ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠳᠠᠯᠠᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠣᠯᠠᠨ ᠪᠠᠶᠢᠭᠤᠯᠭ᠎ᠠ ᠲᠠᠢ ᠬᠠᠮᠲᠤᠷᠠᠨ ᠬᠠᠤᠯᠢ ᠪᠤᠰᠤ ᠡᠮᠴᠢᠯᠡᠭᠡᠨ ᠤ ᠵᠢᠰᠦ ᠭᠤᠶᠣᠯᠠᠬᠤ ᠠᠵᠢᠯᠯᠠᠭ᠎ᠠ ᠳᠤ ᠴᠣᠬᠢᠯᠲᠠ ᠦᠭᠬᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ

2023-05-10 14:29:26
ᠵᠣᠬᠢᠶᠠᠭᠴᠢ
ᠶᠢᠷᠲᠢᠨᠴᠦ

     

 

       ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ︽ᠡᠮᠴᠢᠯᠡᠭᠡᠨ ᠤ ᠵᠢᠰᠦ ᠭᠤᠶᠣᠯᠠᠬᠤ ᠠᠵᠢᠯ ᠲᠥᠷᠥᠯ ᠤᠨ ᠲᠣᠪᠤᠶᠢᠮ᠎ᠠ ᠠᠰᠠᠭᠤᠳᠠᠯ ᠢ ᠲᠤᠰᠬᠠᠶ ᠵᠠᠰᠠᠬᠤ ᠠᠵᠢᠯ ᠤᠨ ᠲᠥᠰᠦᠯ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠡᠮᠴᠢᠯᠡᠭᠡᠨ ᠤ ᠵᠢᠰᠦ ᠭᠤᠶᠣᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠤᠨ ᠣᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠳᠠᠯᠠᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠳᠠᠯᠠᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠠᠯᠠᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤ ᠪᠸᠢ ᠭᠦᠸᠧ ᠬᠤᠳᠠᠯᠳᠤᠭᠠᠨ ᠤ ᠲᠠᠯᠠᠪᠠᠶ ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
       

 

        ᠠᠵᠢᠯᠯᠠᠭ᠎ᠠ ᠶᠢᠨ ᠳᠤᠮᠳᠠ᠂ ᠲᠤᠰ ᠬᠤᠷᠢᠶᠠᠨ ᠤ ᠪᠠᠶᠢᠴᠠᠭᠠᠬᠤ ᠠᠵᠢᠯᠲᠠᠨ ᠪᠣᠯᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠨᠢᠭᠤᠷᠲᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠥᠷᠭᠡᠨ ᠣᠯᠠᠨ ᠬᠤᠲᠠ ᠶᠢᠨ ᠠᠷᠠᠳ ᠲᠤ ᠰᠣᠨᠣᠷ ᠰᠡᠷᠡᠮᠵᠢ ᠪᠠᠨ ᠦᠨᠡᠨ ᠬᠦ ᠳᠡᠭᠡᠭᠰᠢᠯᠡᠭᠦᠯᠵᠦ᠂ ᠬᠤᠳᠠᠯ ᠬᠠᠭᠤᠷᠮᠠᠭ ᠡᠮᠴᠢᠯᠡᠭᠡᠨ ᠤ ᠵᠢᠰᠦ ᠭᠤᠶᠣᠯᠠᠬᠤ ᠵᠠᠷ ᠮᠡᠳᠡᠭᠡ ᠶᠢ ᠠᠮᠠᠷᠬᠠᠨ ᠢᠲᠡᠭᠡᠵᠦ ᠪᠣᠯᠬᠤ ᠥᠬᠡᠶ᠂ ᠡᠮᠴᠢᠯᠡᠭᠡᠨ ᠤ ᠵᠢᠰᠦ ᠭᠤᠶᠣᠯᠠᠬᠤ  ᠵᠦᠢᠯᠡᠰ ᠢ ᠰᠣᠩᠭᠤᠬᠤ ᠠᠴᠠ ᠡᠮᠦᠨ᠎ᠡ ᠬᠢᠷᠢ ᠬᠡᠮ᠂ ᠣᠷᠴᠢᠨ ᠲᠣᠭᠤᠷᠢᠨ᠂ ᠠᠵᠢᠯᠲᠠᠨ᠂ ᠠᠵᠢᠯ ᠤᠨ ᠶᠠᠪᠤᠴᠠ᠂ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠦᠵᠡᠬᠦ ᠬᠡᠷᠡᠭᠲᠡᠶ ᠭᠡᠵᠦ ᠰᠠᠨᠠᠭᠤᠯᠵᠠᠶ᠃ ᠡᠭᠦᠨ ᠤ ᠬᠠᠮᠲᠤ ᠲᠤᠬᠠᠢ ᠶᠢᠨ ᠲᠠᠯᠠᠪᠤᠷ ᠤᠨ ᠤᠯᠠᠨ ᠲᠦᠮᠡᠨ ᠤ ᠳᠤᠷᠠᠳᠤᠭᠰᠠᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠳᠤ ᠨᠠᠷᠢᠨ ᠨᠢᠮᠪᠠᠢ ᠬᠠᠷᠢᠭᠤᠯᠲᠠ ᠥᠭᠴᠦ᠂ ᠤᠯᠠᠨ ᠲᠦᠮᠡᠨ ᠤ ᠢᠯᠭᠠᠨ ᠲᠠᠨᠢᠬᠤ ᠴᠢᠳᠠᠪᠤᠷᠢ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠶᠢ ᠬᠦᠳᠦᠯᠦᠨ ᠵᠢᠯᠣᠭᠤᠳᠴᠤ᠂ ᠠᠮᠢ ᠨᠠᠰᠤᠨ ᠤ ᠡᠷᠡᠭᠦᠯ ᠮᠡᠨᠳᠦ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠪᠠ᠃
     

 

        ᠪᠠᠶᠢᠴᠠᠭᠠᠬᠤ ᠠᠵᠢᠯᠲᠠᠨ ᠪᠠᠰᠠ ᠪᠸᠢ ᠭᠦᠸᠧ ᠬᠤᠳᠠᠯᠳᠤᠭᠠᠨ ᠤ ᠲᠠᠯᠠᠪᠠᠶ ᠶᠢᠨ ᠭᠤᠷᠪᠠᠳᠤᠭᠠᠷ ᠳᠠᠪᠬᠤᠷᠯᠢᠭ ᠤᠨ ᠠᠮᠢᠳᠤᠷᠠᠯ ᠤᠨ ᠵᠢᠰᠦ ᠭᠤᠶᠣᠯᠠᠬᠤ ᠣᠯᠠᠨ ᠡᠵᠡᠩᠨᠡᠯᠲᠡ ᠶᠢᠨ ᠲᠠᠯᠠᠪᠤᠷ ᠲᠤ ᠭᠦᠨᠵᠡᠭᠡᠶᠢᠷᠡᠨ ᠬᠠᠣᠯᠢ ᠴᠠᠭᠠᠵᠠ ᠶᠢᠨ ᠣᠬᠠᠭᠤᠯᠭ᠎ᠠ ᠬᠢᠵᠦ᠂ ᠠᠮᠢᠳᠤᠷᠠᠯ ᠤᠨ ᠵᠢᠰᠦ ᠭᠤᠶᠣᠯᠠᠬᠤ ᠪᠠᠶᠢᠭᠤᠯᠤᠮᠵᠢ ᠶᠢᠨ ᠡᠵᠡᠩᠨᠡᠭᠴᠢ ᠬᠤᠳᠠᠯ ᠬᠠᠭᠤᠷᠮᠠᠭ ᠤᠬᠠᠭᠤᠯᠭ᠎ᠠ ᠬᠢᠬᠦ ᠥᠬᠡᠶ᠂ ᠵᠦᠶ ᠪᠤᠰᠤ ᠠᠷᠭ᠎ᠠ ᠵᠠᠮ ᠢᠶᠠᠷ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠬᠤᠳᠠᠯᠳᠤᠨ ᠣᠷᠣᠭᠤᠯᠬᠤ ᠥᠬᠡᠶ᠂ ᠡᠵᠡᠩᠨᠡᠯᠲᠡ ᠶᠢᠨ ᠵᠥᠪᠰᠢᠶᠡᠷᠡᠯ ᠤᠨ ᠬᠦᠷᠢᠶ᠎ᠡ ᠬᠡᠪᠴᠢᠶ᠎ᠡ ᠠᠴᠠ ᠬᠡᠲᠦᠷᠡᠭᠦᠯᠦᠨ ᠡᠮᠴᠢᠯᠡᠭᠡᠨ ᠤ ᠵᠢᠰᠦ ᠭᠤᠶᠣᠯᠠᠬᠤ ᠲᠤᠬᠠᠶᠢᠯᠠᠭᠰᠠᠨ ᠠᠵᠢᠯ ᠥᠷᠨᠢᠭᠦᠯᠬᠦ ᠥᠬᠡᠶ ᠪᠠᠢᠵᠤ᠂ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠪᠣᠯ ᠰᠠᠶ᠋ᠢ ᠠᠵᠢᠯ ᠡᠷᠭᠢᠯᠡᠬᠦ ᠶᠢᠨ ᠦᠨᠳᠦᠰᠦ ᠮᠥᠨ ᠬᠡᠮᠡᠨ ᠰᠠᠨᠠᠭᠤᠯᠵᠠᠶ᠃
     

 

        ᠲᠠᠷᠠᠭᠠᠴᠢ ᠶᠢᠨ ᠠᠯᠬᠤᠮ ᠳᠤ᠂ ᠳᠠᠯᠠᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠶᠣᠰᠣᠭᠠᠷ ᠢᠳᠡᠪᠬᠢᠲᠡᠶ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠬᠡᠵᠦ᠂ ︽ᠪᠠᠶᠢᠴᠠᠭᠠᠬᠤ + ᠵᠠᠰᠠᠭ ᠵᠠᠬᠢᠷᠭ᠎ᠠ︾ ᠶᠢᠨ ᠶᠡᠷᠦᠩᠬᠡᠶᠢᠯᠡᠨ ᠵᠠᠰᠠᠬᠤ ᠵᠠᠭᠪᠤᠷ ᠲᠤ ᠲᠦᠰᠢᠭᠯᠡᠨ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠲᠠᠯᠪᠢᠬᠤ ᠪᠠᠷ ᠳᠠᠮᠵᠢᠭᠤᠯᠤᠨ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠤᠯᠪᠣᠭᠳᠠᠯ ᠪᠥᠬᠦᠶ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠢ ᠵᠢᠷᠣᠮᠯᠠᠵᠣ ᠡᠵᠡᠩᠨᠡᠬᠦ ᠤᠬᠠᠮᠰᠠᠷ ᠢ ᠪᠣᠶ ᠪᠣᠯᠭᠠᠨ᠂ ᠬᠠᠤᠯᠢ ᠪᠤᠰᠤ ᠡᠮᠴᠢᠯᠡᠭᠡᠨ ᠤ ᠵᠢᠰᠦ ᠭᠤᠶᠣᠯᠠᠬᠤ ᠠᠵᠢᠯ ᠲᠥᠷᠥᠯ ᠤᠨ ᠰᠠᠮᠠᠭᠤᠨ ᠦᠵᠡᠭᠳᠡᠯ ᠳᠤ ᠡᠷᠡᠰ ᠴᠣᠬᠢᠯᠲᠠ ᠥᠭᠴᠦ᠂ ᠡᠮᠴᠢᠯᠡᠭᠡᠨ ᠤ ᠵᠢᠰᠦ ᠭᠤᠶᠣᠯᠠᠬᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠂ ᠠᠷᠠᠳ ᠣᠯᠠᠨ ᠤ ︽ᠦᠵᠡᠰᠬᠦᠯᠡᠩᠲᠦ ᠰᠠᠶᠢᠬᠠᠨ︾ ᠥᠩᠭᠡ ᠵᠢᠰᠦ ᠶᠢ ᠬᠠᠮᠠᠭᠠᠯᠠᠨ᠎ᠠ᠃
     

        ᠪᠠᠶᠢᠴᠠᠭᠠᠬᠤ ᠲᠤᠰᠢᠶᠠᠯᠲᠠᠨ ᠤ ᠰᠠᠨᠠᠭᠤᠯᠣᠮᠵᠢ᠄ ᠡᠮᠴᠢᠯᠡᠭᠡᠨ ᠤ ᠵᠢᠰᠦ ᠭᠤᠶᠣᠯᠠᠬᠤ ᠶᠢ ᠰᠣᠩᠭᠤᠬᠤ ᠳᠤ ︽ᠲᠠᠪᠤ ᠶᠢ ᠦᠵᠡᠬᠦ︾ ᠬᠡᠷᠡᠭᠲᠡᠶ
        ᠨᠢᠭᠡ ᠳᠤ᠂ ᠬᠢᠷᠢ ᠬᠡᠮ ᠢ ᠨᠢ ᠦᠵᠡ᠃ ᠵᠢᠩᠬᠢᠨᠢ ᠬᠠᠤᠯᠢ ᠶᠣᠰᠣᠨ ᠤ ᠡᠮᠴᠢᠯᠡᠭᠡᠨ ᠤ ᠵᠢᠰᠦ ᠭᠤᠶᠣᠯᠠᠬᠤ ᠪᠠᠶᠢᠭᠤᠯᠤᠮᠵᠢ ᠨᠢ ᠢᠯᠡ ᠪᠠᠶᠢᠷᠢᠨ ᠳᠤ ᠬᠦᠴᠦᠨ ᠪᠥᠬᠦᠶ ︽ᠡᠮ ᠡᠮᠨᠡᠯᠭᠡ ᠶᠢᠨ ᠪᠠᠶᠢᠭᠤᠯᠤᠮᠵᠢ ᠶᠢᠨ ᠠᠵᠢᠯ ᠡᠷᠭᠢᠯᠡᠬᠦ ᠵᠥᠪᠰᠢᠶᠡᠷᠡᠯ ᠤᠨ ᠦᠨᠡᠮᠯᠡᠯ︾ ᠢ ᠡᠯᠭᠦᠵᠦ᠂ ᠲᠣᠰ ᠦᠨᠡᠮᠯᠡᠯ ᠪᠠᠶᠢᠬᠤ ᠥᠬᠡᠶ ᠪᠣᠯ ᠬᠠᠤᠯᠢ ᠪᠤᠰᠤ ᠡᠮᠴᠢᠯᠡᠭᠡᠨ ᠤ ᠵᠢᠰᠦ ᠭᠤᠶᠣᠯᠠᠬᠤ ᠭᠠᠵᠠᠷ ᠪᠣᠯᠤᠨ᠎ᠠ᠃
        ᠬᠤᠶᠠᠷ ᠲᠤ᠂ ᠣᠷᠴᠢᠨ ᠲᠣᠭᠤᠷᠢᠨ ᠢ ᠦᠵᠡ᠃ ᠡᠮᠴᠢᠯᠡᠭᠡᠨ ᠤ ᠵᠢᠰᠦ ᠭᠤᠶᠣᠯᠠᠬᠤ ᠲᠥᠷᠥᠯ  ᠵᠦᠢᠯ ᠪᠠ  ᠰᠦᠢᠳᠬᠡᠯ ᠢ ᠨᠡᠶᠢᠲᠡ ᠳᠤ ᠵᠠᠷᠯᠠᠬᠤ ᠬᠡᠷᠡᠭᠲᠡᠢ᠂ ᠡᠭᠦᠨ ᠤ ᠬᠠᠮᠲᠤ ᠡᠮᠴᠢᠯᠡᠭᠰᠡᠨ ᠪᠠᠷᠢᠮᠲᠠ ᠪᠠᠢᠳᠠᠭ᠂ ᠡᠮᠴᠢᠯᠡᠭᠡᠨ ᠤ ᠵᠢᠰᠦ ᠭᠤᠶᠣᠯᠠᠬᠤ ᠦᠢᠯᠡ ᠠᠵᠢᠯᠯᠠᠭ᠎ᠠ ᠶᠢ ᠡᠩ ᠤᠨ ᠪᠠᠶᠢᠳᠠᠯ ᠳᠤ ᠡᠮᠴᠢᠯᠡᠭᠡᠨ ᠤ ᠪᠠᠶᠢᠭᠤᠯᠤᠮᠵᠢ ᠶᠢᠨ ᠵᠢᠰᠦ ᠭᠤᠶᠣᠯᠠᠬᠤ ᠮᠡᠰᠡ ᠵᠠᠰᠠᠯ ᠤᠨ ᠲᠠᠰᠤᠭ ︵ᠪᠤᠶᠤ ᠡᠮᠴᠢᠯᠡᠭᠡᠨ ᠤ ᠲᠠᠰᠤᠭ︶ ᠲᠤ ᠶᠠᠪᠤᠭᠳᠠᠭᠤᠯᠤᠨ᠎ᠠ᠃
        ᠭᠤᠷᠪᠠ ᠳᠤ᠂ ᠬᠦᠮᠦᠨ ᠢ ᠦᠵᠡ᠃ ᠡᠮᠴᠢᠯᠡᠭᠡᠨ ᠤ ᠵᠢᠰᠦ ᠭᠤᠶᠣᠯᠠᠬᠤ  ᠦᠢᠯᠡᠴᠢᠯᠡᠭᠡ ᠬᠢᠬᠦ ᠳᠤ ᠡᠷᠬᠡᠪᠰᠢ ︽ᠡᠮᠴᠢ ᠶᠢᠨ ᠬᠢᠷᠢ ᠬᠡᠮ ᠤᠨ ᠦᠨᠡᠮᠯᠡᠯ︾᠂ ︽ᠡᠮᠴᠢ ᠶᠢᠨ ᠠᠵᠢᠯ ᠡᠷᠭᠢᠯᠡᠬᠦ ᠦᠨᠡᠮᠯᠡᠯ︾ ᠲᠠᠢ ᠡᠮᠴᠢᠯᠡᠭᠡᠨ ᠤ ᠵᠢᠰᠦ ᠭᠤᠶᠣᠯᠠᠬᠤ ᠭᠤᠤᠯ ᠡᠮᠴᠢ ᠪᠠᠶᠢᠬᠤ ᠬᠡᠷᠡᠭᠲᠡᠶ᠂ ᠡᠩ ᠤᠨ ᠡᠮᠴᠢ ᠪᠢᠰᠢ᠂ ᠨᠠᠩ ᠴᠤ ᠡᠩ ᠤᠨ ᠵᠢᠰᠦ ᠭᠤᠶᠣᠯᠠᠭᠴᠢ᠂ ᠦᠰᠦ ᠵᠠᠰᠠᠭᠴᠢ ᠵᠡᠷᠭᠡ ᠪᠢᠰᠢ᠃
        ᠳᠥᠷᠪᠡ ᠳᠤ᠂ ᠶᠠᠪᠤᠴᠠ ᠶᠢ ᠦᠵᠡ᠃ ᠵᠢᠩᠬᠢᠨᠢ ᠡᠮᠴᠢᠯᠡᠭᠡᠨ ᠤ ᠵᠢᠰᠦ ᠭᠤᠶᠣᠯᠠᠬᠤ ᠪᠠᠶᠢᠭᠤᠯᠤᠮᠵᠢ ᠨᠢ ᠡᠮᠴᠢᠯᠡᠭᠡᠨ ᠤ ᠵᠢᠰᠦ ᠭᠤᠶᠣᠯᠠᠬᠤ ᠲᠥᠷᠥᠯ  ᠵᠦᠢᠯ ᠢ ᠥᠷᠨᠢᠭᠦᠯᠬᠦ ᠠᠴᠠ ᠡᠮᠦᠨ᠎ᠡ ᠬᠡᠷᠡᠭᠯᠡᠭᠴᠢᠳ ᠲᠤ ᠪᠢᠴᠢᠯ ᠵᠠᠰᠠᠯᠲᠠ ᠨᠢ ᠲᠣᠬᠢᠷᠠᠮᠵᠢᠲᠠᠶ ᠡᠰᠡᠬᠦ᠂ ᠡᠭᠦᠰᠴᠦ ᠮᠡᠳᠡᠬᠦ ᠮᠠᠭᠤ ᠦᠷ᠎ᠡ ᠳ᠋ᠦᠩ ᠪᠠ ᠮᠡᠷᠭᠡᠵᠢᠯ ᠤᠨ ᠲᠦᠭᠰᠢᠭᠦᠷᠢ ᠶᠢᠨ ᠲᠤᠬᠠᠢ  ᠭᠦᠢᠴᠡᠳ ᠣᠢᠯᠠᠭᠠᠭᠤᠯᠵᠤ᠂ ᠪᠠᠶᠢᠳᠠᠯ ᠢ ᠮᠡᠳᠡᠬᠦ ᠵᠥᠪᠰᠢᠶᠡᠷᠡᠯ ᠤᠨ ᠪᠢᠴᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠡᠪᠡᠳᠴᠢᠨ ᠤ ᠴᠠᠳᠢᠭ ᠢ ᠦᠨᠡᠨ ᠮᠥᠨ ᠢᠶᠠᠷ ᠨᠢ ᠪᠢᠴᠢᠨ᠎ᠡ᠃
        ᠲᠠᠪᠤ ᠳᠤ᠂ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠦᠵᠡ᠃ ᠨᠢᠭᠤᠷ ᠴᠢᠷᠠᠢ ᠶᠢᠨ ᠪᠠᠭ᠎ᠠ ᠵᠠᠰᠠᠯᠲᠠ ᠪᠣᠯ ᠡᠮᠴᠢᠯᠡᠭᠡᠨ ᠤ ᠵᠢᠰᠦ ᠭᠤᠶᠣᠯᠠᠬᠤ ᠨᠢᠭᠡ ᠵᠦᠢᠯ ᠤᠨ ᠮᠡᠷᠭᠡᠵᠢᠯ ᠮᠥᠨ᠃ ᠨᠢᠭᠤᠷ ᠲᠤ ᠲᠠᠷᠢᠬᠤ A ᠬᠡᠯᠪᠡᠷᠢ ᠶᠢᠨ ᠮᠢᠬᠠᠨ ᠤ ᠬᠤᠤᠷᠲᠤ ᠡᠳ᠋ ᠪᠣᠯ ᠡᠮᠴᠢᠯᠡᠭᠡᠨ ᠳᠤ ᠬᠡᠷᠡᠭᠯᠡᠬᠦ ᠬᠤᠤᠷᠲᠤ ᠡᠮ ᠤᠨ  ᠵᠦᠢᠯ ᠪᠠᠶᠢᠵᠣ᠂ ᠪᠣᠭᠤᠳᠠᠯ ᠳᠡᠭᠡᠷ᠎ᠡ ᠨᠢ ︽ᠬᠤᠤᠷ︾ ᠭᠡᠰᠡᠨ ᠥᠰᠥᠭ ᠲᠠᠢ᠂ ᠲᠠᠷᠢᠬᠤ ᠳᠤ ᠬᠡᠷᠡᠭᠯᠡᠬᠦ ᠰᠢᠯ ᠰᠢᠭᠡᠰᠦᠨ ᠬᠦᠴᠢᠯ ᠪᠣᠯ ᠡᠮᠨᠡᠯᠭᠡ ᠶᠢᠨ ᠮᠠᠲ᠋ᠧᠷᠢᠶᠠᠯ᠂ ᠡᠮᠨᠡᠯᠭᠡ ᠶᠢᠨ ᠪᠠᠭᠠᠵᠢ ᠪᠠᠷ ᠬᠢᠨᠠᠨ ᠵᠦᠪᠰᠢᠶᠡᠷᠡᠭᠰᠡᠨ ᠪᠠᠢᠳᠠᠭ᠃ ᠭᠠᠳᠠᠭᠠᠳᠤ ᠠᠴᠠ ᠣᠷᠣᠭᠤᠯᠬᠤ ᠡᠮ ᠤᠨ ᠵᠦᠢᠯ ᠪᠤᠶᠤ ᠮᠠᠲ᠋ᠧᠷᠢᠶᠠᠯ ᠨᠢ ᠡᠷᠬᠡᠪᠰᠢ ᠬᠢᠲᠠᠳ ᠦᠰᠦᠭ ᠤᠨ ᠲᠡᠮᠳᠡᠭ ᠬᠠᠳᠠᠭᠰᠠᠨ ᠪᠠᠶᠢᠬᠤ ᠬᠡᠷᠡᠭᠲᠡᠢ᠃

 

 

ᠢᠷᠡᠯᠲᠡ
ᠣᠷᠳᠤᠰ ᠬᠣᠲᠠ ᠵᠢᠨ ᠳᠠᠯᠠᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro