ᠲᠡᠷᠢᠭᠦᠨ ᠨᠢᠭᠤᠷ  -   ᠪᠠᠶᠢᠴᠠᠭᠠᠬᠤ ᠶᠠᠪᠤᠳᠠᠯ ᠢ ᠢᠯᠡ ᠪᠣᠯᠭᠠᠬᠤ

ᠴᠠᠬᠠᠷ ᠪᠠᠷᠠᠭᠤᠨ ᠭᠠᠷᠤᠨ ᠡᠮᠤᠨᠡᠲᠤ ᠬᠤᠰᠢᠭᠤᠨ ᠤ ᠪᠠᠶᠢᠴᠠᠭᠠᠬᠤ ᠬᠤᠷᠢᠶ᠎ᠠ ᠢᠯᠡ  ᠪᠠᠷ ᠵᠠᠷᠯᠠᠬᠤ ᠮᠠᠶ᠋ᠢᠭ ᠢᠶᠠᠷ ᠪᠠᠶᠢᠴᠠᠭᠠᠬᠤ ᠰᠠᠨᠠᠭᠤᠯᠭ᠎ᠠ ᠬᠦᠷᠭᠡᠵᠦ ᠲᠡᠥᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠬᠠᠮᠢᠶᠠᠷᠤᠯᠲᠠ  ᠶᠢᠨ ᠠᠵᠢᠯ  ᠢ ᠲᠦᠯᠬᠢᠨ ᠠᠬᠢᠭᠤᠯᠪᠠ

2022-08-30 14:49:23
ᠵᠣᠬᠢᠶᠠᠭᠴᠢ
ᠪᠤᠤ ᠴᠡᠨᠭᠬᠡᠯ

ᠪᠠᠶᠢᠴᠠᠭᠠᠬᠤ ᠰᠠᠨᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠠ  ᠳᠦᠷᠢᠮᠵᠢᠯᠡᠭᠦᠯᠵᠦ᠂ ᠪᠠᠶᠢᠴᠠᠭᠠᠬᠤ ᠰᠠᠨᠠᠭᠤᠯᠭ᠎ᠠ ᠶᠢᠨ ᠶᠠᠰᠤ ᠴᠢᠨᠠᠷ ᠪᠤᠯᠤᠨ ᠦᠷ᠎ᠡ ᠪᠦᠲᠦᠮᠵᠢ ᠶᠢ ᠪᠠᠲᠤᠯᠠᠵᠤ᠂ ᠪᠠᠶᠢᠴᠠᠭᠠᠬᠤ ᠰᠠᠨᠠᠭᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠨᠠᠨ ᠬᠠᠮᠢᠶᠠᠷᠤᠯᠲᠠ ᠶᠢᠨ ᠠᠵᠢᠯ ᠪᠤᠯᠤᠨ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠡᠥᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠳᠠᠬᠢ ᠠᠮᠤᠷ ᠲᠦᠪᠰᠢᠨ ᠤ ᠳᠠᠯᠳᠠ ᠭᠡᠮ ᠢ ᠦᠳᠲᠦᠷ ᠲᠦᠷᠭᠡᠨ ᠠᠷᠢᠯᠭᠠᠵᠤ᠂ ᠪᠠᠶᠢᠴᠠᠭᠠᠬᠤ  ᠪᠠᠶᠢᠭᠤᠯᠭ᠎ᠠ ᠶᠢᠨ ᠬᠡᠷᠡᠭ  ᠰᠢᠢᠳᠪᠦᠷᠢᠯᠡᠬᠦ ᠡᠷᠬᠡ ᠰᠦᠷᠲᠦ ᠴᠢᠨᠠᠷ᠂ ᠬᠤᠭᠤᠴᠠᠭᠠᠲᠤ ᠴᠢᠨᠠᠷ ᠢ ᠳᠡᠭᠡᠭᠰᠢᠯᠡᠭᠦᠯᠬᠦ ᠶᠢᠨ  ᠲᠦᠯᠦᠭᠡ᠂ ᠤᠶᠢᠷ᠎ᠠ ᠶᠢᠨ ᠡᠳᠦᠷ ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠦᠨ ᠡᠮᠤᠨᠡᠲᠤ ᠬᠤᠰᠢᠭᠤᠨ ᠤ ᠠᠷᠠᠳ ᠤᠨ  ᠪᠠᠶᠢᠴᠠᠭᠠᠬᠤ  ᠬᠤᠷᠢᠶᠠᠨ ᠠᠴᠠ ᠬᠤᠰᠢᠭᠤᠨ ᠤ ᠰᠤᠶᠤᠯ ᠪᠠ ᠵᠢᠭᠤᠯᠴᠢᠯᠠᠯ ᠤᠨ ᠲᠤᠪᠴᠢᠶᠠᠨ ᠳᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ ᠢᠯᠡ ᠪᠠᠷ ᠵᠠᠷᠯᠠᠬᠤ ᠮᠠᠶ᠋ᠢᠭ ᠪᠠ ᠬᠦᠷᠭᠡᠭᠰᠡᠨ ᠪᠠᠶᠢᠨ᠎ᠠ᠃ ᠰᠠᠨᠠᠭᠤᠯᠤᠭᠳᠠᠭᠰᠠᠨ ᠪᠠᠶᠢᠭᠤᠯᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠵᠦ᠂ ᠠᠷᠠᠳ ᠤᠨ ᠬᠢᠨᠠᠯᠲᠠ ᠲᠠᠯᠪᠢᠭᠴᠢ  ᠲᠤᠬᠠᠢ ᠶᠢᠨ ᠲᠠᠯᠠᠪᠤᠷ ᠳᠤ ᠭᠦᠷᠴᠦ ᠬᠢᠨᠠᠯᠲᠠ ᠲᠠᠯᠪᠢᠭᠰᠠᠨ  ᠪᠠᠶᠢᠨ᠎ᠠ᠃


图片1.jpg


ᠲᠤᠰ ᠪᠠᠶᠢᠴᠠᠭᠠᠬᠤ ᠬᠣᠷᠢᠶ᠎ᠠ ᠬᠡᠷᠡᠭ ᠰᠢᠢᠳᠪᠦᠷᠢᠯᠡᠬᠦ ᠶᠠᠪᠤᠴᠠ ᠳᠤ  ᠪᠠᠨ ᠂ ᠤᠶᠢᠷ᠎ᠠ ᠶᠢᠨ ᠵᠢᠯ  ᠳᠤ  ᠲᠤᠰ ᠬᠤᠰᠢᠭᠤᠨ  ᠳᠤ ᠲᠡᠥᠬᠡᠨ ᠳᠤᠷᠠᠰᠬᠠᠯᠲᠤ ᠵᠦᠢᠯᠡᠰ ᠡᠪᠳᠡᠭᠳᠡᠭᠰᠡᠨ ᠦᠵᠡᠭᠳᠡᠯ ᠨᠤᠴᠢᠲᠠᠢ ᠤᠷᠤᠰᠢᠨ᠂ ᠤᠨᠴᠠᠭᠠᠶᠢᠯᠠᠨ ᠭᠠᠵᠠᠷ ᠳᠤᠤᠷᠠᠬᠢ ᠲᠡᠥᠬᠡᠨ ᠳᠤᠷᠠᠰᠬᠠᠯᠲᠤ ᠵᠦᠢᠯᠡᠰ ᠵᠡᠷᠭᠡ  ᠬᠤᠪᠤᠷ ᠨᠠᠨᠳᠢᠨ ᠰᠤᠶᠤᠯ ᠤᠨ ᠡᠬᠢ ᠪᠠᠶᠠᠯᠢᠭ ᠤᠯᠠᠨᠲᠠ ᠬᠤᠬᠢᠷᠠᠯ ᠳᠤ  ᠤᠴᠠᠷᠠᠵᠤ᠂  ᠲᠡᠥᠬᠡᠨ ᠳᠤᠷᠠᠰᠬᠠᠯᠲᠤ ᠵᠦᠢᠯᠡᠰ ᠤᠨ ᠬᠢᠨᠠᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠠᠵᠢᠯ ᠳᠤᠮᠳᠠ ᠤᠯᠠᠨ ᠳᠤᠲᠠᠭᠳᠠᠯ ᠪᠠ ᠬᠦᠷᠦᠯᠴᠡᠬᠦ ᠦᠭᠡᠢ ᠲᠠᠯ᠎ᠠ ᠵᠡᠷᠭᠡ ᠠᠰᠠᠭᠤᠳᠠᠯ ᠤᠷᠤᠰᠢᠵᠤ ᠪᠠᠶᠢᠬᠤ ᠶᠢ  ᠣᠯᠵᠤ ᠮᠡᠳᠡᠨ᠂  ᠰᠠᠨᠠᠭᠤᠯᠤᠭᠳᠠᠭᠰᠠᠨ  ᠪᠠᠶᠢᠭᠤᠯᠭ᠎ᠠ  ᠳᠤ ᠬᠠᠨᠳᠤᠯᠭᠠᠲᠦ ᠴᠢᠨᠠᠷ ᠲᠠᠢ ᠠᠵᠢᠯ  ᠤᠨ  ᠰᠠᠨᠠᠭᠤᠯᠭ᠎ᠠ ᠳᠤᠷᠠᠳᠤᠵᠠᠢ᠃ ᠳᠠᠭᠠᠭᠠᠨ ᠰᠢᠢᠳᠪᠦᠷᠢᠯᠡᠬᠦ ᠪᠠᠶᠢᠴᠠᠭᠠᠬᠤ  ᠲᠤᠰᠢᠶᠠᠯᠲᠠᠨ ᠲᠤᠬᠠᠢ ᠶᠢᠨ ᠲᠠᠯᠠᠪᠤᠷ  ᠲᠤ ᠪᠠᠶᠢᠴᠠᠭᠠᠬᠤ ᠰᠠᠨᠠᠭᠤᠯᠭ᠎ᠠ ᠶᠢᠨ  ᠪᠢᠴᠢᠭ ᠢ ᠤᠩᠰᠢᠨ ᠦᠭᠴᠦ᠂ ᠬᠠᠥᠯᠢ ᠴᠠᠭᠠᠵᠠ ᠶᠢ ᠲᠠᠶᠢᠯᠪᠤᠷᠢᠯᠠᠵᠤ ᠶᠤᠰᠤ ᠤᠴᠢᠷ ᠢ ᠲᠤᠳᠤᠷᠬᠠᠶᠢᠯᠠᠭᠰᠠᠨ   ᠪᠠᠶᠢᠨ᠎ᠠ᠃ ᠰᠠᠨᠠᠭᠤᠯᠤᠭᠳᠠᠭᠰᠠᠨ  ᠪᠠᠶᠢᠭᠤᠯᠭ᠎ᠠ  ᠠᠴᠠ ᠪᠠᠶᠢᠴᠠᠭᠠᠬᠤ ᠰᠠᠨᠠᠭᠤᠯᠭ᠎ᠠ ᠶᠢᠨ ᠵᠢᠭᠠᠨ ᠭᠠᠷᠭᠠᠭᠰᠠᠨ  ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠬᠦᠯᠢᠶᠡᠨᠠᠪᠴᠤ᠂  ᠪᠦᠬᠦᠨ ᠢ ᠬᠤᠷᠢᠶᠠᠵᠦ᠂ ᠬᠠᠥᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠮᠢᠶ᠎ᠠ   ᠪᠦᠬᠦᠢ  ᠪᠠᠶᠢᠭᠤᠯᠭ᠎ᠠ ᠨᠢᠭᠡᠴᠢ ᠲᠠᠢ   ᠬᠠᠮᠵᠢᠯᠴᠠᠭ᠎ᠠ ᠪᠠᠨ ᠴᠢᠩᠭᠠᠳᠬᠠᠵᠤ᠂ ᠪᠦᠬᠦ  ᠲᠠᠯ᠎ᠠ ᠪᠠᠷ ᠪᠠᠶᠢᠴᠠᠭᠠᠬᠤ  ᠰᠠᠨᠠᠭᠤᠯᠭ᠎ᠠ   ᠳᠠᠬᠢ  ᠠᠭᠤᠯᠭ᠎ᠠ ᠶᠢ ᠨᠠᠶᠢᠳᠠᠪᠦᠷᠢᠵᠢᠭᠤᠯᠤᠨ᠎ᠠ ᠭᠡᠰᠡᠨ ᠪᠠᠶᠢᠨ᠎ᠠ᠃


图片2.jpg


ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ ᠦᠢᠯᠡᠳᠦᠨ ᠲᠠᠷᠬᠠᠭᠠᠭᠰᠠᠨ ᠨᠢ ᠴᠠᠬᠠᠷ ᠪᠠᠷᠠᠭᠤᠨ ᠭᠠᠷᠤᠨ ᠡᠮᠤᠨᠡᠲᠤ ᠬᠤᠰᠢᠭᠤᠨ ᠤ ᠪᠠᠶᠢᠴᠠᠭᠠᠬᠤ  ᠬᠤᠷᠢᠶᠠᠨ ᠤ ᠨᠡᠶᠢᠭᠡᠮ ᠤᠨ ᠵᠠᠰᠠᠨᠯᠲᠠ ᠳᠤ ᠤᠷᠤᠯᠴᠠᠬᠤ  ᠴᠢᠬᠤᠯᠠ ᠭᠠᠷᠳᠠᠴᠠ ᠪᠤᠯᠵᠤ᠂ ᠬᠠᠥᠯᠢ ᠪᠠᠷᠢᠯᠲᠠ ᠪᠠ ᠬᠡᠷᠡᠭ ᠰᠢᠢᠳᠪᠦᠷᠢᠯᠡᠬᠦ ᠶᠠᠪᠤᠴᠠ ᠳᠤ ᠠᠰᠠᠭᠤᠳᠠᠯ ᠢ ᠢᠯᠡᠷᠡᠭᠦᠯᠦᠭᠰᠡᠨ ᠤ ᠳᠠᠷᠠᠭ᠎ᠠ ᠪᠠᠶᠢᠴᠠᠭᠠᠬᠤ ᠰᠠᠨᠠᠭᠤᠯᠭ᠎ᠠ ᠶᠢᠨ ᠪᠢᠴᠢᠭ  ᠢᠶᠠᠷ ᠨᠡᠶᠢᠭᠡᠮ ᠤᠨ   ᠬᠠᠮᠢᠶᠠᠷᠤᠯᠲᠠ ᠶᠢᠨ ᠶᠠᠪᠤᠴᠠ ᠳᠤ ᠤᠷᠤᠰᠢᠵᠤ ᠪᠦᠬᠦᠢ ᠲᠦᠭᠡᠮᠡᠯ ᠴᠢᠨᠠᠷ ᠪᠤᠯᠤᠨ ᠬᠡᠯᠪᠡᠷᠢᠯ ᠤᠨ ᠴᠢᠨᠠᠷᠲᠦ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠪᠠᠶᠢᠴᠠᠭᠠᠬᠤ  ᠪᠠᠶᠢᠭᠤᠯᠭ᠎ᠠ ᠶᠢᠨ ᠬᠠᠥᠯᠢ  ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠤᠯᠤᠰ ᠲᠦᠷᠦ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ᠂ ᠬᠠᠥᠯᠢ ᠴᠠᠭᠠᠵᠠ ᠶᠢᠨ ᠦᠷ᠎ᠡ ᠪᠦᠲᠦᠮᠵᠢ ᠯᠤᠭ᠎ᠠ ᠶᠢᠨ ᠤᠷᠭᠠᠨᠢᠭ ᠨᠢᠭᠡᠲᠦᠯ ᠢ ᠬᠦᠴᠦᠲᠡᠢ ᠠᠬᠢᠭᠤᠯᠤᠭᠰᠠᠨ ᠪᠠᠶᠢᠨ᠎ᠠ᠃ ᠳᠠᠷᠠᠭᠠᠬᠢ ᠶᠢᠨ ᠠᠯᠬᠤᠮ  ᠳᠤ ᠲᠤᠰ ᠪᠠᠶᠢᠴᠠᠭᠠᠬᠤ ᠬᠤᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠯᠤᠭ᠎ᠠ ᠶᠢᠨ ᠨᠡᠪᠲᠡᠷᠡᠯᠴᠡᠭᠡ  ᠪᠠᠨ  ᠭᠦᠨᠵᠡᠭᠡᠶᠢᠷᠡᠭᠦᠯᠵᠦ᠂ ᠬᠠᠷᠢᠯᠴᠠᠨ ᠢᠳᠡᠪᠬᠢᠲᠠᠢ ᠬᠠᠮᠵᠢᠯᠴᠠᠵᠤ᠂  ᠲᠤᠰ ᠬᠤᠰᠢᠭᠤᠨ ᠤ  ᠪᠠᠨ ᠲᠠᠥᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠬᠠᠮᠲᠤᠪᠡᠷ ᠲᠦᠯᠬᠢᠨ  ᠠᠭᠢᠭᠤᠯᠤᠨ᠎ᠠ᠃


      ᠪᠤᠤ ᠴᠡᠨᠭᠬᠡᠯ ᠤᠷᠴᠢᠭᠤᠯᠪᠠ


ᠢᠷᠡᠯᠲᠡ
ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠦᠨ ᠡᠮᠤᠨᠡᠲᠤ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro