ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

​ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠳᠤᠪᠴᠢᠶ᠎ᠠ ᠲᠠᠢ ᠠᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ

2022-08-05 10:52:53
ᠵᠣᠬᠢᠶᠠᠭᠴᠢ
ᠰᠤᠯᠤᠩᠭ᠎ᠠ 


微信图片_20220805105054.jpg

 ᠵᠠᠰᠠᠭ ᠵᠠᠬᠢᠷᠭᠠᠨ ᠤ ᠪᠠᠶᠢᠴᠠᠭᠠᠬᠤ ᠬᠢᠨᠠᠯᠲᠠ ᠶᠢ ᠤᠯᠠᠮ ᠨᠢᠭᠡ ᠠᠯᠬᠤᠮ ᠭᠥᠨᠵᠡᠭᠡᠶᠢᠷᠡᠭᠦᠯᠵᠤ᠂ 《ᠤᠨᠴᠡᠭᠠᠢ ᠬᠠᠮᠲᠤᠯᠢᠭ ᠤᠨ ᠡᠷᠬᠡ ᠠᠰᠢᠭ ᠢ ᠬᠠᠮᠠᠭᠠᠯᠠᠬᠤ ᠳᠤᠰᠬᠠᠢ ᠠᠵᠢᠯᠯᠠᠭ᠎ᠠ 》 ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠬᠤ ᠶᠢᠨ ᠲᠦᠯᠤᠭᠡ᠂ 《 ᠨᠠᠢᠮᠠᠨ ᠰᠠᠷ᠎ᠠ ᠶᠢᠨ ᠨᠢᠭᠡᠨ 》 ᠤ ᠴᠡᠷᠢᠭ ᠪᠠᠶᠢᠭᠤᠯᠤᠭᠳᠠᠭᠰᠠᠨ ᠪᠠᠶᠠᠷ ᠠᠴᠠ ᠡᠮᠦᠨ᠎ᠡ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ  ᠬᠤᠶᠠᠳᠤᠭᠠᠷ ᠪᠠᠶᠢᠴᠠᠭᠠᠬᠤ ᠬᠡᠯᠲᠡᠰ ᠪᠤᠯᠤᠨ ᠬᠤᠰᠢᠭᠤᠨ ᠤ ᠴᠡᠷᠢᠭ ᠤᠨ ᠠᠯᠪᠡᠨ ᠠᠴᠠ ᠪᠠᠭᠤᠭᠰᠠᠳ ᠤᠨ ᠬᠡᠷᠡᠭ ᠤᠨ ᠶᠠᠪᠤᠳᠠᠯ ᠤᠨ ᠳᠤᠪᠴᠢᠶ᠎ᠠ ᠴᠡᠷᠢᠭ ᠤᠨ ᠠᠯᠪᠡᠨ ᠠᠴᠠ ᠪᠠᠭᠤᠭᠰᠠᠳ ᠤᠨ ᠬᠠᠤᠯᠢ ᠶᠤᠰᠤᠨ ᠤ ᠡᠷᠬᠡ ᠠᠰᠢᠭ ᠢ ᠪᠦᠲᠤᠮᠵᠢᠲᠠᠢ ᠬᠠᠮᠠᠭᠠᠯᠠᠬᠤ ᠳᠤᠬᠠᠢ ᠠᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ᠃

ᠰᠠᠭᠤᠳᠠᠯ ᠤᠨ ᠬᠤᠷᠠᠯ ᠳᠡᠭᠡᠷ᠎ᠡ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠳᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠡᠨ ᠤᠶᠢᠷ᠎ᠡ ᠶᠢᠨ ᠵᠢᠯ ᠤᠨ ᠳᠤᠷᠰᠢ ᠤᠷᠤᠨ ᠨᠤᠲᠤᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠦᠷᠨᠢᠭᠦᠯᠤᠭ᠍ᠰᠡᠨ ᠪᠠᠶᠢᠳᠠᠯ ᠤᠨ ᠳᠤᠬᠠᠢ ᠪᠦᠬᠦ ᠲᠠᠯ᠎ᠠ ᠪᠠᠷ ᠲᠠᠨᠢᠯᠴᠠᠭᠤᠯᠵᠤ᠂ ᠪᠠᠶᠢᠴᠠᠭᠠᠬᠤ ᠳᠤᠰᠢᠶᠠᠯᠲᠡᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷ ᠪᠦᠯᠢ ᠶᠢᠨ ᠬᠠᠷᠠᠭᠠᠯᠵᠠᠯ ᠤᠨ ᠮᠦᠩᠭᠦ᠂ ᠤᠷᠤᠨ ᠨᠤᠲᠤᠭ ᠤᠨ ᠠᠵᠤ ᠠᠬᠤᠢ ᠶᠢᠨ ᠨᠦᠬᠦᠪᠤᠷᠢ ᠮᠦᠩᠭᠦ ᠤᠯᠭᠤᠬᠤ ᠪᠠᠷᠢᠮᠵᠢᠶ᠎ᠠ᠂ ᠤᠯᠭᠤᠬᠤ ᠠᠷᠭ᠎ᠠ ᠬᠡᠯᠪᠡᠷᠢ ᠵᠢᠴᠢ ᠶᠠᠳᠠᠭᠤ ᠬᠦᠴᠢᠷᠳᠡᠯᠲᠠᠢ ᠵᠡᠮᠳᠡᠭ ᠴᠡᠷᠢᠭ ᠤᠨ ᠠᠯᠪᠠ ᠠᠴᠠ ᠬᠠᠯᠠᠭᠳᠠᠭᠰᠠᠳ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠳᠤ ᠬᠦᠴᠢᠷᠳᠡᠯ ᠤᠷᠤᠰᠢᠵᠤ ᠪᠠᠶᠢᠬᠤ ᠵᠡᠷᠭᠡ ᠪᠠᠶᠢᠳᠠᠯ ᠤᠨ ᠳᠤᠬᠠᠢ ᠨᠠᠷᠢᠨ ᠤᠶᠢᠯᠠᠭᠠᠪᠠ᠃ ᠬᠤᠶᠠᠷ ᠲᠠᠯ᠎ᠠ ᠪᠠᠷ ᠢᠶᠠᠨ ᠴᠡᠷᠢᠭ ᠤᠨ ᠠᠯᠪᠡᠨ ᠠᠴᠠ ᠬᠠᠯᠠᠭᠳᠠᠭᠰᠠᠳ ᠤᠨ ᠭᠡᠷ ᠪᠦᠯᠢ ᠶᠢᠨ ᠬᠢᠨ ᠤ ᠤᠶᠢᠯᠡᠰ ᠪᠤᠰᠬᠠᠵᠤ ᠠᠵᠢᠯ ᠤᠯᠭᠤᠬᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠬᠠᠤᠯᠢ ᠴᠠᠭᠠᠵᠠ ᠶᠢᠨ ᠳᠤᠰᠠᠯᠠᠮᠵᠢ ᠦᠵᠡᠭᠦᠯᠬᠦ᠂ ᠬᠠᠤᠯᠢ ᠴᠠᠭᠠᠵᠠ ᠶᠢᠨ ᠯᠠᠪᠯᠠᠭ᠎ᠠ ᠦᠭᠬᠦ ᠵᠡᠷᠭᠡ ᠠᠵᠢᠯ ᠤᠨ ᠲᠤᠭᠤᠷᠢᠨ ᠳᠤ ᠭᠤᠤᠯᠳᠠᠯᠭ᠎ᠠ ᠲᠠᠢ ᠶᠠᠷᠢᠯᠴᠠᠭ᠎ᠠ ᠦᠷᠨᠢᠭᠦᠯᠤᠭ᠍ᠰᠡᠨ ᠪᠦᠭᠡᠳ ᠬᠤᠶᠢᠰᠢᠳᠠ ᠵᠤᠬᠢᠴᠠᠭᠤᠯᠤᠨ ᠬᠠᠮᠵᠢᠯᠴᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠳᠤᠭᠲᠠᠴᠠ ᠶᠢ ᠤᠯᠠᠮ ᠴᠢᠨᠠᠭᠰᠢᠳᠠ ᠭᠥᠨᠵᠡᠭᠡᠶᠢᠷᠡᠭᠦᠯᠬᠦ ᠳᠤᠬᠠᠢ ᠰᠠᠨᠠᠯ ᠢᠶᠠᠨ ᠰᠤᠯᠢᠯᠴᠠᠪᠠ᠃

 ᠳᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ 《 ᠲᠦᠷᠪᠡᠨ ᠶᠡᠭᠡ ᠪᠠᠶᠢᠴᠠᠭᠠᠬᠤ 》 ᠡᠭᠦᠷᠭᠡ ᠴᠢᠳᠠᠪᠬᠢ ᠳᠤ ᠰᠠᠭᠤᠷᠢᠯᠡᠨ᠂ ᠬᠠᠤᠯᠢ ᠶᠤᠰᠤᠭᠠᠷ ᠢᠳᠡᠪᠬᠢᠲᠠᠢ ᠡᠭᠦᠷᠭᠡ ᠬᠠᠷᠢᠭᠤᠴᠠᠯᠭ᠎ᠠ ᠪᠠᠨ ᠭᠦᠢᠴᠠᠳᠭᠡᠬᠦ ᠶᠢ ᠪᠠᠷᠢᠮᠲᠠᠯᠠᠵᠤ᠂ ᠦᠷᠡᠭᠳᠡᠭᠰᠡᠨ ᠪᠠᠭᠠᠲᠤᠷᠴᠤᠳ ᠤᠨ ᠨᠡᠷ᠎ᠡ ᠬᠦᠨᠳᠤ᠂ ᠢᠷᠠᠭᠤ ᠠᠯᠳᠠᠷ ᠲᠤ ᠬᠠᠯᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠨᠠᠶᠢᠲᠡ ᠶᠢᠨ ᠠᠰᠢᠭᠲᠤ ᠶᠢᠨ ᠵᠠᠷᠭᠤ᠂ ᠵᠠᠭᠠᠯᠳᠤᠯᠭ᠎ᠠ ᠶᠢ ᠳᠠᠮᠵᠢᠬᠦ᠂ ᠬᠠᠤᠯᠢ ᠴᠠᠭᠠᠵᠠ ᠶᠢᠨ ᠳᠤᠰᠠᠯᠠᠮᠵᠢ ᠦᠵᠡᠭᠦᠯᠬᠦ ᠵᠡᠷᠭᠡ ᠤᠯᠡᠨ ᠵᠤᠶᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠴᠡᠷᠢᠭ ᠬᠦᠮᠤᠨ ᠴᠡᠷᠢᠭ ᠤᠨ ᠭᠡᠷ ᠪᠦᠯᠢ ᠶᠢᠨ ᠡᠷᠬᠡ ᠠᠰᠢᠭ ᠢ ᠬᠠᠮᠠᠭᠠᠯᠠᠬᠤ᠂ ᠦᠷᠡᠭᠳᠡᠭᠰᠡᠨ ᠪᠠᠭᠠᠲᠤᠷᠴᠤᠳ ᠤᠨ ᠢᠷᠠᠭᠤ ᠠᠯᠳᠠᠷ ᠨᠡᠷ᠎ᠡ ᠬᠦᠨᠳᠦ ᠶᠢ ᠬᠠᠮᠠᠭᠠᠯᠠᠬᠤ ᠬᠠᠤᠯᠢ ᠴᠠᠭᠠᠵᠠ ᠶᠢᠨ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠬᠢᠵᠢᠭᠦᠯᠤᠨ᠎ᠡ᠃      

ᠬᠤᠶᠢᠰᠢᠳᠠ ᠶᠢᠨ ᠠᠵᠢᠯ ᠤᠨ ᠳᠤᠮᠳᠠ ᠪᠠᠨ ᠴᠡᠷᠢᠭ ᠤᠨ ᠠᠯᠪᠡᠨ ᠠᠴᠠ ᠪᠠᠭᠤᠭᠰᠠᠳ ᠤᠨ ᠬᠡᠷᠡᠭ ᠤᠨ ᠶᠠᠪᠤᠳᠠᠯ ᠤᠨ ᠳᠤᠪᠴᠢᠶ᠎ᠠ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠳᠠᠰᠤᠷᠠᠯᠲᠠ ᠦᠭᠡᠢ ᠨᠢᠭᠲᠠᠷᠠᠭᠤᠯᠵᠤ᠂ ᠳᠤᠲᠤᠭᠠᠲᠤ ᠭᠠᠳᠠᠭᠠᠲᠤ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠤᠨ ᠨᠠᠶᠢᠯᠡᠮᠡᠯ ᠭᠦᠴᠤᠨ ᠢᠶᠠᠨ ᠨᠢᠭᠲᠠᠷᠠᠭᠤᠯᠵᠤ᠂ ᠨᠠᠶᠢᠬᠡᠮ ᠳᠠᠶᠠᠭᠠᠷ ᠢᠶᠠᠨ ᠴᠡᠷᠢᠭ ᠤᠨ ᠠᠯᠪᠡᠨ ᠠᠴᠠ ᠪᠠᠭᠤᠭᠰᠠᠳ ᠢ ᠬᠠᠯᠠᠮᠵᠢᠯᠡᠨ ᠬᠠᠶᠢᠷᠠᠯᠠᠬᠤ᠂ ᠪᠠᠭᠠᠲᠤᠷᠴᠤᠳ ᠠᠴᠠ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠳᠤ ᠪᠠᠶᠢᠴᠠᠭᠠᠬᠤ ᠭᠦᠴᠤᠨ ᠢᠶᠠᠨ ᠡᠷᠭᠦᠨ᠎ᠡ᠃

    

                         ᠤᠷᠴᠢᠭᠤᠯᠤᠭᠴᠢ  ᠰᠤᠯᠤᠩᠭ᠎ᠠ 



ᠢᠷᠡᠯᠲᠡ
ᠤᠷᠳᠤᠰ ᠬᠤᠲᠠ ᠵᠢᠨ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro