ᠲᠡᠷᠢᠭᠦᠨ ᠨᠢᠭᠤᠷ  -  ᠨᠦᠬᠦᠷᠰᠡᠭ ᠱᠦᠭᠦᠮᠡᠩ

ᠴᠠᠬᠠᠷ ᠪᠠᠷᠠᠭᠤᠨ ᠭᠠᠷᠤᠨ ᠡᠮᠤᠨᠡᠲᠤ ᠬᠤᠰᠢᠭᠤᠨ ᠤ ᠠᠷᠠᠳ  ᠤᠨ ᠪᠠᠶᠢᠴᠠᠭᠠᠬᠤ ᠬᠤᠷᠢᠶ᠎ᠠ 《 ᠰᠢᠨ᠎ᠡ ᠠᠶᠠᠯᠠᠯ ᠳᠠᠭᠠᠨ ᠡᠷᠴᠢ ᠬᠦᠴᠦᠳᠡᠢ ᠮᠡᠷᠡᠶᠢᠨ ᠴᠢᠷᠮᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠨᠠᠮ 》 ᠭᠤᠣᠯ ᠰᠡᠳᠦᠪᠲᠤ ᠤᠬᠠᠭᠤᠯᠭ᠎ᠠ ᠶᠢᠨ ᠭᠦᠳᠡᠯᠭᠡᠭᠡᠨ ᠦᠷᠨᠢᠭᠦᠯᠦᠭᠰᠡᠨ ᠪᠠᠶᠢᠨ᠎ᠠ

2022-09-28 15:49:06
ᠵᠣᠬᠢᠶᠠᠭᠴᠢ
ᠪᠣᠣ ᠴᠡᠩᠭᠡᠯ

 ᠪᠦᠬᠦ ᠲᠠᠯ᠎ᠠ ᠪᠠᠷ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠦᠨᠳᠦᠰᠦᠲᠡᠨ ᠤ  ᠪᠦᠯᠬᠦᠮᠳᠡᠯ ᠳᠠᠪᠰᠢᠯᠲᠠ ᠶᠢᠨ ᠣᠬᠠᠭᠤᠯᠭ᠎ᠠ ᠶᠢᠨ ᠠᠵᠢᠯ ᠢ ᠭᠦᠨᠵᠡᠭᠡᠶᠢᠷᠡᠭᠦᠯᠵᠦ᠂ ᠪᠠᠶᠢᠴᠠᠭᠠᠬᠤ ᠪᠠᠶᠢᠭᠤᠯᠭ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠠᠬᠢ ᠲᠤᠰᠢᠶᠠᠯ ᠭᠦᠢᠴᠡᠳᠭᠡᠬᠦ ᠴᠢᠳᠠᠮᠠᠭᠠᠢ ᠴᠢᠨᠠᠷ ᠢᠶᠠᠨ ᠨᠡᠩ ᠴᠢᠨᠠᠭᠰᠢᠲᠠ ᠪᠠᠳᠠᠷᠠᠭᠤᠯᠵᠦ᠂ ᠡᠯ᠎ᠡ ᠦᠨᠳᠦᠰᠦᠲᠡᠨ ᠯᠤᠭ᠎ᠠ ᠶᠢᠨ ᠬᠠᠷᠢᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠴᠢᠩᠭᠠᠳᠬᠠᠬᠤ ᠶᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠤ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠳᠡᠯᠭᠡᠭᠡᠨ ᠤ ᠰᠠᠷ᠎ᠠ ︾ ᠶᠢᠨ ᠬᠠᠮᠢᠶ᠎ᠠ ᠪᠦᠭᠦᠢ ᠮᠡᠳᠡᠭᠳᠡᠯ ᠤᠨ ᠵᠣᠷᠢᠭ ᠰᠠᠨᠠᠭ᠎ᠠ ᠶᠢ ᠦᠨᠳᠦᠰᠦᠯᠡᠨ  


察右图片1.png


2022 ᠣᠨ ᠤ 9 ᠰᠠᠷᠠᠶᠢᠨ 16 ᠤ ᠡᠳᠦᠷ᠂ ᠴᠠᠬᠠᠷ ᠪᠠᠷᠠᠭᠤᠨ ᠭᠠᠷᠤᠨ ᠡᠮᠤᠨᠡᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ 《 ᠰᠢᠨ᠎ᠡ ᠠᠶᠠᠯᠠᠯ ᠳᠠᠭᠠᠨ ᠡᠷᠴᠢ ᠬᠦᠴᠦᠳᠡᠢ ᠮᠡᠷᠡᠶᠢᠨ ᠴᠢᠷᠮᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠨᠠᠮ︾ᠭᠡᠳᠡᠭ ᠭᠤᠣᠯ ᠰᠡᠳᠦᠪᠲᠦ ᠣᠬᠠᠭᠤᠯᠭ᠎ᠠ ᠶᠢᠨ ᠬᠦᠳᠡᠯᠭᠡᠭᠡᠨ ᠦᠷᠨᠢᠭᠦᠯᠦᠭᠰᠡᠨ ᠪᠠᠶᠢᠨ᠎ᠠ᠃


图片1 查.png


ᠲᠣᠰ ᠤᠳᠠᠭᠠᠨ ᠤ ᠬᠦᠳᠡᠯᠭᠡᠭᠡᠨ   ᠤ ᠶᠠᠪᠣᠴᠠ ᠳᠤ᠂ ᠺᠠᠲᠠᠷ ᠴᠠᠭᠳᠠᠭ᠎ᠠ ᠨᠠᠷ ᠬᠦᠨᠳᠡᠯᠡᠨ ᠪᠢᠴᠢᠭᠡᠰᠦ  ᠡᠯᠭᠦᠵᠦ᠂ ᠲᠤᠮᠤ ᠵᠠᠷ ᠨᠠᠭᠠᠵᠤ᠂ ᠣᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠤᠬᠠᠢ ᠶᠢᠨ ᠲᠠᠯᠠᠪᠠᠢ ᠳᠤ ᠲᠤᠲᠤᠷᠬᠠᠶᠢᠯᠠᠨ ᠲᠠᠶᠢᠯᠪᠤᠷᠢᠯᠠᠬᠤ ᠵᠡᠷᠭᠡ ᠬᠡᠯᠪᠡᠷᠢ ᠮᠠᠶ᠋ᠢᠭ ᠢᠶᠠᠷ ᠳᠠᠮᠵᠢᠨ ︽ᠰᠢ ᠶᠢᠨ ᠫᠢᠩ  ᠶᠡᠷᠤᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠦᠭᠦᠯᠡᠯᠲᠡ︾᠂ ᠰᠢ ᠶᠢᠨ ᠫᠢᠩ ᠶᠡᠷᠦᠩᠬᠡᠢ ᠱᠦᠵᠢ ᠶᠢᠨ ᠶᠠᠷᠢᠵᠦ ᠦᠩᠭᠡᠷᠡᠭᠰᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ᠂︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢ ᠠᠬᠢᠭᠤᠯᠬᠤ ᠳᠦᠷᠢᠮ︾ ᠵᠡᠷᠭᠡ ᠪᠢᠴᠢᠭ ᠮᠠᠲ᠋ᠧᠷᠢᠶᠠᠯ ᠢ ᠦᠷᠭᠡᠨ ᠳᠡᠯᠭᠡᠷᠡᠩᠭᠦᠢ ᠤᠬᠠᠭᠤᠯᠤᠭᠰᠠᠨ ᠪᠠᠶᠢᠨ᠎ᠠ᠃ ᠡᠨᠡ ᠨᠢ ᠠᠷᠠᠳ ᠤᠯᠠᠨ ᠤ ᠣᠯᠣᠰ ᠤᠨ ᠦᠨᠳᠦᠰᠦᠲᠡᠨ ᠤ ᠲᠦᠷᠦ ᠶᠢᠨ ᠪᠤᠳᠣᠯᠭ᠎ᠠ  ᠶᠢᠨ ᠣᠨᠣᠯ᠂ ᠬᠠᠣᠯᠢ ᠴᠠᠭᠠᠵᠠ ᠬᠠᠣᠯᠢ ᠲᠤᠭᠲᠠᠭᠠᠯ ᠤᠨ ᠲᠠᠨᠢᠯᠲᠠ ᠪᠠ ᠤᠶᠢᠯᠠᠭᠠᠯᠲᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠳᠬᠠᠭᠰᠠᠨ ᠪᠠᠶᠢᠯ᠎ᠠ᠃


图片1 察右.png


ᠳᠠᠷᠠᠭᠠᠴᠢ ᠶᠢᠨ ᠠᠯᠬᠤᠮ ᠳᠠᠭᠠᠨ᠂ ᠴᠠᠬᠠᠷ ᠪᠠᠷᠠᠭᠤᠨ ᠡᠮᠤᠨᠡᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠠᠴᠠ ᠨᠠᠮ ᠤᠨ ᠦᠨᠳᠦᠰᠦᠲᠡᠨ ᠤ ᠲᠦᠷᠦ ᠶᠢᠨ  ᠪᠣᠳᠣᠯᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠳᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ  ᠢᠶᠠᠨ ᠪᠣᠯᠭᠠᠵᠣ᠂ ᠤᠯᠤᠰ ᠲᠦᠷᠦ ᠶᠢᠨ ᠵᠣᠭᠰᠤᠯᠲᠠ ᠪᠠᠨ ᠴᠢᠨᠠᠭᠰᠢᠲᠠ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠬᠤ ᠠᠵᠢᠯ ᠤᠨ ᠶᠠᠪᠣᠴᠠ ᠳᠤ ᠢᠮᠠᠭᠲᠠ ᠠᠭᠤᠰᠬᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ  ᠶᠢᠨ  ᠬᠠᠥᠯᠢ ᠪᠠᠷ ᠵᠠᠰᠠᠭᠰᠠᠨ ᠲᠦᠪᠰᠢᠨ ᠢᠶᠠᠨ ᠳᠡᠭᠡᠭᠰᠢᠯᠡᠭᠦᠯᠵᠦ᠂ ᠪᠠᠶᠢᠴᠠᠭᠠᠬᠤ ᠡᠭᠦᠷᠭᠡ ᠴᠢᠳᠠᠮᠵᠢ ᠪᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠦᠲᠦᠭᠡᠬᠦ ᠠᠵᠢᠯ ᠯᠤᠭ᠎ᠠ ᠶᠢᠨ ᠤᠷᠭᠠᠨᠢᠭ ᠨᠢᠭᠡᠲᠦᠯ ᠢ ᠡᠷᠡᠰ ᠪᠠᠷᠢᠮᠲᠠᠯᠠᠵᠦ᠂ ᠴᠠᠬᠠᠷ   ᠪᠠᠷᠠᠭᠤᠨ ᠭᠠᠷᠤᠨ ᠡᠮᠦᠨᠡᠲᠦ ᠬᠤᠰᠢᠭᠤᠨ ᠤ ᠦᠨᠳᠦᠰᠦᠲᠡᠨ ᠤ ᠪᠦᠯᠬᠦᠮᠳᠡᠯ᠂ ᠠᠵᠤ ᠠᠬᠤᠢ ᠶᠢᠨ ᠦᠷᠨᠢᠯ ᠭᠦᠭᠵᠢᠯ᠂ ᠨᠡᠶᠢᠭᠡᠮ ᠤᠨ ᠡᠶ᠎ᠡ ᠵᠣᠬᠢᠴᠠᠯ᠂ ᠰᠣᠶᠤᠯ ᠤᠨ ᠴᠠᠴᠡᠭᠯᠡᠯᠲᠡ ᠳᠤ ᠲᠠᠰᠤᠷᠠᠯᠲᠠ ᠦᠭᠡᠢ ᠰᠢᠨ᠎ᠡ ᠬᠤᠪᠢ  ᠨᠡᠮᠡᠷᠢ  ᠡᠷᠭᠦᠵᠦ᠂ ᠨᠠᠮ ᠤᠨ  ᠬᠤᠷᠢᠳᠤᠭᠠᠷ ᠶᠡᠭᠡ ᠬᠤᠷᠠᠯ ᠢ ᠠᠮᠵᠢᠯᠲᠠ ᠲᠡᠭᠦᠯᠳᠡᠷ ᠤᠭᠲᠤᠮᠤᠢ᠃


ᠵᠣᠬᠢᠶᠠᠭᠴᠢ ᠪᠣᠣ ᠴᠡᠩᠭᠡᠯ


ᠢᠷᠡᠯᠲᠡ
ᠤᠯᠠᠭᠠᠨᠴᠠᠪ ᠬᠤᠲᠠ ᠵᠢᠨ ᠴᠠᠬᠠᠷ ᠪᠠᠷᠠᠭᠤᠨ ᠭᠠᠷᠤᠨ ᠡᠮᠤᠨᠡᠲᠤ ᠬᠤᠰᠢᠭᠤᠨ ᠤ ᠠᠷᠠᠳ  ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro