ᠲᠡᠷᠢᠭᠦᠨ ᠨᠢᠭᠤᠷ  -  ᠨᠦᠬᠦᠷᠰᠡᠭ ᠱᠦᠭᠦᠮᠡᠩ

ᠤᠨᠤᠯ  ᠤᠨ ᠮᠡᠳᠡᠯᠭᠡ  ᠶᠢ ᠪᠠᠲᠤᠳᠬᠠᠵᠤ ᠦᠨᠳᠦᠰᠦᠲᠡᠨ  ᠤ ᠪᠦᠯᠬᠦᠮᠳᠡᠯ ᠢ ᠴᠢᠨᠭᠭᠠᠳᠬᠠᠨᠠᠮ

2022-08-31 17:19:57
ᠵᠣᠬᠢᠶᠠᠭᠴᠢ
ᠪᠠᠢ ᠴᠢᠩ ᠯᠢᠨ

ᠦᠨᠳᠦᠰᠦᠲᠡᠨ  ᠤ ᠪᠦᠯᠬᠦᠮᠳᠡᠯ ᠨᠢ ᠵᠥᠪᠬᠡᠨ ᠠᠮᠠᠨ ᠳᠡᠭᠡᠷ᠎ᠡ ᠪᠡᠨ ᠶᠠᠷᠢᠭᠠᠳ ᠯᠡ ᠪᠠᠶᠢᠵᠤ ᠪᠣᠯᠬᠤ ᠦᠭᠡᠢ᠂ ᠨᠡᠩ ᠴᠤ ᠦᠢᠯᠡᠳᠦᠯᠭᠡ  ᠶᠢᠨ ᠳᠤᠮᠳᠠ ᠢᠯᠡᠷᠡᠭᠦᠯᠬᠦ ᠴᠢᠬᠤᠯᠠᠲᠠᠶ᠂ ᠦᠨᠳᠦᠰᠦᠲᠡᠨ  ᠤ ᠪᠦᠯᠬᠦᠮᠳᠡᠯ   ᠶᠢᠨ ᠤᠨᠤᠯ  ᠤᠨ ᠮᠡᠳᠡᠯᠭᠡ  ᠶᠢᠨ ᠪᠣᠯᠪᠠᠰᠤᠷᠠᠭᠤᠯᠤᠯ ᠪᠠ ᠰᠢᠯᠭᠠᠯᠲᠠ  ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠺᠠᠳ᠋ᠷ ᠴᠠᠭᠳᠠᠭ᠎ᠠ ᠨᠠᠷ ᠲᠤ ᠦᠨᠳᠦᠰᠦᠲᠡᠨ  ᠤ ᠪᠦᠯᠬᠦᠮᠳᠡᠯ  ᠦᠨ ᠴᠢᠬᠤᠯᠠ ᠴᠢᠨᠠᠷ  ᠢ ᠭᠦᠨᠵᠡᠭᠡᠶ ᠲᠠᠨᠢᠭᠤᠯᠵᠤ᠂ ᠬᠣᠶᠢᠰᠢᠳᠠ  ᠶᠢᠨ ᠠᠵᠢᠯ  ᠢᠶᠠᠨ ᠥᠷᠨᠢᠭᠦᠯᠬᠦ ᠴᠢᠭᠯᠡᠯ  ᠢ ᠲᠠᠰᠤᠷᠠᠯᠲᠠ ᠦᠭᠡᠢ ᠲᠣᠳᠣᠷᠬᠠᠶ ᠪᠣᠯᠭᠠᠬᠤ ᠬᠡᠷᠡᠭᠲᠡᠶ᠃ ᠤᠢᠷ᠎ᠠ ᠵᠢᠨ ᠡᠳᠦᠷ ᠂ ᠴᠢᠩ ᠱᠦᠶ ᠾᠧ ᠰᠢᠶᠠᠨ  ᠤ ᠠᠷᠠᠳ  ᠦᠨ ᠪᠠᠶᠢᠴᠠᠭᠠᠬᠤ ᠬᠣᠷᠢᠶ᠎ᠠ ᠪᠥᠬᠥ ᠺᠠᠳ᠋ᠷ ᠴᠠᠭᠳᠠᠭ᠎ᠠ  ᠢᠶᠠᠨ ᠵᠣᠬᠢᠶᠠᠨ ᠪᠠᠶᠢᠭᠤᠯᠵᠤ ︽ ᠭᠠᠷᠠᠭ ᠪᠦᠷᠢ ᠨᠢᠭᠡ ᠤᠳᠠᠭ᠎ᠠ ᠰᠢᠯᠭᠠᠬᠤ ︾ ᠦᠨᠳᠦᠰᠦᠲᠡᠨ  ᠤ ᠪᠦᠯᠬᠦᠮᠳᠡᠯ ᠳᠠᠪᠰᠢᠯᠲᠠ  ᠢ ᠡᠭᠦᠳᠦᠨ ᠪᠠᠶᠢᠭᠤᠯᠬᠤ ᠠᠵᠢᠯ  ᠤᠨ ᠮᠡᠳᠡᠯᠭᠡ  ᠶᠢᠨ ᠰᠢᠯᠭᠠᠯᠲᠠ  ᠶᠢ ᠥᠷᠨᠢᠭᠦᠯᠪᠡ ᠃


微信图片_20220817100534.jpg



ᠰᠢᠯᠭᠠᠯᠲᠠ  ᠶᠢ ᠪᠢᠲᠡᠭᠦᠦ ᠰᠡᠳᠦᠪ  ᠢᠶᠠᠷ ᠬᠠᠷᠢᠭᠤᠯᠬᠤ ᠠᠷᠭ᠎ᠠ ᠪᠠᠷ ᠶᠠᠪᠤᠭᠳᠠᠭᠤᠯᠪᠠ ᠂ ᠰᠢᠯᠭᠠᠯᠲᠠ ᠶᠢᠨ ᠠᠭᠤᠯᠭ᠎ᠠ ᠳᠤ ᠰᠢ  ᠶᠢᠨ ᠫᠢᠩ ᠶᠡᠷᠦᠩᠬᠡᠶ ᠱᠦᠵᠢ  ᠶᠢᠨ ᠲᠥᠪ  ᠤᠨ ᠦᠨᠳᠦᠰᠦᠲᠡᠨ  ᠤ ᠠᠵᠢᠯ  ᠤᠨ ᠬᠤᠷᠠᠯ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ ᠂ ᠨᠠᠮ  ᠤᠨ ᠦᠨᠳᠦᠰᠦᠲᠡᠨ  ᠤ ᠲᠥᠷᠥ  ᠶᠢᠨ ᠪᠣᠳᠣᠯᠭ᠎ᠠ ᠵᠢᠴᠢ ᠬᠠᠮᠢᠶ᠎ᠠ ᠪᠥᠬᠥᠶ ᠬᠠᠸᠯᠢ ᠴᠠᠭᠠᠵᠠ ᠬᠠᠸᠯᠢ ᠲᠣᠭᠲᠠᠭᠠᠯ ᠵᠡᠷᠭᠡ ᠦᠨᠳᠦᠰᠦᠨ ᠮᠡᠳᠡᠯᠭᠡ  ᠶᠢ ᠬᠠᠮᠤᠷᠴᠤ ᠂ ᠰᠢᠯᠭᠠᠯᠲᠠ ᠪᠠᠷ ᠰᠤᠷᠤᠯᠴᠠᠯᠭ᠎ᠠ  ᠶᠢ ᠠᠬᠢᠭᠤᠯᠬᠤ ᠠᠷᠭ᠎ᠠ ᠪᠠᠷ ᠪᠥᠬᠥ ᠺᠠᠳ᠋ᠷ ᠴᠠᠭᠳᠠᠭ᠎ᠠ  ᠶᠢᠨ ᠦᠨᠳᠦᠰᠦᠲᠡᠨ  ᠦ ᠪᠦᠯᠬᠦᠮᠳᠡᠯ ᠳᠠᠪᠰᠢᠯᠲᠠ  ᠶᠢᠨ ᠡᠭᠦᠳᠦᠨ ᠪᠦᠲᠦᠭᠡᠬᠦ ᠤᠬᠠᠮᠰᠠᠷ  ᠶᠢ ᠳᠡᠭᠡᠭᠰᠢᠯᠡᠭᠦᠯᠬᠦ ᠪᠡᠷ ᠵᠣᠷᠢᠯᠭ᠎ᠠ ᠪᠣᠯᠭᠠᠭᠰᠠᠨ ᠪᠠᠶᠢᠨ᠎ᠠ



微信图片_20220817100539.jpg


ᠰᠢᠯᠭᠠᠯᠲᠠ ᠪᠠᠷ ᠳᠠᠮᠵᠢᠨ᠂ ᠺᠠᠳ᠋ᠷ ᠴᠠᠭᠳᠠᠭ᠎ᠠ  ᠶᠢᠨ ᠦᠨᠳᠦᠰᠦᠲᠡᠨ  ᠦ ᠪᠦᠯᠬᠦᠮᠳᠡᠯ ᠳᠠᠪᠰᠢᠯᠲᠠ  ᠶᠢ ᠡᠭᠦᠳᠦᠨ ᠪᠠᠶᠢᠭᠤᠯᠬᠤ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ  ᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ  ᠤᠨ ︽ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠡᠨ ᠬᠠᠮᠲᠤᠳᠬᠠᠬᠤ᠂ ᠡᠶ᠎ᠡ ᠵᠣᠬᠢᠴᠠᠩᠭᠤᠢ ᠪᠠᠷ ᠬᠥᠭᠵᠢᠬᠦ︾ ᠰᠠᠶᠢᠨ ᠰᠠᠶᠢᠬᠠᠨ ᠪᠠᠶᠢᠳᠠᠯ  ᠢ ᠪᠦᠬᠦ ᠬᠦᠴᠦᠨ  ᠢᠶᠡᠷ  ᠢᠶᠡᠨ ᠰᠠᠶᠢᠲᠤᠷ ᠪᠡᠬᠢᠵᠢᠭᠦᠯᠬᠦ᠂ ᠰᠠᠶᠢᠲᠤᠷ ᠬᠥᠭᠵᠢᠭᠦᠯᠬᠦ᠂ ᠰᠠᠶᠢᠲᠤᠷ ᠬᠠᠮᠠᠭᠠᠯᠠᠬᠤ ᠳᠤ ᠰᠠᠭᠤᠷᠢ ᠲᠠᠯᠪᠢᠵᠤ ᠥᠭᠪᠡ᠃

 ᠵᠣᠬᠢᠶᠠᠭᠴᠢ᠄ ᠭᠦᠸᠧ ᠶᠠᠩ

ᠣᠷᠴᠢᠭᠤᠯᠤᠭᠴᠢ᠄ ᠪᠠᠢ ᠴᠢᠩ ᠯᠢᠨ



ᠢᠷᠡᠯᠲᠡ
ᠬᠦᠬᠡᠬᠤᠳᠠ ᠵᠢᠨ ᠴᠢᠩ ᠱᠦᠶ ᠾᠧ ᠰᠢᠶᠠᠨ  ᠤ ᠠᠷᠠᠳ  ᠦᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro