ᠲᠡᠷᠢᠭᠦᠨ ᠨᠢᠭᠤᠷ  -  ᠨᠦᠬᠦᠷᠰᠡᠭ ᠱᠦᠭᠦᠮᠡᠩ

ᠦᠸᠰᠢᠨ ᠬᠣᠰᠢᠭᠤᠨ ᠤ ᠪᠠᠶᠢᠴᠠᠭᠠᠬᠤ ᠬᠣᠷᠢᠶ᠎ᠠ ︽ ᠨᠢᠭᠡ ᠬᠣᠶᠠᠷ ᠭᠤᠷᠪᠠ ᠳᠥᠷᠪᠡᠨ︾ ᠤ ᠠᠵᠢᠯ ᠤᠨ ᠠᠷᠭ᠎ᠠ ᠶᠢ ᠤᠷᠠᠨ ᠢᠶᠠᠷ ᠬᠡᠷᠡᠭᠯᠡᠵᠦ ᠂ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢ ᠠᠬᠢᠭᠤᠯᠬᠤ  ᠳᠤ ᠬᠦᠴᠦᠨ ᠨᠡᠮᠡᠷᠢᠯᠡᠪᠡ

2020-09-10 16:18:49
ᠵᠣᠬᠢᠶᠠᠭᠴᠢ
ᠭᠡᠭᠡᠷᠡᠯ

ᠦᠸᠰᠢᠨ ᠬᠣᠰᠢᠭᠤᠨ ᠤ ᠪᠠᠶᠢᠴᠠᠭᠠᠬᠤ ᠬᠣᠷᠢᠶ᠎ᠠ ᠪᠣᠯ ᠬᠢᠲᠠᠳ ᠮᠣᠩᠭᠣᠯ ᠬᠣᠶᠠᠷ ᠦᠨᠳᠦᠰᠦᠲᠡᠨ ᠦ ᠺᠠᠳ᠋ᠷ ᠴᠠᠭᠳᠠᠭ᠎ᠠ  ᠪᠠᠷ ᠪᠦᠷᠢᠯᠳᠦᠭᠰᠡᠨ ᠶᠡᠬᠡ ᠭᠡᠷ ᠪᠦᠯᠢ ᠪᠣᠯᠤᠨ᠎ᠠ᠃ ᠦᠷ᠎ᠡ ᠶᠢᠨ ᠵᠢᠯ ᠡᠴᠡ ᠨᠠᠰᠢ ᠂ ᠲᠤᠰ ᠬᠣᠷᠢᠶ᠎ᠠ ᠨᠠᠮ ᠤᠨ ᠦᠨᠳᠦᠰᠦᠲᠡᠨ ᠦ ᠲᠥᠷᠥ ᠶᠢᠨ ᠪᠣᠳᠣᠯᠭ᠎ᠠ  ᠶᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠭᠣᠣᠯ ᠬᠠᠷᠢᠭᠤᠴᠠᠯᠭ᠎ᠠ ᠭᠣᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ ᠂ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠳᠦ ᠦᠢᠯᠡᠴᠢᠯᠡᠵᠦ ᠂ ᠪᠣᠳᠠᠲᠤ ᠬᠦᠴᠦ ᠤᠷᠤᠭᠤᠯᠵᠤ ᠂ ᠪᠣᠳᠠᠲᠠᠶ ᠠᠷᠭ᠎ᠠ ᠬᠡᠮᠵᠢᠶ᠎ᠡ ᠠᠪᠴᠤ ᠂ ᠪᠣᠳᠠᠲᠤ ᠦᠷ᠎ᠡ ᠪᠦᠲᠦᠮᠵᠢ ᠣᠯᠵᠤ ᠂ ᠪᠣᠳᠠᠲᠤ ᠠᠵᠢᠯ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠦᠢᠯᠡᠰ ᠦᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠭᠰᠡᠨ ᠪᠠᠶᠢᠨ᠎ᠠ ᠃

ᠨᠢᠭᠡ ᠂ ︽ ᠨᠢᠭᠡ ᠭᠣᠸᠯ ᠱᠤᠭᠤᠮ ︾ ᠢ ᠪᠠᠲᠤ ᠡᠵᠡᠮᠳᠡᠵᠦ ᠂ ᠳᠡᠭᠡᠳᠦ ᠳᠣᠸᠷᠠᠳᠤ ᠱᠠᠲᠤ ᠪᠠᠷ ᠢᠶᠠᠨ ᠬᠣᠯᠪᠣᠭᠠᠯᠠᠨ ᠬᠥᠳᠡᠯᠦᠯᠴᠡᠵᠦ ᠯᠠᠪᠳᠠᠭᠤᠨ ᠢᠶᠠᠷ ᠠᠬᠢᠭᠤᠯᠪᠠ

ᠬᠣᠷᠢᠶᠠᠨ  ᠤ ᠨᠠᠮ  ᠤᠨ ᠤᠳᠤᠷᠢᠳᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ  ᠤ ᠱᠠᠲᠤᠨ  ᠤ ᠦᠨᠳᠦᠰᠦᠲᠡᠨ  ᠦ ᠪᠦᠯᠬᠦᠮᠳᠡᠯ ᠳᠠᠪᠰᠢᠯᠲᠠ  ᠶᠢᠨ ᠵᠢᠱᠢᠶ᠎ᠡ ᠦᠵᠡᠭᠦᠯᠬᠦ ᠨᠢᠭᠡᠴᠢ  ᠶᠢ ᠡᠭᠦᠳᠦᠨ ᠪᠠᠶᠢᠭᠤᠯᠬᠤ ᠡᠨᠡ ᠬᠦ ᠭᠣᠸᠯ ᠰᠢᠵᠢᠮ  ᠲᠡᠶ ᠨᠢᠭᠲᠠ ᠤᠶᠠᠯᠳᠤᠭᠤᠯᠤᠨ᠂ ᠨᠢᠭᠡᠳᠦᠯᠲᠡᠶ ᠲᠥᠯᠥᠪᠵᠢᠭᠦᠯᠵᠦ ᠂ ᠨᠠᠷᠢᠨ ᠨᠢᠮᠪᠠᠶ ᠪᠠᠶᠢᠷᠢᠯᠠᠭᠤᠯᠵᠤ ᠂ ᠳᠡᠭᠡᠳᠦ ᠬᠡᠮᠵᠢᠶ᠎ᠡ ᠪᠡᠷ ᠠᠬᠢᠭᠤᠯᠵᠤ ᠂ ᠡᠭᠦᠳᠦᠨ ᠪᠠᠶᠢᠭᠤᠯᠬᠤ ᠠᠵᠢᠯ ᠳᠤ ᠰᠦᠷ ᠳᠠᠯᠠᠶᠢᠴᠠᠲᠠᠶ ᠬᠥᠳᠡᠯᠭᠡᠬᠦ ᠬᠦᠴᠦᠨ ᠨᠡᠮᠡᠷᠢᠯᠡᠪᠡ ᠃ ︽ᠦᠸᠰᠢᠨ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠶᠢᠨ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ  ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ ᠂ 《7212309 ᠪᠠᠶᠢᠴᠠᠭᠠᠬᠤ ᠦᠶᠯᠡᠴᠢᠯᠡᠭᠡᠨ ᠦ ᠬᠠᠯᠠᠭᠤᠨ ᠤᠲᠠᠰᠤ (ᠬᠣᠸᠰ ᠬᠡᠯᠡ) ᠶᠢᠨ ᠠᠵᠢᠯ ᠤᠨ ᠠᠷᠭ᠎ᠠ》᠂ 《ᠬᠣᠸᠰ ᠬᠡᠯᠡᠨ ᠦ ᠪᠠᠶᠢᠴᠠᠭᠠᠬᠤ ᠲᠤᠰᠢᠶᠠᠯᠲᠠᠨ ᠤ ᠨᠡᠷ᠎ᠡ ᠳᠤᠷᠠᠳᠴᠤ ᠰᠤᠷᠪᠤᠯᠵᠢᠯᠠᠭ᠎ᠠ ᠶᠢ ᠬᠦᠯᠢᠶᠡᠨ ᠠᠪᠬᠤ ᠲᠦᠷᠢᠮ》᠂ 《ᠴᠥᠭᠡᠨ ᠲᠣᠭᠠᠲᠤ ᠦᠨᠳᠦᠰᠦᠲᠡᠨ ᠦ ᠶᠠᠷᠢᠶ᠎ᠠ ᠬᠡᠯᠡᠯᠴᠡᠭᠡᠨ ᠦ ᠠᠶᠤᠯ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠪᠠ ᠵᠥᠷᠢᠴᠡᠯ ᠵᠢᠭᠤᠷᠠᠯᠳᠤᠭᠠᠨ ᠢ ᠰᠢᠶᠳᠪᠦᠷᠢᠯᠡᠬᠦ ᠠᠷᠭ᠎ᠠ》 ᠶᠢ ᠢᠵᠢ ᠪᠦᠷᠢᠳᠦᠭᠦᠯᠦᠨ ᠲᠣᠭᠲᠠᠭᠠᠵᠤ᠂ ᠡᠭᠦᠳᠦᠨ ᠪᠠᠶᠢᠭᠤᠯᠬᠤ ᠠᠵᠢᠯ ᠤᠨ ᠡᠮᠬᠢ ᠵᠢᠷᠤᠮ ᠲᠠᠶ ᠥᠷᠨᠢᠬᠦ ᠶᠢ ᠲᠦᠯᠬᠢᠨ ᠠᠬᠢᠭᠤᠯᠪᠠ᠃ ᠦᠨᠳᠦᠰᠦᠲᠡᠨ ᠦ ᠪᠦᠯᠬᠦᠮᠳᠡᠯ ᠦᠨ ᠮᠡᠳᠡᠯᠭᠡ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠣᠷᠢᠨ ᠳᠤ ᠰᠤᠷᠤᠯᠴᠠᠬᠤ ᠡᠳᠦᠷ ᠦᠨ ᠳᠠᠷᠠᠭᠠᠯᠠᠯ ᠢ ᠲᠥᠯᠥᠪᠵᠢᠭᠦᠯᠵᠦ ᠂ ᠲᠥᠪ ᠦᠨ ᠦᠨᠳᠦᠰᠦᠲᠡᠨ ᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠂ 《 ᠤᠯᠤᠰ ᠣᠷᠣᠨ ᠢ ᠬᠠᠭᠠᠴᠠᠭᠤᠯᠬᠤ ᠶᠢ ᠡᠰᠡᠷᠭᠦᠴᠡᠬᠦ ᠬᠠᠤᠯᠢ 》 ᠵᠡᠷᠭᠡ ᠴᠢᠬᠤᠯᠠ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠶ ᠪᠠᠷ ᠰᠤᠷᠤᠯᠴᠠᠵᠤ ᠂ ᠺᠠᠳ᠋ᠷ ᠴᠠᠭᠳᠠᠭ᠎ᠠ  ᠶᠢ ᠬᠥᠲᠥᠯᠥᠨ ᠵᠢᠯᠣᠭᠣᠳᠴᠤ ᠪᠠᠶᠢᠭᠠᠳ 《 ᠭᠤᠷᠪᠠᠨ ᠰᠠᠯᠵᠤ ᠴᠢᠳᠠᠬᠤ ᠦᠭᠡᠢ 》 《 ᠳᠥᠷᠪᠡᠨ ᠮᠡᠳᠡᠷᠡᠮᠵᠢ 》 《 ᠲᠠᠪᠤ ᠶᠢ ᠬᠠᠮᠠᠭᠠᠯᠠᠬᠤ 》 ᠠᠭᠤᠯᠤᠭᠳᠠᠬᠤᠨ ᠢ ᠭᠦᠨᠵᠡᠭᠡᠶ ᠣᠶᠢᠯᠠᠭᠠᠭᠤᠯᠵᠤ ᠂ ᠺᠠᠳ᠋ᠷ ᠴᠠᠭᠳᠠᠭ᠎ᠠ ᠨᠠᠷ ᠤᠨ ᠦᠨᠳᠦᠰᠦᠲᠡᠨ ᠦ ᠪᠦᠯᠬᠦᠮᠳᠡᠯ ᠢ ᠬᠠᠮᠠᠭᠠᠯᠠᠬᠤ ᠤᠬᠠᠮᠰᠠᠷᠲᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠪᠠ ᠃

ᠬᠣᠶᠠᠷ ᠂ ︽ ᠬᠣᠶᠠᠷ ᠤᠳᠤᠷᠢᠳᠤᠮᠵᠢ ︾ ᠶᠢ ᠶᠡᠬᠡᠪᠡᠷ ᠳᠣᠪᠣᠶᠢᠯᠭᠠᠵᠤ ᠂ ᠨᠠᠷᠢᠯᠢᠭ ᠣᠨᠣᠴᠠᠲᠠᠶ ᠪᠠᠷ ᠬᠦᠴᠦᠯᠡᠵᠦ ᠥᠨᠳᠥᠷ ᠪᠦᠲᠦᠮᠵᠢᠲᠡᠶ ᠪᠡᠷ ᠠᠬᠢᠭᠤᠯᠪᠠ

ᠨᠢᠭᠡ ᠳᠦ ᠪᠣᠳᠠᠲᠠᠶ ᠶᠢ ᠡᠷᠬᠢᠮᠯᠡᠬᠦ ᠤᠳᠤᠷᠢᠳᠤᠮᠵᠢ ᠶᠢ ᠳᠣᠪᠣᠶᠢᠯᠭᠠᠪᠠ  ᠃ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢ ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠦ ᠮᠠᠯᠴᠢᠨ ᠲᠠᠷᠢᠶᠠᠴᠢᠨ ᠤ ᠬᠠᠮᠤᠭ ᠤᠨ ᠲᠤᠯᠭᠠᠮ᠎ᠠ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠵᠥᠷᠢᠴᠡᠯ ᠵᠢᠭᠤᠷᠠᠯᠳᠤᠭᠠᠨ ᠢ ᠵᠣᠬᠢᠴᠠᠭᠤᠯᠬᠤ᠂ ᠠᠵᠤ ᠦᠶᠯᠡᠰ ᠢᠶᠡᠷ ᠶᠠᠳᠠᠭᠤ ᠶᠢ ᠲᠡᠳᠬᠦᠬᠦ᠂ 《ᠠᠮᠤᠷ ᠲᠠᠶᠢᠪᠤᠩ ᠰᠤᠷᠭᠠᠭᠤᠯᠢ  ᠶᠢᠨ ᠬᠦᠷᠢᠶ᠎ᠡ》 ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠦ ᠦᠢᠯᠡᠳᠪᠦᠷᠢᠯᠡᠯ ᠠᠮᠢᠳᠤᠷᠠᠯ ᠤᠨ ᠪᠣᠳᠠᠲᠤ ᠬᠡᠷᠡᠭᠴᠡᠭᠡ  ᠶᠢ ᠨᠢᠭᠲᠠ ᠤᠶᠠᠯᠳᠤᠭᠤᠯᠤᠨ ᠂ ᠳᠡᠷᠭᠡᠳᠡᠬᠢ ᠬᠡᠷᠡᠭ ᠦᠨ ᠵᠢᠱᠢᠶ᠎ᠡ ᠶᠢ ᠬᠡᠷᠡᠭᠯᠡᠨ ᠬᠠᠸᠯᠢ ᠪᠤᠰᠤ ᠪᠠᠷ ᠪᠠᠯᠠ ᠮᠥᠩᠭᠥ ᠴᠤᠭᠯᠠᠭᠤᠯᠬᠤ ᠂ ᠴᠠᠬᠢᠯᠭᠠᠨ ᠬᠣᠯᠪᠣᠭ᠎ᠠ ᠪᠠᠷ ᠮᠡᠬᠡᠯᠡᠬᠦ ᠂ ᠰᠦᠯᠵᠢᠶ᠎ᠡ ᠪᠡᠷ ᠳᠠᠮᠵᠢᠭᠤᠯᠤᠨ ᠪᠣᠷᠣᠯᠠᠭᠤᠯᠬᠤ ᠵᠡᠷᠭᠡ ᠣᠯᠠᠨ ᠬᠥᠮᠦᠨ ᠳᠦ ᠬᠣᠯᠪᠣᠭᠳᠠᠬᠤ ᠬᠡᠯᠪᠡᠷᠢ ᠶᠢᠨ ᠶᠠᠯᠠᠲᠤ ᠠᠵᠢᠯᠯᠠᠭ᠎ᠠ ᠪᠠ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠸᠯᠢ ᠪᠤᠰᠤ ᠪᠠᠷ ᠡᠵᠡᠯᠡᠨ ᠬᠡᠷᠡᠭᠯᠡᠬᠦ ᠂ ᠬᠡᠭᠡᠷ᠎ᠡ ᠶᠢᠨ ᠠᠮᠢᠲᠠᠨ ᠢ ᠬᠠᠸᠯᠢ ᠪᠤᠰᠤ ᠪᠠᠷ ᠠᠩᠨᠠᠬᠤ ᠂ ᠮᠠᠯᠵᠢᠬᠤ ᠲᠠᠷᠢᠶᠠᠯᠠᠬᠤ ᠣᠷᠣᠨ ᠤ ᠠᠷᠢᠬᠢ ᠤᠸᠭᠤᠵᠤ ᠲᠡᠷᠭᠡ ᠵᠢᠯᠣᠭᠣᠳᠬᠤ ᠵᠡᠷᠭᠡ ᠦᠷᠭᠦᠯᠵᠢ ᠲᠣᠬᠢᠶᠠᠯᠳᠤᠳᠠᠭ ᠬᠠᠸᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠲᠤᠬᠠᠶ ᠬᠡᠷᠡᠭ ᠢ ᠲᠠᠶᠢᠯᠪᠤᠷᠢᠯᠠᠨ ᠶᠣᠰᠣ ᠶᠠᠷᠢᠵᠤ ᠂ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠦ ᠬᠠᠸᠯᠢ ᠪᠠᠷ ᠵᠠᠰᠠᠬᠤ ᠬᠡᠷᠡᠭᠴᠡᠭᠡ ᠶᠢ ᠬᠠᠮᠤᠭ ᠤᠨ ᠶᠡᠬᠡ ᠬᠡᠮᠵᠢᠶ᠎ᠡ ᠪᠡᠷ ᠬᠠᠩᠭᠠᠪᠠ ᠃ ᠬᠣᠶᠠᠷ ᠲᠤ ᠦᠷ᠎ᠡ ᠪᠦᠲᠦᠮᠵᠢ ᠪᠡᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠪᠠ  ᠃ 《 ᠠᠷᠠᠳ ᠲᠦᠮᠡᠨ ᠢᠶᠡᠷ ᠭᠣᠣᠯ ᠪᠣᠯᠭᠠᠬᠤ 》 ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ ᠂ ᠪᠦᠬᠦ ᠬᠣᠲᠠ  ᠶᠢᠨ ᠪᠠᠶᠢᠴᠠᠭᠠᠬᠤ ᠪᠠᠶᠢᠭᠤᠯᠭ᠎ᠠ  ᠳᠤ ᠪᠠᠶᠢᠴᠠᠭᠠᠬᠤ ᠦᠶᠯᠡᠴᠢᠯᠡᠭᠡᠨ  ᠦ ᠦᠨᠡᠯᠡᠯᠲᠡ  ᠶᠢᠨ ᠰᠢᠰᠲ᠋ᠧᠮ  ᠢ ᠡᠩ ᠲᠡᠷᠢᠭᠦᠨ  ᠳᠦ ᠭᠠᠷᠭᠠᠵᠤ᠂ ᠵᠠᠭᠠᠯᠳᠤᠯᠭ᠎ᠠ  ᠶᠢ ᠬᠦᠯᠢᠶᠡᠨ ᠠᠪᠬᠤ᠂ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠬᠦ᠂ ᠬᠡᠷᠡᠭ ᠰᠢᠶᠳᠪᠦᠷᠢᠯᠡᠬᠦ ᠶᠠᠰᠤ ᠴᠢᠨᠠᠷ ᠵᠡᠷᠭᠡ ᠲᠠᠯ᠎ᠠ  ᠪᠠᠷ ᠣᠯᠠᠨ ᠲᠦᠮᠡᠨ  ᠦ ᠬᠢᠨᠠᠯᠲᠠ ᠪᠠ ᠦᠨᠡᠯᠡᠯᠲᠡ  ᠶᠢ ᠥᠷᠭᠡᠨ  ᠢᠶᠡᠷ ᠬᠦᠯᠢᠶᠡᠵᠡᠶ᠃ ᠦᠢᠯᠡᠴᠢᠯᠡᠭᠡᠨ ᠦ ᠦᠵᠡᠯ ᠤᠬᠠᠮᠰᠠᠷ ᠢ ᠶᠡᠬᠡᠪᠡᠷ ᠳᠡᠭᠡᠭᠰᠢᠯᠡᠭᠦᠯᠵᠦ ᠂ ᠪᠠᠶᠢᠭᠤᠯᠭ᠎ᠠ ᠶᠢᠨ ᠳᠣᠲᠣᠭᠠᠳᠤ ᠳᠤ ᠴᠢᠨᠠᠭᠰᠢᠯᠠᠪᠠᠯ ᠪᠦᠬᠦ ᠬᠣᠰᠢᠭᠤᠨ ᠤ ᠬᠡᠪᠴᠢᠶᠡᠨ ᠳᠦ ᠦᠨᠳᠦᠰᠦᠲᠡᠨ ᠨᠦᠭᠦᠳ ᠦᠨ ᠠᠷᠠᠳ ᠲᠦᠮᠡᠨ ᠦ ︽ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠪᠠᠷ ᠴᠢᠷᠮᠠᠶᠢᠪᠠ ᠃

ᠭᠤᠷᠪᠠ ᠂ ︽ ᠭᠤᠷᠪᠠ ᠶᠢ ᠤᠶᠠᠯᠳᠤᠭᠤᠯᠬᠤ ︾ ᠶᠢ ᠬᠦᠴᠦᠯᠡᠨ ᠰᠠᠶᠢᠲᠤᠷ ᠠᠳᠬᠤᠵᠤ ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠤᠨ ᠠᠬᠢᠭᠤᠯᠪᠠ

ᠨᠢᠭᠡ ᠳᠦ ᠦᠨᠳᠦᠰᠦᠲᠡᠨ ᠦ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯᠯᠠᠭ᠎ᠠ ᠪᠣᠯᠤᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠤᠶᠠᠯᠳᠤᠯ ᠤᠨ ᠴᠡᠭ ᠢ ᠬᠦᠴᠦᠯᠡᠨ ᠰᠠᠶᠢᠲᠤᠷ ᠠᠳᠬᠤᠪᠠ ᠃ ᠮᠣᠩᠭᠣᠯ ᠬᠢᠲᠠᠳ ᠬᠣᠸᠰ ᠬᠡᠯᠡ ᠪᠡᠷ ᠬᠡᠷᠡᠭ ᠰᠢᠶᠳᠪᠦᠷᠢᠯᠡᠬᠦ ᠳᠤᠭᠤᠶᠢᠯᠠᠩ ᠪᠠᠶᠢᠭᠤᠯᠵᠤ ᠂ ᠮᠣᠩᠭᠣᠯ ᠦᠨᠳᠦᠰᠦᠲᠡᠨ ᠦ ᠲᠤᠬᠠᠶ ᠶᠢᠨ ᠬᠥᠮᠦᠨ ᠳᠦ ᠮᠣᠩᠭᠣᠯ ᠬᠡᠯᠡ ᠮᠣᠩᠭᠣᠯ ᠬᠡᠯᠡ ᠪᠡᠷ ᠡᠷᠬᠡ ᠡᠭᠦᠷᠭᠡ ᠶᠢ ᠮᠡᠳᠡᠭᠳᠡᠬᠦ ᠂ ᠯᠠᠪᠯᠠᠨ ᠠᠰᠠᠭᠤᠬᠤ ᠂ ᠰᠢᠭᠦᠨ ᠠᠰᠠᠭᠤᠬᠤ ᠵᠡᠷᠭᠡ ᠪᠣᠯᠤᠨ᠎ᠠ ︔ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠦ ᠲᠤᠰ ᠦᠨᠳᠦᠰᠦᠲᠡᠨ ᠦ ᠪᠡᠨ ᠦᠭᠡ ᠬᠡᠯᠡ ᠦᠰᠦᠭ ᠪᠢᠴᠢᠭ ᠢᠶᠡᠷ ᠵᠠᠷᠭᠤ ᠬᠢᠬᠦ ᠡᠷᠬᠡ  ᠶᠢ ᠪᠠᠲᠤᠯᠠᠵᠤ ᠂ ᠵᠣᠬᠢᠴᠠᠩᠭᠤᠶ ᠦᠨᠳᠦᠰᠦᠲᠡᠨ  ᠦ ᠦᠭᠡ ᠬᠡᠯᠡ ᠦᠰᠦᠭ ᠪᠢᠴᠢᠭ  ᠦᠨ ᠬᠠᠸᠯᠢ ᠴᠠᠭᠠᠵᠠ  ᠶᠢᠨ ᠪᠢᠴᠢᠭ ᠬᠠᠷ᠎ᠠ  ᠶᠢ ᠣᠷᠴᠢᠭᠤᠯᠤᠨ ᠦᠶᠯᠡᠳᠴᠦ᠂ ᠴᠥᠭᠡᠨ ᠲᠣᠭᠠᠲᠤ ᠦᠨᠳᠦᠰᠦᠲᠡᠨ  ᠦ ᠬᠡᠷᠡᠭ  ᠢ ᠬᠢᠨᠠᠨ ᠪᠠᠶᠢᠴᠠᠭᠠᠵᠤ ᠵᠠᠭᠠᠯᠳᠤᠬᠤ ᠡᠭᠦᠷᠭᠡ ᠴᠢᠳᠠᠪᠤᠷᠢ  ᠪᠠᠨ ᠲᠠᠰᠤᠷᠠᠯᠲᠠ ᠤᠢᠭᠡᠢ ᠴᠢᠩᠭᠠᠳᠬᠠᠵᠤ ᠂ ᠰᠢᠭᠦᠬᠦ ᠬᠣᠷᠢᠶ᠎ᠠ᠂ ᠳᠣᠲᠣᠭᠠᠳᠤ ᠶᠢ ᠬᠠᠮᠠᠭᠠᠯᠠᠬᠤ᠂ ᠬᠣᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠸᠯᠢ ᠬᠡᠷᠡᠭᠵᠢᠭᠦᠯᠬᠦ ᠪᠠᠶᠢᠭᠤᠯᠭ᠎ᠠ ᠶᠢᠨ ᠴᠥᠭᠡᠨ ᠲᠣᠭᠠᠲᠤ ᠦᠨᠳᠦᠰᠦᠲᠡᠨ ᠳᠦ ᠬᠣᠯᠪᠣᠭᠳᠠᠭᠰᠠᠨ ᠰᠢᠭᠦᠨ ᠲᠠᠰᠤᠯᠬᠤ᠂ ᠲᠤᠷᠰᠢᠨ ᠪᠠᠶᠢᠴᠠᠭᠠᠬᠤ᠂ ᠬᠠᠸᠯᠢ ᠬᠡᠷᠡᠭᠵᠢᠭᠦᠯᠬᠦ ᠠᠵᠢᠯᠯᠠᠭ᠎ᠠ ᠳᠤ ᠲᠠᠯᠪᠢᠬᠤ ᠬᠢᠨᠠᠯᠲᠠ ᠪᠠᠨ ᠦᠷᠭᠦᠯᠵᠢᠯᠡᠨ ᠴᠢᠩᠭᠠᠳᠬᠠᠨ᠎ᠠ᠃ ᠬᠣᠶᠠᠷ ᠲᠤ ᠦᠨᠳᠦᠰᠦᠲᠡᠨ ᠦ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯᠯᠠᠭ᠎ᠠ ᠪᠣᠯᠤᠨ ᠡᠩᠨᠡᠭᠡᠨ ᠦ ᠪᠠᠶᠢᠭᠤᠯᠤᠯᠲᠠ ᠶᠢᠨ ᠤᠶᠠᠯᠳᠤᠯ ᠤᠨ ᠴᠡᠭ ᠢ ᠬᠦᠴᠦᠯᠡᠨ ᠰᠠᠶᠢᠲᠤᠷ ᠠᠳᠬᠤᠪᠠ ᠃ ᠴᠥᠭᠡᠨ ᠲᠣᠭᠠᠲᠤ ᠦᠨᠳᠦᠰᠦᠲᠡᠨ ᠦ ᠺᠠᠳ᠋ᠷ ᠴᠠᠭᠳᠠᠭ᠎ᠠ ᠶᠢ ᠳᠡᠪᠰᠢᠭᠦᠯᠦᠨ ᠬᠡᠷᠡᠭᠯᠡᠬᠦ ᠶᠢ ᠴᠢᠬᠤᠯᠠᠴᠢᠯᠠᠵᠤ᠂ ᠴᠥᠭᠡᠨ ᠲᠣᠭᠠᠲᠤ ᠦᠨᠳᠦᠰᠦᠲᠡᠨ ᠦ ᠪᠠᠭ ᠤᠨ ᠪᠦᠷᠢᠯᠳᠦᠬᠦᠨ᠂ ᠠᠵᠢᠯᠲᠠᠨ ᠤ ᠣᠷᠣᠨ ᠲᠣᠭᠠᠨ ᠤ ᠪᠠᠶᠢᠴᠠᠭᠠᠬᠤ ᠲᠤᠰᠢᠶᠠᠯᠲᠠᠨ ᠪᠠ ᠵᠠᠩᠭᠢᠯᠠᠭ᠎ᠠ ᠶᠢᠨ ᠺᠠᠳ᠋ᠷ ᠤᠨ ᠳᠣᠲᠣᠷ᠎ᠠ ᠡᠵᠡᠯᠡᠬᠦ ᠬᠠᠷᠢᠴᠠᠯ ᠨᠢ ᠲᠤᠰ ᠲᠤᠰ 50%᠂ 53.8%᠂ 50% ᠳᠤ ᠬᠦᠷᠪᠡ᠃ ᠴᠥᠭᠡᠨ ᠲᠣᠭᠠᠲᠤ ᠦᠨᠳᠦᠰᠦᠲᠡᠨ ᠦ ᠺᠠᠳ᠋ᠷ ᠴᠠᠭᠳᠠᠭ᠎ᠠ ᠶᠢᠨ ᠦᠰᠦᠨ ᠪᠤᠶᠢᠵᠢᠬᠤ ᠪᠠ ᠲᠠᠪᠰᠢᠯᠳᠠ ᠶᠢ ᠴᠢᠬᠤᠯᠠᠴᠢᠯᠠᠵᠤ᠂ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠬᠤ ᠬᠣᠸᠰ ᠬᠡᠯᠡᠨ ᠦ ᠪᠤᠯᠪᠠᠰᠤᠷᠠᠯ  ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠴᠥᠭᠡᠨ ᠲᠣᠭᠠᠲᠤ ᠦᠨᠳᠦᠰᠦᠲᠡᠨ ᠦ ᠺᠠᠳ᠋ᠷ ᠴᠠᠭᠳᠠᠭ᠎ᠠ ᠶᠢᠨ ᠬᠡᠪ ᠴᠢᠳᠠᠪᠤᠷᠢ ᠶᠢ ᠳᠡᠭᠡᠭᠰᠢᠯᠡᠭᠦᠯᠪᠠ ᠃ ᠡᠯ᠎ᠡ ᠦᠨᠳᠦᠰᠦᠲᠡᠨ ᠦ ᠪᠦᠯᠬᠦᠮᠳᠡᠯ ᠦᠨ ᠪᠠᠶᠢᠴᠠᠭᠠᠬᠤ ᠰᠣᠶᠣᠯ ᠤᠨ ᠪᠠᠶᠢᠭᠤᠯᠤᠯᠲᠠ ᠶᠢ ᠴᠢᠬᠤᠯᠠᠴᠢᠯᠠᠵᠤ ᠂ ᠦᠨᠳᠦᠰᠦᠲᠡᠨ ᠦ ᠪᠦᠯᠬᠦᠮᠳᠡᠯ ᠦᠨ ᠨᠥᠬᠥᠷᠯᠡᠯ ᠦᠨ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠶ ᠥᠷᠨᠢᠭᠦᠯᠵᠦ ᠂ ᠡᠯ᠎ᠡ ᠦᠨᠳᠦᠰᠦᠲᠡᠨ ᠦ ᠦᠭᠡ ᠬᠡᠯᠡ ᠦᠰᠦᠭ ᠪᠢᠴᠢᠭ ᠢ ᠬᠠᠷᠢᠯᠴᠠᠨ ᠰᠤᠷᠤᠯᠴᠠᠵᠤ᠂ ᠡᠯ᠎ᠡ ᠦᠨᠳᠦᠰᠦᠲᠡᠨ ᠦ ᠵᠠᠩ ᠳᠠᠳᠬᠠᠯ  ᠢᠶᠠᠨ ᠰᠣᠯᠢᠯᠴᠠᠵᠤ᠂ ᠨᠥᠬᠥᠷᠯᠡᠯ ᠢᠶᠡᠨ ᠵᠤᠵᠠᠭᠠᠳᠬᠠᠪᠠ ᠃ ᠣᠳᠣᠬᠠᠨ ᠳᠤ ᠂ ᠪᠥᠬᠥ ᠬᠤᠷᠢᠶᠠᠨ  ᠳᠦ ᠮᠣᠩᠭᠣᠯ ᠬᠢᠲᠠᠳ ᠬᠣᠸᠰ ᠬᠡᠯᠡᠨ ᠦ ᠠᠵᠢᠯᠲᠠᠨ ᠤ ᠣᠷᠣᠨ ᠲᠣᠭᠠᠨ ᠤ ᠪᠠᠶᠢᠴᠠᠭᠠᠬᠤ ᠲᠤᠰᠢᠶᠠᠯᠲᠠᠨ ᠨᠡᠶᠢᠲᠡ 6 ᠨᠡᠷᠡᠰ ᠂ 20 ᠭᠠᠷᠤᠢ ᠮᠣᠩᠭᠣᠯ ᠬᠢᠲᠠᠳ ᠣᠷᠴᠢᠭᠤᠯᠭ᠎ᠠ ᠶᠢᠨ ᠴᠢᠳᠠᠪᠤᠷᠢᠲᠠᠨ ᠪᠠᠶᠢᠵᠤ ᠂ 1 ᠬᠥᠮᠦᠨ ᠥᠪᠡᠷᠲᠡᠭᠡᠨ ᠵᠠᠰᠠᠬᠤ ᠣᠷᠣᠨ ᠤ ᠬᠣᠣᠰ ᠬᠡᠯᠡ ᠪᠡᠷ ᠬᠡᠷᠡᠭ ᠰᠢᠢᠳᠪᠦᠷᠢᠯᠡᠬᠦ ᠴᠢᠳᠠᠪᠤᠷᠢᠲᠠᠨ ᠤ ᠬᠥᠮᠥᠷᠭᠡ ᠳᠦ ᠰᠣᠩᠭᠣᠭᠳᠠᠪᠠ᠃ ᠭᠤᠷᠪᠠ ᠳᠤ ᠦᠨᠳᠦᠰᠦᠲᠡᠨ ᠦ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯᠯᠠᠭ᠎ᠠ ᠪᠣᠯᠤᠨ ᠭᠣᠣᠯᠳᠠᠯᠭ᠎ᠠ ᠲᠠᠶ ᠠᠵᠢᠯ   ᠤᠨ ᠤᠶᠠᠯᠳᠤᠯ ᠤᠨ ᠴᠡᠭ ᠢ ᠬᠦᠴᠦᠯᠡᠨ ᠰᠠᠶᠢᠲᠤᠷ ᠠᠳᠬᠤᠪᠠ ᠃ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠶᠢᠯᠠᠯᠲᠤᠭᠠᠨ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠂ 《 ᠭᠤᠷᠪᠠᠨ ᠶᠡᠬᠡ ᠪᠣᠭᠣᠮᠲᠠ ᠰᠢᠪᠲᠤᠯᠬᠤ ᠲᠠᠶᠢᠯᠠᠯᠲᠤᠭᠠᠨ》 ᠦ ᠢᠯᠠᠯᠲᠠ ᠶᠢ ᠣᠯᠬᠤ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠡᠷ ᠬᠥᠭᠵᠢᠬᠦ ᠶᠢ ᠪᠠᠲᠤᠯᠠᠬᠤ ᠂ ᠰᠤᠷᠭᠠᠭᠤᠯᠢ ᠶᠢᠨ ᠬᠦᠷᠢᠶᠡᠨ ᠦ ᠳᠣᠷᠣᠮᠵᠢᠯᠠᠯ ᠢ ᠰᠡᠷᠭᠡᠶᠢᠯᠡᠬᠦ ᠵᠡᠷᠭᠡ ᠭᠣᠸᠯᠳᠠᠯᠭ᠎ᠠ ᠲᠠᠶ ᠠᠵᠢᠯ ᠤᠨ ᠶᠠᠪᠤᠴᠠ ᠳᠤ ᠂ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠪᠠ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠦ ᠲᠥᠪᠯᠡᠷᠡᠨ ᠰᠠᠭᠤᠷᠢᠰᠢᠭᠰᠠᠨ ᠣᠨᠴᠠᠯᠢᠭ ᠢ ᠭᠦᠢᠴᠡᠳ ᠪᠣᠳᠣᠯᠬᠢᠯᠠᠵᠤ ᠂ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠦ ᠲᠣᠰ ᠪᠡᠶ᠎ᠡ ᠶᠢᠨ ᠠᠰᠢᠭ ᠲᠤᠰᠠ ᠶᠢ ᠬᠦᠴᠦᠯᠡᠨ ᠬᠠᠮᠠᠭᠠᠯᠠᠵᠤ ᠂ ᠦᠨᠳᠦᠰᠦᠲᠡᠨ ᠦ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠪᠠ ᠃

ᠳᠥᠷᠪᠡ ᠂ ︽ ᠳᠥᠷᠪᠡᠨ ᠶᠡᠬᠡ ᠠᠷᠭ᠎ᠠ ᠬᠡᠮᠵᠢᠶ᠎ᠡ ︾ ᠶᠢ ᠭᠦᠨᠵᠡᠭᠡᠶ ᠬᠡᠷᠡᠭᠵᠢᠭᠦᠯᠵᠦ ᠂ ᠰᠠᠭᠤᠷᠢ ᠲᠠᠯᠪᠢᠵᠤ ᠲᠠᠪᠴᠠᠩ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠪᠠ

ᠨᠢᠭᠡ ᠳᠦ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠦᠢᠯᠡᠴᠢᠯᠡᠭᠡ ᠬᠠᠩᠭᠠᠨ᠎ᠠ᠃ ᠮᠣᠩᠭᠣᠯ ᠬᠢᠲᠠᠳ ᠬᠣᠣᠰ ᠬᠡᠯᠡᠨ ᠦ 《 ᠨᠢᠭᠡ ᠥᠷᠲᠡᠭᠡᠨ ᠦ ᠮᠠᠶ᠋ᠢᠭ 》 ᠤᠨ ᠪᠠᠶᠢᠴᠠᠭᠠᠬᠤ ᠦᠢᠯᠡᠴᠢᠯᠡᠭᠡᠨ ᠦ ᠲᠢᠩᠬᠢᠮ ᠪᠠ ᠮᠣᠩᠭᠣᠯ ᠬᠢᠲᠠᠳ ᠬᠣᠣᠰ ᠬᠡᠯᠡᠨ ᠦ ᠬᠠᠤᠯᠢ ᠴᠠᠭᠠᠵᠠ ᠶᠢᠨ ᠵᠥᠪᠯᠡᠯᠭᠡ ᠥᠭᠬᠦ ᠭᠡᠷ ᠪᠠᠶᠢᠭᠤᠯᠵᠤ ᠂ 《 7212309 ᠬᠣᠣᠰ ᠬᠡᠯᠡᠨ ᠦ ᠪᠠᠶᠢᠴᠠᠭᠠᠬᠤ ᠦᠢᠯᠡᠴᠢᠯᠡᠭᠡᠨ ᠦ ᠬᠠᠯᠠᠮᠰᠢᠯ ᠤᠲᠠᠰᠤ 》 ᠪᠠ 《 ᠮᠣᠩᠭᠣᠯ ᠬᠢᠲᠠᠳ ᠬᠤᠤᠰ  ᠬᠡᠯᠡᠨ ᠦ ᠪᠠᠶᠢᠴᠠᠭᠠᠬᠤ ᠳᠠᠷᠤᠭ᠎ᠠ ᠶᠢᠨ ᠬᠠᠤᠯᠢ ᠴᠠᠭᠠᠵᠠ ᠶᠢᠨ ᠯᠠᠪᠯᠠᠭ᠎ᠠ ᠶᠢᠨ ᠬᠠᠯᠠᠭᠤᠨ ᠤᠲᠠᠰᠤ 》 ᠶᠢ ᠢᠵᠢ ᠪᠦᠷᠢᠳᠦᠭᠦᠯᠦᠨ ᠨᠡᠪᠲᠡᠷᠡᠭᠦᠯᠵᠦ ᠂ ᠮᠣᠩᠭᠣᠯ ᠬᠢᠲᠠᠳ ᠬᠣᠸᠰ ᠬᠡᠯᠡᠨ ᠦ ᠪᠠᠶᠢᠴᠠᠭᠠᠬᠤ ᠠᠵᠢᠯ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠭᠡᠷ ᠭᠠᠷᠭᠠᠵᠤ᠂ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠦ ᠵᠠᠭᠠᠯᠳᠤᠯᠭ᠎ᠠ ᠭᠣᠮᠣᠳᠠᠯ ᠲᠣᠭᠠᠴᠢᠯᠲᠠ᠂ ᠭᠣᠮᠣᠳᠠᠯ ᠲᠣᠭᠠᠴᠢᠯᠲᠠ  ᠪᠠᠨ ᠢᠯᠡᠳᠬᠡᠬᠦ ᠳᠦ ᠳᠥᠭᠥᠮ ᠦᠵᠡᠭᠦᠯᠪᠡ᠃ ᠪᠠᠶᠢᠴᠠᠭᠠᠬᠤ ᠠᠵᠢᠯ ᠤᠨ ᠪᠠᠶᠢᠴᠠᠭᠠᠨ ᠰᠤᠳᠤᠯᠬᠤ ᠣᠷᠴᠢᠭᠤᠯᠬᠤ ᠭᠡᠷ ᠭᠠᠷᠭᠠᠵᠤ ᠂ ᠪᠠᠶᠢᠴᠠᠭᠠᠨ ᠰᠤᠳᠤᠯᠤᠯᠲᠠ ᠂ ᠣᠷᠴᠢᠭᠤᠯᠭ᠎ᠠ ᠶᠢᠨ ᠳᠤᠭᠤᠶᠢᠯᠠᠩ ᠪᠠᠶᠢᠭᠤᠯᠵᠤ ᠂ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠳᠤ ᠭᠦᠨᠵᠡᠭᠡᠶᠢᠷᠡᠨ ᠣᠯᠠᠨ ᠲᠦᠮᠡᠨ ᠦ ᠬᠦᠰᠡᠯ ᠱᠠᠭᠠᠷᠳᠠᠯᠭ᠎ᠠ ᠶᠢ ᠪᠠᠶᠢᠴᠠᠭᠠᠨ ᠰᠤᠳᠤᠯᠬᠤ ᠶᠢᠨ ᠬᠠᠮᠲᠤ ᠮᠣᠩᠭᠣᠯ ᠬᠡᠯᠡᠨ ᠦ ᠮᠠᠲ᠋ᠧᠷᠢᠶᠠᠯ ᠢ ᠵᠣᠬᠢᠶᠠᠵᠤ ᠂ ︽ ᠣᠨᠣᠪᠴᠢᠲᠠᠶ ᠪᠠᠷ ᠦᠶᠯᠡᠴᠢᠯᠡᠬᠦ ︾ ᠶᠢ ᠪᠡᠶᠡᠯᠡᠭᠦᠯᠪᠠ  ᠃ ᠮᠣᠩᠭᠣᠯ ᠬᠢᠲᠠᠳ ᠬᠣᠸᠰ ᠬᠡᠯᠡᠨ ᠦ ᠬᠠᠸᠯᠢ ᠪᠠᠷ ᠵᠠᠰᠠᠬᠤ ᠬᠥᠮᠦᠵᠢᠯ ᠦᠨ ᠰᠠᠭᠤᠷᠢᠨ ᠭᠠᠵᠠᠷ ᠢ ᠪᠠᠶᠢᠭᠤᠯᠵᠤ ᠂ ᠮᠣᠩᠭᠣᠯ ᠬᠢᠲᠠᠳ ᠬᠣᠸᠰ ᠬᠡᠯᠡᠨ ᠦ ᠠᠮᠢ ᠠᠬᠤᠶ ᠶᠢᠨ ᠪᠠᠶᠢᠴᠠᠭᠠᠬᠤ ᠰᠤᠷᠭᠠᠨ ᠬᠥᠮᠦᠵᠢᠯ ᠦᠨ ᠦᠵᠡᠭᠦᠯᠭᠡ ᠶᠢᠨ ᠲᠢᠩᠬᠢᠮ᠂ ᠵᠠᠯᠠᠭᠤᠴᠤᠳ ᠪᠠᠭᠠᠴᠤᠳ ᠤᠨ ᠳᠠᠭᠤᠷᠢᠶᠠᠮᠠᠯ ᠰᠢᠭᠦᠬᠦ ᠲᠢᠩᠬᠢᠮ ᠵᠡᠷᠭᠡ ᠴᠢᠳᠠᠮᠵᠢ ᠶᠢᠨ ᠭᠡᠷ  ᠢ ᠠᠰᠢᠭᠯᠠᠨ ᠂ ᠪᠥᠬᠥ ᠬᠣᠰᠢᠭᠤᠨ ᠤ ᠣᠯᠠᠨ ᠲᠦᠮᠡᠨ ᠳᠦ ᠬᠠᠨᠳᠤᠭᠤᠯᠤᠭᠰᠠᠨ ᠮᠣᠩᠭᠣᠯ ᠬᠢᠲᠠᠳ ᠬᠣᠸᠰ ᠬᠡᠯᠡᠨ ᠦ ᠬᠠᠸᠯᠢ ᠪᠠᠷ ᠵᠠᠰᠠᠬᠤ ᠰᠤᠷᠭᠠᠨ ᠬᠥᠮᠦᠵᠢᠯ ᠦᠨ ᠲᠥᠪ ᠢ ᠪᠠᠶᠢᠭᠤᠯᠪᠠ ᠃ ᠬᠣᠶᠠᠷ ᠲᠤ ᠡᠭᠦᠳᠦᠨ ᠪᠠᠶᠢᠭᠤᠯᠬᠤ ᠤᠬᠠᠭᠤᠯᠭ᠎ᠠ ᠶᠢ ᠭᠦᠨᠵᠡᠭᠡᠶᠢᠷᠡᠭᠦᠯᠵᠦ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠠ ᠃ ᠮᠣᠩᠭᠣᠯ ᠬᠢᠲᠠᠳ ᠬᠣᠸᠰ ᠬᠡᠯᠡᠨ ᠦ ᠬᠠᠮ ᠵᠠᠭᠤᠴᠢᠯᠠᠭᠤᠷ ᠤᠨ ᠠᠵᠢᠯᠯᠠᠬᠤ ᠲᠠᠰᠤᠭ ᠢ ᠪᠠᠶᠢᠭᠤᠯᠵᠤ᠂ ᠪᠠᠶᠢᠴᠠᠭᠠᠬᠤ ᠠᠵᠢᠯ ᠢ ᠢᠯᠡ ᠪᠣᠯᠭᠠᠬᠤ ᠠᠵᠢᠯ ᠢ ᠭᠦᠨᠵᠡᠭᠡᠶᠢᠷᠡᠭᠦᠯᠵᠦ᠂ ᠴᠥᠭᠡᠨ ᠲᠣᠭᠠᠲᠤ ᠦᠨᠳᠦᠰᠦᠲᠡᠨ ᠦ ᠣᠯᠠᠨ ᠲᠦᠮᠡᠨ ᠦ ᠪᠠᠶᠢᠴᠠᠭᠠᠬᠤ ᠠᠵᠢᠯ ᠤᠨ ᠲᠤᠬᠠᠶ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠦᠬᠦ ᠲᠠᠯ᠎ᠠ ᠪᠠᠷ ᠪᠠᠲᠤᠯᠠᠪᠠ ᠃ 《 ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ ᠵᠢᠷᠭᠤᠭ᠎ᠠ ᠳᠤ ᠣᠷᠣᠭᠤᠯᠬᠤ 》 ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ ᠂ ᠭᠠᠯᠠᠭᠤᠲᠤ ᠪᠠᠯᠭᠠᠰᠤᠨ ᠤ ᠨᠡᠶᠢᠭᠡᠮ ᠲᠣᠭᠣᠷᠢᠭ ᠂ ᠰᠤᠷᠭᠠᠭᠤᠯᠢ ᠪᠣᠯᠤᠨ ᠡᠷᠭᠢᠨ ᠲᠣᠭᠣᠷᠢᠨ ᠤ ᠮᠠᠯᠵᠢᠬᠤ ᠣᠷᠣᠨ ᠵᠡᠷᠭᠡ ᠭᠠᠵᠠᠷ ᠢᠶᠠᠷ ᠭᠦᠨᠵᠡᠭᠡᠶᠢᠷᠡᠵᠦ ᠂ ᠬᠠᠸᠯᠢ ᠲᠦᠭᠡᠮᠡᠯᠵᠢᠭᠦᠯᠬᠦ ᠤᠬᠠᠭᠤᠯᠭ᠎ᠠ ᠬᠢᠵᠦ ᠂ 2015 ᠣᠨ ᠠᠴᠠ ᠨᠠᠰᠢ ᠂ ᠪᠦᠬᠦ ᠬᠣᠷᠢᠶᠠᠨ ᠤ ᠺᠠᠳ᠋ᠷ ᠴᠠᠭᠳᠠᠭ᠎ᠠ ᠨᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠯ᠎ᠡ ᠵᠦᠢᠯ ᠦᠨ ᠤᠬᠠᠭᠤᠯᠭ᠎ᠠ ᠶᠢᠨ ᠠᠵᠢᠯᠯᠠᠭ᠎ᠠ  ᠶᠢ ᠵᠠᠭᠤ ᠭᠠᠷᠤᠶ ᠤᠳᠠᠭ᠎ᠠ ᠥᠷᠨᠢᠭᠦᠯᠵᠦ ᠂ 3 ᠲᠦᠮᠡᠨ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ ᠂ 2 ᠲᠦᠮᠡ ᠭᠠᠷᠤᠶ ᠬᠦᠮᠦᠨ ᠰᠤᠷᠭᠠᠨ ᠬᠥᠮᠦᠵᠢᠯ ᠭᠥᠷᠳᠡᠭᠰᠡᠨ ᠪᠠᠶᠢᠨ᠎ᠠ ᠃ ᠭᠤᠷᠪᠠ ᠳᠤ ᠪᠠᠶᠢᠴᠠᠭᠠᠬᠤ ᠠᠷᠠᠳ ᠤᠨ ᠬᠠᠷᠢᠯᠴᠠᠨ ᠦᠶᠯᠡᠳᠦᠯᠴᠡᠬᠦ ᠶᠢ ᠳᠣᠪᠣᠶᠢᠯᠭᠠᠵᠤ ᠂ ᠪᠠᠶᠢᠴᠠᠭᠠᠬᠤ ᠠᠷᠠᠳ ᠤᠨ ᠬᠠᠷᠢᠴᠠᠭ᠎ᠠ ᠶᠢ ᠣᠶᠢᠷᠠᠲᠤᠭᠤᠯᠤᠨ᠎ᠠ ᠃

ᠦᠸᠰᠢᠨ ᠬᠣᠰᠢᠭᠤᠨ ᠤ ᠤᠯᠠᠭᠠᠨ ᠲᠣᠯᠣᠭᠠᠶ ᠂ ᠡᠸ ᠳ᠋ᠢᠩ ᠾᠧ ᠪᠠᠯᠭᠠᠰᠤᠨ ᠳᠤ ᠲᠣᠭᠣᠷᠢᠨ ᠪᠠᠶᠢᠴᠠᠭᠠᠬᠤ ᠲᠠᠰᠤᠭ ᠲᠤ ᠮᠣᠩᠭᠣᠯ ᠬᠢᠲᠠᠳ ᠬᠣᠸᠰ ᠬᠡᠯᠡᠨ ᠦ ᠪᠠᠶᠢᠴᠠᠭᠠᠬᠤ ᠺᠠᠳ᠋ᠷ ᠴᠠᠭᠳᠠᠭ᠎ᠠ ᠲᠣᠬᠢᠷᠠᠭᠤᠯᠵᠤ ᠂ ᠮᠣᠩᠭᠣᠯ ᠬᠢᠲᠠᠳ ᠬᠣᠸᠰ ᠬᠡᠯᠡ ᠪᠡᠷ ᠬᠠᠸᠯᠢ ᠪᠠᠷ ᠵᠠᠰᠠᠬᠤ ᠤᠬᠠᠭᠤᠯᠭ᠎ᠠ ᠬᠢᠬᠦ ᠂ ᠰᠤᠷᠪᠤᠯᠵᠢᠯᠠᠭ᠎ᠠ ᠬᠦᠯᠢᠶᠡᠬᠦ ᠂ ᠳᠣᠷᠣᠭᠰᠢ ᠪᠠᠭᠤᠵᠤ ᠰᠤᠷᠪᠤᠯᠵᠢᠯᠠᠬᠤ ᠦᠨᠳᠦᠰᠦᠨ ᠱᠠᠲᠤᠨ  ᠤ ᠵᠢᠵᠢᠭ ᠪᠠᠶᠢᠴᠠᠭᠠᠬᠤ ᠠᠵᠢᠯ  ᠢ ᠢᠳᠡᠪᠬᠢᠲᠡᠶ  ᠪᠡᠷ ᠴᠣᠭᠴᠠᠯᠠᠵᠤ᠂ ᠦᠨᠳᠦᠰᠦᠨ ᠱᠠᠲᠤᠨ  ᠤ ᠰᠢᠭᠦᠬᠦ ᠲᠢᠩᠬᠢᠮ᠂ ᠬᠠᠸᠯᠢ ᠴᠠᠭᠠᠵᠠ  ᠶᠢᠨ ᠭᠠᠵᠠᠷ᠂ ᠳᠣᠲᠣᠭᠠᠳᠤ  ᠶᠢ ᠬᠠᠮᠠᠭᠠᠯᠠᠬᠤ ᠲᠣᠮᠢᠯᠠᠭᠰᠠᠨ ᠰᠠᠯᠪᠤᠷᠢ  ᠳᠤ ᠬᠢᠨᠠᠯᠲᠠ ᠲᠠᠯᠪᠢᠬᠤ  ᠪᠠᠨ ᠴᠢᠩᠭᠠᠳᠬᠠᠵᠠᠢ ᠃ ᠰᠤᠮᠤ ᠭᠠᠴᠠᠭ᠎ᠠ ᠳᠤ ᠮᠣᠩᠭᠣᠯ ᠬᠢᠲᠠᠳ ᠬᠣᠸᠰ ᠬᠡᠯᠡᠨ ᠦ ᠪᠠᠶᠢᠴᠠᠭᠠᠬᠤ ᠬᠣᠯᠪᠣᠭᠠᠴᠢᠨ ᠢ ᠢᠯᠡᠷᠡᠭᠦᠯᠦᠨ ᠬᠥᠮᠦᠵᠢᠭᠦᠯᠵᠦ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠥᠪᠡᠷᠮᠢᠴᠡ ᠦᠶᠯᠡᠳᠦᠯ ᠢ ᠪᠠᠳᠠᠷᠠᠭᠤᠯᠪᠠ ᠃ ᠪᠠᠶᠢᠴᠠᠭᠠᠬᠤ ᠠᠵᠢᠯ ᠤᠨ ᠨᠡᠭᠡᠭᠡᠯᠲᠡᠲᠦ ᠡᠳᠦᠷ ᠦᠨ ᠠᠵᠢᠯᠯᠠᠭ᠎ᠠ ᠡᠷᠬᠢᠯᠡᠬᠦ ᠪᠡᠷ ᠲᠣᠬᠢᠶᠠᠯ ᠪᠣᠯᠭᠠᠵᠤ ᠂ ᠴᠥᠭᠡᠨ ᠲᠣᠭᠠᠲᠤ ᠦᠨᠳᠦᠰᠦᠲᠡᠨ ᠦ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ   ᠶᠢᠨ ᠵᠥᠪᠯᠡᠯᠭᠡᠨ ᠦ ᠭᠡᠰᠢᠭᠦᠨ᠂ ᠠᠵᠤ ᠠᠬᠤᠶᠢᠯᠠᠯ ᠤᠨ ᠬᠥᠮᠦᠰ᠂ ᠦᠨᠳᠦᠰᠦᠨ ᠱᠠᠲᠤᠨ ᠤ ᠤᠯᠠᠨ ᠲᠦᠮᠡᠨ ᠵᠡᠷᠭᠡ ᠶᠢ ᠰᠠᠨᠠᠭᠠᠴᠢᠯᠠᠭ᠎ᠠ ᠠᠴᠠ ᠪᠠᠨ ᠤᠷᠢᠵᠤ ᠪᠠᠶᠢᠴᠠᠭᠠᠬᠤ ᠪᠠᠶᠢᠭᠤᠯᠭ᠎ᠠ ᠳᠤ ᠣᠴᠢᠭᠤᠯᠵᠤ ᠪᠠᠶᠢᠴᠠᠭᠠᠬᠤ ᠠᠵᠢᠯ ᠢ ᠣᠶᠢᠯᠠᠭᠠᠭᠤᠯᠪᠠ᠃ ᠴᠥᠭᠡᠨ ᠲᠣᠭᠠᠲᠤ ᠦᠨᠳᠦᠰᠦᠲᠡᠨ ᠦ ᠪᠠᠶᠠᠷ ᠤᠨ ᠡᠳᠦᠷ ᠲᠦ ᠰᠠᠨᠠᠭᠠᠴᠢᠯᠠᠭ᠎ᠠ ᠠᠴᠠ ᠪᠠᠨ ᠣᠷᠣᠯᠴᠠᠵᠤ ᠂ ︽ ᠨᠠᠶᠢᠷ ᠨᠠᠭᠠᠳᠤᠮ ︾ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ︾ ︽ ᠭᠣᠯᠣᠮᠲᠠ ᠲᠠᠬᠢᠬᠤ ᠪᠠᠶᠠᠷ ︾ ᠵᠡᠷᠭᠡ ᠪᠠᠶᠠᠷ ᠳᠤᠷᠠᠰᠬᠠᠯ ᠤᠨ ᠡᠳᠦᠷ ᠢ ᠠᠰᠢᠭᠯᠠᠨ ᠂ ᠮᠣᠩᠭᠣᠯ ᠦᠨᠳᠦᠰᠦᠲᠡᠨ ᠦ ᠲᠥᠪᠯᠡᠷᠡᠨ ᠰᠠᠭᠤᠭᠰᠠᠨ ᠣᠷᠣᠨ ᠳᠤ ᠭᠦᠨᠵᠡᠭᠡᠶᠢᠷᠡᠨ ᠮᠠᠯᠴᠢᠨ ᠲᠠᠷᠢᠶᠠᠴᠢᠨ ᠲᠠᠶ ᠨᠥᠬᠥᠷᠯᠡᠵᠦ ᠂ ᠠᠷᠠᠳ  ᠤᠨ ᠨᠥᠬᠥᠷᠯᠡᠯ  ᠦᠨ ᠴᠡᠴᠡᠭ  ᠢ ᠦᠨᠳᠦᠰᠦᠨ ᠱᠠᠲᠤᠨ  ᠳᠤ ᠦᠨᠳᠦᠰᠦᠯᠡᠭᠦᠯᠵᠡᠶ᠃ ᠲᠦᠷᠪᠡ ᠳᠦ ᠪᠠᠭᠤᠷᠠᠶ ᠶᠢ ᠲᠡᠳᠬᠦᠨ ᠶᠠᠳᠠᠭᠤ ᠶᠢ ᠲᠡᠳᠬᠦᠬᠦ ᠶᠢ ᠴᠢᠬᠤᠯᠠᠴᠢᠯᠠᠵᠤ᠂ ᠦᠨᠳᠦᠰᠦᠲᠡᠨ ᠦ ᠪᠦᠯᠬᠦᠮᠳᠡᠯ ᠢ ᠭᠦᠨᠵᠡᠭᠡᠶᠢᠷᠡᠭᠦᠯᠪᠠ ᠃ ᠴᠥᠭᠡᠨ ᠲᠣᠭᠠᠲᠤ ᠦᠨᠳᠦᠰᠦᠲᠡᠨ ᠦ ᠬᠦᠴᠢᠷᠳᠡᠯ ᠲᠡᠶ ᠺᠠᠳ᠋ᠷ ᠴᠠᠭᠳᠠᠭ᠎ᠠ ᠶᠢ ᠭᠣᠸᠯᠳᠠᠯᠭ᠎ᠠ ᠲᠠᠶ ᠬᠠᠪᠰᠤᠷᠤᠨ ᠲᠡᠳᠬᠦᠵᠦ᠂ ᠰᠤᠷᠭᠠᠭᠤᠯᠢ ᠶᠢᠨ ᠤᠳᠤᠷᠢᠳᠤᠯᠭ᠎ᠠ ᠵᠢᠯ ᠪᠦᠷᠢ ᠲᠣᠭᠲᠠᠮᠠᠯ ᠬᠤᠭᠤᠴᠠᠭ᠎ᠠ ᠲᠠᠶ ᠪᠠᠷ ᠪᠣᠯᠭᠣᠭᠠᠨ ᠲᠣᠬᠣᠨᠢᠭᠤᠯᠵᠤ᠂ ᠬᠠᠶᠢᠷ᠎ᠠ ᠬᠠᠯᠠᠮᠵᠢ ᠬᠦᠷᠲᠡᠭᠡᠪᠠ ᠃ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠢᠳᠠᠪᠤᠷᠢᠵᠢᠭᠤᠯᠬᠤ ᠂ ᠴᠥᠭᠡᠨ ᠲᠣᠭᠠᠲᠤ ᠦᠨᠳᠦᠰᠦᠲᠡᠨ  ᠦ ᠬᠠᠪᠰᠤᠷᠤᠨ ᠲᠡᠳᠬᠦᠬᠦ ᠬᠠᠷᠢᠯᠴᠠᠬᠤ ᠴᠢᠭ  ᠦᠨ ᠮᠠᠯᠴᠢᠨ ᠲᠠᠷᠢᠶᠠᠴᠢᠳ  ᠲᠤ ᠠᠷᠭ᠎ᠠ ᠤᠬᠠᠭᠠᠨ ᠭᠠᠷᠭᠠᠵᠤ ᠂ ᠲᠥᠷᠥᠯ ᠵᠦᠶᠯ ᠪᠤᠯᠢᠶᠠᠯᠳᠤᠨ ᠂ ᠪᠡᠯᠡ ᠮᠥᠩᠭᠥ ᠴᠤᠭᠯᠠᠭᠤᠯᠵᠤ ᠂ ᠰᠦᠯᠳᠡ ᠰᠤᠮᠤ  ᠶᠢᠨ ᠮᠥᠭᠥ ᠶᠢᠨ ᠲᠠᠩ ᠲᠣᠰᠬᠣᠨ  ᠢ ᠬᠠᠪᠰᠤᠷᠤᠨ ᠳ᠋ᠢᠩ ᠰᠢᠶᠠᠩ ᠮᠥᠭᠥ ᠂ ᠬᠠᠷ᠎ᠠ ᠭᠠᠬᠠᠶ ᠂ ᠪᠣᠷᠳᠣᠭ᠎ᠠ ᠪᠣᠯᠪᠠᠰᠤᠷᠠᠭᠤᠯᠬᠤ ᠵᠡᠷᠭᠡ ᠣᠨᠴᠠᠯᠢᠭᠲᠤ ᠠᠵᠤ ᠦᠶᠯᠡᠰ  ᠢ ᠬᠥᠭᠵᠢᠭᠦᠯᠵᠦ ᠂ ᠮᠠᠯᠴᠢᠨ ᠲᠠᠷᠢᠶᠠᠴᠢᠨ ᠤ ᠠᠵᠢᠯ ᠣᠯᠭᠣᠯᠲᠠ ᠶᠢ ᠳᠠᠶᠢᠴᠢᠯᠠᠵᠤ ᠂ ᠶᠠᠳᠠᠭᠤ  ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠡᠬᠢᠵᠢᠭᠦᠯᠪᠠ  ᠃ (ᠤᠷᠳᠤᠰ ᠬᠤᠳᠠ ᠶᠢᠨ ᠪᠠᠶᠢᠴᠠᠭᠠᠬᠤ ᠬᠣᠷᠢᠶᠠᠨ ᠤ ᠮᠠᠲ᠋ᠧᠷᠢᠶᠠᠯ ᠢ ᠦᠨᠳᠦᠰᠦᠯᠡᠪᠡ)


ᠢᠷᠡᠯᠲᠡ
ᠥᠪᠡᠷᠲᠡᠭᠡᠨ ᠵᠠᠰᠠᠬᠤ ᠣᠷᠤᠨ ᠤ ᠪᠠᠶᠢᠴᠠᠭᠠᠬᠤ ᠬᠣᠷᠢᠶ᠎ᠠ ᠶᠢᠨ ᠣᠷᠴᠢᠭᠤᠯᠭ᠎ᠠ ᠶᠢᠨ ᠭᠠᠵᠠᠷ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro