ᠲᠡᠷᠢᠭᠦᠨ ᠨᠢᠭᠤᠷ  -  ᠨᠦᠬᠦᠷᠰᠡᠭ ᠱᠦᠭᠦᠮᠡᠩ

ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠬᠣᠯᠪᠣᠭᠠᠯᠠᠨ ᠳᠠᠭᠠᠴᠢᠯᠠᠵᠤ ᠪᠠᠶᠢᠭ᠎ᠠ ᠨᠡᠶᠢᠭᠡᠮ ᠲᠣᠭᠣᠷᠢᠭ ᠲᠤ ︽ᠨᠠᠮ  ᠦᠨ ᠠᠴᠢ   ᠳᠦ ᠲᠠᠯᠠᠷᠬᠠᠵᠤ᠂ ᠨᠠᠮ   ᠦᠨ ᠦᠭᠡ ᠶᠢ ᠰᠣᠨᠤᠰᠴᠤ᠂ ᠨᠠᠮ ᠢᠶᠠᠨ ᠳᠠᠭᠠᠨ ᠣᠷᠣᠭᠰᠢᠯᠠᠬᠤ︾ ᠳᠣᠮᠳᠠᠳᠤ ᠶᠢᠨ ᠦᠨᠳᠤᠰᠤᠲᠡᠨ ᠤ ᠬᠠᠮᠲᠤ ᠶᠢᠨ ᠴᠤᠭᠴᠠ ᠶᠢᠨ ᠤᠬᠠᠮᠰᠠᠷ  ᠢ ᠪᠠᠲᠤᠳᠬᠠᠵᠤ ᠤᠬᠠᠭᠤᠯᠬᠤ ᠶᠠᠷᠢᠶ᠎ᠠ ᠲᠠᠶᠢᠯᠣᠮᠵᠢ ᠦᠷᠨᠢᠭᠦᠯᠪᠡ

2023-05-04 19:46:59
ᠵᠣᠬᠢᠶᠠᠭᠴᠢ
ᠰᠢᠶᠤᠤ ᠷᠥᠩ

            

ᠳᠤᠮᠳᠠᠳᠤ  ᠶᠢᠨ ᠦᠨᠳᠦᠰᠦᠲᠡᠨ  ᠤ ᠬᠠᠮᠲᠤ  ᠶᠢᠨ ᠴᠣᠭᠴᠠ  ᠶᠢᠨ ᠦᠵᠡᠯ ᠤᠬᠠᠮᠰᠠᠷ  ᠢ ᠤᠯᠠᠮ ᠨᠢᠭᠡ ᠠᠯᠬᠤᠮ ᠪᠠᠲᠤ ᠪᠠᠬᠢ ᠴᠣᠭᠴᠠᠯᠠᠵᠤ ᠂ ︽ᠵᠢᠱᠢᠶ᠎ᠡ ᠦᠵᠡᠭᠦᠯᠬᠦ ᠥᠪᠡᠷᠲᠡᠭᠡᠨ ᠵᠠᠰᠠᠬᠤ ᠣᠷᠣᠨ︾  ᠢ ᠪᠥᠬᠥ ᠲᠠᠯ᠎ᠠ ᠪᠠᠷ ᠪᠥᠲᠥᠭᠡᠨ ᠪᠠᠶᠢᠭᠤᠯᠬᠤ ᠡᠭᠦᠷᠭᠡ  ᠶᠢ ᠨᠠᠶᠢᠳᠠᠪᠤᠷᠢᠵᠢᠭᠤᠯᠬᠤ  ᠶᠢ ᠳᠥᠯᠭᠢᠨ ᠠᠬᠢᠭᠤᠯᠵᠤ ᠂ ᠬᠠᠮᠲᠤᠪᠠᠷ ᠪᠦᠯᠬᠦᠮᠳᠡᠨ  ᠲᠡᠮᠡᠴᠡᠵᠦ᠂ ᠬᠠᠮᠲᠤᠪᠠᠷ ᠬᠦᠭᠵᠢᠨ ᠳᠠᠪᠰᠢᠵᠤ ᠦᠵᠡᠯ ᠰᠠᠨᠠᠭᠠᠨ ᠦ ᠰᠠᠭᠤᠷᠢ  ᠶᠢ ᠪᠠᠲᠤ ᠪᠠᠬᠢ ᠴᠣᠭᠴᠠᠯᠠᠬᠤ  ᠶᠢᠨ ᠲᠥᠯᠥᠭᠡ  ᠣᠢᠷ᠎ᠠ ᠳᠤ᠂ ᠬᠢᠶ᠎ᠠ ᠪᠠᠭᠰᠢ ᠲᠣᠭᠣᠷᠢᠭ  ᠤᠨ ᠠᠷᠠᠳ  ᠤᠨ ᠪᠠᠶᠢᠴᠠᠭᠠᠬᠤ ᠬᠣᠷᠢᠢ᠎ᠠ ᠬᠣᠯᠪᠣᠭᠠᠯᠠᠨ ᠳᠠᠭᠠᠴᠢᠯᠠᠵᠤ ᠪᠠᠶᠢᠭ᠎ᠠ ᠨᠡᠶᠢᠭᠡᠮ ᠲᠣᠭᠣᠷᠢᠭ ᠲᠤ ︽ᠨᠠᠮ  ᠤᠨ ᠠᠴᠢ  ᠳᠤ ᠲᠠᠯᠠᠷᠬᠠᠵᠤ᠂ ᠨᠠᠮ  ᠤᠨ ᠦᠭᠡ  ᠶᠢ ᠰᠣᠨᠣᠰᠴᠤ᠂ ᠨᠠᠮ  ᠢᠶᠠᠨ ᠳᠠᠭᠠᠨ ᠤᠷᠤᠭᠰᠢᠯᠠᠬᠤ︾ ᠳᠤᠮᠳᠠᠳᠤ  ᠶᠢᠨ ᠦᠨᠳᠦᠰᠦᠲᠡᠨ  ᠦ ᠬᠠᠮᠲᠤ  ᠶᠢᠨ ᠴᠣᠭᠴᠠ  ᠶᠢᠨ ᠤᠬᠠᠮᠰᠠᠷ  ᠢ ᠪᠠᠲᠤᠳᠬᠠᠬᠤ ᠭᠣᠣᠯ ᠰᠡᠳᠦᠪᠲᠦ ᠤᠬᠠᠭᠤᠯᠤᠨ  ᠲᠠᠢᠯᠪᠤᠷᠢᠯᠠᠯᠲᠠ ᠵᠢᠴᠢ ᠭᠣᠣᠯ ᠰᠡᠳᠦᠪᠲᠦ ᠨᠠᠮ  ᠤᠨ ᠠᠵᠢᠯᠯᠠᠭᠠᠨ ᠤ ᠡᠳᠦᠷ  ᠤᠨ ᠬᠦᠳᠡᠯᠭᠡᠭᠡᠨ ᠥᠷᠨᠢᠭᠦᠯᠵᠡᠢ᠃ 

 

 

     ᠤᠬᠠᠭᠤᠯᠤᠨ ᠲᠠᠶᠢᠯᠪᠤᠷᠢᠯᠠᠬᠤ ᠳᠤᠮᠳᠠ᠂ ᠬᠢᠶ᠎ᠠ ᠪᠠᠭᠰᠢ ᠲᠣᠭᠣᠷᠢᠭ  ᠤᠨ ᠠᠷᠠᠳ  ᠤᠨ ᠪᠠᠶᠢᠴᠠᠭᠠᠬᠤ ᠬᠣᠷᠢᠶᠠᠨ  ᠤ ᠨᠠᠮ  ᠤᠨ ᠡᠭᠦᠷ  ᠤᠨ ᠳᠡᠳ᠋ ᠱᠦᠵᠢ ᠯᠢᠦ ᠶᠠᠨ ᠫᠢᠩ ︽ᠵᠢᠱᠢᠶ᠎ᠡ ᠦᠵᠡᠭᠦᠯᠬᠦ ᠥᠪᠡᠷᠲᠡᠭᠡᠨ ᠵᠠᠰᠠᠬᠤ ᠣᠷᠣᠨ︾᠋  ᠤ ᠠᠬᠤᠢ ᠪᠠᠶᠢᠳᠠᠯ᠂ ᠠᠴᠢ ᠬᠣᠯᠪᠣᠭᠳᠠᠯ ᠵᠡᠷᠭᠡ ᠲᠠᠯ᠎ᠠ  ᠠᠴᠠ ᠳᠤᠮᠳᠠᠳᠤ  ᠶᠢᠨ ᠦᠨᠳᠦᠰᠦᠲᠡᠨ   ᠬᠠᠮᠲᠤ  ᠶᠢᠨ ᠴᠣᠭᠴᠠ  ᠶᠢᠨ ᠤᠬᠠᠮᠰᠠᠷ ᠪᠣᠯ ᠤᠯᠤᠰ  ᠤᠨ ᠨᠢᠭᠡᠳᠦᠯ  ᠤᠨ ᠰᠠᠭᠤᠷᠢ᠂ ᠦᠨᠳᠦᠰᠦᠲᠡᠨ  ᠤ ᠪᠦᠯᠬᠦᠮᠳᠡᠯ  ᠤᠨ ᠦᠨᠳᠦᠰᠦ᠂ ᠤᠶᠤᠨ ᠰᠠᠨᠠᠭᠠᠨ  ᠤ ᠬᠦᠴᠦᠨ ᠴᠢᠳᠠᠯ  ᠤᠨ ᠰᠦᠭ ᠰᠦᠨᠡᠰᠦ ᠮᠥᠨ ᠭᠡᠳᠡᠭ  ᠢ ᠠᠮᠢᠳᠤᠯᠢᠭ  ᠢᠶᠡᠷ ᠶᠠᠷᠢᠪᠠ᠃ ᠤᠨᠤᠯ  ᠤᠨ  ᠤᠬᠠᠭᠤᠯᠤᠯ ᠲᠠᠢᠯᠪᠤᠷᠢᠯᠠᠯᠲᠠ  ᠶᠢ ᠰᠠᠶᠢᠲᠤᠷ ᠬᠢᠬᠦ  ᠶᠢᠨ ᠬᠠᠮᠲᠤ᠂ ᠲᠤᠰ ᠬᠣᠷᠢᠢ᠎ᠠ ᠪᠠᠰᠠ ᠢᠷᠭᠡᠨ  ᠦ ᠬᠡᠷᠡᠭ  ᠤᠨ ᠪᠠᠶᠢᠴᠠᠭᠠᠬᠤ ᠵᠡᠷᠭᠡ ᠬᠠᠤᠯᠢ ᠴᠠᠭᠠᠵᠠ  ᠶᠢᠨ ᠮᠡᠳᠡᠯᠭᠡ  ᠶᠢᠨ ᠲᠣᠭᠣᠷᠢᠨ ᠳᠤ ᠢᠳᠡᠪᠬᠢᠲᠡᠢ ᠤᠬᠠᠭᠤᠯᠭ᠎ᠠ ᠬᠢᠵᠦ᠂ ᠤᠬᠠᠭᠤᠯᠭ᠎ᠠ  ᠶᠢᠨ ᠭᠠᠷ ᠳᠡᠪᠲᠡᠷ ᠲᠠᠷᠬᠠᠭᠠᠵᠤ᠂ ᠬᠠᠤᠯᠢ ᠴᠠᠭᠠᠵᠠ  ᠶᠢ ᠨᠡᠶᠢᠭᠡᠮ ᠲᠣᠭᠣᠷᠢᠭ ᠲᠤ ᠣᠷᠣᠭᠤᠯᠵᠤ᠂ ᠠᠷᠠᠳ  ᠤᠨ ᠲᠥᠯᠥᠭᠡ ᠬᠦᠴᠢᠷ ᠠᠰᠠᠭᠤᠳᠠᠯ  ᠢ ᠰᠢᠢᠳᠪᠦᠷᠢᠯᠡᠵᠦ᠂ ᠰᠢᠯᠢᠳᠡᠭ ᠦᠢᠯᠡᠴᠢᠯᠡᠭᠡ ᠪᠡᠷ ᠬᠥᠮᠦᠰ  ᠤᠨ ᠰᠡᠳᠬᠢᠯ  ᠢ ᠳᠤᠯᠠᠭᠠᠴᠠᠭᠤᠯᠵᠤ᠂ ᠨᠠᠮ  ᠤᠨ ᠠᠴᠢ ᠲᠤᠰᠠ   ᠳᠤ ᠲᠠᠯᠠᠷᠬᠠᠵᠦ᠂ ᠠᠷᠠᠳ  ᠤᠨ ᠰᠡᠳᠬᠢᠯ ᠢ   ᠨᠢᠭᠲᠠᠷᠠᠭᠤᠯᠪᠠ᠃
   

 

ᠰᠡᠳᠬᠢᠯ ᠢᠲᠡᠭᠡᠯ  ᠢᠶᠠᠨ ᠪᠠᠲᠤᠳᠬᠠᠵᠤ᠂ ᠦᠨᠳᠦᠰᠦᠲᠡᠨ  ᠤ ᠤᠬᠠᠮᠰᠠᠷ  ᠢᠶᠠᠨ ᠪᠠᠲᠤᠳᠬᠠᠨ᠎ᠠ᠃ ᠲᠤᠰ ᠤᠳᠠᠭ᠎ᠠ  ᠶᠢ ᠨᠤᠬᠠᠭᠤᠯᠤᠨ ᠲᠠᠶᠢᠯᠪᠤᠷᠢᠯᠠᠯᠲᠠ ᠳᠤ᠂ ᠨᠠᠮ  ᠤᠨ ᠦᠨᠳᠦᠰᠦᠲᠡᠨ  ᠤ ᠲᠦᠷᠦ  ᠶᠢᠨ ᠪᠤᠳᠤᠯᠭ᠎ᠠ ᠪᠣᠯᠤᠨ ᠦᠨᠳᠦᠰᠦᠲᠡᠨ  ᠦ ᠪᠦᠯᠬᠦᠮᠳᠡᠯ  ᠤᠨ ᠲᠡᠷᠢᠭᠦᠨ  ᠤ ᠦᠢᠯᠡ  ᠶᠠᠪᠦᠳᠠᠯ  ᠵᠡᠷᠭᠡ  ᠶᠢ ᠭᠣᠣᠯᠳᠠᠯᠭ᠎ᠠ ᠲᠠᠶ ᠤᠬᠠᠭᠤᠯᠵᠤ᠂ ᠦᠨᠳᠦᠰᠦᠲᠡᠨ  ᠤ ᠪᠦᠯᠬᠦᠮᠳᠡᠯ ᠲᠠᠪᠰᠢᠯᠳᠠ  ᠶᠢᠨ  ᠤᠨᠤᠯᠵᠢᠬᠤᠨ᠂ ᠳᠤᠮᠳᠠᠳᠤ ᠶᠢᠨ ᠦᠨᠳᠦᠰᠦᠲᠡᠨ  ᠦ ᠬᠠᠮᠲᠤ  ᠶᠢᠨ ᠴᠣᠭᠴᠠ ᠶᠢᠨ ᠤᠬᠠᠮᠰᠠᠷ ᠢ ᠬᠥᠮᠦᠰ  ᠶᠢᠨ ᠰᠡᠳᠬᠢᠯ ᠳᠦ ᠬᠠᠳᠠᠩᠰᠢᠭᠤᠯᠵᠤ᠂ᠦᠨᠳᠦᠰᠦᠲᠡᠨ ᠨᠦᠭᠦᠳ  ᠤᠨ ᠠᠷᠠᠳ ᠲᠦᠮᠡᠨ ᠤ ᠳᠤᠮᠳᠠᠳᠤ  ᠶᠢᠨ ᠦᠨᠳᠦᠰᠦᠲᠡᠨ  ᠦ ᠰᠣᠶᠣᠯ  ᠢ ᠮᠡᠳᠡᠷᠡᠬᠦ ᠰᠡᠳᠬᠢᠯᠭᠡ᠂ ᠦᠨᠳᠦᠰᠦᠲᠡᠨ  ᠤ ᠪᠦᠯᠬᠦᠮᠳᠡᠯ   ᠢ ᠬᠠᠮᠠᠭᠠᠯᠠᠬᠤ ᠢᠲᠡᠭᠡᠯ ᠵᠣᠷᠢᠭ  ᠢ ᠴᠢᠨᠠᠭᠰᠢᠳᠠ   ᠴᠢᠭ᠍ᠭᠠᠳᠬᠠᠵᠦ᠂ ᠦᠨᠳᠦᠰᠦᠨ ᠱᠠᠲᠤᠨ  ᠤ ᠤᠯᠠᠨ ᠲᠦᠮᠡᠨ  ᠢ ᠦᠨᠳᠦᠰᠦᠲᠡᠨ  ᠤ ᠪᠦᠯᠬᠦᠮᠳᠡᠯ ᠲᠠᠪᠰᠢᠯᠳᠠ  ᠶᠢ ᠡᠭᠦᠳᠦᠨ ᠪᠠᠶᠢᠭᠤᠯᠬᠤ ᠦᠢᠯᠡᠳᠦᠯᠭᠡᠵᠢᠭᠦᠯᠦᠭᠴᠢ ᠪᠣᠯᠭᠠᠬᠤ ᠪᠠᠷ ᠬᠦᠳᠦᠯᠦᠨ ᠵᠢᠯᠤᠭᠤᠳᠪᠠ︔ᠡᠭᠦᠨ  ᠤ ᠬᠠᠮᠲᠤ ᠥᠷᠭᠡᠨ ᠤᠯᠠᠨ ᠨᠠᠮ  ᠤᠨ ᠭᠡᠰᠢᠭᠦᠨ ᠳᠦ ᠳᠤᠮᠳᠠᠳᠤ ᠤᠯᠤᠰ  ᠤᠨ ᠡᠪ ᠬᠠᠮᠲᠤ ᠨᠠᠮ  ᠤᠨ ᠠᠭᠤᠤ ᠶᠡᠬᠡ ᠬᠦᠴᠦᠨ ᠴᠢᠳᠠᠯ  ᠢ ᠮᠡᠳᠡᠷᠡᠭᠦᠯᠵᠦ᠂ ᠨᠠᠮ  ᠤᠨ ᠦᠨᠳᠦᠰᠦᠲᠡᠨ  ᠦ ᠠᠵᠢᠯ ᠳᠠᠬᠢ ᠤᠳᠤᠷᠢᠳᠤᠯᠭ᠎ᠠ  ᠶᠢ ᠨᠡᠩ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ  ᠢᠶᠠᠨ ᠪᠠᠲᠤᠳᠬᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠬᠡᠷᠡᠭᠲᠡᠢ ᠭᠡᠳᠡᠭ ᠢ ᠮᠡᠳᠡᠷᠡᠭᠦᠯᠵᠡᠢ᠃

     

 

ᠬᠢᠶ᠎ᠠ ᠪᠠᠭᠰᠢ ᠲᠣᠭᠣᠷᠢᠭ  ᠤᠨ ᠠᠷᠠᠳ  ᠤᠨ ᠪᠠᠶᠢᠴᠠᠭᠠᠬᠤ ᠬᠣᠷᠢᠶ᠎ᠠ ᠢᠮᠠᠭᠲᠠ《 ᠳᠤᠮᠳᠠᠳᠤ  ᠶᠢᠨ ᠦᠨᠳᠦᠰᠦᠲᠡᠨ ᠨᠢᠭᠡ ᠭᠡᠷ  ᠤᠨ ᠬᠥᠮᠦᠨ ᠮᠡᠲᠦ ᠳᠣᠲᠣᠨᠣ ᠪᠠᠶᠢᠵᠤ ᠂ ᠰᠡᠳᠬᠢᠯ  ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠡᠨ ᠬᠠᠮᠲᠤ ᠪᠠᠷ ᠲᠡᠷᠭᠡᠯᠰᠢᠭᠦᠯᠬᠦ 》 ᠪᠡᠷ ᠶᠡᠷᠦᠩᠬᠡᠶ ᠬᠠᠷᠠᠯᠲᠠ ᠪᠠᠨ ᠪᠣᠯᠭᠠᠵᠤ ᠂ ︽ᠳᠤᠮᠳᠠᠳᠤ ᠶᠢᠨ ᠦᠨᠳᠦᠰᠦᠲᠡᠨ  ᠦ ᠬᠠᠮᠲᠤ  ᠶᠢᠨ ᠴᠣᠭᠴᠠ  ᠶᠢᠨ ᠤᠬᠠᠮᠰᠠᠷ  ᠢ ᠪᠠᠲᠤ ᠪᠤᠢ ᠪᠣᠯᠭᠠᠬᠤ︾ ᠪᠡᠷ ᠭᠣᠣᠯ ᠰᠢᠵᠢᠮ ᠪᠣᠯᠭᠠᠵᠤ᠂ ︽ᠦᠨᠳᠦᠰᠦᠲᠡᠨ ᠨᠦᠭᠦᠳ  ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ  ᠢ ᠠᠬᠢᠭᠤᠯᠬᠤ︾ ᠪᠡᠷ ᠦᠨᠳᠦᠰᠦᠨ ᠠᠷᠭ᠎ᠠ ᠵᠠᠮ ᠪᠣᠯᠭᠠᠵᠤ᠂ ᠪᠠᠶᠢᠴᠠᠭᠠᠬᠤ ᠭᠣᠭᠴᠣᠭ᠎ᠠ  ᠶᠢᠨ ᠦᠨᠳᠦᠰᠦᠲᠡᠨ   ᠦ ᠪᠦᠯᠬᠦᠮᠳᠡᠯ  ᠢ ᠡᠭᠦᠳᠦᠨ ᠪᠠᠶᠢᠭᠤᠯᠬᠤ ᠠᠵᠢᠯ   ᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ᠦᠨᠳᠦᠰᠦᠲᠡᠨ  ᠤ ᠪᠦᠯᠬᠦᠮᠳᠡᠯ  ᠤᠨ ᠴᠡᠴᠡᠭ  ᠢ ᠡᠭᠦᠷᠢᠳᠡ ᠴᠡᠴᠡᠭᠯᠡᠭᠦᠯᠦᠨ ᠳᠡᠯᠭᠡᠷᠡᠭᠦᠯᠵᠦ᠂ ᠬᠢᠶ᠎ᠠ ᠪᠠᠭᠰᠢ ᠲᠣᠭᠣᠷᠢᠭ ᠤᠨ ᠪᠦᠳᠦᠭᠡᠨ ᠪᠠᠶᠢᠭᠤᠯᠤᠯᠲᠠ ᠳᠤ ᠪᠠᠶᠢᠴᠠᠭᠠᠬᠤ ᠬᠦᠴᠦᠨ ᠴᠢᠳᠠᠯ  ᠢᠶᠠᠨ ᠡᠷᠭᠦᠬᠦ ᠪᠡᠷ ᠴᠢᠷᠮᠠᠶᠢᠨ᠎ᠠ ︕

ᠢᠷᠡᠯᠲᠡ
ᠣᠷᠳᠤᠰ ᠬᠣᠲᠠ ᠵᠢᠨ ᠬᠢᠶ᠎ᠠ ᠪᠠᠭᠰᠢ ᠲᠣᠭᠣᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro