ᠲᠡᠷᠢᠭᠦᠨ ᠨᠢᠭᠤᠷ  -  ᠨᠦᠬᠦᠷᠰᠡᠭ ᠱᠦᠭᠦᠮᠡᠩ

ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ︽ᠳᠥᠷᠪᠡ  ᠶᠢ ᠴᠢᠩᠭᠠᠳᠬᠠᠵᠤ︾ ᠦᠨᠳᠦᠰᠦᠲᠡᠨ ᠦ ᠪᠥᠯᠬᠦᠮᠳᠡᠯ ᠢ ᠠᠬᠢᠭᠤᠯᠬᠤ ᠪᠦᠲᠦᠭᠡᠨ  ᠪᠠᠶᠢᠭᠤᠯᠤᠯᠲᠠ  ᠪᠡᠨ  ᠳᠡᠭᠡᠭᠰᠢᠯᠡᠭᠦᠯᠵᠦ ᠪᠤᠢ

2023-09-22 11:06:49
ᠵᠣᠬᠢᠶᠠᠭᠴᠢ
ᠥᠷᠴᠠᠶᠢᠬᠤ

 

      ᠣᠷᠴᠢᠮ ᠤᠨ ᠵᠢᠯ ᠳᠦ᠂ ᠦᠤᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠮ ᠤᠨ ᠦᠨᠳᠦᠰᠦᠲᠡᠨ ᠦ ᠲᠤᠬᠠᠢ  ᠲᠦᠷᠦ ᠶᠢᠨ ᠪᠣᠳᠣᠯᠭ᠎ᠠ ᠶᠢ ᠪᠠᠲᠤᠲᠠᠢ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠦ ᠠᠵᠢᠯ ᠢ ᠴᠢᠩᠭᠠᠳᠬᠠᠬᠤ ᠬᠢᠭᠡᠳ ᠥᠭᠡᠷᠡᠴᠢᠯᠡᠬᠦ ᠲᠤᠬᠠᠢ ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠣᠯ ᠳᠤ ᠬᠢᠭᠰᠡᠨ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ᠂ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠤᠭᠴᠠ ᠶᠢᠨ ᠦᠵᠡᠯ ᠤᠬᠠᠮᠰᠠᠷ ᠢ ᠪᠠᠲᠤᠳᠬᠠᠬᠤ ᠶᠢ ᠡᠯ᠎ᠡ ᠲᠥᠷᠥᠯ ᠦᠨ ᠪᠠᠶᠢᠴᠠᠭᠠᠬᠤ ᠠᠵᠢᠯ ᠤᠨ ᠭᠣᠣᠯ ᠱᠤᠭᠤᠮ ᠪᠤᠯᠭᠠᠵᠤ᠂ ︽ᠳᠥᠷᠪᠡ ᠶᠢ ᠴᠢᠩᠭᠠᠳᠬᠠᠬᠤ︾ ᠪᠠᠷ ᠳᠠᠮᠵᠢᠨ ᠦᠨᠳᠦᠰᠦᠲᠡᠨ ᠦ ᠪᠥᠯᠬᠦᠮᠳᠡᠯ ᠢ ᠠᠬᠢᠭᠤᠯᠬᠤ ᠲᠡᠷᠢᠭᠦᠨ ᠦ ᠨᠢᠭᠡᠴᠡ ᠶᠢ ᠪᠥᠲᠦᠭᠡᠨ ᠪᠠᠶᠢᠭᠤᠯᠬᠤ ᠲᠥᠪᠰᠢᠨ ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠪᠠᠶᠢᠨ᠎ᠠ᠃

   

 

      ᠨᠢᠭᠡ ᠳᠤ᠂ ᠤᠳᠤᠷᠢᠳᠤᠯᠭ᠎ᠠ ᠪᠡᠨ ᠴᠢᠩᠭᠠᠳᠬᠠᠵᠤ᠂ ᠦᠨᠳᠦᠰᠦᠲᠡᠨ ᠦ ᠪᠥᠯᠬᠦᠮᠳᠡᠯ ᠢ ᠠᠬᠢᠭᠤᠯᠬᠤ ᠪᠥᠲᠦᠭᠡᠨ ᠪᠠᠶᠢᠭᠤᠯᠤᠯᠲᠠ ᠶᠢᠨ ᠵᠣᠭᠰᠤᠴᠠ  ᠪᠠᠨ ᠳᠡᠭᠡᠭᠰᠢᠯᠡᠭᠦᠯᠵᠡᠢ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠲᠦᠷᠦᠭᠦᠯᠡᠨ᠂ ︽ ᠭᠣᠣᠯ ᠱᠤᠭᠤᠮ ᠢ ᠳᠣᠪᠣᠶᠢᠯᠭᠠᠵᠤ᠂ ᠪᠠᠶᠢᠴᠠᠭᠠᠬᠤ ᠠᠵᠢᠯ ᠳᠤ ᠠᠭᠤᠰᠬᠠᠨ᠂ ᠪᠦᠭᠦᠳᠡᠭᠡᠷ ᠢᠶᠡᠨ ᠬᠥᠳᠡᠯᠦᠯᠴᠡᠬᠦ ︾ ᠠᠵᠢᠯ ᠤᠨ ᠰᠡᠳᠬᠢᠴᠡ ᠪᠡᠷ᠂ ᠳᠡᠭᠡᠷ᠎ᠡ ᠡᠴᠡ ᠲᠣᠷᠣᠭᠰᠢᠬᠢ ᠬᠠᠷᠢᠭᠤᠴᠠᠯᠭ᠎ᠠ ᠶᠢ ᠲᠤᠭᠤᠰᠢᠯᠠᠭᠤᠯᠵᠤ᠂ ᠪᠦᠬᠦ ᠬᠣᠷᠢᠶ᠎ᠠ ᠪᠠᠷ ᠢᠶᠠᠨ ᠬᠠᠮᠲᠤᠷᠠᠯᠴᠠᠭᠰᠠᠨ ᠠᠵᠢᠯ ᠤᠨ ᠲᠣᠭᠲᠠᠴᠠ ᠶᠢ ᠪᠥᠷᠢᠯᠳᠦᠭᠦᠯᠵᠡᠢ᠃ ᠨᠠᠮ ᠤᠨ ᠤᠳᠤᠷᠢᠳᠬᠤ ᠲᠤᠭᠤᠶᠢᠯᠠᠩ ᠠᠴᠠ ᠦᠨᠳᠦᠰᠦᠲᠡᠨ ᠦ ᠪᠥᠯᠬᠦᠮᠳᠡᠯ ᠢ ᠠᠬᠢᠭᠤᠯᠬᠤ ᠠᠵᠢᠯ ᠢ ᠣᠨᠴᠠᠭᠠᠶᠢᠯᠠᠨ ᠴᠢᠬᠤᠯᠠᠴᠢᠯᠠᠵᠤ᠂ ᠦᠨᠳᠦᠰᠦᠲᠡᠨ ᠦ ᠪᠥᠯᠬᠦᠮᠳᠡᠯ ᠢ ᠠᠬᠢᠭᠤᠯᠬᠤ ᠲᠡᠷᠢᠬᠦᠨ ᠦ ᠨᠢᠭᠡᠴᠡ ᠶᠢ ᠪᠦᠲᠦᠭᠡᠨ ᠪᠠᠶᠢᠭᠣᠯᠬᠤ ᠳᠠᠶᠢᠴᠢᠯᠠᠯᠲᠠ ᠶᠢᠨ ᠬᠤᠷᠠᠯ ᠬᠤᠷᠠᠯᠳᠤᠨ᠂ ᠦᠵᠡᠯ ᠰᠠᠨᠠᠭ᠎ᠠ ᠪᠠᠨ ᠨᠢᠭᠡᠳᠬᠡᠵᠤ᠂ ᠡᠯ᠎ᠡ ᠰᠠᠯᠠᠭ᠎ᠠ ᠮᠥᠴᠢᠷ ᠦᠨ ᠠᠵᠢᠯ ᠤᠨ ᠬᠠᠷᠢᠭᠤᠴᠠᠯᠭ᠎ᠠ᠂ ᠬᠠᠷᠠᠯᠲᠠ ᠶᠢ ᠲᠣᠳᠣᠷᠬᠠᠶᠢᠯᠠᠵᠤ᠂ ᠦᠨᠳᠦᠰᠦᠲᠡᠨ ᠦ ᠪᠥᠯᠬᠦᠮᠳᠡᠯ ᠢ ᠠᠬᠢᠭᠤᠯᠬᠤ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠠᠢ᠃ ᠪᠠᠶᠢᠴᠠᠭᠠᠬᠤ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠦᠨᠳᠦᠰᠦᠲᠡᠨ ᠦ ᠪᠥᠯᠬᠦᠮᠳᠡᠯ ᠢ ᠠᠬᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠰᠥᠪ  ᠲᠤᠭᠲᠠᠭᠠᠬᠤ  ᠪᠠᠷ ᠳᠠᠮᠵᠢᠨ᠂ ᠪᠦᠲᠦᠭᠡᠨ ᠪᠠᠶᠢᠭᠤᠯᠤᠯᠲᠠ ᠪᠠ ᠬᠦᠭᠵᠢᠯᠲᠡ᠂ ᠡᠶ᠎ᠡ ᠨᠠᠶᠢᠷᠠᠮᠳᠠᠯ ᠂ ᠪᠦᠯᠬᠦᠮᠳᠡᠯ ᠢ ᠬᠠᠷᠢᠯᠴᠠᠨ ᠳᠠᠶᠢᠴᠢᠯᠡᠵᠤ᠂ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠤᠭᠴᠠ ᠶᠢᠨ ᠦᠵᠡᠯ ᠤᠬᠠᠮᠰᠠᠷ ᠢ ᠪᠠᠲᠤᠳᠬᠠᠬᠤ ᠬᠢᠭᠡᠳ ᠨᠠᠮ ᠤᠨ ᠪᠦᠲᠦᠭᠡᠨ ᠪᠠᠶᠢᠭᠤᠯᠤᠯᠲᠠ᠂ ᠪᠠᠶᠢᠴᠠᠭᠠᠬᠤ ᠠᠵᠢᠯ᠂ ᠨᠡᠶᠢᠬᠡᠮ ᠦᠨ ᠵᠠᠰᠠᠯᠲᠠ᠂ ᠤᠯᠠᠨ ᠲᠦᠮᠡᠨ ᠳᠦ ᠦᠢᠯᠡᠴᠢᠯᠡᠬᠦ ᠵᠡᠷᠭᠡ ᠠᠵᠢᠯ ᠢ ᠬᠦᠨᠵᠡᠭᠡᠢ ᠠᠭᠤᠰᠤᠯᠴᠠᠭᠤᠯᠵᠠᠢ᠃

   

 

      ᠬᠤᠶᠠᠷ ᠲᠤ᠂ ᠤᠬᠠᠭᠤᠯᠭ᠎ᠠ ᠶᠢᠨ ᠠᠵᠢᠯ ᠢ ᠴᠢᠩᠭ᠎ᠠ ᠠᠳᠬᠤᠵᠤ᠂ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠤᠭᠴᠠ ᠶᠢᠨ ᠦᠵᠡᠯ ᠤᠬᠠᠮᠰᠠᠷ ᠢ ᠪᠠᠲᠤᠳᠬᠠᠵᠠᠢ᠃ ᠨᠠᠮ ᠤᠨ ᠤᠳᠤᠷᠢᠳᠬᠤ ᠳᠤᠭᠤᠶᠢᠯᠠᠩ   ᠤᠨ  ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠡᠭᠦᠷ᠂  ᠪᠦᠬᠦ ᠬᠣᠷᠢᠶ᠎ᠠ ᠪᠠᠷ ᠢᠶᠠᠨ ᠰᠤᠷᠤᠯᠴᠠᠬᠤ ᠪᠠᠷ ᠭᠣᠣᠯᠳᠠᠯᠭ᠎ᠠ ᠪᠤᠯᠠᠭᠠᠨ᠂ ᠰᠠᠭᠤᠨ ᠶᠠᠷᠢᠯᠴᠠᠬᠤ᠂ ︽ᠭᠠᠷᠴᠤ ᠶᠠᠪᠤᠬᠤ᠂ ᠤᠷᠢᠵᠤ ᠠᠪᠴᠢᠷᠠᠬᠤ︾ ᠵᠡᠷᠭᠡ ᠠᠷᠭ᠎ᠠ ᠪᠠᠷ ᠰᠢ ᠵᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠦ ᠠᠵᠢᠯ ᠢ ᠴᠢᠩᠭᠠᠳᠬᠠᠬᠤ ᠬᠢᠭᠡᠳ ᠥᠭᠡᠷᠡᠴᠢᠯᠡᠬᠦ ᠲᠤᠬᠠᠢ ᠴᠢᠬᠤᠯᠠ ᠦᠵᠡᠯ ᠰᠠᠨᠠᠭ᠎ᠠ ᠶᠢ ᠣᠨᠣᠪᠴᠢᠲᠠᠢ᠂ ᠪᠦᠬᠦ ᠲᠠᠯ᠎ᠠ ᠪᠠᠷ ᠡᠵᠡᠮᠰᠢᠵᠡᠢ᠃ ᠡᠭᠦᠨ ᠦ ᠬᠠᠮᠲᠤ᠂ ᠪᠠᠶᠢᠴᠠᠭᠠᠬᠤ ᠠᠵᠢᠯᠲᠠᠨ ᠤ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠠᠬᠢᠭᠤᠯᠵᠠᠢ᠃ ᠬᠠᠤᠯᠢ ᠪᠠᠷ ᠵᠠᠰᠠᠬᠤ ᠵᠣᠷᠢᠭ ᠰᠠᠨᠠᠭ᠎ᠠ ᠪᠠ ᠦᠨᠳᠦᠰᠦᠲᠡᠨ ᠦ ᠰᠣᠶᠤᠯ ᠢ ᠶᠡᠬᠡ ᠪᠡᠷ ᠤᠬᠠᠭᠤᠯᠵᠤ᠂ ︽ᠪᠢᠴᠢᠯ ᠪᠦᠷᠭᠡ᠂ ᠸᠢᠴᠠᠲ︾ ᠶᠢ ᠠᠰᠢᠭᠯᠠᠨ ᠲᠤᠰᠬᠠᠢ ᠪᠤᠯᠤᠩ ᠲᠣᠬᠢᠷᠠᠭᠤᠯᠵᠤ᠂ ᠲᠦᠷᠥ ᠶᠢᠨ ᠪᠣᠳᠣᠯᠭ᠎ᠠ ᠶᠢᠨ ᠲᠠᠶᠢᠯᠤᠮᠵᠢ᠂ ᠣᠬᠣᠷ ᠹᠢᠯᠢᠮ᠂ ᠠᠵᠢᠯ ᠤᠨ ᠮᠡᠳᠡᠭᠡ ᠨᠡᠶᠢᠲᠡᠯᠡᠬᠦ  ᠪᠡᠷ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠪᠠ ᠦᠨᠳᠦᠰᠦᠲᠡᠨ ᠦ ᠪᠥᠯᠬᠦᠮᠳᠡᠯ ᠦᠨ ᠠᠬᠢᠭᠤᠯᠬᠤ ᠠᠵᠢᠯ ᠢ ᠬᠦᠨᠵᠡᠭᠡᠢ ᠰᠤᠷᠲᠠᠯᠴᠢᠯᠠᠵᠠᠢ᠃ ᠢᠯᠠᠩᠭᠤᠶ᠎ᠠ ᠤᠬᠠᠭᠤᠯᠭ᠎ᠠ ᠶᠢᠨ ᠠᠵᠢᠯ ᠢ ᠪᠤᠯᠪᠠᠰᠤᠨ ᠬᠤᠲᠠ ᠶᠢ ᠪᠦᠲᠦᠭᠡᠨ ᠪᠠᠶᠢᠭᠤᠯᠬᠤ᠂  ᠬᠥᠳᠡᠭᠡ ᠲᠤᠰᠬᠤᠨ ᠳᠤ ᠪᠠᠭᠤᠬᠤ᠂ ᠬᠠᠤᠯᠢ ᠲᠦᠭᠡᠮᠡᠯᠵᠢᠭᠦᠯᠬᠦ ᠯᠤᠭ᠎ᠠ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠤᠭᠴᠠ ᠶᠢᠨ ᠦᠵᠡᠯ ᠤᠬᠠᠮᠰᠠᠷ ᠢ ᠪᠠᠲᠤᠳᠬᠠᠬᠤ ᠳᠤ ᠰᠠᠶᠢᠨ ᠰᠠᠶᠢᠬᠠᠨ ᠨᠡᠶᠢᠬᠡᠮ ᠦᠨ ᠣᠷᠴᠢᠨ ᠢ ᠪᠤᠢ ᠪᠤᠯᠭᠠᠵᠠᠢ᠃

 

 

        ᠭᠤᠷᠪᠠ ᠳᠤ᠂ ᠪᠠᠶᠢᠴᠠᠭᠠᠬᠤ ᠠᠵᠢᠯ ᠤᠨ ᠠᠷᠠᠳ ᠲᠤ ᠦᠢᠯᠡᠴᠢᠯᠡᠬᠦ ᠶᠢ ᠴᠢᠩᠭᠠᠳᠬᠠᠵᠤ᠂ ᠡᠯ᠎ᠡ ᠦᠨᠳᠦᠰᠦᠲᠡᠨ ᠦ ᠤᠯᠠᠨ ᠲᠦᠮᠡᠨ ᠦ ᠬᠠᠤᠯᠢ ᠴᠠᠭᠠᠵᠠ ᠶᠢᠨ ᠣᠯᠣᠯᠲᠠ ᠶᠢᠨ ᠲᠦᠷᠦᠭᠳᠡᠯ ᠢ ᠨᠡᠮᠡᠭᠳᠡᠭᠦᠯᠵᠡᠢ᠃ ᠭᠠᠵᠠᠷ ᠣᠷᠣᠨ ᠤ ᠪᠣᠳᠠᠲᠠᠢ ᠠᠴᠠ ᠡᠭᠦᠰᠴᠤ᠂︽ᠬᠣᠣᠰ ᠬᠡᠯᠡ ᠪᠡᠷ ᠬᠡᠷᠡᠭ ᠪᠠᠶᠢᠴᠠᠭᠠᠬᠤ︾ ᠵᠠᠭᠪᠤᠷ ᠢ ᠦᠷᠭᠦᠯᠵᠢᠯᠡᠨ ᠬᠡᠷᠡᠭᠵᠢᠭᠦᠯᠵᠦ᠂ ᠪᠠᠶᠢᠴᠠᠭᠠᠬᠤ ᠠᠵᠢᠯ ᠤᠨ ᠴᠢᠳᠠᠮᠵᠢ ᠪᠦᠷᠢ ᠳᠤ ᠬᠣᠣᠰ ᠬᠡᠯᠡ ᠪᠡᠷ ᠦᠢᠯᠡᠴᠢᠯᠡᠬᠦ ᠶᠢ ᠪᠦᠷᠬᠦᠭᠦᠯᠵᠤ᠂ ᠬᠣᠣᠰ ᠬᠡᠯᠡᠨ ᠦ ᠦᠢᠯᠡᠴᠢᠯᠡᠬᠦ ᠲᠢᠩᠬᠢᠮ᠂ ᠬᠡᠷᠡᠭ ᠪᠠᠶᠢᠴᠠᠭᠠᠬᠤ ᠳᠤᠭᠤᠶᠢᠯᠠᠩ᠂ ᠡᠯ᠎ᠡ ᠦᠨᠳᠦᠰᠦᠲᠡᠨ ᠦ ᠤᠯᠠᠨ ᠲᠦᠮᠡᠨ ᠳᠦ ᠦᠢᠯᠡᠴᠢᠯᠡᠬᠦ ᠴᠣᠩᠬᠣ ᠵᠡᠷᠭᠡ ᠶᠢ ᠲᠣᠬᠢᠷᠠᠭᠤᠯᠵᠤ᠂ ᠣᠯᠠᠨ ᠲᠦᠮᠡᠨ ᠦ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠬᠠᠩᠭᠠᠵᠠᠢ᠃ ᠵᠢᠯ ᠪᠦᠷᠢ ᠮᠣᠩᠭᠤᠯ ᠬᠡᠯᠡ ᠪᠡᠷ 200 ᠭᠠᠷᠤᠢ ᠬᠡᠷᠡᠭ ᠢ ᠪᠠᠶᠢᠴᠠᠭᠠᠵᠤ᠂ ᠮᠣᠩᠭᠤᠯ ᠬᠡᠯᠡ ᠪᠡᠷ ᠵᠠᠬᠢᠳᠠᠯ ᠰᠤᠷᠪᠤᠯᠵᠢᠯᠠᠭ᠎ᠠ ᠬᠢᠭᠰᠡᠨ 100 ᠭᠠᠷᠤᠢ ᠬᠦᠮᠦᠨ ᠢ ᠬᠦᠯᠢᠶᠡᠨ ᠠᠪᠳᠠᠭ᠃ ᠠᠵᠢᠯ ᠣᠯᠭᠣᠯᠲᠠ᠂ ᠰᠤᠷᠭᠠᠨ ᠬᠦᠮᠦᠵᠢᠯ᠂ ᠨᠡᠶᠢᠬᠡᠮ ᠦᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠂ ᠭᠡᠷ ᠪᠠᠶᠢᠰᠢᠩ᠂ ᠨᠠᠰᠤᠲᠠᠶᠢᠴᠤᠤᠯ ᠤᠨ ᠠᠰᠠᠭᠤᠳᠠᠯ ᠵᠡᠷᠭᠡ ᠬᠠᠯᠠᠮᠰᠢᠯ ᠴᠡᠭ ᠦᠨ ᠲᠣᠭᠣᠷᠢᠨ ᠳᠤ ᠬᠠᠤᠯᠢ ᠶᠤᠰᠤᠭᠠᠷ ᠣᠯᠠᠨ ᠲᠦᠮᠡᠨ ᠦ ᠡᠷᠬᠡ ᠠᠰᠢᠭ ᠢ ᠬᠠᠮᠠᠭᠠᠯᠠᠬᠤ ᠲᠤᠰᠬᠠᠢ ᠬᠥᠳᠡᠯᠭᠡᠭᠡᠨ ᠥᠷᠨᠢᠭᠦᠯᠵᠤ᠂ ᠤᠯᠠᠨ ᠲᠦᠮᠡᠨ ᠦ ᠬᠠᠤᠯᠢ ᠴᠠᠭᠠᠵᠠ ᠶᠢᠨ ᠣᠯᠣᠯᠲᠠ ᠶᠢᠨ ᠲᠥᠷᠥᠭᠳᠡᠯ ᠢ ᠨᠡᠮᠡᠭᠳᠡᠭᠦᠯᠵᠡᠢ᠃ 12309 ᠦᠢᠯᠡᠴᠢᠯᠡᠭᠡᠨ ᠦ ᠳᠠᠪᠴᠠᠩ  ᠤᠨ ᠵᠠᠬᠢᠳᠠᠯ ᠰᠤᠷᠪᠤᠯᠵᠢᠯᠠᠭ᠎ᠠ ᠬᠦᠯᠢᠶᠡᠬᠦ ᠴᠢᠳᠠᠮᠵᠢ ᠢ ᠰᠠᠶᠢᠵᠢᠷᠠᠭᠤᠯᠵᠤ᠂《ᠵᠠᠬᠢᠳᠠᠯ ᠰᠤᠷᠪᠤᠯᠵᠢᠯᠠᠭ᠎ᠠ ᠪᠦᠷᠢ ᠳᠤ ᠬᠠᠷᠢᠭᠤ ᠲᠠᠢ ᠪᠠᠶᠢᠬᠤ︾ ᠶᠢ ᠪᠡᠶᠡᠯᠡᠭᠦᠯᠦᠨ᠂ ᠡᠯ᠎ᠡ ᠦᠨᠳᠦᠰᠦᠲᠡᠨ ᠦ ᠣᠯᠠᠨ ᠲᠥᠮᠡᠨ  ᠦ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠠᠢ᠃

 

 

      ᠳᠥᠷᠪᠡ ᠳᠦ᠂ ᠨᠡᠶᠢᠬᠡᠮ ᠦᠨ ᠵᠠᠰᠠᠯᠲᠠ ᠶᠢ ᠴᠢᠩᠭᠠᠳᠬᠠᠵᠤ᠂ ᠦᠨᠳᠦᠰᠦᠲᠡᠨ ᠦ ᠭᠠᠵᠠᠷ ᠣᠷᠣᠨ ᠤ ᠠᠵᠤ ᠠᠬᠤᠢ ᠶᠢᠨ ᠬᠦᠭᠵᠢᠯᠲᠡ ᠶᠢ  ᠃︽ ᠪᠠᠶᠢᠴᠠᠭᠠᠬᠤ ᠠᠵᠢᠯ ᠤᠨ ᠭᠣᠣᠯᠳᠠᠯᠭ᠎ᠠ︾ ᠶᠢ ᠪᠠᠲᠤ ᠴᠡᠭᠡᠵᠢᠯᠡᠵᠤ᠂ ᠪᠦᠬᠦ  ︽ᠨᠣᠮᠢᠨ ᠲᠠᠩᠰᠤᠭ ᠦᠣᠰᠢᠨ ᠤ ᠴᠢᠨᠠᠷ ᠰᠠᠶᠢᠲᠠᠢ ᠬᠦᠭᠵᠢᠯᠲᠡ ᠶᠢ ᠪᠦᠲᠦᠭᠡᠨ ᠪᠠᠶᠢᠭᠤᠯᠬᠤ︾ ᠬᠦᠭᠵᠢᠯᠲᠡ ᠶᠢᠨ ᠬᠠᠷᠠᠯᠲᠠ ᠪᠠ ︽ ᠲᠠᠪᠤ ᠶᠢ ᠪᠥᠷᠢᠯᠳᠦᠭᠦᠯᠦᠭᠰᠡᠨ︾ ︵ ᠴᠢᠨᠠᠷᠯᠢᠭ᠂ ᠡᠭᠦᠳᠦᠯᠲᠡ ᠲᠠᠢ᠂ ᠦᠵᠡᠰᠭᠦᠯᠡᠩ᠂ ᠠᠵᠠ ᠵᠢᠷᠭᠠᠯ ᠲᠠᠢ᠂ ᠠᠮᠤᠷ ᠲᠥᠪᠰᠢᠨ︶ ᠬᠦᠭᠵᠢᠯᠲᠡ ᠶᠢᠨ ᠲᠤᠭᠤᠷᠢᠨ ᠳᠤ᠂ ᠪᠠᠶᠢᠴᠠᠭᠠᠬᠤ ᠠᠵᠢᠯ ᠤᠨ ᠠᠶᠤᠯ ᠲᠦᠭᠰᠢᠬᠦᠷᠢ ᠶᠢ ᠰᠡᠷᠭᠡᠶᠢᠯᠡᠬᠦ᠂ ᠠᠮᠤᠷ ᠲᠥᠪᠰᠢᠨ ᠢ ᠪᠠᠲᠤᠯᠠᠬᠤ᠂ ᠬᠦᠭᠵᠢᠯᠲᠡ ᠶᠢ ᠠᠬᠢᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠤ ᠪᠤᠢ᠃ ᠤᠯᠤᠰ ᠤᠨ ᠠᠮᠤᠷ ᠲᠥᠪᠰᠢᠨ ᠦ ᠦᠵᠡᠯᠲᠡ ᠶᠢ ᠪᠠᠷᠢᠮᠲᠠᠯᠠᠵᠤ᠂ ᠤᠯᠤᠰ ᠤᠨ ᠠᠮᠤᠷ ᠲᠥᠪᠰᠢᠨ ᠢ ᠬᠦᠨᠦᠭᠡᠭᠰᠡᠨ ᠶᠡᠯᠡᠲᠤ ᠬᠡᠷᠡᠭ ᠲᠦ ᠴᠢᠩᠭ᠎ᠠ ᠴᠣᠬᠢᠯᠲᠠ ᠥᠭᠭᠦᠨ᠂ ᠡᠯ᠎ᠡ ᠲᠥᠷᠥᠯ ᠦᠨ ᠬᠦᠨᠦᠭᠡᠬᠦ᠂ ᠬᠠᠭᠠᠴᠠᠭᠤᠯᠬᠤ ᠠᠵᠢᠯᠯᠠᠭ᠎ᠠ ᠶᠢ ᠰᠡᠷᠭᠡᠶᠢᠯᠡᠵᠤ᠂ ᠤᠯᠤᠰ ᠲᠦᠷᠥ ᠶᠢᠨ ᠠᠮᠤᠷ ᠲᠥᠪᠰᠢᠨ᠂ ᠤᠮᠠᠷᠠᠲᠤ ᠬᠢᠯᠢ ᠶᠢᠨ ᠠᠮᠤᠷ ᠲᠥᠪᠰᠢᠨ ᠢ ᠪᠠᠲᠤᠯᠠᠬᠤ ᠳᠤ ᠪᠠᠶᠢᠴᠠᠭᠠᠬᠤ ᠦᠢᠯᠡᠳᠦᠯ ᠢ ᠪᠠᠳᠠᠷᠠᠭᠤᠯᠵᠠᠢ᠃ ᠰᠢ ᠵᠢᠨ ᠫᠢᠩ ᠦᠨ ᠠᠮᠢ ᠠᠬᠤᠢ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂︽ ᠲᠤᠰᠬᠠᠢ ᠮᠡᠷᠭᠡᠵᠢᠯ ᠦᠨ ᠬᠢᠨᠠᠯᠲᠠ+ ᠨᠡᠶᠢᠬᠡᠮ ᠦᠨ ᠵᠠᠰᠠᠯᠲᠠ︾ ᠪᠠᠷ ᠭᠣᠣᠯᠳᠠᠯᠭ᠎ᠠ ᠪᠤᠯᠭᠠᠭᠰᠠᠨ ᠠᠮᠢ ᠠᠬᠤᠢ ᠶᠢᠨ ᠪᠠᠶᠢᠴᠠᠭᠠᠬᠤ ᠵᠠᠭᠪᠤᠷ ᠢ ᠪᠦᠲᠦᠭᠡᠨ ᠪᠠᠶᠢᠭᠤᠯᠵᠤ᠂ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠥᠪᠰᠢᠨ ᠦ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠵᠠᠢ᠃ ᠪᠠᠶᠢᠴᠠᠭᠠᠬᠤ ᠠᠵᠢᠯ ᠤᠨ ᠭᠣᠣᠯᠳᠠᠯᠭ᠎ᠠ ᠶᠢ ᠴᠢᠩᠭ᠎ᠠ ᠂︽ᠭᠤᠷᠪᠠ ᠶᠢ ᠠᠭᠤᠰᠤᠯᠴᠠᠭᠤᠯᠬᠤ︾ ᠬᠡᠷᠡᠭ ᠪᠠᠶᠢᠴᠠᠭᠠᠬᠤ ᠲᠤᠭᠲᠠᠴᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂  ᠪᠠᠶᠢᠴᠠᠭᠠᠬᠤ ᠠᠵᠢᠯ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠨᠣᠮᠢᠨ ᠲᠠᠩᠰᠤᠭ ᠦᠤᠰᠢᠨ ᠤ ᠴᠢᠨᠠᠷ ᠰᠠᠶᠢᠲᠠᠢ ᠬᠦᠭᠵᠢᠯᠲᠡ ᠳᠦ ᠦᠨᠳᠦᠷ  ᠦᠷ᠎ᠡ ᠪᠥᠲᠥᠮᠵᠢᠲᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ  ᠪᠠᠨ  ᠃

      ᠬᠣᠶᠢᠰᠢᠳᠠ᠂ ᠦᠣᠰᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠪᠠᠷ ᠭᠣᠣᠯ ᠱᠤᠭᠤᠮ ᠪᠣᠯᠭᠠᠵᠤ᠂ ᠦᠨᠳᠦᠰᠦᠲᠡᠨ ᠦ ᠪᠥᠯᠬᠦᠮᠳᠡᠯ ᠢ ᠠᠬᠢᠭᠤᠯᠬᠤ ᠠᠵᠢᠯ ᠢ ᠤᠯᠠᠮ ᠢᠯᠡᠬᠦᠤ ᠳᠣᠪᠣᠶᠢᠯᠭᠠᠬᠤ ᠶᠢᠨ ᠬᠠᠮᠲᠤ᠂ ᠪᠠᠶᠢᠴᠠᠭᠠᠬᠤ ᠠᠵᠢᠯ ᠢ ᠨᠡᠩ ᠨᠢᠭᠡ ᠠᠯᠬᠤᠮ ᠴᠢᠩᠭᠠᠳᠬᠠᠵᠤ᠂ ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠲᠡ᠂ ᠦᠨᠳᠦᠰᠦᠲᠡᠨ ᠦ ᠪᠥᠯᠬᠦᠮᠲᠡᠯ᠂ ᠨᠡᠶᠢᠬᠡᠮ ᠦᠨ ᠠᠮᠤᠷ ᠲᠤᠭᠲᠠᠭᠤᠨ ᠢ ᠪᠠᠲᠤᠳᠬᠠᠬᠤ ᠳᠤ ᠪᠠᠶᠢᠴᠠᠭᠠᠬᠤ ᠦᠢᠯᠡᠳᠦᠯ ᠢ ᠬᠦᠢᠴᠡᠳ ᠪᠠᠳᠠᠷᠠᠭᠤᠯᠬᠤ ᠪᠠᠷ ᠴᠢᠷᠮᠠᠶᠢᠵᠤ ᠪᠤᠢ᠃

                                            

ᠢᠷᠡᠯᠲᠡ
ᠦᠤᠰᠢᠨ ᠬᠤᠰᠢᠭᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro