠᠨ ︾ ᠳᠤᠷᠠᠰᠬᠠᠯ ᠤᠨ ᠲᠡᠮᠳᠡᠭ ᠣᠯᠭᠣᠬᠤ ᠶᠣᠰᠣᠯᠠᠯ ᠶᠠᠪᠤᠭᠤᠯᠪᠠ

2022-07-08 17:10:37
ᠵᠣᠬᠢᠶᠠᠭᠴᠢ
ᠨᠠᠪᠴᠢ


1657270779577701.jpg


ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠦᠨ ᠤᠢ ᠶᠢ ᠪᠡᠯᠭᠡᠯᠡᠵᠦ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠴᠠᠭᠳᠠᠭ᠎ᠠ ᠨᠠᠷ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠡᠷᠡᠮᠡᠬᠡᠶᠢᠯᠡᠨ ᠤᠷᠤᠭᠰᠢᠯᠠᠬᠤ ᠶᠢ ᠵᠣᠷᠢᠭᠵᠢᠭᠤᠯᠵᠤ ᠂ ᠰᠠᠨᠠᠭᠠᠴᠢᠯᠠᠭ᠎ᠠ ᠠᠴᠠ ᠪᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠵᠢᠳᠬᠦᠯ ᠴᠢᠷᠮᠠᠶᠢᠯᠭ᠎ᠠ ᠪᠠᠷ ᠪᠦᠬᠦ ᠣᠷᠣᠨ ᠤ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢᠨ ᠲᠥᠯᠥᠭᠡ ᠂ 7 ᠰᠠᠷ᠎ᠠ ᠶᠢᠨ 1 ᠦ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠢ᠎ᠠ ᠶᠡᠬᠡ ᠬᠤᠷᠠᠯ ᠬᠤᠷᠠᠯᠳᠤᠭᠤᠯᠵᠤ ᠂ ᠬᠣᠶᠠᠷ ᠵᠢᠯ ᠦᠨ ᠲᠤᠷᠰᠢᠬᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠂ ᠪᠠᠶᠢᠴᠠᠭᠠᠬᠤ ᠦᠢᠯᠡᠰ ᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠬᠢᠴᠠ ᠳᠤᠮᠳᠠ ᠴᠣᠯᠭᠣᠷᠠᠨ ᠭᠠᠷᠤᠭᠰᠠᠨ 49 ᠰᠢᠯᠢᠳᠡᠭ ᠡᠪ ᠬᠠᠮᠲᠤ ᠨᠠᠮ ᠤᠨ ᠭᠡᠰᠢᠭᠦᠨ ᠂ 7 ᠰᠢᠯᠢᠳᠡᠭ ᠨᠠᠮ ᠤᠨ ᠠᠵᠢᠯᠳᠠᠨ ᠪᠣᠯᠤᠨ 8 ᠲᠡᠷᠢᠭᠦᠨ ᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠶᠢᠨ ᠬᠠᠮᠲᠤ ᠂ 《 ᠢᠷᠠᠭᠤ ᠠᠯᠳᠠᠷᠲᠠᠢ ᠪᠠᠷ ᠨᠠᠮ   ᠳᠤ ᠪᠠᠨ 50 ᠵᠢᠯ ᠠᠵᠢᠯᠯᠠᠭᠰᠠᠨ 》 ᠠᠬᠠᠮᠠᠳ ᠨᠠᠮ ᠤᠨ ᠭᠡᠰᠢᠭᠦᠨ ᠳᠦ ᠳᠤᠷᠠᠰᠬᠠᠯ ᠤᠨ ᠲᠡᠮᠳᠡᠭ ᠣᠯᠭᠣᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠳᠡᠳ᠋ ᠪᠠᠶᠢᠴᠠᠭᠠᠬᠤ ᠳᠠᠷᠤᠭ᠎ᠠ ᠶᠦᠨ ᠰᠢᠶᠤᠤ ᠬᠤᠷᠠᠯ ᠢ ᠡᠷᠭᠢᠯᠡᠪᠡ᠃ 

ᠶᠡᠬᠡ ᠬᠤᠷᠠᠯ ᠨᠢ ᠬᠠᠮᠲᠤ ᠵᠢᠨ ᠤᠯᠤᠰ ᠤᠨ ᠰᠦᠯᠳᠡ ᠳᠠᠭᠤᠨ ᠳᠤᠮᠳᠠ ᠡᠬᠢᠯᠡᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ ᠂ ᠪᠠᠶᠢᠭᠤᠯᠭ᠎ᠠ ᠶᠢᠨ ᠨᠠᠮ ᠤᠨ ᠬᠣᠷᠢᠶᠠᠨ ᠤ ᠱᠦᠵᠢ ᠵᠧᠩ ᠵᠢᠶᠠ ᠮᠧᠶ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃ ᠪᠠᠶᠢᠴᠠᠭᠠᠬᠤ ᠳᠠᠷᠤᠭ᠎ᠠ ᠯᠢ ᠴᠢ ᠯᠢᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠡᠴᠡ ᠬᠥᠬᠢᠭᠦᠯᠦᠭᠳᠡᠨ ᠰᠠᠶᠢᠰᠢᠶᠠᠭᠳᠠᠭᠰᠠᠨ ᠰᠢᠯᠢᠳᠡᠭ ᠬᠤᠪᠢ ᠬᠥᠮᠦᠨ ᠪᠠ ᠲᠡᠷᠢᠭᠦᠨ ᠦ ᠬᠠᠮᠲᠤ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ ᠂ ᠨᠠᠮ ᠤᠨ ᠪᠠᠶᠢᠴᠠᠭᠠᠬᠤ ᠦᠢᠯᠡᠰ ᠲᠦ ᠬᠤᠪᠢ ᠨᠡᠮᠡᠷᠢ ᠦᠵᠡᠭᠦᠯᠦᠭᠰᠡᠨ ᠠᠬᠠᠮᠠᠳ ᠨᠠᠮ ᠤᠨ ᠭᠡᠰᠢᠭᠦᠨ ᠠᠬᠠᠮᠠᠳ ᠺᠠᠳ᠋ᠷᠴᠤᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠂ ᠪᠠᠶᠢᠴᠠᠭᠠᠬᠤ ᠠᠵᠢᠯ ᠤᠨ ᠡᠯ᠎ᠡ ᠹᠷᠣᠨᠲ᠋ ᠳᠡᠭᠡᠷᠡᠬᠢ ᠡᠪ ᠬᠠᠮᠲᠤ ᠨᠠᠮ ᠤᠨ ᠭᠡᠰᠢᠭᠦᠳ ᠲᠦ ᠴᠢᠩ ᠰᠡᠳᠬᠢᠯ ᠦᠨ ᠮᠡᠨᠳᠦᠴᠢᠯᠡᠯ ᠳᠡᠪᠰᠢᠭᠦᠯᠵᠦ ᠂ ᠤᠯᠠᠨ ᠢᠶᠠᠷ ᠢᠶᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠢᠷᠠᠭᠤ ᠠᠯᠳᠠᠷ ᠢᠶᠠᠨ ᠨᠠᠨᠳᠢᠩᠨᠠᠵᠤ ᠂ ᠴᠢᠷᠮᠠᠶᠢᠭᠰᠠᠨ ᠳᠡᠭᠡᠷ᠎ᠡ ᠪᠡᠨ ᠴᠢᠷᠮᠠᠶᠢᠵᠤ ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠵᠤ ᠂ ᠰᠠᠨᠠᠭᠠᠴᠢᠯᠠᠭ᠎ᠠ ᠠᠴᠠ ᠪᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠢᠨ᠎ᠡ ᠵᠢᠳᠬᠦᠯ ᠴᠢᠷᠮᠠᠶᠢᠯᠭ᠎ᠠ ᠪᠠᠷ ᠢᠶᠠᠨ ᠪᠦᠬᠦ ᠣᠷᠣᠨ ᠤ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠪᠡ᠃ 


W020220704613073966319.jpg


ᠯᠢ ᠴᠢ ᠯᠢᠨ ᠱᠠᠭᠠᠷᠳᠠᠭᠰᠠᠨ ᠨᠢ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠭᠡᠬᠦ ᠡᠨᠡ ᠬᠦ ᠦᠨᠳᠦᠰᠦᠨ ᠴᠢᠨᠠᠷᠲᠠᠢ ᠪᠠᠶᠢᠭᠤᠯᠤᠯᠲᠠ ᠶᠢ ᠲᠤᠪᠤᠢᠢᠯᠭᠠᠨ ᠂ ᠤᠯᠤᠰ ᠲᠦᠷᠦ ᠶᠢ ᠡᠷᠬᠢᠮᠯᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ ᠂ ᠨᠠᠮ ᠤᠨ ᠤᠬᠠᠮᠰᠠᠷ ᠂ ᠨᠠᠮ ᠤᠨ ᠭᠡᠰᠢᠭᠦᠨ ᠦ ᠤᠬᠠᠮᠰᠠᠷ ᠢ ᠴᠢᠩᠭᠠᠳᠬᠠᠨ ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠦᠵᠡᠯ ᠰᠠᠨᠠᠭᠠᠨ ᠳᠠᠭᠠᠨ ᠭᠦᠨ ᠦᠨᠳᠦᠰᠦᠯᠡᠭᠦᠯᠵᠦ ᠂ ᠦᠢᠯᠡ ᠠᠵᠢᠯᠯᠠᠭ᠎ᠠ ᠳᠠᠭᠠᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠰᠢ ᠵᠢᠨ ᠫᠢᠩ ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠵᠠᠪᠠᠯ ᠰᠤᠷᠬᠤ ᠬᠢᠴᠢᠶᠡᠯ ᠪᠠ ᠪᠠᠶᠢᠩᠭᠤ ᠰᠤᠷᠬᠤ ᠬᠢᠴᠢᠶᠡᠯ ᠪᠣᠯᠭᠠᠵᠤ ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠤᠬᠠᠬᠤ ᠴᠢᠳᠠᠪᠤᠷᠢ ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠶᠢ ᠦᠨᠡᠨ ᠬᠦ ᠠᠭᠤᠰᠤᠯᠴᠠᠭᠤᠯᠵᠤ ᠂ ᠪᠠᠶᠢᠴᠠᠭᠠᠬᠤ ᠲᠤᠰᠢᠶᠠᠯ ᠢᠶᠠᠨ ᠭᠦᠢᠴᠡᠳᠬᠡᠬᠦ ᠳᠤᠮᠳᠠ ᠨᠠᠶᠢᠳᠠᠪᠤᠷᠢᠵᠢᠭᠤᠯᠬᠤ ᠬᠡᠷᠡᠭᠲᠡᠢ᠃ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠂ ᠶᠡᠷᠦᠩᠬᠡᠢ ᠱᠦᠵᠢ ᠰᠢ ᠵᠢᠨ ᠫᠢᠩ ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠣᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠠᠶᠢᠴᠠᠭᠠᠬᠤ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ ᠂ ᠳᠡᠭᠡᠳᠦ ᠬᠡᠮᠵᠢᠶᠡᠨ ᠦ ᠤᠯᠤᠰ ᠲᠦᠷᠦ ᠶᠢᠨ ᠤᠬᠠᠮᠰᠠᠷ ᠂ ᠬᠠᠤᠯᠢ ᠪᠠᠷ ᠵᠠᠰᠠᠬᠤ ᠤᠬᠠᠮᠰᠠᠷ ᠂ ᠪᠠᠶᠢᠴᠠᠭᠠᠬᠤ ᠤᠬᠠᠮᠰᠠᠷ ᠢᠶᠠᠷ ᠪᠠᠶᠢᠴᠠᠭᠠᠬᠤ ᠪᠠᠶᠢᠭᠤᠯᠭ᠎ᠠ ᠶᠢᠨ 《 ᠶᠠᠰᠤ ᠴᠢᠨᠠᠷ ᠤᠨ ᠪᠠᠶᠢᠭᠤᠯᠤᠯᠲᠠ ᠶᠢᠨ ᠣᠨ 》  ᠤ ᠡᠯ᠎ᠡ ᠵᠦᠢᠯ ᠦᠨ ᠠᠵᠢᠯ ᠢ ᠤᠬᠠᠮᠰᠠᠷ ᠠᠴᠠ ᠪᠠᠨ ᠠᠬᠢᠭᠤᠯᠵᠤ ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ ᠂ ᠪᠠᠶᠢᠴᠠᠭᠠᠬᠤ ᠠᠵᠢᠯ ᠢ ᠨᠠᠮ ᠤᠨ ᠭᠣᠣᠯ ᠠᠵᠢᠯ ᠲᠠᠶ ᠨᠢᠭᠲᠠ ᠤᠶᠠᠯᠳᠤᠭᠤᠯᠵᠤ ᠂ ᠶᠡᠬᠡ ᠲᠠᠯ᠎ᠠ ᠳᠤ ᠦᠢᠯᠡᠴᠢᠯᠡᠵᠦ ᠠᠷᠠᠳ ᠤᠨ ᠲᠥᠯᠥᠭᠡ ᠬᠠᠤᠯᠢ ᠪᠠᠷᠢᠬᠤ ᠱᠠᠭᠠᠷᠳᠠᠯᠭ᠎ᠠ ᠲᠠᠶ ᠨᠡᠪᠲᠡᠷᠡᠯᠴᠡᠭᠦᠯᠬᠦ ᠬᠡᠷᠡᠭᠲᠡᠢ᠃

ᠯᠢ ᠴᠢ ᠯᠢᠨ ᠴᠢᠩᠭᠠᠳᠬᠠᠨᠰᠠᠨ ᠨᠢ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠷ ᠭᠣᠣᠯᠳᠠᠯᠭ᠎ᠠ ᠪᠣᠯᠭᠠᠬᠤ ᠶᠢ ᠪᠠᠷᠢᠮᠲᠠᠯᠠᠵᠤ ᠂ ᠪᠠᠶᠢᠴᠠᠭᠠᠬᠤ ᠦᠢᠯᠡᠰ ᠦᠨ ᠬᠥᠭᠵᠢᠯᠲᠡ ᠶᠢᠨ ᠰᠠᠭᠤᠷᠢ ᠶᠢ ᠪᠡᠬᠢᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠶᠡᠬᠡ ᠪᠡᠷ ᠠᠳᠬᠤᠵᠤ ᠂ 《 ᠬᠠᠮᠤᠭ ᠤᠨ ᠬᠦᠴᠦᠷᠬᠡᠭ ᠨᠠᠮ ᠤᠨ ᠡᠭᠦᠷ 》 ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ ᠂ ᠨᠠᠮ ᠤᠨ ᠤᠳᠤᠷᠢᠳᠬᠤ ᠳᠤᠭᠤᠶᠢᠯᠠᠩ ᠂ ᠪᠠᠶᠢᠭᠤᠯᠭ᠎ᠠ ᠶᠢᠨ ᠨᠠᠮ ᠤᠨ ᠬᠣᠷᠢᠢ᠎ᠠ ᠂ ᠨᠠᠮ ᠤᠨ ᠡᠭᠦᠷ ᠦᠨ ᠭᠤᠷᠪᠠᠨ ᠭᠣᠣᠯ ᠴᠣᠭᠴᠠ ᠶᠢᠨ ᠬᠠᠷᠢᠭᠤᠴᠠᠯᠭ᠎ᠠ ᠪᠣᠯᠤᠨ ᠭᠤᠷᠪᠠᠨ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ ᠂ 《 ᠨᠢᠭᠡ ᠠᠵᠢᠯ ᠤᠨ ᠪᠠᠶᠢᠷᠢ ᠶᠢᠨ ᠬᠣᠣᠰ ᠬᠠᠷᠢᠭᠤᠴᠠᠯᠭ᠎ᠠ 》 ᠵᠢ ᠢᠳᠡᠪᠬᠢᠲᠡᠢ ᠭᠦᠢᠴᠡᠳᠬᠡᠵᠦ ᠂ ᠨᠠᠮ ᠤᠨ ᠤᠳᠤᠷᠢᠳᠤᠯᠭ᠎ᠠ ᠂ ᠨᠠᠮ ᠤᠨ ᠪᠠᠶᠢᠭᠤᠯᠤᠯᠲᠠ ᠶᠢ ᠴᠢᠩᠭᠠᠳᠬᠠᠨ ᠪᠣᠳᠠᠲᠠᠶᠢᠵᠢᠭᠤᠯᠬᠤ ᠶᠢ ᠬᠦᠴᠦ ᠪᠡᠨ ᠬᠠᠮᠲᠤᠳᠬᠠᠨ ᠠᠬᠢᠭᠤᠯᠬᠤ ᠬᠡᠷᠡᠭᠲᠡᠢ᠃ ᠨᠠᠮ ᠤᠨ ᠭᠡᠰᠢᠭᠦᠨ ᠦ ᠬᠠᠮᠢᠶᠠᠷᠤᠯᠲᠠ ᠦᠶᠯᠡᠴᠢᠯᠡᠭᠡᠨ ᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ ᠂ 《 ᠭᠤᠷᠪᠠᠨ ᠬᠤᠷᠠᠯ ᠨᠢᠭᠡ ᠬᠢᠴᠢᠶᠡᠯ 》 ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠂ ᠰᠡᠳᠬᠢᠯ ᠦᠨ ᠦᠭᠡ ᠪᠡᠨ ᠶᠠᠷᠢᠯᠴᠠᠬᠤ ᠵᠡᠷᠭᠡ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ᠂ ᠨᠠᠮ ᠤᠨ ᠭᠡᠰᠢᠭᠦᠨ ᠺᠠᠳ᠋ᠷ ᠤᠨ ᠦᠰᠦᠨ ᠪᠣᠶᠢᠵᠢᠯᠲᠠ ᠶᠢ ᠬᠠᠯᠠᠮᠵᠢᠯᠠᠨ ᠬᠠᠶᠢᠷᠠᠯᠠᠵᠤ ᠂ 《 ᠤᠯᠤᠰ ᠲᠥᠷᠥ ᠶᠢᠨ ᠲᠠᠯ᠎ᠠ ᠪᠠᠷ ᠤᠷᠮᠠᠰᠢᠭᠤᠯᠬᠤ ᠂ ᠠᠵᠢᠯ ᠤᠨ ᠲᠠᠯ᠎ᠠ ᠪᠠᠷ ᠳᠡᠮᠵᠢᠬᠦ ᠂ ᠬᠥᠯᠥᠰᠥ ᠣᠯᠭᠣᠮᠵᠢ ᠶᠢᠨ ᠲᠠᠯ᠎ᠠ ᠪᠠᠷ ᠪᠠᠲᠤᠯᠠᠬᠤ ᠂ ᠰᠡᠳᠬᠢᠴᠡ ᠶᠢᠨ ᠲᠠᠯ᠎ᠠ ᠪᠠᠷ ᠬᠠᠯᠠᠮᠵᠢᠯᠠᠬᠤ 》 ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠨᠠᠮ ᠤᠨ ᠭᠡᠰᠢᠭᠦᠨ ᠺᠠᠳ᠋ᠷ ᠴᠠᠭᠳᠠᠭ᠎ᠠ ᠶᠢᠨ ᠦᠵᠡᠯ ᠰᠠᠨᠠᠭ᠎ᠠ ᠂ ᠠᠵᠢᠯ ᠪᠠ ᠠᠮᠢᠳᠤᠷᠠᠯ ᠤᠨ ᠬᠦᠴᠢᠷᠳᠡᠯ ᠢ ᠦᠨᠡᠨ ᠰᠡᠳᠬᠢᠯ ᠡᠴᠡ ᠪᠡᠨ ᠬᠠᠪᠰᠤᠷᠤᠨ ᠰᠢᠶᠳᠪᠦᠷᠢᠯᠡᠵᠦ ᠥᠭᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠶᠡᠷᠦᠩᠬᠡᠢ ᠱᠦᠵᠢ ᠰᠢ ᠵᠢᠨ ᠫᠢᠩ ᠦᠨ ᠥᠪᠥᠷ ᠮᠣᠩᠭᠣᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠣᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠭᠣᠣᠯ ᠡᠭᠦᠷᠭᠡ ᠪᠣᠯᠭᠠᠵᠤ ᠂ ᠵᠣᠬᠢᠶᠠᠨ ᠪᠠᠶᠢᠭᠤᠯᠤᠯᠲᠠ ᠶᠢᠨ ᠬᠦᠴᠦᠨ ᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠲᠤᠯ ᠦᠭᠡᠢ ᠪᠡᠷ ᠬᠥᠭᠵᠢᠭᠦᠯᠬᠦ ᠶᠢ ᠪᠠᠲᠤᠯᠠᠬᠤ ᠳᠤ ᠦᠢᠯᠡᠴᠢᠯᠡᠬᠦ ᠳᠡᠭᠡᠷ᠎ᠡ ᠨᠢᠭᠲᠠᠷᠠᠭᠤᠯᠵᠤ ᠂ ᠦᠨᠳᠦᠰᠦᠲᠡᠨ ᠦ ᠪᠦᠯᠬᠦᠮᠳᠡᠯ ᠪᠣᠯᠤᠨ ᠬᠢᠯᠢ ᠬᠢᠵᠠᠭᠠᠷ ᠤᠨ ᠲᠣᠭᠲᠠᠭᠤᠨ ᠢ ᠠᠬᠢᠭᠤᠯᠬᠤ ᠳᠡᠭᠡᠷ᠎ᠡ ᠨᠢᠭᠲᠠᠷᠠᠭᠤᠯᠵᠤ ᠂ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠬᠠᠥᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ ᠰᠢᠯᠢᠳᠡᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠵᠡᠷᠭᠡ ᠭᠣᠣᠯᠳᠠᠯᠭ᠎ᠠ ᠲᠠᠶ ᠠᠵᠢᠯ ᠳᠡᠭᠡᠷ᠎ᠡ ᠨᠢᠭᠲᠠᠷᠠᠭᠤᠯᠵᠤ ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ ᠳᠡᠭᠡᠷ᠎ᠡ ᠨᠢᠭᠲᠠᠷᠠᠭᠤᠯᠵᠤ ᠂ ᠪᠠᠶᠢᠴᠠᠭᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃

ᠯᠢ ᠴᠢ ᠯᠢᠨ ᠱᠠᠭᠠᠷᠳᠠᠭᠰᠠᠨ ᠨᠢ ᠂ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠬᠤ ᠶᠢ ᠪᠠᠷᠢᠮᠲᠠᠯᠠᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠡᠭᠦᠷᠭᠡᠯᠡᠯ ᠲᠡᠶ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠬᠤ ᠬᠡᠷᠡᠭᠲᠡᠢ᠃ ᠪᠠᠶᠢᠴᠠᠭᠠᠬᠤ ᠠᠵᠢᠯ ᠢ ᠴᠢᠩᠭ᠎ᠠ ᠵᠠᠰᠠᠬᠤ ᠶᠢ ᠡᠭᠦᠷᠢᠳᠡ ᠪᠠᠷᠢᠮᠲᠠᠯᠠᠬᠤ  ᠂ ᠪᠠᠶᠢᠴᠠᠭᠠᠬᠤ ᠡᠩᠨᠡᠭᠡᠨ ᠦ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠡᠬᠢᠵᠢᠭᠦᠯᠦᠨ ᠭᠦᠨᠵᠡᠭᠡᠶᠢᠷᠡᠭᠦᠯᠵᠦ ᠂ ᠲᠥᠪ ᠬᠣᠷᠢᠶᠠᠨ ᠤ  ᠨᠠᠢ᠌ᠮᠠᠨ ᠵᠤᠷᠪᠤᠰ ᠲᠣᠭᠲᠠᠭᠠᠯ ᠵᠢᠴᠢ ᠲᠡᠭᠦᠨ ᠦ ᠬᠡᠷᠡᠭᠵᠢᠭᠦᠯᠬᠦ ᠨᠠᠷᠢᠨ ᠲᠦᠷᠢᠮ ᠦᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ 《 ᠭᠤᠷᠪᠠᠨ ᠲᠣᠭᠲᠠᠭᠠᠯ 》 ᠪᠠ 《 ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ 《 ᠠᠷᠪᠠ ᠶᠢ ᠴᠢᠩᠭ᠎ᠠ ᠴᠠᠭᠠᠵᠠᠯᠠᠬᠤ 》  ᠶᠢ ᠴᠢᠩᠭ᠎ᠠ ᠬᠡᠷᠡᠭᠵᠢᠭᠦᠯᠵᠦ ᠂ 《 ᠲᠦᠷᠪᠡᠨ ᠰᠤᠷᠲᠠᠯ 》 ᠪᠠ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠲᠥᠪ ᠪᠤᠰᠤ ᠰᠤᠷᠲᠠᠯ ᠢ ᠴᠥᠬᠥᠷᠡᠰᠢ ᠦᠭᠡᠢ ᠵᠠᠯᠠᠷᠠᠭᠤᠯᠤᠨ ᠵᠠᠰᠠᠬᠤ ᠬᠡᠷᠡᠭᠲᠡᠢ᠃ ᠰᠠᠬᠢᠯᠭ᠎ᠠ ᠪᠠᠲᠤ ᠬᠡᠷᠡᠭᠵᠢᠭᠦᠯᠬᠦ ᠳᠦ ᠴᠢᠩᠭ᠎ᠠ ᠪᠣᠳᠠᠲᠠᠢ ᠬᠢᠨᠠᠯᠲᠠ ᠲᠠᠯᠪᠢᠵᠤ ᠂ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ ᠂ 《 ᠵᠠᠩᠭᠢᠯᠠᠭ᠎ᠠ ᠶᠢᠨ ᠴᠥᠭᠡᠨ ᠲᠣᠭᠠᠲᠠᠨ 》  ᠢ ᠴᠢᠩᠭ᠎ᠠ ᠠᠩᠬᠠᠷᠴᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠣᠷᠢᠨ ᠳᠤ ᠬᠢᠨᠠᠯᠲᠠ ᠲᠠᠯᠪᠢᠬᠤ ᠠᠵᠢᠯ ᠢ ᠪᠠᠶᠢᠩᠭᠤᠵᠢᠭᠤᠯᠬᠤ ᠬᠡᠷᠡᠭᠲᠡᠢ᠃ ᠪᠠᠶᠢᠴᠠᠭᠠᠬᠤ ᠰᠢᠰᠲ᠋ᠧᠮ ᠦᠨ ᠳᠣᠲᠣᠷ᠎ᠠ ᠭᠠᠳᠠᠨᠠᠬᠢ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠂ ᠳᠡᠭᠡᠳᠦ ᠱᠠᠲᠤᠨ ᠤ ᠮᠡᠳᠡᠭᠳᠡᠭᠰᠡᠨ ᠬᠡᠷᠡᠭ ᠦᠨ ᠵᠢᠱᠢᠶ᠎ᠡ ᠵᠡᠷᠭᠡ ᠶᠢ ᠶᠡᠷᠦᠩᠬᠡᠶᠢᠯᠡᠨ ᠬᠡᠷᠡᠭᠯᠡᠵᠦ ᠂ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠬᠡᠷᠡᠭ ᠢᠶᠡᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠂ ᠬᠡᠷᠡᠭ ᠢᠶᠡᠷ ᠵᠠᠰᠠᠬᠤ ᠶᠢ ᠠᠬᠢᠭᠤᠯᠬᠤ ᠶᠢ ᠭᠦᠨᠵᠡᠭᠡᠶᠢᠷᠡᠭᠦᠯᠵᠦ ᠂ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠰᠤᠷᠲᠠᠯ ᠴᠢᠬᠡᠴᠢ ᠣᠪᠣᠷ ᠲᠥᠪ ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠰᠠᠢᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠡᠬᠢᠵᠢᠭᠦᠯᠦᠨ ᠬᠥᠭᠵᠢᠭᠦᠯᠬᠦ ᠬᠡᠷᠡᠭᠲᠡᠢ᠃  

ᠶᠡᠬᠡ ᠬᠤᠷᠠᠯ ᠰᠦᠷ ᠵᠢᠪᠬᠤᠯᠠᠩᠲᠤ ᠢᠨᠲ᠋ᠧᠷᠨᠠᠼᠢᠣᠨᠠᠯ ᠤᠨ ᠳᠠᠭᠤᠤ ᠶᠢᠨ ᠳᠤᠮᠳᠠ ᠥᠨᠳᠥᠷᠯᠡᠪᠡ᠃ ᠬᠤᠷᠠᠯ ᠤᠨ ᠳᠠᠷᠠᠭ᠎ᠠ ᠂ ᠪᠥᠬᠥ ᠨᠠᠮ ᠤᠨ ᠭᠡᠰᠢᠭᠦᠨ ᠺᠠᠳ᠋ᠷ ᠴᠠᠭᠳᠠᠭ᠎ᠠ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠰᠢᠩᠭᠡᠭᠡᠨ ᠦᠶᠯᠡᠳᠦᠭᠰᠡᠨ 《 ᠬᠣᠷᠢᠳᠤᠭᠠᠷ ᠶᠡᠬᠡ ᠬᠤᠷᠠᠯ ᠢ ᠪᠠᠶᠠᠷᠯᠠᠨ ᠤᠭᠲᠤᠵᠤ ᠂ ᠪᠠᠶᠢᠴᠠᠭᠠᠬᠤ ᠠᠵᠢᠯ  ᠤᠨ ᠬᠡᠷᠡᠯ ᠰᠠᠴᠤᠷᠠᠩᠭᠤᠶ ᠠᠮᠵᠢᠯᠲᠠ ᠶᠢ ᠮᠠᠭᠲᠠᠨ ᠳᠠᠭᠤᠯᠠᠶ᠎ᠠ 》 ᠭᠡᠬᠦ ᠤᠷᠠᠨ ᠰᠠᠶᠢᠬᠠᠨ ᠤ ᠫᠷᠤᠭ᠍ᠷᠠᠮ ᠢ ᠰᠣᠨᠢᠷᠬᠠᠪᠠ᠃  ᠡᠭᠦᠨ ᠳᠦ14 ᠲᠣᠭᠯᠠᠯᠲᠠ ᠭᠣᠶᠢᠳᠠ ᠰᠠᠶᠢᠬᠠᠨ ᠶᠠᠪᠤᠭᠳᠠᠵᠤ ᠂ ᠳᠤᠮᠳᠠᠳᠤ ᠶᠢᠨ ᠦᠨᠳᠦᠰᠦᠲᠡᠨ ᠦ ᠪᠣᠰᠴᠤ ᠵᠣᠭᠰᠣᠭᠰᠠᠨ ᠂ ᠴᠢᠨᠡᠭᠡᠯᠢᠭᠵᠢᠭᠰᠡᠨ ᠡᠴᠡ ᠬᠦᠴᠦᠷᠬᠡᠭᠵᠢᠭᠰᠡᠨ ᠬᠦᠷᠲᠡᠯᠡᠬᠢ ᠠᠭᠤᠤ ᠶᠡᠬᠡ ᠦᠰᠦᠷᠦᠯᠲᠡ ᠶᠢ ᠢᠯᠡᠷᠡᠭᠦᠯᠵᠦ ᠂ ᠪᠦᠬᠦ ᠣᠷᠣᠨ ᠤ ᠪᠠᠶᠢᠴᠠᠭᠠᠬᠤ ᠺᠠᠳ᠋ᠷ ᠴᠠᠭᠳᠠᠭ᠎ᠠ ᠶᠢᠨ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠂ ᠵᠠᠮ ᠨᠡᠭᠡᠭᠡᠨ ᠤᠷᠤᠭᠰᠢᠯᠠᠬᠤ ᠲᠡᠮᠡᠴᠡᠯ ᠦᠨ ᠵᠣᠷᠢᠭ ᠰᠠᠨᠠᠭ᠎ᠠ ᠶᠢ ᠢᠯᠡᠷᠡᠭᠦᠯᠵᠦ ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠵᠤ ᠂ ᠰᠢᠨ᠎ᠡ ᠴᠠᠭ ᠦᠶ᠎ᠡ ᠳᠦ ᠭᠠᠪᠢᠶ᠎ᠠ ᠪᠠᠶᠢᠭᠤᠯᠵᠤ ᠂ ᠪᠦᠬᠦ ᠣᠷᠣᠨ ᠤ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠦ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠪᠠ᠃



ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro