ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠠᠶᠢᠴᠢᠨᠲᠠᠯ᠎ᠠ ᠰᠣᠮᠣᠨ ᠳᠤ ᠭᠦᠨᠵᠡᠭᠡᠶᠢᠷᠡᠨ ᠠᠷᠠᠳ ᠤᠨ ᠠᠮᠢᠳᠣᠷᠠᠯ ᠠᠷᠠᠳ ᠤᠨ ᠠᠰᠢᠭ ᠲᠣᠰᠠ ᠶᠢᠨ ᠬᠦᠷᠢᠶ᠎ᠡ ᠴᠠᠷᠠᠭᠠᠨ ᠳᠠᠬᠢ ᠵᠠᠰᠠᠭ ᠵᠠᠬᠢᠷᠭᠠᠨ ᠤ ᠪᠠᠶᠢᠴᠠᠭᠠᠬᠤ ᠲᠣᠰᠬᠠᠢ ᠲᠦᠷᠦᠯ ᠤᠨ ᠬᠢᠨᠠᠯᠲᠠ ᠶᠢᠨ ᠠᠵᠢᠯᠯ᠊ᠠᠭ᠎ᠠ ᠶᠢ ᠠᠬᠢᠭᠤᠯᠣᠨᠠᠮ 

2022-07-25 16:25:29
ᠵᠣᠬᠢᠶᠠᠭᠴᠢ
ᠰᠤᠷᠤᠨ᠎ᠠ


微信图片_20220725114753.jpg


︽ᠰᠢᠨ᠎ᠡ ᠴᠠᠭ ᠦᠶ᠎ᠡ ᠶᠢᠨ ᠪᠠᠶᠢᠴᠠᠭᠠᠬᠤ ᠪᠠᠶᠢᠭᠤᠯᠭ᠎ᠠ ᠶᠢᠨ ᠬᠠᠦᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠣᠬᠠᠢ ᠳᠣᠮᠳᠠᠲᠦ ᠣᠯᠣᠰ ᠤᠨ ᠡᠪ ᠬᠠᠮᠲᠦ ᠨᠠᠮ ᠤᠨ ᠲᠦᠪ ᠬᠤᠷᠢᠶ᠎ᠠ  ᠵᠢᠨ  ᠰᠠᠨᠠᠯ 》 ᠢ ᠪᠦᠬᠦ ᠲᠠᠯ᠎ᠠ ᠪᠠᠷ ᠨᠠᠶᠢᠲᠠᠪᠦᠷᠢᠵᠢᠭᠤᠯᠵᠦ᠂ ᠠᠷᠠᠳ ᠤᠨ ᠠᠮᠢᠳᠣᠷᠠᠯ ᠠᠷᠠᠳ ᠤᠨ ᠠᠰᠢᠭ ᠲᠣᠰᠠ ᠶᠢ ᠬᠠᠦᠯᠢ ᠶᠣᠰᠣᠭᠠᠷ ᠬᠠᠮᠠᠭᠠᠯᠠᠬᠤ ᠵᠠᠰᠠᠭ ᠵᠠᠬᠢᠷᠭᠠᠨ ᠤ ᠪᠠᠶᠢᠴᠠᠭᠠᠬᠤ ᠲᠣᠰᠬᠠᠢ ᠲᠦᠷᠦᠯ ᠤᠨ ᠬᠢᠨᠠᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠣᠲᠠᠢ ᠠᠬᠢᠭᠤᠯᠬᠤ ᠶᠢᠨ ᠲᠦᠯᠦᠭᠡ᠂  ᠣᠢᠢᠷ᠎ᠠ ᠵᠢᠨ ᠡᠳᠦᠷ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠵᠠᠰᠠᠭ ᠵᠠᠬᠢᠷᠭᠠᠨ ᠤ ᠪᠠᠶᠢᠴᠠᠭᠠᠬᠤ ᠰᠠᠯᠠᠭ᠎ᠠ ᠮᠦᠴᠢᠷ ᠳᠠᠶᠢᠴᠢᠨᠲᠠᠯ᠎ᠠ ᠰᠣᠮᠣᠨ ᠳᠤ ᠬᠦᠷᠴᠦ ᠠᠷᠠᠳ ᠤᠨ ᠠᠮᠢᠳᠣᠷᠠᠯ ᠠᠷᠠᠳ ᠤᠨ ᠠᠰᠢᠭ ᠲᠣᠰᠠ ᠶᠢ ᠬᠠᠮᠠᠭᠠᠯᠠᠬᠤ ᠶᠠᠷᠢᠯᠴᠠᠬᠤ ᠬᠤᠷᠠᠯ ᠬᠢᠵᠡᠢ᠃ ᠳᠠᠶᠢᠴᠢᠨᠲᠠᠯ᠎ᠠ ᠰᠣᠮᠦ ᠶᠢᠨ ᠨᠠᠮ ᠤᠨ ᠬᠤᠷᠢᠶ᠎ᠠ ᠶᠢᠨ ᠱᠦᠵᠢ ᠬᠠᠨ ᠶᠠᠨ ᠹᠧᠩ᠂ ᠰᠣᠮᠣ ᠶᠢᠨ ᠳᠠᠷᠤᠭ᠎ᠠ ᠰᠠᠷᠠᠭᠤᠯ᠂ ᠶᠡᠷᠣᠩᠬᠡᠶᠢᠯᠡᠭᠰᠡᠨ ᠬᠠᠦᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠪᠢᠯᠢᠭ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠪᠣᠦ ᠶᠦᠩ ᠱᠣᠸᠠᠢ᠂ ᠵᠠᠰᠠᠭ ᠵᠠᠬᠢᠷᠭᠠᠨ ᠤ ᠪᠠᠶᠢᠴᠠᠭᠠᠬᠤ ᠰᠠᠯᠠᠭ᠎ᠠ ᠮᠦᠴᠢᠷ ᠤᠨ ᠪᠦᠬᠦ ᠠᠵᠢᠯᠲᠠᠨ ᠬᠤᠷᠠᠯ ᠳᠤ ᠣᠷᠣᠯᠴᠠᠪᠠ᠃

ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠡᠷᠡᠭ ᠢ ᠪᠠᠶᠢᠴᠠᠭᠠᠬᠤ ᠠᠵᠢᠯᠯᠠᠭ᠎ᠠ ᠦᠷᠨᠢᠭᠦᠯᠬᠦ ᠳᠤ ᠰᠠᠨᠠᠯ ᠨᠢᠭᠡᠲᠦᠭᠰᠡᠨ ᠪᠦᠭᠡᠳ ᠪᠣᠳᠠᠲᠠᠢ ᠬᠡᠷᠡᠭ ᠶᠠᠪᠦᠳᠠᠯ ᠤᠨ ᠲᠣᠬᠠᠢ ᠰᠠᠨᠠᠯ ᠢᠶᠠᠨ ᠰᠣᠯᠢᠯᠴᠠᠭᠰᠠᠨ ᠪᠠᠶᠢᠨ᠎ᠠ᠃

ᠬᠠᠨ ᠶᠠᠨ ᠹᠧᠩ ᠣᠷᠴᠢᠮ ᠤᠨ ᠬᠡᠳᠦᠨ ᠵᠢᠯ ᠤᠨ ᠬᠡᠷᠡᠭ ᠰᠢᠢᠳᠪᠦᠷᠢᠯᠡᠭᠰᠡᠨ ᠪᠠᠶᠢᠳᠠᠯ ᠢ ᠲᠠᠨᠢᠯᠴᠠᠭᠤᠯᠵᠦ᠂ ᠪᠠᠶᠢᠴᠠᠭᠠᠬᠤ ᠪᠠᠶᠢᠭᠤᠯᠭ᠎ᠠ ᠠᠴᠠ ᠬᠢᠨᠠᠯᠲᠠ ᠲᠠᠯᠪᠢᠬᠤ ᠪᠣᠯ ᠬᠠᠦᠯᠢ ᠴᠠᠭᠠᠵᠠ ᠶᠢᠨ ᠣᠯᠭᠤᠭᠰᠠᠨ ᠡᠷᠬᠡ ᠮᠦᠨ᠂ ᠦᠨᠳᠦᠰᠦᠨ ᠱᠠᠲᠣᠨ ᠤ ᠵᠠᠰᠠᠭ ᠵᠠᠬᠢᠷᠭᠠᠨ ᠤ ᠬᠠᠦᠯᠢ ᠬᠡᠷᠡᠭᠵᠢᠭᠦᠯᠬᠦ ᠠᠵᠢᠯᠯᠠᠭ᠎ᠠ ᠶᠢ ᠣᠯᠠᠮ ᠨᠢᠭᠡ ᠠᠯᠬᠤᠮ ᠵᠢᠷᠣᠮᠵᠢᠭᠤᠯᠬᠤ ᠳᠤ ᠠᠰᠢᠭᠲᠠᠢ᠂ ᠪᠠᠶᠢᠴᠠᠭᠠᠬᠤ ᠪᠠᠶᠢᠭᠤᠯᠭ᠎ᠠ ᠠᠴᠠ ᠦᠨᠳᠦᠰᠦᠨ ᠱᠠᠲᠣᠨ ᠤ ᠶᠡᠷᠣᠩᠬᠡᠶᠢᠯᠡᠭᠰᠡᠨ ᠬᠠᠦᠯᠢ ᠬᠡᠷᠡᠭᠵᠢᠭᠦᠯᠬᠦ ᠲᠣᠪᠴᠢᠶ᠎ᠠ ᠶᠢᠨ ᠬᠠᠦᠯᠢ ᠬᠡᠷᠡᠭᠵᠢᠭᠦᠯᠬᠦ ᠠᠵᠢᠯ ᠳᠤ ᠲᠣᠰᠬᠠᠢ ᠵᠢᠯᠣᠭᠤᠳᠣᠯᠭ᠎ᠠ ᠬᠢᠵᠦ᠂ ᠬᠦᠴᠦ ᠪᠠᠨ ᠬᠠᠮᠳᠣᠳᠬᠠᠨ ᠬᠠᠦᠯᠢ ᠬᠡᠷᠡᠭᠵᠢᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃

ᠪᠣᠦ ᠶᠥᠩ ᠱᠤᠸᠠᠢ᠂ ᠪᠠᠶᠢᠴᠠᠭᠠᠬᠤ ᠪᠠᠶᠢᠭᠤᠯᠭ᠎ᠠ ᠲᠣᠰ ᠣᠳᠠᠭᠠᠨ ᠤ ᠲᠣᠰᠬᠠᠢ ᠠᠵᠢᠯᠯᠠᠭ᠎ᠠ ᠶᠢ ᠦᠷᠨᠢᠭᠦᠯᠬᠦ ᠵᠣᠷᠢᠯᠭ᠎ᠠ ᠪᠣᠯ ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠴᠢᠳᠠᠪᠦᠷᠢ ᠶᠢ ᠭᠦᠢᠴᠡᠳ ᠪᠠᠳᠠᠷᠠᠭᠤᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠬᠤᠯᠪᠦᠭᠠᠯᠡᠨ᠂ ᠠᠷᠠᠳ ᠤᠨ ᠠᠮᠢᠳᠣᠷᠠᠯ ᠠᠷᠠᠳ ᠤᠨ ᠠᠰᠢᠭ ᠲᠣᠰᠠ ᠶᠢᠨ ᠬᠦᠷᠢᠶᠡᠨ ᠳᠠᠬᠢ ᠬᠠᠦᠯᠢ ᠬᠡᠷᠡᠭᠵᠢᠭᠦᠯᠬᠦ ᠶᠠᠪᠦᠴᠠ ᠳᠤ ᠣᠷᠣᠰᠢᠵᠦ ᠪᠠᠶᠢᠭ᠎ᠠ ᠬᠦᠴᠢᠷ ᠠᠰᠠᠭᠤᠳᠠᠯ ᠢ ᠬᠠᠮᠲᠦᠪᠡᠷ ᠰᠢᠢᠳᠪᠦᠷᠢᠯᠡᠵᠦ᠂ ᠡᠭᠦᠨ ᠢᠶᠠᠷ ᠳᠠᠮᠵᠢᠨ ᠬᠠᠮᠲᠦᠪᠡᠷ ᠠᠰᠢᠭ ᠣᠯᠬᠤ ᠵᠣᠷᠢᠯᠭ᠎ᠠ ᠳᠤ ᠬᠦᠷᠴᠦ᠂ ᠬᠠᠦᠯᠢ ᠪᠠᠷ ᠵᠠᠰᠠᠬᠤ ᠨᠡᠶᠢᠭᠡᠮ ᠤᠨ ᠪᠠᠶᠢᠭᠤᠯᠣᠯᠲᠠ ᠶᠢ ᠬᠠᠮᠲᠦ ᠪᠠᠷ ᠳᠡᠮᠵᠢᠨ᠎ᠡ ᠭᠡᠵᠦ ᠢᠯᠡᠳᠭᠡᠪᠡ᠃

ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠷᠠᠳ ᠤᠨ ᠠᠮᠢᠳᠣᠷᠠᠯ ᠠᠷᠠᠳ ᠤᠨ ᠠᠰᠢᠭ ᠲᠣᠰᠠ ᠶᠢ ᠬᠠᠮᠠᠭᠠᠯᠠᠬᠤ ᠵᠠᠰᠠᠭ ᠵᠠᠬᠢᠷᠭᠠᠨ ᠤ ᠪᠠᠶᠢᠴᠠᠭᠠᠬᠤ ᠲᠣᠰᠬᠠᠢ ᠲᠦᠷᠦᠯ ᠤᠨ ᠬᠢᠨᠠᠯᠲᠠ ᠶᠢᠨ ᠠᠵᠢᠯᠯᠠᠭ᠎ᠠ ᠶᠢ ᠦᠷᠬᠦᠯᠵᠢᠯᠡᠨ ᠭᠦᠨᠵᠡᠭᠡᠢ ᠦᠷᠨᠢᠭᠦᠯᠵᠦ᠂ ᠶᠡᠭᠡ ᠲᠠᠯ᠎ᠠ ᠳᠤ ᠦᠢᠯᠡᠴᠢᠯᠡᠵᠦ᠂ ᠠᠷᠠᠳ ᠲᠦᠮᠡᠨ ᠤ ᠲᠦᠯᠦᠭᠡ ᠬᠠᠦᠯᠢ ᠪᠠᠷᠢᠬᠤ ᠶᠢ ᠪᠠᠷᠢᠮᠳᠠᠯᠠᠵᠦ᠂ ᠣᠯᠠᠨ ᠡᠰᠢᠵᠢᠭᠦᠯᠦᠯᠲᠡ ᠪᠠᠷ ᠬᠤᠯᠪᠦᠭᠠᠯᠡᠨ ᠪᠠᠶᠢᠴᠠᠭᠠᠬᠤ ᠪᠠ ᠠᠷᠠᠳ ᠤᠨ ᠠᠮᠢᠳᠣᠷᠠᠯ ᠠᠷᠠᠳ ᠤᠨ ᠠᠰᠢᠭ ᠲᠣᠰᠠ ᠶᠢᠨ ᠪᠠᠶᠢᠷᠢᠯᠠᠭᠤᠯᠣᠯᠲᠠ ᠬᠠᠮᠵᠢᠯᠴᠡᠨ᠂ ᠨᠡᠶᠢᠭᠡᠮ ᠤᠨ ᠵᠠᠰᠠᠯᠲᠠ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠦᠨ᠎ᠡ᠃  z



        ᠵᠤᠬᠢᠶᠠᠭᠴᠢ᠄  ᠰᠤᠷᠤᠨ᠎ᠠ


ᠢᠷᠡᠯᠲᠡ
ᠬᠤᠷᠴᠢᠨ ᠪᠠᠷᠠᠭᠤᠨ ᠭᠠᠷᠣᠨ ᠳᠣᠮᠳᠠᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ 
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro