ᠲᠡᠷᠢᠭᠦᠨ ᠨᠢᠭᠤᠷ  -  ᠨᠦᠬᠦᠷᠰᠡᠭ ᠱᠦᠭᠦᠮᠡᠩ

ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ 《 ᠦᠨᠳᠤᠰᠤᠲᠡᠨ ᠤ ᠪᠦᠯᠬᠦᠮᠳᠠᠯ ᠢ ᠬᠠᠮᠠᠭᠠᠯᠠᠵᠤ ᠳᠤᠮᠳᠠᠳᠤ ᠶᠢᠨ ᠦᠨᠳᠤᠰᠤᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ 》 ᠳᠤᠰᠬᠠᠢ ᠰᠡᠳᠤᠪᠲᠤ ᠲᠠᠶᠢᠯᠤᠮᠵᠢ ᠶᠢ ᠵᠤᠬᠢᠶᠠᠨ ᠪᠠᠶᠢᠭᠤᠯᠵᠤ ᠡᠷᠬᠢᠯᠡᠪᠡ

2022-09-23 16:40:40
ᠵᠣᠬᠢᠶᠠᠭᠴᠢ
ᠰᠤᠯᠤᠩᠭ᠎ᠠ 


       2022 ᠤᠨ ᠤ ᠦᠨᠳᠤᠰᠤᠲᠡᠨ ᠤ ᠪᠦᠯᠬᠦᠮᠳᠠᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠢ ᠭᠦᠨᠵᠡᠭᠡᠢ ᠠᠬᠢᠭᠤᠯᠵᠤ᠂ ᠪᠦᠬᠦ ᠬᠤᠷᠢᠶᠠᠨ ᠤ ᠦᠨᠳᠤᠰᠤᠲᠡᠨ ᠨᠦᠭᠦᠳ ᠤᠨ ᠺᠠᠳ᠋ᠷ ᠴᠠᠭᠳᠠᠭ᠎ᠠ ᠨᠠᠷ ᠤᠨ ᠰᠠᠬᠢᠨ ᠪᠠᠷᠠᠯᠠᠵᠤ ᠬᠠᠷᠢᠯᠴᠡᠨ ᠬᠠᠪᠰᠤᠷᠤᠯᠴᠠᠨ᠂ ᠪᠦᠯᠬᠦᠮᠳᠡᠨ ᠲᠡᠮᠡᠴᠡᠬᠦ ᠶᠢ ᠭᠦᠲᠤᠯᠤᠨ ᠵᠢᠯᠤᠭᠤᠳᠴᠤ᠂ ᠳᠤᠮᠳᠠᠳᠤ ᠶᠢᠨ ᠦᠨᠳᠤᠰᠤᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠵᠤ᠂ ᠦᠨᠳᠤᠰᠤᠲᠡᠨ ᠤ ᠪᠦᠯᠬᠦᠮᠳᠠᠯ᠂ ᠨᠠᠶᠢᠬᠡᠮ ᠤᠨ ᠳᠤᠭᠲᠠᠭᠤᠨ ᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠪᠦᠬᠦ ᠬᠤᠷᠢᠶᠠᠨ ᠤ ᠦᠨᠳᠤᠰᠤᠲᠡᠨ ᠤ ᠪᠦᠯᠬᠦᠮᠳᠠᠯ ᠳᠠᠪᠰᠢᠯᠲᠡ ᠶᠢ ᠡᠭᠦᠳᠤᠨ ᠪᠠᠶᠢᠭᠤᠯᠬᠤ ᠠᠵᠢᠯ ᠢ ᠠᠬᠢᠭᠤᠯᠬᠤ ᠶᠢᠨ ᠲᠦᠯᠤᠭᠡ᠂ 9 ᠰᠠᠷ᠎ᠠ ᠶᠢᠨ 13 ᠤ ᠡᠳᠦᠷ ᠤᠨ ᠦᠳᠡ ᠶᠢᠨ ᠡᠮᠤᠨ᠎ᠡ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠤᠷᠳᠤᠰ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠤᠤ ᠶᠢᠨ ᠱᠠᠨ ᠫᠠᠷᠤᠹᠧᠰᠰᠤᠷ ᠢ ᠤᠷᠢᠵᠤ ︽ᠦᠨᠳᠤᠰᠤᠲᠡᠨ ᠤ ᠪᠦᠯᠬᠦᠮᠳᠠᠯ ᠢ ᠬᠠᠮᠠᠭᠠᠯᠠᠵᠤ ᠳᠤᠮᠳᠠᠳᠤ ᠶᠢᠨ ᠦᠨᠳᠤᠰᠤᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ︾ ᠭᠡᠬᠦ ᠰᠡᠳᠦᠪ ᠢᠶᠠᠷ ᠪᠦᠬᠦ ᠬᠤᠷᠢᠶᠠᠨ ᠤ ᠺᠠᠳ᠋ᠷ ᠴᠠᠭᠳᠠᠭ᠎ᠠ ᠳᠤ ᠦᠨᠳᠤᠰᠤᠲᠡᠨ ᠤ ᠪᠦᠯᠬᠦᠮᠳᠠᠯ ᠳᠠᠪᠰᠢᠯᠲᠡ ᠶᠢᠨ ᠬᠢᠴᠢᠶᠡᠯ ᠤᠷᠤᠭᠤᠯᠪᠠ᠃ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠡᠩ ᠤᠨ ᠱᠦᠵᠢ᠂ ᠪᠠᠶᠢᠴᠠᠭᠠᠬᠤ ᠳᠠᠷᠤᠭ᠎ᠠ ᠶᠤᠸᠠᠢ ᠽᠦ ᠺᠦᠨ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠤ᠂ ᠪᠦᠬᠦ ᠺᠠᠳ᠋ᠷ ᠴᠠᠭᠳᠠᠭ᠎ᠠ ᠬᠤᠷᠠᠯ ᠳᠤ ᠤᠷᠤᠯᠴᠠᠪᠠ᠃

       ᠪᠤᠤ ᠶᠢᠨ ᠱᠠᠨ ᠪᠠᠭᠰᠢ ︽ᠶᠠᠭᠤᠨ ᠤ ᠲᠦᠯᠤᠭᠡ᠂ ᠶᠠᠭᠠᠬᠢᠵᠤ ᠬᠢᠬᠦ︾ ᠪᠠᠷ ᠶᠡᠷᠥᠩᠬᠡᠢ ᠰᠡᠳᠬᠢᠴᠡ ᠪᠠᠨ ᠪᠤᠯᠭᠠᠵᠤ᠂ ᠳᠤᠮᠳᠠᠳᠤ ᠶᠢᠨ ᠦᠨᠳᠤᠰᠤᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢᠨ ᠴᠢᠬᠤᠯᠠ ᠠᠴᠢ ᠬᠤᠯᠪᠤᠭᠳᠠᠯ ᠢ ᠨᠠᠷᠢᠨ ᠨᠢᠮᠪᠠᠢ ᠳᠤᠲᠤᠷᠬᠠᠶᠢᠯᠡᠨ ᠦᠭᠦᠯᠡᠭᠰᠡᠨ ᠪᠦᠭᠡᠳ ᠰᠢᠰᠲ᠋ᠧᠮ ᠲᠠᠢ ᠨᠠᠷᠢᠨ ᠨᠢᠮᠪᠠᠢ ᠡᠮᠬᠢᠯᠡᠵᠤ᠂ ᠭᠦᠨᠵᠡᠭᠡᠢ ᠤᠨᠤᠪᠴᠢᠲᠠᠢ ᠵᠠᠳᠠᠯᠤᠯᠲᠠ ᠬᠢᠵᠤ᠂ ᠠᠮᠢᠳᠤᠯᠢᠭ ᠪᠤᠳᠠᠲᠠᠢ ᠵᠢᠱᠢᠶ᠎ᠡ ᠪᠠᠷ ᠰᠢᠨ᠎ᠡ ᠴᠠᠭ ᠦᠶ᠎ᠡ ᠳᠤ ᠦᠨᠳᠤᠰᠤᠲᠡᠨ ᠤ ᠪᠦᠯᠬᠦᠮᠳᠠᠯ ᠢ  ᠬᠡᠷᠬᠢᠨ ᠴᠢᠩᠭᠠᠳᠬᠠᠬᠤ᠂ ᠳᠤᠮᠳᠠᠳᠤ ᠶᠢᠨ ᠦᠨᠳᠤᠰᠤᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠳᠤᠬᠠᠢ ᠭᠦᠨᠵᠡᠭᠡᠢ ᠲᠠᠶᠢᠯᠪᠤᠷᠢᠯᠠᠪᠠ᠃

      ᠶᠤᠸᠠᠢ ᠽᠦ ᠺᠦᠨ ᠪᠠᠶᠢᠴᠠᠭᠠᠬᠤ ᠳᠠᠷᠤᠭ᠎ᠠ ᠲᠠᠶᠢᠯᠤᠮᠵᠢ ᠶᠢ ᠡᠷᠬᠢᠯᠡᠬᠦ ᠳᠡᠭᠡᠨ᠂ ᠳᠤᠮᠳᠠᠳᠤ ᠶᠢᠨ ᠦᠨᠳᠤᠰᠤᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠴᠢᠨᠠᠭᠰᠢᠳᠠ ᠪᠤᠢ ᠪᠤᠯᠭᠠᠨ᠂ ᠢᠮᠠᠭᠲᠠ ᠠᠷᠠᠳ ᠤᠯᠡᠨ ᠤ ᠰᠠᠶᠢᠨ ᠰᠠᠶᠢᠬᠠᠨ ᠠᠮᠢᠳᠤᠷᠠᠯ ᠤᠨ ᠭᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠤᠯᠭᠠᠵᠤ᠂ ᠪᠠᠶᠢᠴᠠᠭᠠᠬᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠪᠠᠶᠢᠴᠠᠭᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠤ᠂ ᠨᠠᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠵᠤ᠂ ᠦᠨᠳᠤᠰᠤᠲᠡᠨ ᠤ ᠪᠦᠯᠬᠦᠮᠳᠠᠯ ᠢ ᠠᠬᠢᠭᠤᠯᠬᠤ ᠠᠮᠢᠨ ᠰᠤᠳᠠᠰᠤ ᠶᠢ ᠰᠠᠶᠢᠲᠤᠷ ᠰᠠᠬᠢᠬᠤ ᠬᠡᠷᠡᠭᠲᠡᠢ ᠭᠡᠵᠤ ᠴᠢᠬᠤᠯᠠᠴᠢᠯᠠᠪᠠ᠃ ᠨᠠᠮ ᠤᠨ ᠴᠢᠭᠯᠡᠯᠲᠡ ᠲᠦᠷᠤ ᠶᠢᠨ ᠪᠤᠳᠤᠯᠭ᠎ᠠ ᠪᠠ ᠦᠨᠳᠤᠰᠤᠲᠡᠨ ᠤ ᠤᠨᠤᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠪᠦᠯᠬᠦᠮᠳᠡᠨ ᠬᠠᠮᠵᠢᠯᠴᠠᠵᠤ᠂ ᠬᠠᠮᠲᠤ ᠪᠠᠷ ᠲᠡᠮᠡᠴᠡᠵᠤ᠂ ᠪᠦᠬᠦ ᠬᠤᠷᠢᠶᠠᠨ ᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠤᠮᠵᠢ ᠶᠢ ᠰᠢᠨ᠎ᠡ ᠨᠢᠭᠡᠨ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠠᠢ᠃

      

    minzutuanjiewutaibeijing_6283905.jpg.400.jpg


  

         ᠰᠤᠯᠤᠩᠭ᠎ᠠ  ᠣᠷᠴᠢᠭᠤᠯᠪᠠ

ᠢᠷᠡᠯᠲᠡ
ᠣᠷᠳᠤᠰ ᠬᠤᠲᠠ ᠵᠢᠨ ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro