《ᠲᠤᠰᠬᠠᠶ ᠤᠨᠤᠴᠠᠲᠠᠢ ᠣᠨᠴᠠᠭᠠᠶ ᠰᠢᠨ᠎ᠡ 》 ᠳᠡᠭᠡᠷ᠎ᠡ ᠨᠡᠩ ᠶᠡᠬᠡ ᠬᠦᠴᠦ ᠣᠷᠣᠭᠤᠯᠬᠤ ᠬᠡᠷᠡᠭᠲᠡᠶ --- ᠪᠠᠶᠢᠴᠠᠭᠠᠬᠤ ᠳᠠᠷᠤᠭ᠎ᠠ ᠯᠢ ᠴᠢ ᠯᠢᠨ ᠤᠯᠠᠭᠠᠶ ᠬᠠᠮᠢᠶᠠᠷᠤᠯᠲᠠ ᠶᠢᠨ ᠣᠷᠣᠨ ᠤ ᠪᠠᠶᠢᠴᠠᠭᠠᠬᠤ ᠬᠣᠷᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠪᠠᠶᠢᠴᠠᠭᠠᠬᠤ ᠪᠠᠶᠢᠭᠤᠯᠭ᠎ᠠ ᠵᠢᠨ ︽ ᠶᠠᠰᠤ ᠴᠢᠨᠠᠷ ᠤᠨ ᠪᠠᠶᠢᠭᠤᠯᠤᠯᠲᠠ ᠶᠢᠨ ᠣᠨ ︾ ᠭᠦᠨᠵᠡᠭᠡᠶ ᠦᠷᠨᠢᠵᠦ ᠪᠠᠶᠢᠭ᠎ᠠ ᠴᠠᠭ ᠢ ᠲᠤᠬᠢᠶᠠᠯᠳᠤᠭᠤᠯᠤᠨ ᠂ 8 ᠰᠠᠷ᠎ᠠ ᠶᠢᠨ 18 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠯᠢ ᠴᠢ ᠯᠢᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠰᠢᠯᠢ ᠶᠢᠨ ᠭᠣᠸᠯ ᠠᠶᠢᠮᠠᠭ ᠤᠨ ᠤᠯᠭᠠᠶ ᠬᠠᠮᠢᠶᠠᠷᠤᠯᠲᠠ ᠶᠢᠨ ᠣᠷᠣᠨ ᠤ ᠪᠠᠶᠢᠴᠠᠭᠠᠬᠤ ᠬᠣᠷᠢᠶ᠎ᠠ ᠳᠤ ᠪᠠᠶᠢᠴᠠᠭᠠᠨ ᠰᠤᠳᠤᠯᠤᠯᠲᠠ ᠬᠢᠪᠠ ᠃
ᠯᠢ ᠴᠢ ᠯᠢᠨ ︽ ᠢᠪᠡᠭᠡᠯ ᠨᠠᠰᠤᠨ ᠳᠤ ᠬᠦᠷᠦᠭᠰᠡᠳ ᠦᠨ ᠪᠠᠶᠢᠴᠠᠭᠠᠬᠤ ︾ ᠠᠵᠢᠯ ᠤᠨ ᠲᠠᠰᠤᠭ ᠂ ︽ ᠶᠠᠰᠤ ᠴᠢᠨᠠᠷ ᠤᠨ ᠪᠠᠶᠢᠭᠤᠯᠤᠯᠲᠠ ᠶᠢᠨ ᠣᠨ ︾ ᠤ ᠲᠤᠰᠬᠠᠶ ᠠᠵᠢᠯ ᠤᠨ ᠠᠯᠪᠠᠨ ᠬᠡᠷ ᠂ 12309 ᠪᠠᠶᠢᠴᠠᠭᠠᠬᠤ ᠦᠶᠯᠡᠴᠢᠯᠡᠭᠡᠨ ᠦ ᠲᠥᠪ ᠂ ᠪᠠᠶᠢᠴᠠᠭᠠᠬᠤ ᠭᠡᠷᠡᠴᠢᠯᠡᠭᠡ ᠰᠣᠨᠣᠰᠬᠤ ᠲᠠᠰᠤᠭ ᠵᠡᠷᠭᠡ ᠠᠵᠢᠯ ᠤᠨ ᠲᠠᠯᠠᠪᠤᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠬᠣᠯᠪᠣᠭᠳᠠᠯ ᠪᠥᠬᠥᠶ ᠠᠵᠢᠯ ᠥᠷᠨᠢᠭᠦᠯᠦᠭᠰᠡᠨ ᠪᠠᠶᠢᠳᠠᠯ ᠢ ᠤᠶᠢᠯᠠᠭᠠᠨ ᠠᠰᠠᠭᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠯᠢ ᠴᠢ ᠯᠢᠨ ᠤᠯᠠᠭᠠᠶ ᠬᠠᠮᠢᠶᠠᠷᠤᠯᠲᠠ ᠶᠢᠨ ᠣᠷᠣᠨ ᠤ ᠪᠠᠶᠢᠴᠠᠭᠠᠬᠤ ᠬᠣᠷᠢᠶᠠᠨ ᠤ ᠡᠯ᠎ᠡ ᠵᠦᠢᠯ ᠦᠨ ᠠᠵᠢᠯ ᠢ ᠥᠷᠨᠢᠭᠦᠯᠦᠭᠰᠡᠨ ᠪᠠᠶᠢᠳᠠᠯ ᠢ ᠨᠤᠲᠠᠯᠠᠵᠤ ᠂ ᠡᠭᠦᠨ ᠦ ᠬᠠᠮᠲᠤ ᠂ ᠤᠯᠠᠭᠠᠶ ᠬᠠᠮᠢᠶᠠᠷᠤᠯᠲᠠ ᠶᠢᠨ ᠣᠷᠣᠨ ᠤ ᠪᠠᠶᠢᠴᠠᠭᠠᠬᠤ ᠬᠣᠷᠢᠶ᠎ᠠ ᠨᠢ ᠰᠢᠨ᠎ᠡ ᠪᠡᠷ ᠪᠠᠶᠢᠭᠤᠯᠤᠭᠰᠠᠨ ᠬᠣᠷᠢᠶ᠎ᠠ ᠪᠣᠯᠤᠭᠰᠠᠨ ᠤ ᠬᠤᠪᠢ ᠳᠤ ᠂ ᠠᠵᠢᠯᠲᠠᠨ ᠤ ᠡᠩᠨᠡᠭᠡ ᠨᠢ ᠵᠠᠯᠠᠭᠤ ᠂ ᠲᠡᠸᠬᠡ ᠶᠢᠨ ᠳᠠᠷᠤᠭᠠᠰᠤ ᠥᠬᠡᠶ ᠂ ︽ ᠣᠨᠴᠠᠯᠢᠭᠲᠠᠢ︾ ᠲᠠᠯ᠎ᠠ ᠪᠠᠷ ᠠᠷᠭ᠎ᠠ ᠤᠬᠠᠭᠠᠨ ᠭᠠᠷᠭᠠᠵᠤ ᠂ ︽ ᠳᠠᠭᠠᠵᠤ ᠭᠦᠶᠦᠬᠦ ᠨᠢ ᠡᠭᠦᠷᠢᠳᠡ ᠬᠣᠴᠣᠷᠬᠤ ︾ ᠤᠨᠤᠯᠵᠢᠬᠤᠨ ᠢ ᠪᠣᠶ ᠪᠣᠯᠭᠠᠵᠤ ᠂ ᠰᠠᠭᠤᠷᠢ ᠲᠥᠬᠥᠭᠡᠷᠦᠮᠵᠢ ᠬᠠᠷᠢᠴᠠᠩᠭᠤᠶ ᠬᠣᠴᠣᠷᠤᠩᠭᠤᠶ ᠪᠠᠶᠢᠬᠤ ᠠᠰᠠᠭᠤᠳᠠᠯ ᠢ ᠢᠳᠡᠪᠬᠢᠲᠡᠶ ᠪᠡᠷ ᠢᠯᠠᠨ ᠳᠠᠪᠠᠵᠤ ᠂ ᠲᠣᠰ ᠭᠠᠵᠠᠷ ᠤᠨ ᠣᠨᠴᠠᠯᠢᠭ ᠢᠶᠠᠨ ᠳᠣᠪᠣᠶᠢᠯᠭᠠᠨ ᠂ ᠰᠢᠨ᠎ᠡ ᠶᠢ ᠡᠭᠦᠳᠬᠦ ᠳᠡᠭᠡᠨ ᠴᠢᠳᠠᠮᠠᠭᠠᠶ ᠪᠠᠶᠢᠵᠤ ᠂ ᠵᠣᠷᠢᠭᠲᠠᠶ ᠪᠠᠷ ᠰᠢᠪᠲᠤᠯᠤᠯᠲᠠ ᠬᠢᠵᠦ ᠂ ᠠᠵᠢᠯ ᠤᠨ ᠨᠠᠷᠠᠲᠤ ᠲᠡᠮᠳᠡᠭ ᠢ ᠪᠣᠶ ᠪᠣᠯᠭᠠᠵᠤ ᠂ ᠨᠠᠩ ᠣᠯᠠᠨ ᠪᠠᠶᠢᠴᠠᠭᠠᠬᠤ ᠠᠵᠢᠯ ᠤᠨ ᠪᠣᠳᠠᠲᠤ ᠠᠮᠵᠢᠯᠲᠠ ᠪᠦᠲᠦᠮᠵᠢ ᠭᠠᠷᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ ᠃
ᠯᠢ ᠴᠢ ᠯᠢᠨ᠂ ᠰᠢᠨ᠎ᠡ ᠴᠠᠭ ᠦᠶ᠎ᠡ ᠳᠦ ᠰᠢᠨ᠎ᠡ ᠪᠠᠶᠢᠴᠠᠭᠠᠬᠤ ᠬᠣᠷᠢᠶ᠎ᠠ ᠪᠠᠶᠢᠭᠤᠯᠬᠤ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠯᠠᠪᠳᠠᠭᠤᠨ ᠢᠶᠠᠷ ᠤᠷᠤᠭᠰᠢᠯᠠᠬᠤ᠂ ᠨᠠᠶᠢᠳᠠᠪᠤᠷᠢᠵᠢᠭᠤᠯᠬᠤ ᠪᠠ ᠠᠵᠢᠯ ᠤᠨ ᠶᠡᠷᠦᠩᠬᠡᠢ ᠬᠦᠭ ᠠᠶᠠᠰ ᠢ ᠣᠨᠣᠪᠴᠢᠲᠠᠢ ᠡᠵᠡᠮᠳᠡᠵᠦ᠂ ᠨᠡᠩ ᠥᠨᠳᠥᠷ ᠪᠠᠷᠢᠮᠵᠢᠶ᠎ᠠ ᠪᠠᠷ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠴᠢᠨᠠᠷ ᠰᠠᠶᠢᠲᠠᠢ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠡᠷ ︽ᠬᠣᠶᠠᠷ ᠢ ᠬᠠᠮᠠᠭᠠᠯᠠᠬᠤ︾ ᠵᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠤᠯᠤᠰ ᠲᠦᠷᠦ ᠶᠢᠨ ᠪᠠᠶᠢᠭᠤᠯᠤᠯᠲᠠ ᠶᠢ ᠠᠳᠬᠤᠬᠤ ᠳᠡᠭᠡᠷ᠎ᠡ ᠬᠦᠴᠦ ᠲᠠᠯᠪᠢᠵᠤ᠂ ᠪᠠᠶᠢᠴᠠᠭᠠᠬᠤ ᠠᠵᠢᠯ ᠪᠣᠯ ᠤᠯᠤᠰ ᠲᠦᠷᠦ ᠶᠢᠨ ᠴᠢᠨᠠᠷ ᠢᠶᠠᠷ ᠲᠤᠶᠢᠯ ᠤᠨ ᠴᠢᠩᠭ᠎ᠠ ᠲᠤᠬᠠᠶᠢᠯᠠᠭᠰᠠᠨ ᠠᠵᠢᠯ ᠮᠥᠨ ᠪᠥᠭᠡᠳ ᠪᠠᠰᠠ ᠴᠤ ᠲᠤᠬᠠᠶᠢᠯᠠᠭᠰᠠᠨ ᠠᠵᠢᠯ ᠤᠨ ᠴᠢᠨᠠᠷ ᠢᠶᠠᠷ ᠲᠤᠶᠢᠯ ᠤᠨ ᠴᠢᠩᠭ᠎ᠠ ᠤᠯᠤᠰ ᠲᠦᠷᠦ ᠶᠢᠨ ᠠᠵᠢᠯ ᠮᠥᠨ ᠭᠡᠳᠡᠭ ᠢ ᠭᠦᠨᠵᠡᠭᠡᠶ ᠲᠠᠨᠢᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠪᠠᠶᠢᠴᠠᠭᠠᠬᠤ ᠠᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤᠮᠳᠠ ᠨᠡᠩ ᠭᠦᠨᠵᠡᠭᠡᠶ ᠨᠡᠩ ᠪᠣᠳᠠᠲᠠᠶ ᠪᠠᠷ ᠠᠭᠤᠰᠬᠠᠵᠤ᠂ ᠬᠠᠤᠯᠢ ᠶᠣᠰᠣᠭᠠᠷ ᠴᠢᠳᠠᠮᠠᠭᠠᠶ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠡᠷ ᠳᠠᠮᠵᠢᠭᠤᠯᠤᠨ 《ᠤᠯᠤᠰ ᠲᠦᠷᠦ ᠶᠢ ᠡᠷᠬᠢᠮᠯᠡᠬᠦ》 ᠶᠢ ᠪᠠᠶᠢᠴᠠᠭᠠᠬᠤ ᠠᠵᠢᠯ ᠨᠢᠭᠡᠪᠦᠷᠢ᠂ ᠬᠡᠷᠡᠭ ᠨᠢᠭᠡᠪᠦᠷᠢ ᠶᠢ ᠰᠢᠶᠳᠪᠦᠷᠢᠯᠡᠬᠦ ᠳᠤᠮᠳᠠ ᠨᠠᠶᠢᠳᠠᠪᠤᠷᠢᠵᠢᠭᠤᠯᠬᠤ ᠬᠡᠷᠡᠭᠲᠡᠶ᠃ ᠦᠢᠯᠡᠴᠢᠯᠡᠭᠡᠨ ᠦ ᠪᠠᠲᠤᠯᠠᠭ᠎ᠠ ᠶᠢᠨ ᠲᠠᠯ᠎ᠠ ᠪᠠᠷ ᠬᠦᠴᠦ ᠣᠷᠣᠭᠤᠯᠵᠤ᠂ ᠨᠠᠮ ᠪᠣᠯᠤᠨ ᠤᠯᠤᠰ ᠤᠨ ᠠᠵᠢᠯ ᠤᠨ ᠶᠡᠬᠡ ᠲᠠᠯ᠎ᠠ ᠶᠢᠨ ᠲᠣᠭᠣᠷᠢᠨ ᠳᠤ᠂ ᠤᠯᠠᠭᠠᠢ ᠬᠠᠮᠢᠶᠠᠷᠤᠯᠲᠠ ᠶᠢᠨ ᠣᠷᠣᠨ ᠤ ᠠᠵᠤ ᠠᠬᠤᠢ ᠨᠡᠶᠢᠭᠡᠮ ᠦᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠤᠳᠤ ᠦᠶ᠎ᠡ ᠶᠢᠨ ᠰᠣᠳᠣᠨ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠣᠷᠴᠢᠨ ᠲᠣᠭᠣᠷᠢᠨ ᠤ ᠬᠠᠮᠠᠭᠠᠯᠠᠯᠲᠠ᠂ ᠠᠭᠤᠷᠬᠠᠢ ᠶᠢᠨ ᠭᠠᠷᠤᠯᠲᠠ ᠶᠢᠨ ᠨᠡᠭᠡᠭᠡᠨ ᠬᠥᠭᠵᠢᠭᠦᠯᠦᠯᠲᠡ᠂ ᠰᠣᠶᠣᠯ ᠵᠤᠭᠠᠴᠠᠯ ᠵᠡᠷᠭᠡ ᠲᠠᠯ᠎ᠠ ᠲᠠᠶ ᠨᠢᠭᠲᠠ ᠤᠶᠠᠯᠳᠤᠭᠤᠯᠤᠨ ᠦᠢᠯᠡᠴᠢᠯᠡᠭᠡᠨ ᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠠᠵᠢᠯ ᠢ ᠦᠨᠡᠨᠬᠦ ᠪᠣᠳᠠᠲᠠᠢ ᠠᠳᠬᠤᠬᠤ ᠬᠡᠷᠡᠭᠲᠡᠢ᠃ ᠣᠷᠴᠢᠨ ᠲᠣᠭᠣᠷᠢᠨ ᠤ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠬᠤ ᠳᠡᠭᠡᠷ᠎ᠡ ᠬᠦᠴᠦ ᠲᠠᠯᠪᠢᠵᠤ ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠣᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠠᠷᠭ᠎ᠠ ᠵᠠᠮ ᠢ ᠭᠦᠨᠵᠡᠭᠡᠶ ᠡᠵᠡᠮᠳᠡᠨ ᠂ ︽ ᠠᠮᠢ ᠠᠬᠤᠶ ᠶᠢ ᠲᠡᠷᠢᠭᠦᠨ ᠳᠦ ᠲᠠᠯᠪᠢᠬᠤ ᠂ ᠪᠣᠬᠢᠷᠲᠤᠯ ᠥᠬᠡᠶ ᠬᠥᠭᠵᠢᠭᠦᠯᠬᠦ ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠤᠷᠢ ᠶᠢ ᠭᠦᠶᠴᠡᠳ ᠪᠠᠳᠠᠷᠠᠭᠤᠯᠤᠨ ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ ᠂ ᠤᠮᠠᠷᠠᠲᠤ ᠬᠢᠯᠢ ᠶᠢᠨ ᠠᠮᠢ ᠠᠬᠤᠶ ᠶᠢᠨ ᠬᠠᠯᠬᠠᠪᠴᠢ ᠶᠢ ᠦᠨᠡᠨ ᠬᠦ ᠪᠡᠬᠢᠵᠢᠭᠦᠯᠦᠨ᠎ᠡ ᠃ ᠪᠣᠳᠠᠲᠠᠢ ᠶᠢ ᠠᠳᠬᠤᠨ ᠴᠢᠩᠭ᠎ᠠ ᠬᠠᠮᠢᠶᠠᠷᠴᠤ ᠵᠤᠵᠠᠭᠠᠨ ᠬᠠᠶᠢᠷ᠎ᠠ ᠶᠢ ᠡᠷᠬᠢᠮᠯᠡᠬᠦ ᠳᠡᠭᠡᠷ᠎ᠡ ᠬᠦᠴᠦ ᠲᠠᠯᠪᠢᠵᠤ᠂ ︽ᠴᠢᠩᠭ᠎ᠠ︾ᠭᠡᠬᠦ ᠭᠣᠣᠯ ᠬᠦᠭ ᠠᠶᠠᠰ ᠢ ᠢᠮᠠᠭᠲᠠ ᠪᠠᠷᠢᠮᠲᠠᠯᠠᠵᠤ᠂ ᠤᠳᠤᠷᠢᠳᠬᠤ ᠪᠠᠭ ᠤᠨ ᠪᠠᠶᠢᠭᠤᠯᠤᠯᠲᠠ᠂ ᠡᠩᠨᠡᠭᠡᠨ ᠦ ᠪᠠᠶᠢᠭᠤᠯᠤᠯᠲᠠ ᠪᠠ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠬᠥᠮᠦᠵᠢᠭᠦᠯᠵᠦ ᠴᠡᠭᠴᠡᠯᠡᠭᠰᠡᠨ ᠦᠷ᠎ᠡ ᠪᠦᠲᠦᠭᠡᠯ ᠢ ᠲᠠᠰᠤᠷᠠᠯᠳᠡ ᠦᠭᠡᠢ ᠪᠡᠬᠢᠵᠢᠭᠦᠯᠵᠦ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠴᠠᠭᠠᠷᠠᠭᠰᠠᠨ ᠪᠠᠶᠢᠴᠠᠭᠠᠬᠤ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃
ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠤᠯᠠᠭᠠᠶ ᠬᠠᠮᠢᠶᠠᠷᠤᠯᠲᠠ ᠶᠢᠨ ᠣᠷᠣᠨ ᠤ ᠬᠠᠯᠠᠭᠠᠶᠢᠲᠤ ᠲᠠᠷᠢᠶᠠᠯᠠᠩ ᠮᠠᠯᠵᠢᠯ ᠤᠨ ᠲᠠᠯᠠᠪᠠᠶ ᠶᠢᠨ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ ᠂ ᠠᠮᠢ ᠠᠬᠤᠶ ᠶᠢᠨ ᠣᠷᠴᠢᠨ ᠨᠥᠬᠥᠴᠡᠯ ᠦᠨ ᠬᠠᠮᠠᠭᠠᠯᠠᠯᠲᠠ ᠪᠠ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ ᠃