ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠨᠠᠰᠤᠲᠠᠶᠢᠴᠤᠳ  ᠢ ᠰᠠᠬᠢᠨ ᠬᠠᠮᠠᠭᠠᠯᠠᠵᠤ᠂ ᠲᠡᠳᠡᠨ ᠦ ᠦᠲᠡᠯᠦᠭᠡ ᠨᠠᠰᠤᠨ ᠤ  ᠵᠢᠷᠭᠠᠯᠠᠩᠲᠤ ᠠᠮᠢᠳᠤᠷᠠᠯ ᠢ ᠪᠠᠲᠤᠯᠠᠶ᠎ᠠ

2023-05-17 15:30:40
ᠵᠣᠬᠢᠶᠠᠭᠴᠢ
ᠪᠣᠣ ᠴᠡᠩᠭᠡᠯ

    ᠨᠠᠰᠣᠵᠢᠯ ᠤᠨ ᠠᠰᠠᠷᠠᠮᠵᠢ  ᠶᠢᠨ ᠮᠡᠬᠡᠯᠡᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ  ᠡᠬᠢᠯᠡᠭᠰᠡᠨ ᠠᠴᠠ  ᠨᠠᠭᠠᠰᠢ᠂  ᠴᠠᠬᠠᠷ ᠪᠠᠷᠠᠭᠤᠨ ᠭᠠᠷᠦᠨ ᠡᠮᠤᠨᠡᠲᠦ ᠬᠤᠰᠢᠭᠤᠨ ᠤ  ᠠᠷᠠᠳ ᠤᠨ ᠪᠠᠶᠢᠴᠠᠭᠠᠬᠤ ᠬᠤᠷᠢᠶ᠎ᠠ ᠳᠡᠭᠡᠲᠦ ᠬᠡᠮᠵᠢᠶ᠎ᠡ ᠪᠠᠷ  ᠴᠢᠬᠤᠯᠠᠴᠢᠯᠠᠵᠤ ᠂ ᠴᠠᠭ ᠲᠣᠬᠠᠢ  ᠳ᠋ᠤᠨᠢ ᠬᠠᠮᠢᠶ᠎ᠠ ᠪᠦᠬᠦᠢ ᠬᠦᠮᠦᠰ ᠢ ᠲᠣᠮᠢᠯᠠᠨ ᠠᠵᠢᠯᠯᠠᠭ᠎ᠠ ᠦᠷᠨᠢᠭᠦᠯᠵᠦ ᠂ ᠬᠠᠥᠯᠢ ᠴᠠᠭᠠᠵᠠ ᠶᠢᠨ  ᠤᠬᠠᠭᠤᠯᠭ᠎ᠠ ᠶᠢᠨ ᠠᠵᠢᠯᠯᠠᠭ᠎ᠠ ᠶᠢ ᠶᠠᠪᠤᠭᠤᠯᠵᠤ᠂ ᠬᠢᠨᠠᠨ ᠬᠠᠮᠢᠶᠠᠷᠤᠯᠲᠠ ᠶᠢᠨ ᠬᠦᠴᠦᠯᠡᠴᠡ ᠪᠠᠨ  ᠴᠢᠩᠭᠠᠷᠠᠭᠤᠯᠵᠤ᠂ ᠨᠠᠰᠤᠵᠢᠯ ᠤᠨ ᠠᠰᠠᠷᠠᠮᠵᠢ  ᠶᠢᠨ ᠮᠡᠬᠡᠯᠡᠯ ᠤᠨ ᠬᠡᠷᠡᠭ  ᠢ  ᠡᠮᠬᠢᠳᠭᠡᠨ ᠰᠢᠭᠰᠢᠨ ᠪᠠᠶᠢᠴᠠᠭᠠᠯᠲᠠ ᠬᠢᠵᠦ᠂ ᠣᠯᠡᠨ ᠲᠠᠯ᠎ᠠ ᠪᠠᠷ ᠵᠡᠷᠭᠡᠪᠡᠷ ᠵᠠᠬᠢᠷᠤᠨ᠂  ᠪᠠᠶᠢᠴᠠᠭᠠᠬᠤ  ᠡᠭᠦᠷᠭᠡ ᠴᠢᠳᠠᠪᠬᠢ ᠪᠠᠨ ᠪᠠᠳᠠᠷᠠᠭᠤᠯᠬᠤ ᠪᠠᠷ ᠳᠠᠮᠵᠢᠨ᠂ ᠨᠠᠰᠤᠲᠠᠶᠢᠴᠤᠳ ᠤᠨ ᠦᠲᠡᠯᠦᠭᠡ ᠨᠠᠰᠤ ᠪᠠᠨ ᠵᠤᠯ ᠵᠢᠷᠭᠠᠯ ᠲᠠᠢ  ᠦᠩᠭᠡᠷᠡᠭᠦᠯᠬᠦ  ᠳᠤ ᠪᠠᠲᠣᠯᠠᠭ᠎ᠠ ᠬᠠᠩᠭᠠᠪᠠ᠃

     ᠤᠶᠢᠷ᠎ᠠ ᠶᠢᠨ ᠬᠤᠭᠤᠴᠠᠭᠠᠨ ᠳᠤ᠂  ᠴᠠᠬᠠᠷ ᠪᠠᠷᠠᠭᠤᠨ ᠭᠠᠷᠦᠨ ᠡᠮᠤᠨᠡᠲᠦ ᠬᠤᠰᠢᠭᠤᠨ ᠤ  ᠠᠷᠠᠳ ᠤᠨ ᠪᠠᠶᠢᠴᠠᠭᠠᠬᠤ ᠬᠤᠷᠢᠶ᠎ᠠ ᠨᠢᠭᠡᠨ ᠨᠠᠰᠤᠵᠢᠯ  ᠤᠨ ᠠᠰᠠᠷᠠᠮᠵᠢ ᠶᠢᠨ ᠮᠡᠬᠡᠯᠡᠯ  ᠳᠤ ᠬᠤᠯᠪᠤᠭᠳᠠᠭᠰᠠᠨ ᠬᠡᠷᠡᠭ ᠢ ᠰᠢᠢᠳᠪᠦᠷᠢᠯᠡᠭᠰᠡᠨ ᠪᠠᠶᠢᠨ᠎ᠠ᠃ 2020 ᠣᠨ ᠠᠴᠠ 2021 ᠣᠨ ᠬᠦᠷᠲᠡᠯᠡᠬᠢ ᠬᠤᠭᠤᠴᠠᠭᠠᠨ ᠳᠤ᠂ ᠵᠠᠭᠠᠯᠳᠤᠭᠳᠠᠭᠴᠢ ᠵᠣᠣ ᠣᠪᠤᠭᠲᠤ ᠬᠠᠥᠯᠢ ᠪᠣᠰᠤ ᠠᠰᠢᠭ ᠣᠯᠬᠤ ᠶᠢᠨ  ᠲᠦᠯᠦᠭᠡ  ᠦᠪᠡᠷ ᠢ ᠪᠠᠨ ᠪᠣᠰᠤᠳ ᠲᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠳᠦ ᠨᠡᠶᠢᠭᠡᠮ ᠤᠨ ᠳᠠᠭᠠᠳᠬᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ  ᠪᠦᠷᠢᠳᠬᠦᠭᠦᠯᠵᠦ ᠲᠡᠶᠢᠯᠦᠨ᠎ᠡ ᠬᠡᠮᠡᠨ ᠬᠠᠭᠤᠷᠮᠠᠭᠯᠠᠨ ᠶᠠᠷᠢᠵᠤ᠂ ᠬᠤᠣᠷᠯᠡᠭ᠌ᠳᠠᠭᠴᠢ ᠠᠴᠠ  4 ᠲᠦᠮᠡ ᠠᠴᠠ 4.5 ᠲᠦᠮᠡᠨ ︽ᠵᠠᠷᠤᠳᠠᠯ  ᠤᠨ ᠮᠦᠩᠭᠦ︾ ᠬᠤᠷᠢᠶᠠᠨ᠂  ᠤᠴᠢᠷ ᠢ ᠭᠦᠢᠴᠠᠳᠭᠡᠭᠰᠡᠨ ᠤ ᠳᠠᠷᠠᠭ᠎ᠠ ᠬᠤᠣᠷᠯᠡᠭ᠌ᠳᠠᠭᠴᠢ ᠳᠤ  ᠶᠠᠪᠤᠳᠠᠯ ᠪᠦᠲᠦᠭᠰᠡᠨ ᠭᠡᠵᠦ ᠬᠡᠯᠡᠵᠦ ᠂  ᠰᠠᠷ᠎ᠠ ᠪᠦᠷᠢ ᠦᠪᠡᠷ ᠤᠨ ᠬᠤᠪᠢ ᠬᠦᠮᠦᠨ ᠤ ᠪᠠᠩᠭᠢ ᠶᠢᠨ ᠳᠠᠩᠰᠡᠨ ᠡᠷᠦᠬᠡ ᠪᠠᠷ ᠳᠠᠮᠵᠢᠨ ᠬᠤᠣᠷᠯᠡᠭ᠌ᠳᠠᠭᠴᠢ ᠳᠤ 1600 ᠲᠦᠭᠦᠷᠢᠭ ᠣᠷᠴᠢᠮ ᠤᠨ  ︽ᠨᠠᠰᠤᠵᠢᠯ ᠤᠨ ᠠᠰᠠᠷᠠᠮᠵᠢ ᠶᠢᠨ ᠮᠦᠩᠭᠦ︾  ᠶᠢ  ᠣᠯᠭᠤᠨ᠂ ᠨᠠᠰᠤᠵᠢᠯ ᠤᠨ ᠠᠰᠠᠷᠠᠮᠵᠢ ᠶᠢᠨ ᠮᠦᠩᠭᠦ  ᠶᠢ   ᠲᠠᠯᠪᠢᠭᠰᠠᠨ ᠬᠠᠭᠤᠷᠮᠠᠭ ᠪᠠᠶᠢᠳᠠᠯ ᠢ ᠪᠣᠢ  ᠪᠤᠯᠠᠭᠠᠨ᠂  ᠨᠡᠩ  ᠣᠯᠠᠨ ᠬᠤᠣᠷᠯᠡᠭ᠌ᠳᠠᠭᠴᠢ ᠶᠢᠨ ᠡᠳ᠋ ᠮᠦᠩᠭᠦ ᠶᠢ ᠮᠡᠬᠡᠯᠡᠨ ᠣᠯᠬᠤ  ᠵᠣᠷᠢᠯᠭ᠎ᠠ ᠳᠠᠭᠠᠨ ᠬᠦᠷᠬᠦ  ᠭᠡᠰᠡᠨ ᠪᠠᠶᠢᠨ᠎ᠠ᠃ ᠲᠤᠰ ᠬᠡᠷᠡᠭ 20 ᠭᠠᠷᠦᠢ ᠨᠡᠷᠡᠰ ᠬᠤᠣᠷᠯᠡᠭ᠌ᠳᠠᠭᠴᠢ ᠳᠤ ᠬᠤᠯᠪᠤᠭᠳᠠᠵᠤ᠂ ᠵᠣᠣ  ᠣᠪᠤᠭᠲᠤ ᠶᠢᠨ ᠮᠡᠬᠡᠯᠡᠨ ᠣᠯᠤᠭᠰᠠᠨ ᠡᠳ᠋ ᠮᠦᠩᠭᠦ  ᠨᠢ 100  ᠲᠦᠮᠡᠨ ᠲᠦᠭᠦᠷᠢᠭ ᠰᠢᠬᠠᠵᠤ᠂ ᠲᠤᠰ  ᠭᠠᠷᠲᠠᠯ᠎ᠠ ᠨᠢᠭᠡᠨᠲᠡ 40 ᠭᠠᠷᠤᠢ ᠲᠦᠮᠡᠨ ᠲᠦᠭᠦᠷᠢᠭ ᠤᠨ ᠡᠳ᠋ ᠮᠦᠩᠭᠦ ᠶᠢ ᠪᠤᠴᠠᠭᠠᠨ ᠦᠭᠭᠦᠭᠰᠡᠨ ᠪᠤᠯᠪᠠᠴᠤ᠂ ᠦᠯᠡᠳᠡᠭᠰᠡᠨ ᠡᠳ᠋ ᠮᠦᠩᠭᠦ  ᠶᠢ ᠵᠣᠣ  ᠣᠪᠤᠭᠲᠤ  ᠪᠦᠷᠢᠯᠭᠡᠨ ᠰᠦᠢᠳᠭᠡᠭᠰᠡᠨ ᠪᠠᠶᠢᠨ᠎ᠠ᠃
       ᠬᠡᠷᠡᠭ ᠢ ᠳᠠᠭᠠᠭᠠᠴᠢᠯᠡᠨ ᠬᠢᠭᠰᠡᠨ ᠪᠠᠶᠢᠴᠠᠭᠠᠬᠤ ᠲᠤᠰᠢᠶᠠᠯᠲᠠᠨ ᠡᠭᠦᠷᠭᠡ ᠲᠤᠰᠢᠶᠠᠯ ᠢᠶᠠᠨ ᠴᠢᠳᠠᠮᠠᠭᠠᠢ ᠪᠠᠷ  ᠭᠦᠢᠴᠡᠳᠭᠡᠵᠦ᠂  ᠢᠳᠡᠪᠬᠢᠲᠡᠢ ᠠᠵᠢᠯᠯᠠᠨ᠂ ᠬᠡᠷᠡᠭ ᠲᠤ ᠤᠷᠢᠳᠴᠢᠯᠠᠨ ᠣᠷᠤᠯᠴᠠᠨ ᠲᠣᠷᠰᠢᠨ ᠪᠠᠶᠢᠴᠠᠭᠠᠬᠤ ᠪᠠᠶᠢᠭᠤᠯᠭ᠎ᠠ  ᠶᠢᠨ ᠲᠣᠷᠰᠢᠨ  ᠪᠠᠶᠢᠴᠠᠭᠠᠵᠤ ᠭᠡᠷᠡᠴᠢ ᠴᠤᠭᠯᠠᠭᠤᠯᠬᠤ ᠠᠵᠢᠯᠯᠠᠭ᠎ᠠ ᠳᠤ ᠵᠢᠯᠤᠭᠤᠳᠤᠯᠭ᠎ᠠ ᠬᠢᠵᠦ᠂ ᠪᠣᠵᠠᠷ ᠡᠳ᠋ ᠢ  ᠨᠡᠬᠡᠮᠵᠢᠯᠡᠨ ᠬᠤᠬᠢᠷᠠᠯ ᠢ  ᠪᠤᠴᠠᠭᠠᠬᠤ ᠠᠵᠢᠯ ᠢ ᠲᠦᠯᠬᠢᠨ ᠠᠬᠢᠭᠤᠯᠵᠤ᠂ ᠬᠤᠣᠷᠯᠠᠭᠳᠠᠭᠴᠢ ᠶᠢᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠᠶᠢᠨ᠎ᠠ᠃   
      ᠵᠠᠭᠠᠯᠳᠤᠭᠳᠠᠭᠴᠢ ᠵᠤᠤ ᠣᠪᠤᠭᠲᠤ ᠦᠪᠡᠷ ᠢ ᠪᠠᠨ ᠪᠣᠰᠤᠳ ᠲᠤ ᠨᠡᠶᠢᠭᠡᠮ ᠤᠨ  ᠳᠠᠭᠠᠳᠬᠠᠯ ᠤᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠣᠯᠭᠤᠬᠤ ᠴᠢᠳᠠᠪᠤᠷᠢ ᠦᠭᠡᠢ ᠪᠠᠨ ᠮᠡᠳᠡᠵᠤ ᠪᠠᠶᠢᠭᠠᠳ᠂ ᠪᠣᠳᠠᠳᠤ ᠶᠠᠪᠤᠳᠠᠯ ᠢ ᠬᠤᠳᠠᠯ ᠢᠶᠠᠷ ᠵᠣᠬᠢᠶᠠᠨ᠂ ᠦᠨᠡᠨ  ᠪᠠᠶᠢᠳᠠᠯ ᠢ ᠨᠢᠭᠤᠨ ᠳᠠᠯᠳᠠᠯᠠᠵᠤ᠂ ᠨᠡᠶᠢᠭᠡᠮ ᠤᠨ  ᠳᠠᠭᠠᠳᠬᠠᠯ ᠤᠨ ᠨᠠᠰᠤᠵᠢᠯ ᠤᠨ ᠠᠰᠠᠷᠠᠮᠵᠢ  ᠶᠢᠨ  ᠮᠦᠩᠭᠦ  ᠶᠢ ᠣᠯᠭᠤᠬᠤ ᠪᠠᠷ ᠪᠠᠮᠪᠠᠢ ᠪᠣᠯᠭᠠᠵᠤ᠂ ᠬᠤᠳᠠᠯ ᠦᠭᠡ ᠪᠣᠯᠤᠨ ᠰᠠᠷ᠎ᠠ ᠪᠦᠷᠢ ᠳᠤᠨᠢ ᠡᠭᠡᠭᠦᠯᠦᠨ ᠪᠣᠴᠠᠭᠠᠬᠤ ᠵᠡᠷᠭᠡ ᠠᠷᠭ᠎ᠠ ᠪᠠᠷᠢᠯ ᠢᠶᠠᠷ ᠬᠤᠣᠷᠯᠠᠭᠳᠠᠭᠴᠢ ᠶᠢ ᠮᠡᠬᠡᠯᠡᠵᠦ᠂ ᠬᠤᠣᠷᠯᠠᠭᠳᠠᠭᠴᠢ ᠳᠤ ᠪᠣᠷᠤᠭᠤ ᠲᠠᠨᠢᠯᠲᠠ ᠲᠦᠷᠦᠭᠳᠡᠭᠦᠯᠵᠦ᠂ ᠪᠣᠰᠤᠳ ᠤᠨ ᠡᠳ᠋ ᠮᠦᠩᠭᠦ ᠶᠢ  ᠮᠡᠬᠡᠯᠡᠨ ᠣᠯᠤᠭᠰᠠᠨ ᠲᠤᠭ᠎ᠠ ᠨᠢ  ᠣᠨᠴᠠ ᠶᠡᠭᠡ  ᠪᠠᠶᠢᠵᠤ᠂ ᠬᠢᠬᠠᠨ ᠮᠡᠬᠡᠯᠡᠭᠰᠡᠨ ᠶᠠᠯ᠎ᠠ ᠪᠠᠷ ᠲᠡᠭᠦᠨ  ᠳᠦ ᠡᠷᠡᠭᠦᠦ ᠶᠢᠨ ᠬᠠᠷᠠᠭᠤᠴᠠᠯᠭ᠎ᠠ ᠡᠭᠦᠷᠭᠡᠯᠡᠪᠡᠯ ᠵᠣᠬᠢᠨ᠎ᠠ᠃ ᠡᠭᠦᠨ ᠳᠦ ᠴᠠᠬᠠᠷ ᠪᠠᠷᠠᠭᠤᠨ ᠭᠠᠷᠦᠨ ᠡᠮᠤᠨᠡᠲᠦ ᠬᠤᠰᠢᠭᠤᠨ ᠤ  ᠠᠷᠠᠳ ᠤᠨ ᠪᠠᠶᠢᠴᠠᠭᠠᠬᠤ ᠬᠤᠷᠢᠶ᠎ᠠ ᠬᠠᠥᠯᠢ ᠶᠣᠰᠤᠭᠠᠷ ᠬᠡᠷᠡᠭ ᠰᠢᠳᠭᠡᠵᠦ᠂ ᠠᠷᠠᠳ ᠤᠨ ᠬᠢᠨᠠᠯᠲᠠ ᠲᠠᠯᠪᠢᠭᠴᠢ  ᠶᠢ ᠤᠷᠢᠨ ᠲᠤᠰ ᠬᠡᠷᠡᠭ ᠤᠨ ᠰᠢᠭᠦᠯᠲᠡ ᠶᠢᠨ ᠭᠤᠭᠴᠤᠭ᠎ᠠ ᠳᠤ ᠬᠢᠨᠠᠯᠲᠠ ᠲᠠᠯᠪᠢᠪᠠ᠃ ᠮᠦᠨ  ᠬᠡᠷᠡᠭ  ᠤᠨ ᠪᠣᠳᠠᠳᠣ   ᠬᠡᠷᠡᠭ ᠪᠠ  ᠦᠢᠯᠡ ᠪᠠᠶᠢᠳᠠᠯ ᠢ ᠦᠨᠳᠦᠰᠦᠯᠡᠵᠦ ᠡᠷᠡᠭᠦᠦ ᠣᠨᠤᠭᠳᠠᠭᠤᠯᠬᠤ ᠰᠠᠨᠠᠭᠤᠯᠭ᠎ᠠ ᠳᠤᠷᠠᠳᠴᠤ᠂ ᠰᠢᠭᠦᠭᠦ ᠪᠠᠶᠢᠭᠤᠯᠭ᠎ᠠ  ᠬᠠᠥᠯᠢ ᠶᠣᠰᠤᠭᠠᠷ ᠬᠦᠯᠢᠶᠡᠨ ᠠᠪᠴᠤ᠂ ᠣᠳᠣᠬᠠᠨ ᠳᠤ  ᠰᠢᠭᠦᠨ ᠲᠠᠰᠤᠯᠤᠯᠲᠠ ᠬᠦᠴᠦᠨ  ᠲᠠᠢ ᠪᠣᠯᠵᠤ᠂  ᠵᠠᠭᠠᠯᠳᠤᠭᠳᠠᠭᠴᠢ ᠳᠡᠭᠡᠭᠰᠢ  ᠵᠠᠭᠠᠯᠳᠤᠭᠰᠠᠨ ᠦᠭᠡᠢ᠃ ᠲᠤᠰ ᠬᠡᠷᠡᠭ  ᠪᠣᠯ ᠲᠤᠰᠬᠠᠢ ᠠᠵᠢᠯᠯᠠᠭ᠎ᠠ  ᠦᠷᠨᠢᠭᠦᠯᠦᠭᠰᠡᠨ ᠠᠴᠠ ᠨᠠᠭᠠᠰᠢ ᠴᠠᠬᠠᠷ ᠪᠠᠷᠠᠭᠤᠨ ᠭᠠᠷᠤᠨ ᠡᠮᠤᠨᠡᠲᠤ ᠬᠤᠰᠢᠭᠤᠨ ᠳᠠᠬᠢ ᠠᠩᠬᠠᠳᠠᠭᠴᠢ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠬᠡᠷᠡᠭ  ᠪᠣᠯᠤᠨ᠎ᠠ᠃
        ᠡᠭᠦᠨ ᠠᠴᠠ ᠬᠤᠶᠢᠰᠢᠬᠢ ᠠᠵᠢᠯ ᠤᠨ ᠳᠤᠮᠳᠠ᠂ ᠴᠠᠬᠠᠷ ᠪᠠᠷᠠᠭᠤᠨ ᠭᠠᠷᠦᠨ ᠡᠮᠤᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠦᠷᠬᠦᠯᠵᠢᠯᠡᠨ ᠨᠠᠰᠤᠵᠢᠯ ᠤᠨ ᠠᠰᠠᠷᠠᠮᠵᠢ ᠶᠢᠨ ᠮᠡᠬᠡᠯᠡᠯ  ᠤᠨ ᠬᠡᠷᠡᠭ ᠳᠤ ᠬᠤᠯᠪᠤᠭᠳᠠᠭᠰᠠᠨ ᠶᠠᠯᠠᠲᠤ ᠬᠡᠷᠡᠭ ᠳᠤ ᠠᠩᠬᠠᠷᠤᠯ ᠢᠶᠠᠨ ᠬᠠᠨᠳᠤᠭᠤᠯᠵᠤ᠂ ᠨᠠᠮ ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠵᠢᠴᠢ ᠠᠷᠠᠳ ᠤᠨ ᠳᠡᠭᠡᠲᠦ ᠪᠠᠶᠢᠴᠠᠭᠠᠬᠤ ᠬᠤᠷᠢᠶ᠎ᠠ  ᠶᠢᠨ ᠨᠠᠰᠤᠵᠢᠯ ᠤᠨ ᠠᠰᠠᠷᠠᠮᠵᠢ ᠶᠢᠨ ᠮᠡᠬᠡᠯᠠᠯ ᠤᠨ ᠲᠤᠰᠬᠠᠢ ᠠᠵᠢᠯᠯᠠᠭ᠎ᠠ ᠶᠢᠨ ᠰᠢᠢᠳᠪᠦᠷᠢᠲᠤ ᠪᠣᠳᠤᠯᠭ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠴᠠᠭᠠᠬᠤ ᠡᠭᠦᠷᠭᠡ ᠴᠢᠳᠠᠪᠬᠢ ᠪᠠᠨ ᠪᠠᠳᠠᠷᠠᠭᠤᠯᠵᠤ ᠂  ᠨᠠᠰᠤᠵᠢᠯ ᠤᠨ ᠠᠰᠠᠷᠠᠮᠵᠢ ᠶᠢᠨ ᠮᠡᠬᠡᠯᠠᠯ ᠤᠨ ᠬᠡᠷᠡᠭ ᠲᠤ ᠬᠤᠯᠪᠤᠭᠳᠠᠯ  ᠪᠦᠬᠦᠢ ᠬᠠᠥᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠬᠠᠷᠢᠶᠠᠲᠤ ᠣᠷᠤᠨ  ᠤ ᠳᠣᠲᠤᠷᠠᠬᠢ   ᠬᠢᠨᠠᠨ   ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ  ᠪᠠᠨ ᠨᠠᠶᠢᠳᠠᠪᠤᠷᠢᠵᠢᠭᠤᠯᠵᠤ ᠂   ᠨᠠᠰᠤᠵᠢᠯ ᠤᠨ ᠠᠰᠠᠷᠠᠮᠵᠢ ᠶᠢᠨ ᠮᠡᠬᠡᠯᠠᠯ ᠤᠨ  ᠬᠡᠷᠡᠭ ᠲᠠᠬᠢ ᠪᠣᠵᠠᠷ ᠡᠳ᠋ ᠢ ᠨᠡᠬᠡᠮᠵᠢᠯᠡᠨ ᠬᠤᠬᠢᠷᠠᠯ ᠢ ᠪᠣᠴᠠᠭᠠᠬᠤ ᠠᠵᠢᠯ ᠢ ᠲᠦᠯᠬᠢᠨ ᠤᠷᠤᠭᠰᠢᠯᠠᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠨᠦᠯᠦᠭᠡᠯᠡᠬᠦ ᠬᠦᠴᠦᠨ ᠢᠶᠠᠨ ᠳᠡᠯᠭᠡᠷᠡᠭᠦᠯᠵᠦ᠂ ᠬᠠᠥᠯᠢ   ᠴᠠᠭᠠᠵᠠ  ᠶᠢ ᠣᠯᠠᠨ ᠨᠡᠶᠢᠲᠡ ᠶᠢᠨ  ᠰᠡᠳᠭᠢᠯ ᠳᠤ ᠬᠠᠳᠠᠩᠰᠢᠭᠤᠯᠤᠨ᠂ ᠪᠣᠳᠠᠲᠣ ᠠᠵᠢᠯᠯᠠᠭ᠎ᠠ ᠪᠠᠷ ᠨᠠᠰᠤᠲᠠᠶᠢᠴᠤᠳ ᠤᠨ ᠬᠠᠥᠯᠢ  ᠶᠣᠰᠤᠨ ᠤ ᠡᠷᠬᠡ ᠠᠰᠢᠭ ᠢ ᠬᠠᠮᠠᠭᠠᠯᠠᠨ᠎ᠠ᠃

 

 

ᠢᠷᠡᠯᠲᠡ
ᠤᠯᠠᠭᠠᠨᠴᠠᠪ ᠬᠤᠲᠠ ᠵᠢᠨ ᠴᠠᠬᠠᠷ ᠪᠠᠷᠠᠭᠤᠨ ᠭᠠᠷᠦᠨ ᠡᠮᠤᠨᠡᠲᠦ ᠬᠤᠰᠢᠭᠤᠨ ᠤ  ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro