ᠬᠥᠬᠡᠬᠣᠲᠠ ᠶᠢᠨ ᠪᠠᠶᠢᠴᠠᠭᠠᠬᠤ ᠪᠠᠶᠢᠭᠤᠯᠭ᠎ᠠ ᠬᠠᠥᠯᠢ ᠴᠠᠭᠠᠵᠠ ᠶᠢᠨ ᠠᠪᠤᠷᠠᠨ ᠲᠤᠰᠠᠯᠠᠯᠲᠠ ᠳᠤ ᠰᠢᠨ᠎ᠡ ᠶᠢ ᠡᠭᠦᠳᠴᠦ᠂ ᠠᠪᠤᠷᠠᠨ ᠲᠤᠰᠠᠯᠠᠬᠤ ᠬᠡᠷᠡᠭ ᠢ ᠵᠠᠷᠯᠠᠨ ᠨᠡᠶᠢᠲᠡᠯᠡᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠢᠯᠡ ᠲᠣᠳᠣ ᠬᠡᠮᠵᠢᠶ᠎ᠡ ᠶᠢ ᠨᠡᠮᠡᠭᠳᠡᠭᠦᠯᠪᠡ
ᠬᠥᠬᠡᠬᠣᠲᠠ ᠶᠢᠨ ᠪᠠᠶᠢᠴᠠᠭᠠᠬᠤ ᠪᠠᠶᠢᠭᠤᠯᠭ᠎ᠠ ᠶᠢᠨ ᠬᠢᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠢ ᠠᠷᠠᠳ ᠲᠦᠮᠡᠨ ᠢᠶᠠᠷ ᠭᠣᠣᠯ ᠪᠣᠯᠭᠠᠬᠤ ᠬᠥᠭᠵᠢᠯᠲᠡ ᠶᠢᠨ ᠣᠨᠤᠯᠵᠢᠬᠤᠨ ᠢ ᠲᠤᠭᠤᠰᠢᠯᠠᠭᠤᠯᠬᠤ᠂ ᠨᠡᠶᠢᠭᠡᠮ ᠤᠨ ᠠᠮᠦᠷ ᠲᠣᠭᠲᠠᠭᠤᠨ ᠢ ᠬᠠᠮᠠᠭᠠᠯᠠᠬᠤ᠂ ᠤᠯᠤᠰ ᠤᠨ ᠬᠥᠭᠵᠢᠯᠲᠡ ᠶᠢᠨ ᠶᠡᠬᠡ ᠲᠠᠯ᠎ᠠ ᠳᠤ ᠰᠠᠨᠠᠭᠠᠴᠢᠯᠠᠭ᠎ᠠ ᠡᠴᠡ ᠪᠠᠨ ᠠᠭᠤᠰᠤᠯᠴᠠᠬᠤ ᠪᠠ ᠦᠢᠯᠡᠴᠢᠯᠡᠬᠦ ᠨᠢᠭᠡᠨ ᠴᠢᠬᠤᠯᠠ ᠭᠠᠷᠳᠠᠴᠠ ᠪᠤᠯᠭᠠᠨ᠂ ᠰᠠᠯᠠᠭ᠎ᠠ ᠮᠥᠴᠢᠷ ᠤᠨ ᠬᠣᠯᠪᠣᠭᠠᠯᠠᠨ ᠬᠥᠳᠡᠯᠦᠯᠴᠡᠬᠦ ᠪᠠ ᠬᠣᠯᠪᠣᠭᠳᠠᠯ ᠪᠦᠬᠦᠢ ᠨᠢᠭᠡᠴᠢ ᠲᠡᠶ ᠬᠠᠮᠵᠢᠯᠴᠠᠨ ᠠᠵᠢᠯᠯᠠᠬᠤ ᠶᠢ ᠴᠢᠩᠭᠠᠳᠬᠠᠵᠤ᠂ ᠬᠡᠷᠡᠭ ᠡᠴᠡ ᠪᠤᠯᠵᠤ ᠶᠠᠳᠠᠭᠤᠷᠠᠭᠰᠠᠨ ᠪᠠ ᠬᠡᠷᠡᠭ ᠡᠴᠡ ᠪᠤᠯᠵᠤ ᠡᠷᠭᠢᠨ ᠶᠠᠳᠠᠭᠤᠷᠠᠭᠰᠠᠨ ᠬᠦᠴᠢᠷᠳᠡᠯ ᠲᠡᠶ ᠤᠯᠠᠨ ᠲᠦᠮᠡᠨ ᠤ ᠲᠤᠯᠭᠠᠮ᠎ᠠ ᠠᠰᠠᠭᠤᠳᠠᠯ ᠢ ᠰᠢᠢᠳᠪᠦᠷᠢᠯᠡᠨ ᠥᠭᠴᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠦ ᠨᠢ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠠᠬᠢᠭᠤᠯᠬᠤ ᠶᠢᠨ ᠬᠠᠮᠲᠤ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠶ ᠪᠠᠷ ᠵᠠᠷᠯᠠᠨ ᠨᠡᠶᠢᠲᠡᠯᠡᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠢᠯᠡ ᠲᠣᠳᠣ ᠬᠡᠮᠵᠢᠢ᠎ᠡ ᠶᠢ ᠨᠡᠮᠡᠭᠳᠡᠭᠦᠯᠪᠡ᠃1-7 ᠰᠠᠷ᠎ᠠ ᠳᠦ ᠂ ᠪᠥᠬᠥ ᠬᠣᠲᠠ ᠶᠢᠨ ᠪᠠᠶᠢᠴᠠᠭᠠᠬᠤ ᠪᠠᠶᠢᠭᠤᠯᠭ᠎ᠠ ᠬᠠᠸᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠬᠡᠷᠡᠭ ᠢ ᠨᠡᠶᠢᠲᠡ 54 ᠬᠤᠪᠢ ᠰᠢᠶᠳᠪᠦᠷᠢᠯᠡᠵᠦ ᠂ ᠡᠨᠡ ᠨᠢ ᠠᠳᠠᠯᠢ ᠬᠤᠭᠤᠴᠠᠭᠠᠨ ᠤ ᠬᠢ ᠡᠴᠡ 350% ᠪᠠᠷ ᠳᠡᠭᠡᠭᠰᠢᠯᠡᠪᠡ᠃ ᠨᠡᠶᠢᠲᠡ 59 ᠬᠥᠮᠦᠨ ᠢ ᠠᠪᠤᠷᠠᠨ ᠲᠤᠰᠠᠯᠠᠵᠤ ᠂ ᠠᠳᠠᠯᠢ ᠬᠤᠭᠤᠴᠠᠭᠠᠨ ᠤ ᠬᠢ ᠡᠴᠡ 353.85% ᠪᠠᠷ ᠨᠡᠮᠡᠭᠳᠡᠵᠦ ᠂ ᠲᠤᠰᠠᠯᠠᠮᠵᠢ ᠶᠢᠨ ᠮᠥᠩᠭᠥ ᠶᠢ 68.8 ᠲᠦᠮᠡᠨ ᠲᠥᠭᠥᠷᠢᠭ ᠲᠠᠷᠬᠠᠭᠠᠵᠤ ᠂ ᠠᠳᠠᠯᠢ ᠬᠤᠭᠤᠴᠠᠭᠠᠨ ᠦ ᠬᠢ ᠡᠴᠡ175.2% ᠪᠠᠷ ᠨᠡᠮᠡᠭᠳᠡᠪᠡ ᠃
ᠨᠢᠭᠡ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ ᠂ ᠠᠪᠤᠷᠠᠨ ᠲᠤᠰᠠᠯᠠᠬᠤ ᠰᠦᠪᠡᠭᠴᠢ ᠶᠢ ᠰᠢᠯᠵᠢᠭᠦᠯᠦᠨ ᠬᠦᠷᠭᠡᠬᠦ ᠠᠵᠢᠯ ᠢ ᠴᠢᠨᠭᠭᠠᠷᠠᠭᠤᠯᠪᠠ᠃ ᠬᠣᠶᠠᠷ ᠱᠠᠲᠤᠨ ᠤ ᠤᠳᠤᠷᠢᠳᠤᠯᠭ᠎ᠠ ᠡᠴᠡ ᠲᠦᠷᠦᠭᠦᠯᠡᠨ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠠᠵᠢᠯ ᠢ ᠠᠬᠢᠭᠤᠯᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠬᠡᠷᠡᠭ ᠢ ᠪᠡᠶ᠎ᠡ ᠪᠡᠷ ᠢᠶᠠᠨ ᠰᠢᠢᠳᠪᠦᠷᠢᠯᠡᠵᠦ᠂ ᠵᠢᠱᠢᠢ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠪᠠ᠃ ᠬᠡᠷᠡᠭ ᠰᠢᠶᠳᠪᠦᠷᠢᠯᠡᠬᠦ᠂ ᠬᠡᠷᠡᠭ ᠬᠠᠮᠢᠶᠠᠷᠬᠤ᠂ ᠭᠣᠮᠣᠳᠠᠯ ᠵᠠᠭᠠᠯᠳᠤᠯᠭ᠎ᠠ ᠪᠠᠶᠢᠴᠠᠭᠠᠬᠤ ᠰᠠᠯᠠᠭ᠎ᠠ ᠮᠥᠴᠢᠷ ᠤᠨ ᠬᠣᠭᠣᠷᠣᠨᠳᠣᠬᠢ ᠬᠠᠮᠵᠢᠯᠴᠠᠭ᠎ᠠ ᠳᠡᠮᠵᠢᠯᠴᠡᠭᠡ ᠪᠡᠨ ᠴᠢᠩᠭᠠᠳᠬᠠᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠨᠥᠬᠥᠴᠡᠯ ᠳᠦ ᠨᠡᠶᠢᠴᠡᠬᠦ ᠪᠣᠯᠤᠮᠵᠢ ᠲᠠᠶ ᠰᠦᠪᠡᠭᠴᠢ ᠶᠢ ᠣᠨᠣᠪᠴᠢᠲᠠᠢ ᠢᠯᠭᠠᠨ ᠲᠠᠨᠢᠵᠤ᠂ ᠬᠡᠷᠡᠭ ᠲᠤ ᠬᠦᠷᠬᠦ ᠰᠦᠪᠡᠭᠴᠢ ᠳᠤ ᠠᠪᠤᠷᠠᠨ ᠲᠤᠰᠠᠯᠠᠬᠤ ᠠᠵᠢᠯ ᠢ ᠴᠠᠭ ᠲᠤᠬᠠᠢ ᠳ᠋ᠤᠨᠢ ᠡᠬᠢᠯᠡᠭᠦᠯᠬᠦ ᠶᠢᠨ ᠬᠠᠮᠲᠤ ᠬᠠᠤᠯᠢ ᠶᠢ ᠲᠠᠶᠢᠯᠪᠤᠷᠢᠯᠠᠨ ᠶᠣᠰᠣ ᠶᠠᠷᠢᠬᠤ ᠪᠠ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠵᠡᠷᠭᠡ ᠠᠵᠢᠯ ᠢ ᠬᠠᠮᠲᠤᠷᠠᠨ ᠥᠷᠨᠢᠭᠦᠯᠵᠦ᠂ ᠰᠦᠪᠡᠭᠴᠢ ᠶᠢ ᠰᠢᠯᠵᠢᠭᠦᠯᠦᠨ ᠬᠦᠷᠭᠡᠬᠦ᠂ ᠤᠨᠢᠨ ᠳᠡᠭᠡᠷ᠎ᠡ ᠨᠢ ᠪᠠᠶᠢᠴᠠᠭᠠᠨ ᠬᠠᠷᠭᠤᠭᠤᠯᠬᠤ ᠪᠠ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ 《 ᠬᠦᠴᠦᠯᠡᠴᠡ᠂ ᠬᠤᠷᠳᠤᠴᠠ᠂ ᠣᠨᠤᠴᠠ 》 ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃
ᠬᠣᠶᠠᠷ᠂ ᠮᠥᠷᠳᠡᠨ ᠬᠠᠷᠢᠭᠤ ᠰᠤᠷᠪᠤᠯᠵᠢᠯᠠᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠦᠷ᠎ᠡ ᠪᠦᠳᠦᠮᠵᠢᠳᠤ ᠴᠢᠨᠠᠷ ᠢ ᠳᠡᠭᠡᠭᠰᠢᠯᠡᠭᠦᠯᠪᠡ᠃ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ 《 ᠪᠠᠴᠢᠮ ᠪᠠᠶᠢᠳᠠᠯ ᠢ ᠠᠪᠤᠷᠠᠨ ᠬᠦᠴᠢᠷᠳᠡᠯ ᠡᠴᠡ ᠠᠩᠭᠢᠵᠢᠷᠠᠭᠤᠯᠬᠤ 》ᠡᠭᠦᠷᠭᠡ ᠴᠢᠳᠠᠪᠤᠷᠢ ᠶᠢᠨ ᠦᠢᠯᠡᠳᠦᠯ ᠢ ᠪᠣᠳᠠᠲᠠᠶ ᠳᠦ ᠨᠠᠶᠢᠳᠠᠪᠤᠷᠢᠵᠢᠭᠤᠯᠬᠤ ᠶᠢᠨ ᠲᠥᠯᠥᠭᠡ ᠂ ᠭᠣᠮᠣᠳᠠᠯ ᠵᠠᠭᠠᠯᠳᠤᠯᠭ᠎ᠠ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠭᠣᠣᠯᠯᠠᠬᠤ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠱᠠᠳᠤ ᠦᠶᠡᠴᠢ ᠴᠢᠨᠠᠷᠲᠠᠢ ᠪᠠᠷ ᠮᠥᠷᠳᠡᠨ ᠬᠠᠷᠢᠭᠤ ᠰᠤᠷᠪᠤᠯᠵᠢᠯᠠᠵᠤ᠂ ᠠᠪᠤᠷᠠᠨ ᠲᠤᠰᠠᠯᠠᠭᠳᠠᠭᠰᠠᠳ ᠢ ᠦᠷᠭᠦᠯᠵᠢᠯᠡᠨ ᠠᠩᠬᠠᠷᠴᠤ᠂ ᠠᠪᠤᠷᠠᠨ ᠲᠤᠰᠠᠯᠠᠭᠳᠠᠭᠰᠠᠳ ᠤᠨ ᠦᠵᠡᠯ ᠰᠠᠨᠠᠭ᠎ᠠ ᠰᠡᠳᠬᠢᠯ ᠦᠨ ᠵᠠᠩᠭᠢᠷᠠᠭ᠎ᠠ᠂ ᠪᠡᠶ᠎ᠡ ᠮᠠᠬᠠᠪᠣᠳ ᠤᠨ ᠡᠷᠡᠭᠦᠯᠵᠢᠯ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠵᠡᠷᠭᠡ ᠶᠢ ᠣᠶᠢᠯᠠᠭᠠᠵᠤ᠂ ᠵᠢᠭᠠᠨ ᠰᠤᠷᠭᠠᠬᠤ ᠪᠠ ᠲᠤᠰᠠᠯᠠᠬᠤ ᠠᠷᠭ᠎ᠠ ᠬᠡᠮᠵᠢᠢ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠡᠯᠡᠨ ᠵᠢᠱᠢᠵᠦ᠂ ᠠᠪᠤᠷᠠᠨ ᠲᠤᠰᠠᠯᠠᠭᠳᠠᠭᠴᠢ ᠨᠢᠭᠡᠪᠦᠷᠢ ᠶᠢ ᠰᠡᠳᠬᠢᠯ ᠲᠠᠯᠪᠢᠨ ᠬᠠᠶᠢᠷᠠᠯᠠᠨ ᠬᠠᠯᠠᠮᠵᠢᠯᠠᠵᠤ᠂ ᠴᠢᠳᠠᠯ ᠤᠨ ᠬᠢᠷᠢ ᠪᠡᠷ ᠢᠶᠠᠨ ᠬᠠᠪᠰᠤᠷᠴᠤ ᠠᠵᠦ ᠠᠮᠢᠳᠤᠷᠠᠯ ᠢ ᠨᠢ ᠰᠡᠷᠭᠦᠭᠡᠪᠡ᠃
ᠭᠤᠷᠪᠠ᠂ ᠡᠭᠦᠷᠭᠡ ᠲᠤᠰᠢᠶᠠᠯ ᠢᠶᠡᠨ ᠴᠢᠳᠠᠮᠠᠭᠠᠶ ᠭᠦᠶᠴᠡᠳᠬᠡᠬᠦ ᠶᠢ ᠴᠢᠩᠭᠠᠳᠬᠠᠵᠤ ᠂ ᠣᠯᠠᠨ ᠡᠰᠢᠵᠢᠭᠰᠡᠨ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠬᠤ ᠶᠢ ᠠᠭᠢᠭᠤᠯᠪᠠ ᠃《ᠠᠪᠤᠷᠠᠨ ᠲᠤᠰᠠᠯᠠᠬᠤ ᠶᠢ ᠵᠢᠷᠤᠮᠵᠢᠭᠤᠯᠵᠤ᠂ ᠠᠪᠤᠷᠠᠨ ᠲᠤᠰᠠᠯᠠᠬᠤ ᠶᠢ ᠪᠣᠳᠠᠲᠠᠶ ᠳᠤ ᠨᠠᠶᠢᠳᠠᠪᠤᠷᠢᠵᠢᠭᠤᠯᠬᠤ 》 ᠣᠨᠤᠯᠵᠢᠬᠤᠨ ᠶᠢ ᠪᠠᠲᠤ ᠪᠡᠬᠢ ᠪᠤᠢ ᠪᠣᠯᠭᠠᠵᠤ᠂ ᠠᠪᠤᠷᠠᠨ ᠲᠤᠰᠠᠯᠠᠭᠤᠯᠬᠤ ᠪᠠᠷ ᠭᠤᠶᠤᠴᠢᠯᠠᠭᠴᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠬᠠᠷᠭᠤᠭᠤᠯᠤᠭᠰᠠᠨ ᠤ ᠰᠠᠭᠤᠷᠢᠨ ᠳᠡᠭᠡᠷ᠎ᠡ᠂ ᠨᠡᠶᠢᠭᠡᠮ ᠤᠨ ᠠᠪᠤᠷᠠᠨ ᠲᠤᠰᠠᠯᠠᠬᠤ ᠪᠠᠶᠢᠳᠠᠯ ᠳᠤ ᠨᠡᠶᠢᠴᠡᠭᠰᠡᠨ ᠢ ᠨᠢ ᠠᠷᠠᠳ ᠤᠨ ᠶᠠᠪᠤᠳᠠᠯ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠲᠡᠶ ᠵᠣᠯᠭᠠᠭᠤᠯᠤᠨ ᠬᠠᠮᠵᠢᠯᠴᠠᠬᠤ ᠪᠠᠨ ᠲᠠᠰᠤᠷᠠᠯᠳᠠ ᠦᠭᠡᠢ ᠴᠢᠩᠭᠠᠳᠬᠠᠵᠤ᠂ ᠠᠪᠤᠷᠠᠨ ᠲᠤᠰᠠᠯᠠᠭᠤᠯᠬᠤ ᠡᠲᠡᠭᠡᠳ ᠢ ᠢᠳᠡᠪᠬᠢᠲᠡᠶ ᠪᠡᠷ ᠬᠠᠪᠰᠤᠷᠤᠨ ᠠᠷᠠᠳ ᠤᠨ ᠶᠠᠪᠤᠳᠠᠯ ᠤᠨ ᠲᠦᠷᠦ ᠶᠢᠨ ᠪᠤᠳᠤᠯᠭ᠎ᠠ ᠶᠢᠨ ᠠᠪᠤᠷᠠᠨ ᠲᠤᠰᠠᠯᠠᠯᠲᠠ ᠶᠢ ᠨᠠᠶᠢᠳᠠᠪᠤᠷᠢᠵᠢᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ 《ᠭᠠᠭᠴᠠ ᠳᠦᠷᠢᠳᠦ ᠵᠥᠴᠥᠭᠡ》 ᠶᠢ ᠤᠯᠠᠨ ᠲᠠᠯ᠎ᠠ ᠶᠢᠨ ᠬᠢᠨ ᠦ ᠣᠷᠣᠯᠴᠠᠭᠰᠠᠨ 《ᠶᠡᠬᠡ ᠨᠠᠶᠢᠷᠠᠯ ᠳᠠᠭᠤᠤ》 ᠪᠣᠯᠭᠠᠬᠤ ᠪᠠᠷ ᠴᠢᠷᠮᠠᠶᠢᠪᠠ᠃
ᠨᠠᠮᠤᠷ ᠤᠷᠴᠢᠭᠤᠯᠪᠠ