ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ATM ᠮᠠᠰᠢᠨ ᠳᠠᠬᠢ ᠢᠲᠡᠭᠡᠮᠵᠢ ᠶᠢᠨ ᠺᠠᠷᠲ ᠢ ᠣᠯᠵᠤ ᠠᠪᠬᠤ ᠪᠤᠶᠤ ᠮᠠᠷᠲᠠᠬᠤ ᠳᠤ ᠬᠦᠷᠪᠡᠯ ᠶᠠᠭᠠᠬᠢᠬᠤ ᠪᠤᠢ ︖

2023-04-26 10:02:50
ᠵᠣᠬᠢᠶᠠᠭᠴᠢ
ᠭᠡᠭᠡᠨᠰᠠᠷᠠᠭᠤᠯ

 
                      —— ᠰᠢᠯᠤᠭᠤᠨ ᠬᠥᠬᠡ ᠬᠤᠰᠢᠭᠤᠨ ᠤ ᠪᠠᠶᠢᠴᠠᠭᠠᠬᠤ ᠬᠤᠷᠢᠶ᠎ᠠ ᠨᠢᠭᠡᠨ ᠬᠤᠯᠠᠭᠠᠶᠢᠯᠠᠭᠰᠠᠨ  ᠬᠡᠷᠡᠭ ᠲᠤ ᠢᠯᠡ ᠪᠠᠷ ᠭᠡᠷᠡᠴᠢᠯᠡᠭᠡ ᠰᠣᠨᠣᠰᠬᠤ ᠬᠤᠷᠠᠯ ᠬᠢᠪᠡ᠃ 

 

 

《 ᠪᠢ ᠬᠠᠤᠯᠢ ᠴᠠᠭᠠᠵᠠ ᠶᠢᠨ ᠲᠠᠨᠢᠯᠲᠠ ᠳᠤᠳᠠᠮᠠᠭ ᠠᠴᠠ ᠪᠤᠯᠵᠤ᠂  ᠬᠠᠤᠯᠢ ᠴᠠᠭᠠᠵᠠ ᠶᠢᠨ  ᠡᠷᠬᠡ ᠰᠦᠷ ᠶᠢ ᠬᠤᠬᠢᠷᠠᠭᠤᠯᠵᠠᠢ᠂ ᠲᠤᠬᠠᠢ ᠶᠢᠨ ᠦᠶ᠎ᠡ ᠳᠤ ᠥᠪᠡᠷ ᠢ ᠪᠠᠨ ᠪᠠᠰᠠ ᠵᠣᠭᠤᠰ ᠣᠯᠵᠤ ᠠᠪᠤᠯ᠎ᠠ ᠭᠡᠵᠦ  ᠪᠣᠳᠣᠵᠣ᠂ ᠶᠠᠯ᠎ᠠ ᠬᠢᠵᠦ ᠪᠠᠶᠢᠨ᠎ᠠ ᠭᠡᠵᠦ ᠶᠡᠷᠦ ᠪᠤᠳᠤᠭᠰᠠᠨ ᠦᠭᠡᠢ᠂ ᠰᠡᠭᠦᠯᠡᠷ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳᠠᠭᠤᠳᠠᠭᠳᠠᠭᠰᠠᠨ ᠤ ᠳᠠᠷᠠᠭ᠎ᠠ ᠰᠠᠶ᠋ᠢ ᠥᠪᠡᠷ ᠤᠨ ᠬᠤᠯᠠᠭᠠᠶᠢᠯᠠᠭᠰᠠᠨ ᠶᠠᠯ᠎ᠠ ᠬᠢᠭᠰᠡᠨ ᠢᠶᠠᠨ ᠮᠡᠳᠡᠵᠡᠢ ᠁ ︾᠃ ᠰᠢᠯᠤᠭᠤᠨ ᠬᠥᠬᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠥᠯᠥ  ᠵᠠᠭᠠᠯᠳᠣᠬᠣ ᠪᠠᠷ ᠰᠢᠶᠳᠪᠦᠷᠢᠯᠡᠬᠦ ᠶᠢ ᠢᠯᠡ ᠪᠠᠷ  ᠭᠡᠷᠡᠴᠢᠯᠡᠭᠡ ᠰᠣᠨᠣᠰᠬᠤ ᠬᠤᠷᠠᠯ  ᠳᠡᠭᠡᠷ᠎ᠡ ᠮᠧᠩ ᠣᠪᠣᠭᠳᠣ  ᠮᠠᠰᠢ  ᠭᠡᠮᠰᠢᠨ ᠬᠠᠷᠠᠮᠰᠠᠭᠰᠠᠨ ᠰᠡᠳᠬᠢᠯᠭᠡ ᠪᠠᠨ ᠢᠯᠡᠳᠬᠡᠪᠡ᠃
         ᠣᠶᠢᠷ᠎ᠠ ᠳᠤ ᠰᠢᠯᠤᠭᠤᠨ ᠬᠥᠬᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠤᠰᠤᠳ ᠤᠨ ᠢᠲᠡᠭᠡᠮᠵᠢ ᠶᠢᠨ ᠺᠠᠷᠲ ᠢ ᠬᠤᠯᠠᠭᠠᠶᠢᠯᠠᠨ ᠬᠡᠷᠡᠭᠯᠡᠭᠰᠡᠨ ᠬᠡᠷᠡᠭ ᠢ ᠰᠢᠶᠳᠪᠦᠷᠢᠯᠡᠪᠡ᠃ ᠲᠤᠰ ᠬᠡᠷᠡᠭ ᠲᠤ ᠶᠠᠯ᠎ᠠ ᠬᠢᠭᠰᠡᠨ ᠰᠡᠵᠢᠭᠳᠡᠨ ᠮᠧᠩ ᠣᠪᠣᠭᠲᠤ ᠨᠢᠭᠡᠨ ᠪᠠᠩᠬᠢ ᠶᠢᠨ ATM ᠮᠠᠰᠢᠨ ᠠᠴᠠ ᠵᠣᠭᠤᠰ ᠭᠠᠷᠭᠠᠵᠤ ᠠᠪᠬᠤ ᠦᠶ᠎ᠡ ᠳᠤ᠂  ᠲᠡᠭᠦᠨ  ᠠᠴᠠ ᠡᠮᠦᠨ᠎ᠡ ᠵᠣᠭᠤᠰ ᠠᠪᠤᠭᠰᠠᠨ ᠬᠦᠮᠦᠨ ᠪᠠᠩᠬᠢ ᠶᠢᠨ ᠺᠠᠷᠲ ᠢᠶᠠᠨ ATM ᠮᠠᠰᠢᠨ   ᠲᠡᠭᠡᠷ᠎ᠡ ᠮᠠᠷᠲᠠᠭᠰᠠᠨ ᠢ ᠣᠯᠵᠤ ᠮᠡᠳᠡᠭᠡᠳ ᠺᠠᠷᠲ ᠠᠴᠠ  ᠨᠢ 5000 ᠲᠥᠭᠦᠷᠢᠭ ᠭᠠᠷᠭᠠᠨ ᠠᠪᠤᠪᠠ᠃   ᠶᠠᠯ᠎ᠠ  ᠬᠢᠭᠰᠡᠨ ᠰᠡᠵᠢᠭᠳᠡᠨ ᠮᠧᠩ ᠣᠪᠣᠭᠲᠤ ᠪᠤᠰᠤᠳ ᠤᠨ  ᠭᠠᠷᠭᠠᠨ ᠠᠪᠬᠤ ᠪᠠᠨ  ᠮᠠᠷᠲᠠᠭᠰᠠᠨ  ᠪᠠᠩᠬᠢ ᠶᠢᠨ ᠺᠠᠷᠲ ᠢ ᠠᠰᠢᠭᠯᠠᠨ ᠂  ᠲᠤᠭ᠎ᠠ ᠬᠡᠮᠵᠢᠶ᠎ᠡ ᠨᠢ ᠨᠡᠯᠢᠶᠡᠳ ᠶᠡᠭᠡ ᠡᠳ᠋ ᠪᠣᠳᠠᠰ ᠢ ᠨᠢᠭᠤᠴᠠ  ᠪᠠᠷ ᠬᠤᠯᠠᠭᠠᠶᠢᠯᠠᠭᠰᠠᠨ  ᠥᠢᠯᠡ ᠠᠵᠢᠯᠯᠠᠭ᠎ᠠ ᠨᠢ ᠬᠤᠯᠠᠭᠠᠶᠢᠯᠠᠭᠰᠠᠨ ᠶᠠᠯ᠎ᠠ ᠶᠢᠨ ᠰᠢᠨᠵᠢ ᠲᠠᠢ ᠨᠡᠶᠢᠴᠡᠨ᠎ᠡ᠃  ᠭᠡᠪᠡᠴᠦ ᠶᠠᠯ᠎ᠠ ᠬᠢᠭᠰᠡᠨ ᠰᠡᠵᠢᠭᠲᠡᠨ  ᠤ ᠶᠠᠯ᠎ᠠ ᠬᠢᠭᠰᠡᠨ ᠦᠢᠯᠡ ᠪᠠᠶᠢᠳᠠᠯ ᠨᠢ ᠨᠡᠯᠢᠶᠡᠳ ᠬᠥᠩᠭᠡᠨ᠂ ᠰᠠᠶᠢᠨ ᠳᠤᠷ᠎ᠠ ᠠᠴᠠ ᠪᠠᠨ ᠶᠠᠯ᠎ᠠ ᠪᠠᠨ ᠮᠡᠳᠡᠷᠡᠵᠦ ᠰᠢᠳᠬᠡᠯ ᠬᠥᠯᠢᠶᠡᠵᠦ᠂ ᠪᠤᠵᠠᠷ ᠤᠯᠵᠠ  ᠪᠠᠨ ᠢᠳᠡᠪᠬᠢᠲᠡᠶ ᠪᠤᠴᠠᠭᠠᠵᠤ᠂ ᠬᠤᠣᠷᠯᠠᠭᠳᠠᠭᠴᠢ ᠶᠢᠨ ᠠᠭᠤᠴᠢᠯᠠᠯ ᠢ  ᠣᠯᠵᠠᠢ᠃ ᠶᠠᠯ᠎ᠠ ᠬᠢᠭᠰᠡᠨ ᠰᠡᠵᠢᠭᠲᠡᠨ ᠤ ᠶᠠᠯ᠎ᠠ  ᠬᠢᠭᠰᠡᠨ ᠥᠢᠯᠡ ᠪᠠᠶᠢᠳᠠᠯ ᠪᠠ ᠶᠠᠯ᠎ᠠ ᠪᠠᠨ ᠭᠡᠮᠰᠢᠨ ᠮᠡᠳᠡᠷᠡᠭᠰᠡᠨ ᠢᠯᠡᠷᠡᠯ  ᠵᠡᠷᠭᠡ ᠪᠠᠶᠢᠳᠠᠯ ᠢ ᠶᠡᠷᠦᠩᠬᠡᠶᠢᠯᠡᠨ  ᠪᠣᠳᠣᠯᠬᠢᠯᠠᠭᠠᠳ᠂ 2023 ᠣᠨ ᠤ 3 ᠰᠠᠷ᠎ᠠ ᠶᠢᠨ 2 ᠤ ᠡᠳᠦᠷ ᠰᠢᠯᠤᠭᠤᠨ ᠬᠥᠬᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠢᠯᠡ ᠪᠠᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂  ᠬᠤᠷᠠᠯ ᠢ ᠪᠠᠶᠢᠴᠠᠭᠠᠬᠤ ᠳᠠᠷᠤᠭ᠎ᠠ ᠸᠠᠩ ᠯᠢ ᠢᠥᠢ ᠡᠷᠬᠢᠯᠡᠪᠡ᠃ ᠬᠤᠷᠠᠯ ᠳᠤ ᠬᠡᠷᠡᠭ ᠢ ᠳᠠᠭᠠᠭᠠᠨ ᠰᠢᠢᠳᠪᠦᠷᠢᠯᠡᠭᠰᠡᠨ  ᠪᠠᠢᠴᠠᠭᠠᠭᠴᠢ ᠲᠤᠰᠢᠶᠠᠯᠲᠠᠨ᠂ ᠶᠠᠯ᠎ᠠ ᠬᠢᠭᠰᠡᠨ ᠰᠡᠵᠢᠭᠳᠡᠨ᠂ ᠲᠤᠷᠰᠢᠨ ᠪᠠᠶᠢᠴᠠᠭᠠᠬᠤ ᠪᠠᠶᠢᠭᠤᠯᠭ᠎ᠠ  ᠶᠢᠨ  ᠬᠡᠷᠡᠭ ᠰᠢᠢᠳᠪᠦᠷᠢᠯᠡᠭᠰᠡᠨ ᠴᠠᠭᠳᠠᠭ᠎ᠠ  ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠵᠤ ᠂ ᠭᠡᠷᠡᠴᠢᠯᠡᠭᠡ ᠰᠣᠨᠣᠰᠤᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠤᠷᠢᠵᠤ ᠭᠡᠷᠡᠴᠢᠯᠡᠭᠡ ᠰᠣᠨᠣᠰᠤᠭᠤᠯᠵᠤ᠂ ᠭᠡᠷᠡᠴᠢᠯᠡᠭᠡ ᠰᠣᠨᠣᠰᠬᠤ ᠬᠤᠷᠠᠯ ᠤᠨ ᠪᠦᠬᠦ ᠶᠠᠪᠤᠴᠠ ᠶᠢ  ᠵᠡᠷᠭᠡᠴᠡᠭᠡ ᠳᠠᠭᠤ ᠳᠦᠷᠰᠦ ᠰᠢᠩᠭᠡᠭᠡᠯᠲᠡ ᠬᠢᠪᠡ᠂ ᠭᠡᠷᠡᠴᠢᠯᠡᠭᠡ ᠰᠣᠨᠣᠰᠬᠤ ᠬᠤᠷᠠᠯ ᠢᠶᠠᠷ ᠳᠠᠮᠵᠢᠨ ᠨᠠᠷᠢᠨ ᠬᠢᠨᠠᠮᠠᠭᠠᠢ ᠶᠠᠷᠢᠯᠴᠠᠵᠤ᠂ ᠭᠡᠷᠡᠴᠢᠯᠡᠭᠡ ᠰᠣᠨᠣᠰᠤᠭᠴᠢ ᠠᠴᠠ ᠪᠠᠶᠢᠴᠠᠭᠠᠬᠤ ᠪᠠᠶᠢᠭᠤᠯᠭ᠎ᠠ  ᠶᠢᠨ ᠥᠯᠥ ᠵᠠᠭᠠᠯᠳᠣᠬᠤ ᠪᠡᠷ ᠰᠢᠢᠳᠪᠦᠷᠢᠯᠡᠬᠦ ᠲᠦᠰᠦᠪ ᠤᠨ ᠰᠠᠨᠠᠯ ᠢ ᠰᠠᠨᠠᠯ ᠨᠢᠭᠡᠲᠡᠢ ᠵᠥᠪᠰᠢᠶᠡᠷᠡᠪᠡ᠃
     ᠲᠣᠰ ᠤᠳᠠᠭᠠᠨ ᠤ ᠥᠯᠥ ᠵᠠᠭᠠᠯᠳᠤᠬᠤ  ᠪᠠᠷ ᠰᠢᠢᠳᠪᠦᠷᠢᠯᠡᠬᠦ ᠶᠢ ᠢᠯᠡ ᠪᠠᠷ ᠭᠡᠷᠡᠴᠢᠯᠡᠭᠡ ᠰᠣᠨᠣᠰᠬᠤ  ᠬᠣᠷᠠᠯ ᠪᠣᠯ ᠰᠢᠯᠤᠭᠤᠨ ᠬᠥᠬᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠭᠤᠴᠢᠯᠠᠬᠤ ᠪᠠ ᠶᠠᠯᠠᠯᠠᠬᠤ ᠶᠢ ᠬᠤᠤᠰᠯᠠᠭᠤᠯᠵᠤ ᠂ ᠨᠡᠶᠢᠭᠡᠮ ᠤᠨ ᠵᠥᠷᠢᠴᠡᠯ ᠢ ᠨᠠᠮᠳᠠᠭᠤᠯᠵᠤ᠂ ᠬᠠᠤᠯᠢ ᠴᠠᠭᠠᠵᠠ ᠶᠢᠨ ᠢᠲᠡᠬᠡᠮᠵᠢ ᠶᠢᠨ ᠬᠦᠴᠦᠨ ᠢ ᠳᠡᠭᠡᠭᠰᠢᠯᠡᠭᠦᠯᠦᠭᠰᠡᠨ ᠤ ᠢᠯᠡᠷᠡᠯ ᠮᠥᠷᠲᠡᠭᠡᠨ ᠬᠡᠷᠡᠭ ᠲᠤ ᠬᠤᠯᠪᠣᠭᠳᠠᠭᠰᠠᠨ ᠬᠥᠮᠦᠰ  ᠢ ᠰᠡᠷᠡᠮᠵᠢᠯᠡᠭᠦᠯᠦᠨ ᠬᠥᠮᠦᠵᠢᠭᠦᠯᠬᠦ ᠦᠢᠯᠡᠳᠦᠯ ᠦᠵᠡᠭᠦᠯᠵᠦ᠂ ᠪᠠᠶᠢᠴᠠᠭᠠᠬᠤ ᠪᠠᠶᠢᠭᠤᠯᠭ᠎ᠠ ᠶᠢᠨ ᠬᠠᠤᠯᠢ  ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠢᠯᠡ ᠲᠣᠳᠣ ᠬᠡᠮᠵᠢᠶ᠎ᠡ  ᠶᠢ ᠳᠡᠭᠡᠭᠰᠢᠯᠡᠭᠦᠯᠪᠡ᠃    
     ᠪᠠᠶᠢᠴᠠᠭᠠᠭᠴᠢ ᠲᠣᠰᠢᠶᠠᠯᠲᠠᠨ ᠤ  ᠰᠠᠨᠠᠭᠤᠯᠤᠮᠵᠢ᠄
    1.ATM ᠮᠠᠰᠢᠨ ᠳᠡᠭᠡᠷ᠎ᠡ ᠣᠴᠢᠵᠤ ᠵᠣᠭᠤᠰ ᠭᠠᠷᠭᠠᠨ ᠠᠪᠤᠭᠰᠠᠨ ᠤ ᠳᠠᠷᠠᠭ᠎ᠠ ᠵᠣᠭᠤᠰ ᠪᠠ ᠺᠠᠷᠲ  ᠢᠶᠠᠨ ᠨᠠᠷᠢᠨ ᠪᠠᠶᠢᠴᠠᠭᠠᠵᠤ  ᠮᠠᠰᠢᠨ ᠠᠴᠠ ᠵᠠᠢᠯᠠᠵᠤ ᠶᠠᠪᠣᠬᠣ ᠳᠠᠭᠠᠨ ᠪᠦᠬᠦᠳᠡ ᠶᠢ ᠠᠪᠴᠤ   ᠶᠠᠪᠣᠬᠤ  ᠬᠡᠷᠡᠭᠳᠡᠢ ᠂ ᠵᠢᠱᠢᠶᠡᠯᠡᠪᠡᠯ ᠵᠣᠭᠤᠰ ᠭᠠᠷᠭᠠᠵᠤ ᠠᠪᠤᠭᠰᠠᠨ ᠤ ᠳᠠᠷᠠᠭ᠎ᠠ ᠪᠠᠩᠬᠢ ᠶᠢᠨ ᠺᠠᠷᠲ ᠢᠶᠠᠨ ATM ᠮᠠᠰᠢᠨ ᠳᠡᠭᠡᠷ᠎ᠡ ᠮᠠᠷᠲᠠᠭᠠᠳ ᠶᠠᠪᠤᠴᠢᠬᠠᠪᠠᠯ᠂ ᠡᠨᠡ ATM ᠮᠠᠰᠢᠨ ᠨᠢ  ᠢᠳᠡᠪᠬᠢᠵᠢᠭᠦᠯᠬᠦ  ᠪᠠᠢᠳᠠᠯ ᠳᠤ ᠣᠷᠣᠰᠢᠵᠤ᠂ ᠶᠠᠮᠠᠷᠪᠠ ᠬᠥᠮᠦᠨ ᠴᠦ ᠭᠡᠳ ᠵᠣᠭᠤᠰ ᠭᠠᠷᠭᠠᠨ ᠠᠪᠴᠤ᠂ ᠪᠠᠶᠢᠴᠠᠭᠠᠨ ᠯᠠᠪᠯᠠᠵᠤ ᠂ ᠳᠠᠩᠰᠠ ᠰᠢᠯᠵᠢᠭᠦᠯᠬᠦ᠂ ᠨᠢᠭᠤᠴᠠ ᠨᠣᠮᠧᠷ ᠵᠠᠰᠠᠬᠤ ᠵᠡᠷᠭᠡ ᠠᠵᠢᠯᠯᠠᠭ᠎ᠠ  ᠬᠢᠵᠦ ᠪᠣᠯᠤᠨ᠎ᠠ᠃ ATM ᠮᠠᠰᠢᠨ ᠨᠢ ᠮᠠᠰᠢᠨ  ᠲᠤᠨᠤᠭ ᠤᠨ ᠵᠦᠢᠯ ᠪᠤᠯᠬᠤ ᠤᠴᠢᠷ  ᠵᠣᠭᠤᠰ ᠭᠠᠷᠭᠠᠵᠤ ᠠᠪᠬᠤ ᠵᠢᠷᠤᠮ ᠳᠤ  ᠨᠡᠢᠴᠡᠪᠠᠯ ᠶᠠᠮᠠᠷᠪᠠ ᠬᠥᠮᠦᠨ  ᠴᠦ ᠭᠡᠳ ᠺᠠᠷᠲ ᠡᠵᠡᠮᠰᠢᠭᠴᠢ ᠪᠠᠷ ᠣᠪᠯᠠᠵᠤ  ᠺᠠᠷᠲ ᠶᠢ ᠡᠵᠡᠮᠰᠢᠵᠦ ᠠᠵᠢᠯᠯᠠᠭ᠎ᠠ ᠬᠢᠬᠦ ᠠᠶᠤᠯ ᠲᠦᠭᠰᠢᠭᠦᠷᠢ ᠲᠠᠢ᠂ ᠥᠪᠡᠷ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠂ ᠪᠠᠩᠬᠢ ᠶᠢᠨ ᠺᠠᠷᠲ ᠤᠨ ᠢᠶᠠᠨ ᠨᠢᠭᠤᠴᠠ ᠨᠣᠮᠧᠷ ᠵᠡᠷᠭᠡ ᠬᠤᠪᠢ ᠬᠥᠮᠦᠨ ᠤ ᠮᠡᠳᠡᠭᠡ ᠵᠠᠩᠭᠢ  ᠶᠢ ᠭᠠᠳᠠᠭᠰᠢ ᠵᠠᠳᠠᠷᠠᠬᠤ ᠠᠴᠠ ᠰᠡᠷᠭᠡᠢᠯᠡᠵᠦ᠂ ᠦᠪᠡᠷ ᠦᠨ ᠡᠳ᠋  ᠮᠦᠩᠬᠦ  ᠪᠠᠨ  ᠬᠤᠯᠠᠭᠠᠢ ᠳᠤ ᠠᠯᠳᠠᠬᠤ ᠪᠠ ᠪᠠᠩᠬᠢ ᠶᠢᠨ ᠺᠠᠷᠲ ᠢ ᠠᠰᠢᠭᠯᠠᠨ ᠨᠡᠩ ᠬᠦᠨᠳᠦ ᠨᠣᠴᠢᠲᠠᠢ ᠶᠠᠯᠠᠲᠤ ᠠᠵᠢᠯᠯᠠᠭ᠎ᠠ ᠬᠢᠬᠦ ᠶᠢ ᠰᠡᠷᠭᠡᠶᠢᠯᠡᠬᠦ  ᠶᠢᠨ ᠲᠦᠯᠦᠭᠡ ᠥᠪᠡᠷ ᠤᠨ ᠪᠠᠩᠬᠢ ᠶᠢᠨ ᠺᠠᠷᠲ ᠢᠶᠠᠨ ᠭᠡᠭᠡᠭᠰᠡᠨ ᠢ ᠮᠡᠳᠡᠪᠡᠯ ᠴᠠᠭ ᠲᠤᠬᠠᠶ ᠳᠤᠨᠢ ᠪᠠᠩᠬᠢ ᠳᠤ ᠣᠴᠢᠵᠤ ᠭᠡᠭᠡᠭᠰᠡᠨ ᠢᠶᠠᠨ ᠮᠡᠳᠡᠭᠦᠯᠵᠦ ᠪᠠᠩᠬᠢ ᠶᠢᠨ ᠺᠠᠷᠲ ᠢᠶᠠᠨ ᠨᠥᠬᠦᠵᠦ ᠠᠪᠬᠤ ᠬᠡᠷᠡᠭᠲᠡᠶ᠃
    2. ᠪᠤᠰᠤᠳ ᠤᠨ ᠪᠠᠩᠬᠢ ᠶᠢᠨ ᠺᠠᠷᠲ ᠢ ᠣᠯᠤᠭᠰᠠᠨ ᠤ ᠳᠠᠷᠠᠭ᠎ᠠ ᠴᠠᠭ ᠲᠤᠬᠠᠢ ᠳᠤᠨᠢ ᠭᠡᠭᠡᠭᠰᠡᠨ ᠡᠵᠡᠨ ᠳᠤᠨᠢ ᠪᠤᠴᠠᠭᠠᠵᠤ ᠥᠭᠬᠦ ᠪᠤᠶᠤ ᠲᠣᠮᠢᠯᠠᠭᠰᠠᠨ ᠰᠠᠯᠪᠤᠷᠢ ᠳᠤ ᠲᠤᠰᠢᠶᠠᠵᠤ ᠥᠭᠬᠦ ᠬᠡᠷᠡᠭᠲᠡᠢ᠃ ᠪᠤᠰᠤᠳ ᠤᠨ ᠪᠠᠩᠬᠢ ᠶᠢᠨ ᠺᠠᠷᠲ ᠲᠠᠬᠢ ᠵᠣᠭᠤᠰ ᠢ ᠬᠤᠯᠠᠭᠠᠶᠢᠯᠠᠨ ᠠᠪᠤᠭᠰᠠᠨ ᠠᠵᠢᠯᠯᠠᠭ᠎ᠠ ᠨᠢ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠡᠷᠡᠭᠦᠦ ᠶᠢᠨ ᠬᠠᠤᠯᠢ 》 ᠶᠢᠨ ᠬᠤᠶᠠᠷ ᠵᠠᠭᠤ ᠵᠢᠷᠠᠨ ᠳᠥᠷᠪᠡᠳᠦᠭᠡᠷ ᠵᠦᠢᠯ ᠤᠨ ᠲᠣᠭᠲᠠᠭᠠᠯ ᠳᠤ  ᠬᠠᠯᠳᠠᠵᠤ᠂ ᠲᠣᠰ ᠶᠠᠯ᠎ᠠ ᠶᠢ ᠬᠢᠪᠡᠯ  ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ ᠪᠤᠶᠤ  ᠵᠠᠬᠢᠷᠤᠨ ᠬᠠᠮᠢᠶᠠᠷᠬᠤ ᠪᠠᠷ  ᠰᠢᠳᠬᠡᠬᠦ ᠶᠢᠨ ᠬᠠᠮᠳᠣ  ᠳ᠋ᠦ᠋ᠨᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠬᠦ ᠪᠤᠶᠤ ᠲᠡᠩ ᠢᠶᠠᠷ ᠰᠢᠳᠬᠡᠨ᠎ᠡ︔ ᠲᠤᠭ᠎ᠠ ᠬᠡᠮᠵᠢᠶ᠎ᠡ ᠨᠢ ᠯᠤᠲᠤ ᠶᠡᠭᠡ ᠪᠤᠶᠤ ᠪᠤᠰᠤᠳ ᠬᠦᠨᠳᠦ ᠨᠣᠴᠢᠲᠠᠶ ᠦᠢᠯᠡ ᠪᠠᠶᠢᠳᠠᠯ ᠲᠠᠢ ᠪᠠᠶᠢᠪᠠᠯ ᠭᠤᠷᠪᠠᠨ ᠵᠢᠯ ᠠᠴᠠ ᠳᠡᠭᠡᠭᠰᠢ ᠠᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠳᠬᠡᠬᠦ ᠶᠢᠨ ᠬᠠᠮᠲᠤ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︔ ᠲᠤᠭ᠎ᠠ ᠬᠡᠮᠵᠢᠶ᠎ᠡ ᠨᠢ ᠣᠨᠴᠠᠭᠠᠶ ᠶᠡᠭᠡ ᠪᠤᠶᠤ ᠪᠤᠰᠤᠳ ᠣᠨᠴᠠᠭᠠᠢ ᠬᠦᠨᠳᠦ ᠨᠣᠴᠢᠲᠠᠢ ᠦᠢᠯᠡ ᠪᠠᠶᠢᠳᠠᠯ ᠲᠠᠢ ᠪᠠᠶᠢᠪᠠᠯ᠂ ᠠᠷᠪᠠᠨ ᠵᠢᠯ ᠠᠴᠠ ᠳᠡᠭᠡᠭᠰᠢ ᠬᠤᠭᠤᠴᠠᠭ᠎ᠠ ᠲᠠᠢ ᠬᠤᠷᠢᠬᠤ ᠪᠤᠶᠤ ᠬᠤᠭᠤᠴᠠᠭ᠎ᠠ ᠦᠭᠡᠢ ᠬᠤᠷᠢᠬᠤ ᠪᠠᠷ  ᠰᠢᠳᠬᠡᠬᠦ ᠶᠢᠨ ᠬᠠᠮᠲᠤ᠂ ᠵᠣᠭᠤᠰ ᠢᠶᠠᠷ ᠲᠣᠷᠭᠠᠬᠤ ᠪᠤᠶᠤ ᠡᠳ᠋ ᠬᠦᠷᠦᠩᠭᠡ ᠶᠢ ᠨᠢ ᠬᠤᠷᠢᠶᠠᠵᠤ ᠠᠪᠬᠤ ᠪᠠᠷ ᠨᠡᠶᠢᠯᠡᠭᠦᠯᠦᠨ ᠰᠢᠳᠬᠡᠨ᠎ᠡ᠃
    3.ᠢᠲᠡᠭᠡᠮᠵᠢ ᠶᠢᠨ ᠺᠠᠷᠲ ᠢ ᠡᠷᠬᠡᠪᠰᠢ ᠺᠠᠷᠲ ᠡᠵᠡᠮᠰᠢᠭᠴᠢ ᠬᠡᠷᠡᠭᠯᠡᠵᠦ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ 《 ᠢᠲᠡᠭᠡᠮᠵᠢ ᠶᠢᠨ ᠺᠠᠷᠲ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠬᠠᠤᠯᠢ 》 ᠵᠢᠴᠢ ᠡᠯ᠎ᠡ ᠪᠠᠩᠬᠢ ᠶᠢᠨ ᠪᠣᠳᠠᠲᠠᠢ ᠲᠣᠭᠲᠠᠭᠠᠯ ᠢ ᠦᠨᠳᠦᠰᠦᠯᠡᠪᠡᠯ᠂ ᠡᠨᠡ ᠬᠦ ᠳᠦᠷᠢᠮ ᠨᠢ ᠺᠠᠷᠲ ᠬᠡᠷᠡᠭᠯᠡᠬᠦ ᠡᠷᠬᠡ ᠶᠢᠨ ᠬᠡᠪᠴᠢᠶ᠎ᠡ ᠨᠢ ᠺᠠᠷᠲ ᠡᠵᠡᠮᠰᠢᠵᠦ ᠪᠠᠶᠢᠭ᠎ᠠ ᠲᠤᠰ ᠬᠥᠮᠦᠨ ᠳᠤ ᠬᠢᠵᠠᠭᠠᠷᠯᠠᠭᠳᠠᠵᠤ᠂ ᠵᠢᠭᠡᠯᠡᠭᠦᠯᠬᠦ ᠪᠤᠶᠤ ᠰᠢᠯᠵᠢᠭᠦᠯᠦᠨ ᠥᠭᠴᠦ ᠪᠣᠯᠬᠤ ᠦᠭᠡᠶ᠃ ᠺᠠᠷᠲ ᠡᠵᠡᠮᠰᠢᠭᠴᠢ  ᠨᠢ ᠢᠲᠡᠭᠡᠮᠵᠢ ᠶᠢᠨ ᠺᠠᠷᠲ  ᠠᠴᠠ ᠡᠭᠦᠰᠦᠭᠰᠡᠨ ᠲᠥᠯᠥᠪᠦᠷᠢ ᠳᠦ ᠪᠦᠷᠢᠮᠦᠰᠦᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃

 

ᠢᠷᠡᠯᠲᠡ
ᠰᠢᠯᠢ ᠵᠢᠨ ᠭᠣᠣᠯ ᠠᠶᠢᠮᠠᠭ ᠤᠨ ᠰᠢᠯᠤᠭᠤᠨ  ᠬᠥᠬᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro