ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠠᠪᠠᠭ᠎ᠠ ᠬᠣᠰᠢᠭᠣᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠬᠦᠴᠢᠷᠳᠡᠯᠳᠡᠢ ᠨᠠᠰᠣᠳᠠᠨ ᠳᠤ ᠬᠠᠤᠯᠢ  ᠪᠠᠷᠢᠯᠳᠠ  ᠶᠢᠨ ᠠᠪᠤᠷᠠᠨ ᠲᠤᠰᠠᠯᠠᠯᠲᠠ ᠦᠵᠡᠭᠦᠯᠵᠦ ᠬᠠᠶᠢᠷ᠎ᠠ ᠬᠠᠯᠠᠮᠵᠢ  ᠬᠦᠷᠲᠡᠭᠡᠪᠡᠢ

2023-05-08 15:27:34
ᠵᠣᠬᠢᠶᠠᠭᠴᠢ
ᠲᠡᠷᠭᠡᠯ

 

 ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ︽ᠶᠠᠳᠠᠭᠤ ᠬᠦᠴᠢᠷᠳᠡᠯᠳᠡᠢ ᠡᠮᠡᠭᠲᠡᠢᠴᠦᠳ ᠦᠨ ᠴᠣᠭᠴᠠ ᠶᠢ ᠬᠠᠯᠠᠮᠵᠢᠯᠠᠨ᠂ ᠲᠤᠰᠬᠠᠢ ᠲᠦᠷᠦᠯ ᠦᠨ ᠬᠠᠤᠯᠢ ᠪᠠᠷᠢᠯᠳᠠ ᠶᠢᠨ ᠠᠪᠤᠷᠠᠨ ᠲᠤᠰᠠᠯᠠᠯᠲᠠ ᠶᠢ ᠴᠢᠨᠭᠭᠠᠳᠬᠠᠬᠤ︾ ᠠᠵᠢᠯᠯᠠᠭ᠎ᠠ ᠶᠢ ᠨᠠᠮ ᠤᠨ ᠬᠣᠷᠢᠳᠣᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠣᠯᠣᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠨ᠂  ᠡᠮᠡᠭᠲᠡᠢᠴᠦᠳ ᠦᠨ ᠡᠷᠬᠡ ᠠᠰᠢᠭ ᠢ ᠪᠠᠲᠤᠯᠠᠬᠤ ᠬᠠᠤᠯᠢ ᠶᠢ ᠰᠤᠷᠤᠯᠴᠠᠨ ᠣᠬᠠᠭᠤᠯᠵᠤ ᠲᠣᠣᠱᠯᠠᠭᠤᠯᠬᠤ ᠴᠢᠬᠤᠯᠠ ᠠᠴᠢᠶᠠᠯᠠᠪᠤᠷᠢ ᠪᠤᠯᠭᠠᠵᠤ᠂ ︽ᠠᠪᠤᠷᠠᠨ ᠲᠣᠰᠠᠯᠠᠬᠤ ᠨᠥᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠯᠳᠡᠢ ᠡᠮᠡᠭᠲᠡᠢᠴᠦᠳ ᠪᠦᠬᠦᠨ  ᠢ ᠴᠠᠭ ᠲᠤᠬᠠᠢ ᠳᠤ ᠨᠢ ᠠᠪᠤᠷᠠᠨ ᠲᠤᠰᠠᠯᠠᠬᠤ ᠪᠠ ᠬᠠᠪᠰᠤᠷᠤᠨ ᠳᠡᠳᠬᠦᠬᠦ︾ ᠠᠵᠢᠯᠯᠠᠭ᠎ᠠ ᠶᠢᠨ ᠬᠠᠷᠠᠯᠲᠠ ᠪᠤᠯᠭᠠᠵᠤ᠂ ᠶᠠᠳᠠᠭᠤ ᠬᠦᠴᠢᠷᠳᠡᠯᠳᠡᠢ ᠡᠮᠡᠭᠲᠡᠢᠴᠦᠳ ᠵᠢᠴᠢ ᠭᠡᠷ ᠪᠦᠯᠢ ᠶᠢᠨ ᠪᠠᠴᠢᠮ ᠬᠦᠴᠢᠷᠳᠡᠯᠳᠡᠢ ᠠᠰᠠᠭᠤᠳᠠᠯ ᠢ ᠬᠠᠪᠰᠤᠷᠤᠨ ᠰᠢᠢᠳᠪᠣᠷᠢᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠦᠭᠳᠡᠯ᠂ ᠠᠮᠤᠷ ᠲᠦᠪᠰᠢᠨ ᠦ ᠳᠦᠷᠦᠭᠳᠡᠯ ᠢ ᠲᠠᠰᠣᠷᠠᠯᠲᠠ ᠦᠭᠡᠢ ᠨᠡᠮᠡᠭᠳᠡᠭᠦᠯᠵᠦ ᠪᠠᠢᠨ᠎ᠠ᠃ 

2020 ᠣᠨ ᠤ 12 ᠰᠠᠷ᠎ᠠ ᠳᠤ ᠠᠪᠠᠭ᠎ᠠ ᠬᠣᠰᠢᠭᠤᠨ ᠤ ᠬᠠᠷᠢᠶᠠᠨ ᠳᠡᠬᠢ ᠨᠢᠭᠡᠨ ᠵᠣᠷᠢᠭᠤᠳᠠ ᠬᠦᠮᠦᠨ ᠠᠯᠠᠭᠰᠠᠨ ᠬᠡᠷᠡᠭ ᠦᠨ ᠬᠤᠤᠷᠯᠠᠭᠳᠠᠭᠴᠢ ᠨᠢ ᠳᠠᠷᠦᠢ ᠲᠣᠰ ᠤᠳᠠᠭᠠᠨ ᠤ ᠬᠠᠣᠯᠢ ᠪᠠᠷᠢᠯᠳᠠ ᠶᠢᠨ ᠲᠣᠰᠠᠯᠠᠮᠵᠢ ᠭᠣᠶᠣᠴᠢᠯᠠᠭᠴᠢ ᠰᠢᠶᠣᠣ ᠣᠪᠣᠭᠲᠣ ᠶᠢᠨ ᠦᠬᠢᠨ ᠨᠢ ᠶᠤᠮ᠃ ᠰᠢᠶᠤᠤ ᠤᠪᠤᠭᠲᠤ ᠲᠣᠰ ᠬᠡᠷᠡᠭ ᠡᠴᠡ ᠪᠣᠯᠵᠤ ᠥᠪᠡᠷ ᠦᠨ ᠬᠠᠢᠷᠠᠲᠠᠢ ᠦᠬᠢᠨ ᠢᠶᠡᠨ ᠠᠯᠳᠠᠵᠤ᠂ ᠪᠠᠰᠠ ᠬᠠᠮᠤᠭ ᠤᠨ ᠭᠤᠤᠯ ᠠᠰᠠᠷᠠᠭᠴᠢ ᠪᠠᠨ ᠴᠦ ᠠᠯᠳᠠᠵᠠᠢ᠃ ᠣᠣᠯ ᠬᠡᠷᠡᠭ ᠦᠨ ᠵᠠᠭᠠᠯᠳᠤᠭᠳᠠᠭᠴᠢ ᠰᠤᠤ ᠣᠪᠣᠭᠲᠣ ᠵᠢᠴᠢ ᠲᠡᠭᠦᠨ ᠦ ᠭᠡᠷ ᠪᠦᠯᠢ ᠶᠢᠨ ᠬᠢᠨ ᠨᠢ ᠴᠦ ᠶᠠᠮᠠᠷᠴᠦ ᠲᠥᠯᠦᠪᠦᠷᠢ ᠦᠭᠴᠦ ᠴᠢᠳᠠᠭᠰᠠᠨ ᠦᠭᠡᠢ᠂ ᠡᠨᠡ ᠨᠢ ᠤᠤᠯ ᠠᠴᠠ ᠪᠠᠨ ᠨᠢᠳᠦᠨ ᠦ ᠠᠷᠬᠠᠭ ᠲᠠᠢ ᠮᠥᠷᠲᠡᠭᠡᠨ ᠬᠦᠳᠡᠯᠵᠦ ᠪᠠᠷᠢᠬᠤ ᠳᠤ ᠪᠠᠨ ᠲᠦᠭᠦᠮ ᠦᠭᠡᠢ ᠰᠢᠶᠣᠣ ᠣᠪᠣᠭᠲᠣ ᠶᠢᠨ ᠠᠮᠢᠳᠣᠷᠠᠯ ᠢ ᠬᠠᠷ᠎ᠠ ᠡᠭᠦᠯᠡ ᠨᠥᠮᠦᠷᠦᠭᠰᠡᠨ ᠮᠡᠲᠦ ᠪᠣᠯᠭᠠᠭᠰᠠᠨ ᠶᠤᠮ᠃ ᠬᠡᠷᠡᠭ ᠡᠴᠡ ᠬᠣᠢᠰᠢ ᠰᠢᠶᠤᠤ ᠣᠪᠣᠭᠲᠣ ᠨᠠᠰᠤᠲᠠᠨ ᠦᠷᠭᠦᠯᠵᠢ ᠨᠣᠢᠷ ᠬᠤᠯᠵᠢᠵᠤ᠂ ᠰᠡᠳᠬᠢᠯ ᠰᠠᠨᠠᠭ᠎ᠠ ᠣᠢᠮᠤᠷᠠᠳᠠᠭ ᠪᠤᠯᠵᠠᠢ᠃

ᠰᠢᠯᠢ ᠶᠢᠨ ᠭᠤᠤᠯ ᠠᠶᠢᠮᠠᠭ ᠤᠨ ᠪᠠᠶᠢᠴᠠᠭᠠᠬᠤ ᠬᠤᠪᠢᠶᠠᠷᠢ ᠬᠣᠷᠢᠶ᠎ᠠ ᠨᠢ ᠤᠯᠤᠰ ᠤᠨ ᠬᠠᠤᠯᠢ ᠪᠠᠷᠢᠯᠳᠠ ᠶᠢᠨ ᠠᠪᠤᠷᠠᠨ ᠲᠤᠰᠠᠯᠠᠬᠤ ᠬᠡᠷᠡᠭ ᠦᠨ ᠰᠥᠪᠡᠭᠴᠢ  ᠶᠢ ᠰᠢᠯᠵᠢᠭᠦᠯᠦᠨ ᠲᠣᠰᠢᠶᠠᠭᠰᠠᠨ ᠤ ᠳᠠᠷᠠᠭ᠎ᠠ᠂ ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠰᠢᠶᠣᠣ ᠣᠪᠣᠭᠲᠣ ᠳᠦ ᠴᠠᠭ ᠲᠣᠬᠠᠢ ᠳᠤ ᠨᠢ ᠣᠯᠣᠰ ᠤᠨ ᠬᠠᠤᠯᠢ  ᠪᠠᠷᠢᠯᠳᠠ ᠶᠢᠨ ᠠᠪᠤᠷᠠᠨ ᠲᠣᠰᠠᠯᠠᠬᠤ ᠠᠵᠢᠯ ᠢ ᠥᠷᠨᠢᠭᠦᠯᠵᠦ᠂ ᠪᠠᠶᠢᠴᠠᠭᠠᠬᠤ ᠪᠠᠶᠢᠭᠤᠯᠭ᠎ᠠ ᠶᠢᠨ︽ ᠨᠢᠭᠡ ᠬᠥᠯᠭᠡ ᠰᠢᠲᠠᠷ᠎ᠠ︾ ᠶᠢᠨ ᠠᠵᠢᠯ ᠤᠨ ᠪᠠᠶᠢᠳᠠᠯ ᠢ ᠪᠦᠷᠢᠯᠳᠦᠭᠦᠯᠵᠦ᠂ ᠬᠠᠣᠯᠢ ᠪᠠᠷᠢᠯᠳᠠ ᠶᠢᠨ ᠠᠪᠤᠷᠠᠨ ᠲᠣᠰᠠᠯᠠᠬᠤ ᠠᠵᠢᠯ ᠤᠨ ᠵᠤᠯᠭᠠᠯᠲᠠ ᠶᠢᠨ ᠰᠠᠭᠠᠳ ᠦᠭᠡᠢ ᠨᠡᠪᠳᠡᠷᠡᠬᠦ ᠶᠢ ᠪᠠᠲᠣᠯᠠᠭᠰᠠᠨ ᠪᠠᠢᠨ᠎ᠠ᠃

ᠠᠪᠠᠭ᠎ᠠ ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠰᠢᠶᠤᠤ ᠣᠪᠣᠭᠲᠣ ᠶᠢᠨ ᠶᠠᠪᠤᠵᠤ ᠰᠠᠭᠤᠬᠤ ᠳᠤ ᠪᠠᠨ ᠲᠦᠭᠦᠮ ᠦᠭᠡᠢ ᠶᠢ ᠣᠢᠯᠠᠭᠠᠭᠰᠠᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠭᠣᠶᠣᠴᠢᠯᠠᠭᠴᠢ ᠶᠢᠨ ᠰᠠᠭᠤᠭ᠎ᠠ ᠭᠠᠵᠠᠷ ᠲᠤ ᠬᠦᠷᠴᠦ ᠵᠢᠭᠠᠨ ᠵᠢᠯᠤᠭᠣᠳᠴᠦ ᠪᠠᠶᠢᠭᠠᠳ ᠣᠯᠣᠰ ᠤᠨ ᠬᠠᠤᠯᠢ ᠪᠠᠷᠢᠯᠳᠠ ᠶᠢᠨ ᠠᠪᠤᠷᠠᠨ ᠲᠤᠰᠠᠯᠠᠯᠲᠠ ᠶᠢ ᠭᠣᠶᠣᠴᠢᠯᠠᠬᠤ ᠬᠠᠮᠢᠶ᠎ᠠ ᠪᠦᠬᠦᠢ ᠮᠠᠲᠸᠷᠢᠶᠡᠯ ᠢ ᠨᠢ ᠵᠢᠭᠠᠨ ᠵᠢᠯᠣᠭᠣᠳᠣᠨ ᠪᠦᠷᠢᠨᠰᠢᠭᠦᠯᠵᠦ᠂ ᠡᠭᠦᠨ ᠦ ᠲᠠᠭᠠᠤ ᠳᠤ ᠰᠦᠨᠢᠳ ᠵᠡᠭᠦᠨ ᠬᠤᠰᠢᠭᠤ᠂ ᠰᠢᠯᠦᠭᠤᠨ ᠬᠦᠪᠡᠭᠡᠲᠦ ᠴᠠᠭᠠᠨ ᠬᠤᠰᠢᠭᠤᠨ ᠳᠤ ᠬᠦᠷᠴᠦ ︽ᠪᠤᠲᠠᠲᠠᠢ ᠭᠠᠵᠠᠷ ᠲᠤ ᠲᠣᠭᠤᠷᠢᠨ ᠪᠠᠶᠢᠴᠠᠭᠠᠬᠤ + ᠭᠡᠷᠡᠴᠢ ᠴᠤᠭᠯᠠᠭᠤᠯᠬᠤ︾ ᠠᠵᠢᠯ ᠢ ᠥᠷᠨᠢᠭᠦᠯᠵᠦ᠂ ᠰᠤᠮᠤ᠂ ᠭᠠᠴᠠᠭ᠎ᠠ᠂ ᠲᠣᠮᠢᠯᠠᠭᠰᠠᠨ ᠰᠠᠯᠪᠤᠷᠢ ᠳᠤ ᠣᠴᠢᠵᠤ ᠲᠣᠭᠤᠷᠢᠨ ᠪᠠᠶᠢᠴᠠᠭᠠᠵᠤ᠂ ᠭᠤᠶᠤᠴᠢᠯᠠᠭᠴᠢ ᠶᠢᠨ ᠭᠡᠷ ᠪᠦᠯᠢ ᠶᠢᠨ ᠪᠤᠲᠠᠲᠣ ᠬᠦᠴᠢᠷᠳᠡᠯ ᠢ ᠬᠦᠢᠴᠡᠳ ᠣᠶᠢᠯᠠᠭᠠᠵᠤ᠂ ᠣᠯᠣᠰ ᠤᠨ ᠬᠠᠤᠯᠢ ᠪᠠᠷᠢᠯᠳᠠ ᠶᠢᠨ ᠠᠪᠤᠷᠠᠨ ᠲᠤᠰᠠᠯᠠᠯᠲᠠ  ᠬᠦᠷᠲᠡᠭᠡᠬᠦ ᠳᠦ ᠪᠡᠯᠡᠳᠬᠡᠬᠦ ᠠᠵᠢᠯ ᠢᠶᠠᠨ ᠣᠷᠣᠭᠰᠢᠲᠠᠢ ᠰᠠᠢᠨ ᠶᠠᠪᠤᠭᠳᠠᠭᠤᠯᠤᠭᠰᠠᠨ ᠪᠠᠢᠨ᠎ᠠ᠃

ᠬᠠᠤᠯᠢ ᠪᠠᠷᠢᠯᠳᠠ ᠶᠢᠨ ᠠᠪᠤᠷᠠᠨ ᠲᠤᠰᠠᠯᠠᠯᠲᠠ ᠶᠢᠨ ᠠᠵᠢᠯ ᠤᠨ ᠢᠯᠡ ᠲᠣᠳᠣ ᠪᠠᠶᠢᠬᠤ ᠶᠢ ᠪᠠᠲᠣᠯᠠᠬᠤ ᠶᠢᠨ ᠲᠥᠯᠦᠭᠡ᠂  ᠲᠤᠰ ᠬᠣᠷᠢᠶ᠎ᠠ ᠨᠢ ᠰᠦᠨᠢᠳ ᠵᠡᠭᠦᠨ ᠬᠣᠰᠢᠭᠣᠨ ᠤ ᠠᠷᠠᠳ ᠤᠨ ᠪᠠᠶᠢᠴᠠᠭᠠᠬᠤ ᠬᠣᠷᠢᠶᠠᠨ ᠤ  ᠭᠡᠷᠡᠴᠢᠯᠡᠭᠡ ᠰᠣᠨᠣᠰᠬᠤ ᠲᠠᠰᠣᠭ ᠢ ᠠᠰᠢᠭᠯᠠᠨ᠂ ᠭᠡᠷᠡᠴᠢᠯᠡᠭᠡ ᠰᠣᠨᠣᠰᠣᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠣᠷᠢᠵᠤ ᠢᠯᠡ ᠪᠡᠷ ᠭᠡᠷᠡᠴᠢᠯᠡᠭᠡ ᠰᠣᠨᠣᠰᠬᠣ ᠬᠣᠷᠠᠯ ᠬᠢᠵᠤ᠂ ᠬᠠᠮᠤᠭ ᠰᠡᠭᠦᠯ ᠳᠦ ᠨᠢ ᠰᠢᠶᠤᠤ ᠣᠪᠣᠭᠲᠣ ᠶᠢᠨ ᠭᠡᠷ ᠲᠦ ᠣᠴᠢᠵᠤ 3 ᠲᠦᠮᠡᠨ ᠲᠥᠭᠦᠷᠢᠭ ᠦᠨ ᠲᠣᠰᠠᠯᠠᠮᠵᠢ ᠶᠢᠨ ᠮᠦᠩᠭᠦ ᠶᠢ ᠭᠠᠷᠳᠠᠭᠤᠯᠤᠨ ᠬᠦᠷᠭᠡᠪᠡ᠃ ᠳᠠᠷᠠᠭᠠᠴᠢ ᠶᠢᠨ ᠠᠯᠬᠤᠮ ᠳᠤ ᠠᠪᠠᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ ᠨᠢ ᠪᠡᠶᠡᠴᠢ ᠢᠳᠡᠪᠬᠢ ᠴᠢᠳᠠᠪᠤᠷᠢ ᠪᠠᠨ ᠬᠦᠢᠴᠡᠳ ᠪᠠᠳᠠᠷᠠᠭᠤᠯᠵᠤ᠂ ︽ᠬᠡᠷᠡᠭ ᠢᠷᠡᠬᠦ ᠶᠢ ᠬᠦᠯᠢᠶᠡᠬᠦ︾ ᠡᠴᠡ︽ ᠥᠪᠡᠷᠳᠡᠭᠡᠨ ᠬᠡᠷᠡᠭ ᠡᠷᠢᠬᠦ︾ᠪᠣᠯᠭᠠᠨ ᠬᠤᠪᠢᠷᠠᠭᠤᠯᠵᠤ᠂ ᠡᠮᠡᠭᠲᠡᠢᠴᠦᠳ ᠦᠨ ᠬᠤᠯᠪᠤᠭ᠎ᠠ᠂ ᠵᠡᠮᠳᠡᠭᠴᠦᠳ ᠦᠨ ᠬᠤᠯᠪᠤᠭ᠎ᠠ᠂ ᠠᠷᠠᠳ ᠤᠨ ᠶᠠᠪᠤᠳᠠᠯ᠂ ᠤᠯᠠᠭᠠᠨ ᠵᠠᠭᠠᠯᠮᠠᠶᠢᠲᠠᠨ ᠤ ᠨᠡᠢᠭᠡᠮᠯᠢᠭ ᠵᠡᠷᠭᠡ ᠰᠠᠯᠠᠭ᠎ᠠ ᠮᠦᠴᠢᠷ ᠲᠠᠢ ᠲᠣᠬᠣᠢ ᠬᠣᠯᠪᠣᠨ ᠬᠠᠮᠵᠢᠯᠴᠠᠵᠤ᠂ ᠬᠠᠤᠯᠢ ᠪᠠᠷᠢᠯᠳᠠ ᠶᠢᠨ ᠠᠪᠤᠷᠠᠨ ᠲᠤᠰᠠᠯᠠᠯᠲᠠ ᠶᠢᠨ ᠠᠵᠢᠯ ᠳᠤ ᠣᠷᠣᠯᠴᠠᠭᠤᠯᠬᠤ ᠶᠢᠨ ᠬᠠᠮᠲᠤ ᠬᠠᠤᠯᠢ   ᠪᠠᠷᠢᠯᠳᠠ  ᠶᠢᠨ ᠠᠪᠤᠷᠠᠨ ᠲᠤᠰᠠᠯᠠᠬᠤ ᠰᠥᠪᠡᠭᠴᠢ ᠶᠢ ᠥᠷᠭᠡᠨ ᠬᠡᠪᠴᠢᠶᠡᠨ ᠡᠴᠡ ᠬᠠᠢᠵᠤ᠂ ᠬᠠᠤᠯᠢ ᠪᠠᠷᠢᠯᠳᠠ ᠶᠢᠨ ᠠᠪᠤᠷᠠᠨ ᠲᠤᠰᠠᠯᠠᠬᠤ ᠠᠵᠢᠯ ᠢ ᠬᠠᠮᠲᠣᠪᠠᠷ ᠢᠯᠭᠤᠮ ᠤᠷᠤᠭᠰᠢᠲᠠᠢ ᠪᠡᠶᠡᠯᠡᠭᠦᠯᠦᠨ᠎ᠡ᠃

ᠪᠠᠢᠴᠠᠭᠠᠭᠴᠢ ᠶᠢᠨ ᠰᠠᠨᠠᠭᠤᠯᠭ᠎ᠠ᠄

︽ ᠠᠷᠠᠳ ᠤᠨ ᠪᠠᠢᠴᠠᠭᠠᠬᠤ ᠬᠣᠷᠢᠶᠠᠨ ᠤ ᠬᠠᠣᠯᠢ ᠪᠠᠷᠢᠯᠳᠠ ᠶᠢᠨ ᠠᠪᠤᠷᠠᠨ ᠲᠣᠰᠠᠯᠠᠬᠤ ᠠᠵᠢᠯ ᠢ ᠥᠷᠨᠢᠭᠦᠯᠬᠦ ᠨᠠᠷᠢᠨ ᠲᠦᠷᠢᠮ︾  ᠤᠨ ᠳᠣᠯᠣᠳᠣᠭᠠᠷ ᠵᠦᠢᠯ ᠳᠦ ᠲᠣᠭᠳᠠᠭᠠᠭᠰᠠᠨ ᠪᠠᠢᠳᠠᠯ ᠳᠤ ᠲᠣᠬᠢᠷᠠᠭᠰᠠᠨ ᠬᠦᠴᠢᠷᠳᠡᠯᠳᠡᠢ ᠡᠮᠡᠭᠲᠡᠢᠴᠦᠳ ᠲᠤ᠂ ᠬᠡᠷᠡᠭ ᠰᠢᠢᠳᠪᠦᠷᠢᠯᠡᠬᠦ ᠭᠠᠵᠠᠷ ᠤᠨ ᠪᠠᠢᠴᠠᠭᠠᠬᠤ ᠪᠠᠢᠭᠤᠯᠭ᠎ᠠ ᠴᠦᠮ ᠴᠠᠭ ᠲᠤᠬᠠᠢ ᠳᠤ ᠨᠢ ᠵᠢᠷᠦᠮ ᠶᠤᠰᠤᠭᠠᠷ ᠠᠪᠤᠷᠠᠨ ᠲᠣᠰᠠᠯᠠᠬᠤ ᠬᠡᠷᠡᠭᠲᠡᠢ᠃ ᠲᠣᠣᠷ᠎ᠠ ᠵᠢᠭᠰᠠᠭᠠᠭᠰᠠᠨ ᠪᠠᠢᠴᠠᠭᠠᠬᠤ ᠬᠡᠷᠡᠭ ᠦᠨ ᠭᠣᠭᠴᠣᠭᠠᠨ ᠳᠤ ᠣᠷᠣᠭᠰᠠᠨ᠂ ᠠᠪᠤᠷᠠᠨ ᠲᠣᠰᠠᠯᠠᠬᠤ ᠨᠥᠬᠦᠴᠡᠯ ᠳᠦ ᠨᠡᠢᠴᠡᠭᠰᠡᠨ ᠬᠦᠴᠢᠷᠳᠡᠯᠲᠡᠢ ᠡᠮᠡᠭᠲᠡᠢᠴᠦᠳ ᠢ ᠪᠠᠢᠴᠠᠭᠠᠬᠤ ᠪᠠᠢᠭᠤᠯᠭ᠎ᠠ ᠨᠢ ᠭᠤᠤᠯᠳᠠᠯᠠᠭ᠎ᠠ ᠲᠠᠢ ᠳ᠋ᠦᠢᠰᠢᠶᠠᠩ ᠪᠣᠯᠭᠠᠨ᠂ ᠡᠮᠡᠭᠲᠡᠢᠴᠦᠳ ᠦᠨ ᠬᠤᠯᠪᠤᠭᠠᠲᠤ ᠬᠤᠷᠠᠯ ᠤᠨ ᠵᠤᠬᠢᠶᠠᠨ ᠪᠠᠢᠭᠤᠯᠤᠯᠲᠠ ᠲᠠᠢ ᠬᠠᠮᠵᠢᠯᠴᠠᠨ ᠠᠪᠤᠷᠠᠨ ᠲᠣᠰᠠᠯᠠᠵᠤ ᠬᠠᠮᠵᠢᠨ ᠳᠡᠳᠭᠦᠭᠦ ᠡᠷᠴᠢᠮ ᠢ ᠴᠢᠩᠭᠠᠷᠠᠭᠤᠯᠬᠤ ᠬᠡᠷᠡᠭᠲᠡᠢ᠄

1. ᠲᠠᠬᠢᠨ ᠶᠠᠳᠠᠭᠤᠷᠠᠬᠤ   ᠠᠴᠠ ᠬᠤᠷᠢᠭᠯᠠᠬᠤ ᠬᠢᠨᠠᠨ ᠰᠢᠯᠭᠠᠬᠤ ᠡᠳᠡᠭᠡᠳ  ᠲᠦ ᠪᠠᠭᠲᠠᠬᠤ ᠬᠦᠳᠡᠭᠡ ᠲᠣᠰᠬᠤᠨ ᠤ ᠡᠮᠡᠭᠲᠡᠢᠴᠦᠳ᠌

2.  ᠭᠡᠷ ᠪᠦᠯᠢ ᠶᠢᠨ ᠬᠦᠴᠦᠷᠭᠡᠭᠯᠡᠯ᠂ ᠪᠡᠯᠭᠡ ᠶᠢᠨ ᠬᠠᠯᠳᠠᠯᠭ᠎ᠠ᠂ ᠮᠡᠬᠡᠯᠡᠨ ᠬᠣᠳᠠᠯᠳᠣᠬᠣ ᠵᠡᠷᠭᠡ ᠬᠠᠣᠯᠢ ᠶᠢ ᠵᠦᠷᠢᠴᠡᠭᠰᠡᠨ ᠶᠠᠯᠠᠲᠣ ᠠᠵᠢᠯᠯᠠᠭ᠎ᠠ ᠶᠢᠨ ᠬᠠᠯᠳᠠᠯᠭ᠎ᠠ ᠳᠤ ᠣᠴᠠᠷᠠᠭᠰᠠᠨ ᠡᠮᠡᠭᠲᠡᠢᠴᠦᠳ 

3. ᠭᠡᠷ ᠪᠦᠯᠢ ᠶᠢᠨ ᠭᠤᠤᠯ ᠪᠤᠯᠠᠬᠤ ᠬᠦᠳᠡᠯᠮᠦᠷᠢ ᠬᠦᠴᠦᠨ ᠪᠣᠯᠣᠭᠰᠠᠨ ᠬᠦᠮᠦᠨ ᠨᠢ ᠬᠠᠤᠯᠢ ᠵᠦᠷᠢᠴᠡᠭᠰᠡᠨ ᠶᠠᠯᠠᠲᠣ ᠬᠡᠷᠡᠭ ᠲᠦ ᠬᠣᠣᠷᠯᠠᠭᠳᠠᠨ ᠦᠭᠦᠭᠰᠡᠨ ᠪᠣᠶᠣ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠠᠴᠠ ᠪᠤᠯᠵᠤ ᠨᠠᠰᠤᠨ ᠳᠤ ᠥᠯᠦ ᠬᠦᠷᠦᠭᠰᠡᠨ ᠦᠷ᠎ᠡ ᠬᠡᠦᠭᠡᠳ ᠢ ᠥᠰᠭᠡᠨ ᠬᠥᠮᠦᠵᠢᠭᠦᠯᠬᠦ᠂ ᠨᠠᠰᠣᠳᠠᠨ ᠢ ᠠᠰᠠᠷᠠᠨ ᠲᠡᠵᠢᠭᠡᠬᠦ ᠡᠭᠦᠷᠭᠡ ᠶᠢ ᠡᠭᠦᠷᠭᠡᠯᠡᠬᠦ ᠡᠮᠡᠭᠲᠡᠢᠴᠦᠳ 

4.  ᠬᠦᠨᠳᠦ ᠡᠪᠡᠳᠴᠢᠨ ᠳᠦ ᠨᠡᠷᠪᠡᠭᠳᠡᠭᠰᠡᠨ ᠪᠣᠶᠣ ᠵᠡᠮᠳᠡᠭ ᠡᠮᠡᠭᠲᠡᠢᠴᠦᠳ 

5. ᠠᠴᠢᠯᠠᠨ ᠲᠡᠵᠢᠭᠡᠬᠦ ᠡᠭᠦᠷᠭᠡᠲᠦ ᠬᠦᠮᠦᠨ ᠨᠢ ᠠᠴᠢᠯᠠᠨ ᠲᠡᠵᠢᠭᠡᠬᠦ ᠴᠢᠳᠠᠪᠤᠷᠢ ᠦᠭᠡᠢ ᠪᠤᠶᠤ ᠪᠣᠲᠠᠲᠠᠢ ᠳᠤ ᠠᠴᠢᠯᠠᠨ ᠲᠡᠵᠢᠭᠡᠬᠦ ᠬᠦᠮᠦᠨ ᠦᠭᠡᠢ ᠪᠤᠯᠤᠭᠰᠠᠨ ᠥᠲᠡᠯᠦᠭᠡ ᠨᠠᠰᠤᠨ ᠤ ᠡᠮᠡᠭᠲᠡᠢᠴᠦᠳ 

6. ᠠᠵᠢᠯ ᠣᠯᠭᠣᠯᠲᠠ ᠶᠢᠨ ᠴᠢᠨᠠᠷ ᠤᠨ ᠭᠠᠳᠠᠭᠤᠷᠴᠢᠯᠠᠯ᠂ ᠠᠵᠢᠯ ᠤᠨ ᠪᠠᠢᠷᠢᠨ ᠳ᠋ᠡᠬᠢ ᠪᠡᠯᠭᠡ ᠶᠢᠨ ᠬᠠᠯᠳᠠᠯᠭ᠎ᠠ ᠵᠡᠷᠭᠡ ᠢᠷᠭᠡᠨ ᠦ ᠬᠡᠷᠡᠭ ᠦᠨ ᠡᠷᠬᠡ ᠳᠦ ᠬᠠᠯᠳᠠᠭᠰᠠᠨ ᠬᠡᠷᠡᠭ ᠡᠴᠡ ᠪᠣᠯᠵᠤ ᠠᠮᠢᠳᠤᠷᠠᠯ ᠨᠢ ᠬᠦᠴᠢᠷᠳᠡᠯᠳᠡᠢ ᠪᠤᠯᠵᠤ᠂ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠰᠢᠢᠳᠪᠦᠷᠢᠯᠡᠬᠦ ᠳᠦ ᠲᠦᠪᠡᠭᠲᠡᠢ ᠠᠰᠠᠭᠤᠳᠠᠯ 

7. ᠭᠡᠷ ᠪᠦᠯᠢ ᠶᠢᠨ ᠬᠦᠴᠦᠷᠭᠡᠭᠯᠡᠯ ᠡᠴᠡ ᠪᠤᠯᠵᠤ ᠣᠷᠣᠭ ᠰᠠᠯᠬᠤ ᠪᠠᠷ ᠵᠠᠭᠠᠯᠳᠣᠨ᠂ ᠠᠮᠢᠳᠦᠷᠠᠯ ᠨᠢ ᠦᠨᠡᠨ ᠬᠦ ᠬᠦᠴᠢᠷᠳᠡᠯ ᠲᠠᠢ᠂ ᠪᠤᠲᠠᠳᠤ ᠪᠠᠢᠳᠠᠯ ᠢ ᠦᠨᠳᠦᠰᠦᠯᠡᠨ ᠠᠪᠤᠷᠠᠨ ᠲᠣᠰᠠᠯᠠᠬᠤ ᠴᠢᠬᠤᠯᠠᠲᠠᠢ ᠭᠡᠵᠦ ᠦᠵᠡᠭᠰᠡᠨ ᠡᠮᠡᠭᠲᠡᠢᠴᠦᠳ᠃

 

 

ᠢᠷᠡᠯᠲᠡ
ᠠᠪᠠᠭ᠎ᠠ ᠬᠣᠰᠢᠭᠣᠨ ᠤ ᠠᠷᠠᠳ ᠤᠨ ᠪᠠᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro