ᠰᠢᠨ᠎ᠡ ᠬᠤᠲᠠ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠡ ᠤᠷᠢᠯᠭ᠎ᠠ ᠪᠠᠷ ᠬᠦᠬᠡᠬᠤᠲᠠ ᠶᠢᠨ ᠮᠤᠩᠭᠤᠯ ᠦᠨᠳᠦᠰᠦᠳᠡᠨ ᠤ ᠰᠤᠷᠭᠠᠭᠤᠯᠢ ᠳᠤ ᠬᠦᠷᠴᠦ ᠮᠤᠩᠭᠤᠯ ᠬᠡᠯᠡᠨ ᠤ ᠬᠠᠥᠯᠢ ᠪᠠᠷ ᠵᠠᠰᠠᠬᠤ ᠬᠢᠴᠢᠶᠡᠯ ᠤᠷᠤᠭᠰᠠᠨ ᠪᠠᠶᠢᠨ᠎ᠠ
ᠨᠠᠰᠤᠨ ᠳᠤ ᠦᠯᠦ ᠬᠦᠷᠦᠭᠰᠡᠳ ᠤᠨ ᠠᠮᠤᠷ ᠲᠦᠪᠰᠢᠨ ᠤ ᠰᠡᠷᠭᠡᠶᠢᠯᠡᠯᠳᠡ ᠶᠢᠨ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠵᠦᠪ ᠤᠨᠤᠪᠴᠢᠲᠠᠢ ᠬᠠᠥᠯᠢ ᠪᠠᠷ ᠵᠠᠰᠠᠬᠤ ᠦᠵᠡᠯᠳᠡ ᠶᠢ ᠪᠤᠢ ᠪᠤᠯᠭᠠᠵᠤ᠂ ᠪᠤᠯᠪᠠᠰᠤᠨ᠂ ᠠᠮᠤᠷ ᠠᠮᠤᠭᠤᠯᠠᠩ᠂ ᠡᠶ᠎ᠡ ᠵᠤᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠬᠦᠮᠦᠨ ᠬᠦᠮᠦᠵᠢᠭᠦᠯᠭᠦ ᠤᠷᠴᠢᠨ ᠨᠦᠬᠦᠴᠡᠯ ᠢ ᠪᠤᠢ ᠪᠤᠯᠭᠠᠬᠤ ᠶᠢᠨ ᠲᠦᠯᠦᠭᠡ᠂ 8 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ ᠬᠦᠬᠡᠬᠠᠳᠠ ᠶᠢᠨ ᠰᠢᠨ᠎ᠡ ᠬᠤᠲᠠ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠬᠤᠤᠰ ᠬᠡᠯᠡᠨ ᠤ ᠪᠠᠶᠢᠴᠠᠭᠠᠭᠴᠢ ᠠᠵᠢᠯᠳᠠᠨ ᠭᠡᠭᠡᠬᠲᠤᠶᠠᠭᠠ ᠨᠦᠬᠦᠷ ᠬᠦᠬᠡᠬᠤᠳᠠ ᠶᠢᠨ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠤᠷᠢᠯᠭ᠎ᠠ ᠪᠠᠷ ᠲᠤᠰ ᠰᠤᠷᠭᠠᠭᠤᠯᠢ ᠳᠤ ᠬᠦᠷᠴᠦ᠂ ᠲᠤᠰ ᠰᠤᠷᠭᠠᠭᠤᠯᠢ ᠶᠢᠨ ᠠᠩᠬ᠎ᠠ ᠲᠤᠮᠳᠠᠳᠤ ᠶᠢᠨ ᠨᠢᠭᠡᠳᠦᠭᠡᠷ ᠤᠨ ᠪᠠ ᠦᠨᠳᠦᠷ ᠲᠤᠮᠳᠠᠳᠤ ᠶᠢᠨ ᠨᠢᠭᠡᠳᠦᠭᠡᠷ ᠤᠨ ᠤ ᠲᠠᠪᠤᠨ ᠵᠠᠭᠤ ᠭᠠᠷᠤᠢ ᠰᠢᠨ᠎ᠡ ᠰᠤᠷᠤᠭᠴᠢᠳ ᠲᠤ ᠮᠤᠩᠭᠤᠯ ᠬᠡᠯᠡᠨ ᠤ ᠬᠠᠥᠯᠢ ᠲᠦᠭᠡᠮᠡᠯᠵᠢᠭᠦᠯᠬᠦ ᠬᠢᠴᠢᠶᠡᠯ ᠬᠦᠷᠭᠡᠵᠡᠢ᠃
ᠲᠤᠰ ᠬᠢᠴᠢᠶᠡᠯ ᠨᠢ 《ᠨᠠᠷᠠᠯᠠᠭ ᠪᠠᠭᠠᠴᠤᠳ ᠪᠢᠳᠡ ᠲᠤᠷᠤᠮᠵᠢᠯᠠᠯ ᠠᠴᠠ ᠬᠤᠯᠠᠳᠠᠵᠤ ᠬᠠᠥᠯᠢ ᠶᠢ ᠰᠤᠷᠤᠨ ᠡᠵᠡᠮᠰᠢᠶ᠎ᠡ》 ᠭᠡᠬᠦ ᠰᠡᠳᠦᠪ ᠢᠶᠡᠷ 《ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠥᠯᠢ》 ᠶᠢᠨ ᠬᠠᠥᠯᠢ ᠲᠤᠭᠳᠠᠭᠠᠯᠳᠠ ᠶᠢᠨ ᠢᠷᠡᠯᠳᠡ ᠵᠢᠴᠢ ᠠᠴᠢ ᠬᠤᠯᠪᠤᠭᠳᠠᠯ ᠤᠨ ᠲᠤᠬᠠᠢ ᠲᠠᠨᠢᠯᠴᠠᠭᠤᠯᠵᠤ᠂ ᠰᠤᠷᠭᠠᠭᠤᠯᠢ ᠶᠢᠨ ᠬᠦᠷᠢᠶᠡᠨ ᠤ ᠬᠠᠮᠠᠭᠠᠯᠠᠯᠲᠠ ᠶᠢᠨ ᠲᠠᠯ᠎ᠠ ᠶᠢᠨ ᠠᠭᠤᠯᠭ᠎ᠠ ᠶᠢ ᠬᠡᠷᠡᠭ ᠤᠨ ᠵᠢᠱᠢᠶ᠎ᠡ ᠪᠠᠷ ᠬᠦᠨᠵᠡᠭᠡᠢ ᠪᠦᠭᠡᠳ ᠤᠶᠢᠯᠠᠭᠠᠮᠵᠢᠲᠠᠢ ᠪᠠᠷ ᠲᠠᠶᠢᠯᠪᠤᠷᠢᠯᠠᠭᠰᠠᠨ ᠪᠠᠶᠢᠨ᠎ᠠ᠂ ᠲᠠᠷᠠᠭ᠎ᠠ ᠨᠢ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠵᠢᠴᠢ ᠡᠨᠡ ᠬᠤᠶᠠᠷ ᠤᠨ ᠬᠠᠷᠢᠴᠠᠭ᠎ᠠ ᠵᠡᠷᠭᠡ ᠭᠣᠷᠪᠠᠨ ᠲᠠᠯ᠎ᠠ ᠠᠴᠠ ᠰᠤᠷᠭᠠᠭᠤᠯᠢ ᠶᠢᠨ ᠬᠦᠷᠢᠶᠡᠨ ᠳᠠᠬᠢ ᠠᠮᠤᠷ ᠲᠦᠪᠰᠢᠨ ᠤ ᠠᠰᠠᠭᠤᠳᠠᠯ ᠢ ᠲᠠᠶᠢᠯᠪᠤᠷᠢᠯᠠᠵᠤ᠂ ᠬᠠᠥᠯᠢ ᠪᠤᠰᠤ ᠬᠠᠯᠳᠠᠯᠭ᠎ᠠ ᠶᠢᠨ ᠦᠢᠯᠡ ᠠᠵᠢᠯᠯᠠᠭ᠎ᠠ ᠶᠢ ᠶᠠᠭᠠᠬᠢᠵᠦ ᠰᠡᠷᠭᠡᠶᠢᠯᠡᠬᠦ ᠪᠠ ᠬᠡᠷᠬᠢᠨ ᠰᠢᠢᠳᠪᠦᠷᠢᠯᠡᠬᠦ ᠵᠡᠷᠭᠡ ᠲᠠᠯ᠎ᠠ ᠠᠴᠠ ᠰᠠᠨᠠᠭᠠᠭᠤᠯᠭᠠ ᠲᠤᠷᠠᠳᠤᠭᠰᠠᠨ ᠪᠠᠶᠢᠨ᠎ᠠ᠃ ᠡᠭᠦᠨ ᠤ ᠲᠠᠷᠠᠭ᠎ᠠ ᠨᠢ ᠭᠤᠤᠯᠳᠠᠯᠭ᠎ᠠ ᠲᠠᠢ ᠪᠠᠷ ᠨᠠᠰᠤᠨ ᠳᠤ ᠦᠯᠦ ᠬᠦᠷᠦᠭᠰᠡᠳ ᠲᠠᠢ ᠬᠤᠯᠪᠤᠭᠳᠠᠭᠰᠠᠨ ᠪᠠᠶᠢᠩᠭᠤ ᠲᠤᠬᠢᠶᠠᠯᠳᠤᠳᠠᠭ ᠶᠠᠯ᠎ᠠ ᠶᠢᠨ ᠨᠡᠷ᠎ᠡ ᠵᠢᠴᠢ ᠶᠠᠯ᠎ᠠ ᠶᠢᠨ ᠤᠬᠠᠭᠳᠠᠬᠤᠨ ᠢ ᠠᠵᠢᠯ ᠤᠨ ᠲᠤᠮᠳᠠ ᠰᠢᠢᠳᠪᠦᠷᠢᠯᠡᠵᠦ ᠦᠩᠭᠡᠷᠡᠭᠰᠡᠨ ᠪᠤᠲᠠᠲᠠᠢ ᠮᠦᠷᠳᠡᠭᠡᠨ ᠠᠮᠢᠳᠤᠯᠢᠭ ᠭᠡᠷᠡᠭ ᠤᠨ ᠵᠢᠱᠢᠶ᠎ᠡ ᠲᠠᠢ ᠤᠶᠠᠯᠳᠠᠭᠤᠯᠤᠨ ᠲᠠᠶᠢᠯᠪᠤᠷᠢᠯᠠᠨ ᠶᠠᠷᠢᠵᠤ᠂ ᠶᠡᠯ᠎ᠠ ᠬᠢᠬᠦ ᠰᠡᠳᠬᠢᠴᠡ ᠪᠠ ᠰᠢᠯᠳᠠᠭᠠᠨ ᠢ ᠨᠢ ᠵᠠᠳᠠᠯᠤᠨ᠂ ᠰᠤᠷᠤᠭᠴᠢᠳ ᠲᠤ ᠰᠠᠬᠢᠯᠭ᠎ᠠ ᠪᠠᠳᠤ ᠬᠠᠥᠯᠢ ᠴᠠᠭᠠᠵᠠ ᠶᠢ ᠵᠢᠷᠤᠮᠯᠠᠨ ᠰᠠᠬᠢᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠨᠠᠵᠠᠭᠠᠢ ᠤᠷᠮ᠎ᠠ ᠰᠡᠳᠬᠢᠯᠭᠡ ᠶᠢ ᠬᠡᠷᠬᠢᠨ ᠵᠤᠬᠢᠴᠠᠭᠤᠯᠬᠤ ᠵᠢᠴᠢ ᠦᠪᠡᠷ ᠢ ᠪᠠᠨ ᠬᠠᠮᠠᠭᠠᠯᠠᠬᠤ ᠤᠷ᠎ᠠ ᠴᠢᠳᠠᠪᠤᠷᠢ ᠶᠢ ᠨᠢ ᠲᠡᠭᠡᠭᠰᠢᠯᠡᠭᠦᠯᠬᠦ ᠲᠤᠬᠠᠢ ᠰᠤᠷᠭᠠᠨ ᠵᠢᠯᠤᠭᠤᠳᠴᠠᠢ᠃ ᠬᠠᠮᠤᠭ ᠰᠡᠭᠦᠯ ᠳᠤ ᠪᠠᠢᠴᠠᠭᠠᠬᠤ ᠠᠵᠢᠯᠳᠠᠨ ᠠᠴᠠ ᠰᠤᠷᠤᠭᠴᠢ ᠨᠠᠷ ᠲᠤ ᠲᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠲᠤᠬᠠᠢ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠵᠢᠴᠢ ᠦᠨᠳᠦᠰᠦᠳᠡᠨ ᠤ ᠬᠠᠥᠯᠢ ᠴᠠᠭᠠᠵᠠ ᠬᠠᠥᠯᠢ ᠲᠤᠭᠳᠠᠭᠠᠯ ᠤᠨ ᠲᠤᠬᠠᠢ ᠤᠬᠠᠭᠤᠯᠤᠨ ᠶᠠᠷᠢᠭᠰᠠᠨ ᠪᠠᠶᠢᠨ᠎ᠠ᠃
ᠲᠠᠷᠠᠭᠠᠴᠢ ᠪᠠᠷ ᠰᠢᠨ᠎ᠡ ᠬᠤᠲᠠ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠡ ᠨᠢ ᠡᠶᠢᠮᠦᠷᠬᠦ ᠬᠤᠤᠰ ᠬᠡᠯᠡᠨ ᠤ ᠬᠠᠥᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠠᠵᠢᠯ ᠢ ᠦᠷᠭᠦᠯᠵᠢᠯᠡᠨ ᠦᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠬᠠᠥᠯᠢ ᠲᠦᠭᠡᠮᠡᠯᠵᠢᠭᠦᠯᠬᠦ ᠠᠵᠢᠯ ᠢ ᠨᠡᠩ ᠦᠷᠭᠡᠨ ᠬᠡᠪᠴᠢᠶ᠎ᠡ ᠪᠠᠷ ᠪᠦᠷᠬᠦᠬᠦᠯᠬᠦ ᠶᠢ ᠪᠡᠶᠡᠯᠡᠭᠦᠯᠵᠦ᠂ ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠬᠤ ᠠᠵᠢᠯ ᠤᠨ ᠨᠡᠷᠡᠲᠦ ᠲᠡᠮᠳᠡᠭ ᠢ ᠢᠯᠡ ᠪᠤᠯᠭᠠᠵᠤ᠂ ᠨᠠᠰᠤᠨ ᠳᠤ ᠦᠯᠦ ᠬᠦᠷᠦᠭᠰᠡᠳ ᠤᠨ ᠬᠠᠥᠯᠢ ᠴᠠᠭᠠᠵᠠ ᠶᠢᠨ ᠬᠠᠮᠠᠭᠠᠯᠠᠯᠳᠠ ᠶᠢ ᠪᠠᠲᠦ ᠪᠠᠬᠢᠵᠢᠭᠦᠯᠦᠨ᠎ᠡ᠃
ᠵᠤᠬᠢᠶᠠᠭᠴᠢ ᠭᠡᠭᠡᠬᠲᠤᠶᠠᠭᠠ