ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠡᠩ ᠤᠨ ᠳᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠭᠰᠠᠨ ᠳᠡᠭᠦᠦ ᠨᠠᠷ ᠮᠢᠨᠢ᠂ ᠬᠠᠮᠲᠤ ᠪᠠᠷ ᠡᠲᠡᠭᠡᠷ ᠮᠡᠬᠡᠯᠡᠯ ᠠᠴᠠ ᠬᠡᠷᠰᠡᠦᠯᠡᠶ᠎ᠡ︕

2023-06-25 15:39:48
ᠵᠣᠬᠢᠶᠠᠭᠴᠢ
ᠵᠠᠩᠭ᠎ᠠ 

     ᠰᠢᠯᠭᠠᠯᠲᠠ ᠳᠠᠭᠤᠰᠬᠤ ᠶᠢ ᠳᠠᠭᠠᠯᠳᠤᠨ᠂ ᠮᠡᠬᠡᠯᠡᠭᠴᠢ ᠪᠠᠰᠠ ᠡᠬᠢᠯᠡᠨ ᠶᠠᠭᠠᠷᠠᠬᠤ ᠪᠣᠯᠣᠯ᠎ᠠ᠂ ᠪᠠᠶᠢᠴᠠᠭᠠᠭᠴᠢ ᠲᠠ ᠨᠠᠷ ᠲᠤ ᠡᠩ ᠤᠨ  ᠳᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠭᠡᠳᠦᠯᠲᠡᠢ ᠰᠢᠯᠭᠠᠯᠲᠠ ᠲᠠᠢ ᠬᠠᠮᠢᠶ᠎ᠠ ᠪᠦᠬᠦᠢ ᠮᠡᠬᠡᠯᠡᠯ ᠤᠨ ᠲᠦᠷᠦᠯ ᠵᠦᠢᠯ ᠵᠢᠴᠢ ᠰᠡᠷᠭᠡᠶᠢᠯᠡᠬᠦ ᠠᠷᠭ᠎ᠠ ᠶᠢ ᠲᠠᠨᠢᠯᠴᠠᠭᠤᠯᠤᠶ᠎ᠠ︕
     ᠨᠢᠭᠡ᠂ ᠤᠷᠢᠳ ᠢᠶᠠᠷ ᠬᠤᠪᠢ ᠪᠠᠨ ᠣᠯᠵᠣ ᠦᠵᠡᠵᠦ ᠳᠡᠶᠢᠯᠦᠨ᠎ᠡ ᠭᠡᠰᠡᠨ ᠮᠡᠬᠡᠯᠡᠯ
     ᠰᠢᠯᠭᠠᠯᠲᠠ ᠳᠠᠭᠤᠰᠤᠭᠰᠠᠨ ᠤ ᠳᠠᠷᠠᠭ᠎ᠠ ᠬᠤᠪᠢ ᠪᠠᠨ ᠬᠦᠯᠢᠶᠡᠬᠦ ᠭᠡᠳᠡᠭ ᠨᠢ ᠬᠡᠴᠡᠭᠦᠦ ᠪᠠᠶᠢᠳᠠᠭ᠂ ᠡᠶᠢᠮᠦ ᠠᠴᠠ ᠮᠡᠬᠡᠯᠡᠭᠴᠢ ᠰᠢᠯᠭᠠᠭᠤᠯᠤᠭᠴᠢ ᠪᠣᠯᠤᠨ ᠬᠡᠷ ᠤᠨ ᠠᠬᠠᠮᠠᠳ ᠤᠨ ᠪᠠᠴᠢᠮ ᠲᠤᠯᠭᠠᠮ᠎ᠠ ᠰᠡᠳᠬᠢᠯᠭᠡ ᠶᠢ ᠠᠰᠢᠭᠯᠠᠨ᠂ ᠭᠠᠷ ᠤᠲᠠᠰᠤ᠂ ᠣᠬᠤᠷ ᠮᠡᠳᠡᠭᠡ ᠵᠡᠷᠭᠡ ᠠᠷᠭ᠎ᠠ ᠵᠠᠮ ᠢᠶᠠᠷ ︽ᠬᠤᠪᠢ ᠶᠢ ᠤᠷᠢᠳᠴᠢᠯᠠᠨ ᠦᠵᠡᠵᠦ ᠳᠡᠶᠢᠯᠦᠨ᠎ᠡ︾ ᠭᠡᠰᠡᠨ ᠬᠤᠳᠠᠯ ᠬᠠᠭᠤᠷᠮᠠᠭ ᠵᠠᠷ ᠮᠡᠳᠡᠭᠡ ᠪᠠᠷ ᠳᠠᠮᠵᠢᠭᠤᠯᠤᠨ ᠮᠡᠬᠡᠯᠡᠯ ᠶᠠᠪᠤᠭᠤᠯᠳᠠᠭ᠃ ᠮᠡᠬᠡᠯᠡᠭᠳᠡᠪᠡᠯ ᠡᠳ᠋ ᠬᠥᠷᠥᠩᠭᠡ ᠶᠢᠨ ᠬᠤᠬᠢᠷᠠᠯ ᠤᠴᠠᠷᠠᠬᠤ ᠪᠠᠷ ᠪᠠᠷᠠᠬᠤ ᠥᠬᠡᠶ᠂ ᠬᠤᠪᠢ ᠬᠥᠮᠦᠨ ᠤ ᠮᠡᠳᠡᠭᠡ ᠵᠠᠩᠭᠢ ᠴᠤ ᠵᠠᠳᠠᠷᠠᠭᠤᠯᠬᠤ ᠪᠣᠯᠤᠨ᠎ᠠ᠃
ᠪᠠᠶᠢᠴᠠᠭᠠᠭᠴᠢ ᠠᠴᠠ ᠲᠠᠨ ᠳᠤ ᠰᠠᠨᠠᠭᠤᠯᠬᠤ ᠨᠢ᠄ ᠬᠤᠪᠢ ᠪᠠᠨ ᠦᠵᠡᠬᠦ  ᠳᠡᠭᠡᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠠᠷᠭ᠎ᠠ ᠮᠠᠶ᠋ᠢᠭ ᠵᠢᠴᠢ ᠰᠦᠯᠵᠢᠶᠡᠨ ᠤ ᠬᠠᠶ᠋ᠢᠭ ᠢ ᠣᠨᠣᠪᠴᠢᠲᠠᠶ ᠲᠠᠨᠢᠵᠤ ᠠᠪᠬᠤ ᠬᠡᠷᠡᠭᠲᠡᠶ᠂ ᠢᠷᠡᠯᠲᠡ ᠨᠢ ᠲᠣᠳᠣᠷᠬᠠᠶ ᠥᠬᠡᠶ ᠴᠥᠷᠬᠡᠯᠡᠭᠡ ᠶᠢ ᠬᠢᠯᠪᠠᠷᠬᠠᠨ ᠢᠶᠠᠷ ᠳᠠᠷᠤᠵᠤ ᠪᠣᠯᠬᠤ ᠥᠬᠡᠶ᠂ ᠢᠲᠡᠭᠡᠵᠦ ᠪᠣᠯᠬᠤ ᠥᠬᠡᠶ᠂ ᠵᠣᠭᠤᠰ ᠮᠦᠩᠭᠦ ᠪᠠᠨ ᠭᠤᠪᠢᠭᠤᠯᠵᠤ ᠪᠣᠯᠬᠤ ᠥᠬᠡᠶ᠃ 
      ᠬᠤᠶᠠᠷ᠂ ︽ᠨᠥᠬᠦᠵᠦ ᠡᠯᠰᠡᠬᠦ ᠣᠷᠣᠨ ᠲᠤᠭ᠎ᠠ᠂ ᠳᠣᠲᠣᠭᠠᠳᠤ ᠶᠢᠨ ᠲᠤᠰᠬᠠᠢ ᠣᠷᠣᠨ ᠲᠤᠭ᠎ᠠ︾ ᠪᠠᠶᠢᠨ᠎ᠠ ᠭᠡᠰᠡᠨ ᠮᠡᠬᠡᠯᠡᠯ
      ᠰᠢᠯᠭᠠᠯᠲᠠ ᠶᠢᠨ ᠡᠷᠡᠮᠡᠯᠵᠡᠯ ᠳᠠᠭᠤᠰᠤᠭᠰᠠᠨ ᠤ ᠳᠠᠷᠠᠭ᠎ᠠ᠂ ᠦᠷᠭᠦᠯᠵᠢ ︽ᠨᠥᠬᠦᠵᠦ ᠡᠯᠰᠡᠬᠦ︾ ᠮᠡᠬᠡᠯᠡᠯ ᠭᠠᠷᠳᠠᠭ᠂ ᠮᠡᠬᠡᠯᠡᠭᠴᠢ ᠰᠤᠷᠤᠭᠴᠢᠳ ᠤᠨ ᠬᠡᠷ ᠤᠨ ᠠᠬᠠᠮᠠᠳ ᠲᠤ ᠶᠠᠮᠠᠷ ᠨᠢᠭᠡᠨ ᠳᠡᠭᠡᠳᠦ ᠰᠤᠷᠭᠠᠭᠤᠯᠢ ᠶᠢᠨ ᠣᠷᠣᠨ ᠲᠤᠭ᠎ᠠ ᠶᠢ ᠪᠦᠷᠢᠨ ᠡᠯᠰᠡᠵᠦ ᠳᠡᠶᠢᠯᠦᠭᠰᠡᠨ ᠥᠬᠡᠶ᠂ ᠵᠣᠭᠤᠰ ᠵᠠᠷᠤᠬᠤ ᠪᠠᠷ ᠳᠠᠮᠵᠢᠭᠤᠯᠤᠨ ᠨᠥᠬᠦᠵᠦ ᠡᠯᠰᠡᠬᠦ ᠣᠷᠣᠨ ᠲᠤᠭ᠎ᠠ ᠣᠯᠭᠤᠵᠤ ᠪᠣᠯᠤᠨ᠎ᠠ ᠭᠡᠵᠦ ᠮᠡᠬᠡᠯᠡᠳᠡᠭ ᠪᠥᠭᠡᠳ ᠣᠨᠴᠠᠭᠠᠶ ᠬᠠᠷᠢᠴᠠᠭ᠎ᠠ ᠪᠠᠷ ᠳᠠᠮᠵᠢᠭᠤᠯᠤᠨ ︽ᠳᠣᠲᠣᠭᠠᠳᠤ ᠶᠢᠨ ᠲᠤᠰᠬᠠᠢ ᠣᠷᠣᠨ ᠲᠤᠭ᠎ᠠ︾᠂ ︽ᠲᠥᠯᠥᠪᠯᠡᠭᠡ ᠠᠴᠠ ᠭᠠᠳᠠᠭᠤᠷᠬᠢ ᠣᠷᠣᠨ ᠲᠤᠭ᠎ᠠ︾ ᠶᠢ ᠬᠤᠳᠠᠯᠳᠤᠨ ᠠᠪᠴᠤ ᠪᠣᠯᠤᠨ᠎ᠠ ᠭᠡᠵᠦ ᠬᠤᠳᠠᠯ ᠬᠡᠯᠡᠵᠦ᠂ ᠡᠭᠦᠨ ᠢᠶᠠᠷ ᠰᠤᠷᠤᠭᠴᠢᠳ ᠤᠨ ᠬᠡᠷ ᠤᠨ ᠠᠬᠠᠮᠠᠳ ᠤᠨ ᠵᠣᠭᠤᠰ ᠮᠥᠩᠭᠦ ᠶᠢ ᠮᠡᠬᠡᠯᠡᠨ ᠠᠪᠲᠠᠭ᠃
      ᠪᠠᠶᠢᠴᠠᠭᠠᠭᠴᠢ ᠠᠴᠠ ᠲᠠᠨ ᠳᠤ ᠰᠠᠨᠠᠭᠤᠯᠬᠤ ᠨᠢ᠄ ᠰᠣᠷᠣᠭᠴᠢ ᠡᠯᠰᠡᠬᠦ ᠳᠤ ᠶᠠᠮᠠᠷ ᠴᠤ ᠨᠡᠮᠡᠯᠲᠡ ᠵᠠᠷᠤᠳᠠᠯ ᠭᠠᠷᠭᠠᠬᠤ ᠥᠬᠡᠶ᠂ ᠰᠣᠷᠣᠭᠴᠢ ᠡᠯᠰᠡᠬᠦ ᠣᠷᠣᠨ ᠲᠤᠭ᠎ᠠ ᠲᠠᠢ᠂ ᠪᠠᠲᠤᠯᠠᠭ᠎ᠠ ᠶᠢᠨ ᠮᠥᠩᠭᠦ᠂ ᠡᠯᠰᠡᠬᠦ ᠰᠦᠢᠳᠬᠡᠯ ᠬᠤᠷᠢᠶᠠᠬᠤ ᠴᠢᠬᠤᠯᠠᠲᠠᠶ ᠭᠡᠵᠦ ᠪᠠᠶᠢᠭ᠎ᠠ ᠪᠦᠬᠦᠨ ᠪᠣᠯ ᠮᠡᠬᠡᠯᠡᠯ᠂ ᠶᠠᠭᠠᠬᠢᠭᠰᠠᠨ ᠴᠤ ᠢᠲᠡᠭᠡᠵᠦ ᠪᠣᠯᠬᠤ ᠥᠬᠡᠶ᠃   
      ᠭᠤᠷᠪᠠ᠂ ︽ᠨᠥᠬᠦᠪᠥᠷᠢ ᠮᠥᠩᠭᠦ︾ ︽ᠰᠤᠷᠤᠯᠭ᠎ᠠ ᠶᠢᠨ ᠱᠠᠩᠨᠠᠯ ᠤᠨ ᠮᠥᠩᠭᠦ︾ ᠣᠯᠭᠤᠨ᠎ᠠ ᠭᠡᠰᠡᠨ ᠮᠡᠬᠡᠯᠡᠯ
      ᠬᠠᠤᠯᠢ ᠪᠤᠰᠤ ᠡᠲᠡᠭᠡᠳ ᠬᠠᠤᠯᠢ ᠪᠤᠰᠤ ᠠᠷᠭ᠎ᠠ ᠵᠠᠮ ᠢᠶᠠᠷ ᠰᠤᠷᠤᠭᠴᠢᠳ ᠤᠨ ᠪᠡᠶ᠎ᠡ ᠬᠡᠮ ᠤᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ︽ᠰᠤᠷᠤᠯᠭ᠎ᠠ ᠶᠢᠨ ᠱᠠᠩᠨᠠᠯ ᠤᠨ ᠮᠥᠩᠭᠦ︾ ᠪᠤᠶᠤ ︽ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠥᠬᠦᠪᠥᠷᠢ ᠮᠥᠩᠭᠦ︾ ᠶᠢᠨ ᠬᠢᠷᠢ ᠬᠡᠮ ᠳᠤ ᠨᠡᠶᠢᠴᠡᠬᠦ ᠪᠠᠷ ᠰᠢᠯᠲᠠᠭ ᠪᠣᠯᠭᠠᠵᠤ᠂ ᠬᠡᠷ ᠪᠦᠯᠢ ᠨᠢ ᠬᠦᠴᠢᠷᠳᠡᠯᠲᠡᠶ ᠪᠤᠶᠤ ᠰᠢᠯᠢᠳᠡᠭ ᠬᠢᠷᠢ ᠪᠦᠲᠦᠮᠵᠢ ᠲᠠᠢ ᠰᠢᠯᠭᠠᠭᠤᠯᠤᠭᠴᠢ ᠳᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠤᠷᠢᠳᠴᠢᠯᠠᠨ ᠣᠯᠭᠤᠵᠤ ᠪᠣᠯᠤᠨ᠎ᠠ ᠬᠡᠮᠡᠨ᠂ ᠮᠡᠬᠡᠯᠡᠭᠴᠢ ᠠᠴᠠ ᠰᠢᠯᠭᠠᠭᠤᠯᠤᠭᠴᠢ ᠤᠷᠢᠳ ᠢᠶᠠᠷ ᠰᠤᠷᠤᠯᠭ᠎ᠠ ᠶᠢᠨ ᠰᠦᠢᠳᠬᠡᠯ ᠢᠶᠠᠨ ᠲᠤᠰᠢᠶᠠᠭᠰᠠᠨ ᠤ ᠳᠠᠷᠠᠭ᠎ᠠ ᠰᠠᠶ᠋ᠢ ᠨᠥᠬᠦᠪᠥᠷᠢ ᠥᠭᠭᠦᠨ᠎ᠡ ᠭᠡᠵᠦ ᠵᠣᠭᠤᠰ ᠮᠥᠩᠭᠦ ᠶᠢ ᠮᠡᠬᠡᠯᠡᠳᠡᠭ᠃
      ᠪᠠᠶᠢᠴᠠᠭᠠᠭᠴᠢ ᠠᠴᠠ ᠲᠠᠨ ᠳᠤ ᠰᠠᠨᠠᠭᠤᠯᠬᠤ ᠨᠢ᠄ ᠡᠶᠢᠮᠦᠷᠬᠦ ᠤᠲᠠᠰᠤ᠂ ᠮᠡᠳᠡᠭᠡ ᠵᠠᠩᠭᠢ ᠶᠢ ᠲᠤᠰᠪᠠᠯ᠂ ᠡᠷᠬᠡᠪᠰᠢ ᠰᠠᠨᠠᠭᠠᠴᠢᠯᠠᠭ᠎ᠠ ᠠᠴᠠ ᠪᠠᠨ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠤᠶᠤ ᠰᠤᠷᠭᠠᠭᠤᠯᠢ ᠲᠠᠢ ᠬᠠᠷᠢᠯᠴᠠᠵᠤ ᠭᠡᠷᠡᠴᠢᠯᠡᠬᠦ ᠬᠡᠷᠡᠭᠲᠡᠢ᠃
      ᠳᠥᠷᠪᠡ᠂ ︽ᠲᠤᠰᠬᠠᠶ ᠮᠡᠷᠭᠡᠵᠢᠯᠲᠡᠨ︾  ᠠᠴᠠ ᠰᠤᠷᠭᠠᠭᠤᠯᠢ ᠳᠤ ᠣᠷᠣᠬᠤ ᠬᠦᠰᠡᠯ ᠡᠷᠡᠮᠡᠯᠵᠡᠯ  ᠢ ᠲᠠᠭᠯᠠᠵᠤ ᠥᠭᠭᠦᠨ᠎ᠡ ᠭᠡᠰᠡᠨ ᠮᠡᠬᠡᠯᠡᠯ
      ᠬᠠᠤᠯᠢ ᠪᠤᠰᠤ ᠡᠲᠡᠭᠡᠳ ᠠᠴᠠ ᠦᠪᠡᠷ ᠤᠨ ᠪᠡᠶ᠎ᠡ ᠪᠠᠨ ︽ᠲᠤᠰᠬᠠᠶ ᠮᠡᠷᠭᠡᠵᠢᠯᠲᠡᠨ︾ ᠢᠶᠠᠷ ᠣᠪᠯᠠᠵᠤ᠂ ᠵᠠᠭᠤᠴᠢ ᠪᠤᠶᠤ ᠰᠦᠯᠵᠢᠶ᠎ᠡ᠂ APP ᠵᠡᠷᠭᠡ ᠶᠢ ᠠᠰᠢᠭᠯᠠᠨ ᠰᠢᠯᠭᠠᠭᠤᠯᠤᠭᠴᠢ ᠳᠤ ᠬᠦᠰᠡᠯ ᠡᠷᠡᠮᠡᠯᠵᠡᠯ ᠢ ᠲᠠᠭᠯᠠᠬᠤ ᠵᠢᠯᠣᠭᠤᠳᠣᠯᠭ᠎ᠠ ᠶᠠᠪᠤᠭᠤᠯᠵᠤ ᠵᠣᠭᠤᠰ ᠮᠥᠩᠭᠦ ᠮᠡᠬᠡᠯᠡᠨ ᠠᠪᠳᠠᠭ᠃
ᠪᠠᠶᠢᠴᠠᠭᠠᠭᠴᠢ ᠠᠴᠠ ᠲᠠᠨ ᠳᠤ ᠰᠠᠨᠠᠭᠤᠯᠬᠤ ᠨᠢ᠄ ᠰᠤᠷᠭᠠᠭᠤᠯᠢ ᠳᠤ ᠣᠷᠣᠬᠤ ᠬᠦᠰᠡᠯ ᠡᠷᠡᠮᠡᠯᠵᠡᠯ ᠢᠶᠠᠨ ᠲᠠᠭᠯᠠᠪᠠᠯ ᠰᠦᠯᠵᠢᠶᠡᠨ ᠳᠡᠭᠡᠷ᠎ᠡ ᠠᠴᠠ ᠯᠠᠪᠯᠠᠯᠲᠠ ᠶᠢᠨ ᠮᠠᠲ᠋ᠧᠷᠢᠶᠠᠯ ᠡᠷᠢᠵᠦ ᠬᠠᠪᠰᠤᠷᠤᠯᠭ᠎ᠠ ᠦᠵᠡᠭᠦᠯᠵᠦ ᠪᠣᠯᠤᠨ᠎ᠠ᠂ ᠶᠠᠭᠠᠬᠢᠭᠰᠠᠨ ᠴᠤ ᠬᠢᠨᠠᠨ ᠬᠠᠷᠭᠤᠭᠤᠯᠬᠤ ᠥᠬᠡᠶ ᠪᠠᠷ ᠵᠣᠭᠤᠰ ᠮᠥᠩᠭᠦ ᠪᠠᠨ ᠭᠤᠪᠢᠭᠤᠯᠵᠤ ᠪᠣᠯᠬᠤ ᠥᠬᠡᠶ᠃
      ᠲᠠᠪᠤ᠂ ᠡᠯᠰᠡᠬᠦ ᠮᠡᠳᠡᠭᠳᠡᠯ ᠤᠨ ᠪᠢᠴᠢᠭ ᠢ ᠣᠯᠪᠠᠯ ᠵᠠᠷᠤᠳᠠᠯ ᠲᠤᠰᠢᠶᠠᠬᠤ ᠬᠡᠷᠡᠭᠲᠡᠶ ᠭᠡᠰᠡᠨ ᠮᠡᠬᠡᠯᠡᠯ
      ᠮᠡᠬᠡᠯᠡᠭᠴᠢ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠠᠯᠪᠠᠨ ᠬᠡᠷ ᠤᠨ ᠠᠵᠢᠯᠲᠠᠨ ᠢᠶᠠᠷ ᠣᠪᠯᠠᠵᠤ᠂ ᠰᠢᠯᠭᠠᠭᠤᠯᠤᠭᠴᠢ ᠳᠤ ᠬᠠᠭᠤᠷᠮᠠᠭᠯᠠᠨ ᠵᠣᠬᠢᠶᠠᠭᠰᠠᠨ ᠰᠣᠷᠣᠭᠴᠢ ᠡᠯᠰᠡᠬᠦ ᠮᠡᠳᠡᠭᠳᠡᠯ ᠤᠨ ᠪᠢᠴᠢᠭ ᠢᠯᠡᠭᠡᠵᠦ᠂ ᠰᠢᠯᠭᠠᠭᠤᠯᠤᠭᠴᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠲᠣᠭᠲᠠᠭᠰᠠᠨ ᠪᠠᠩᠬᠢ ᠶᠢᠨ ᠲᠠᠩᠰᠠᠨ ᠳᠤ ᠣᠷᠣᠭᠤᠯᠵᠤ᠂ ᠰᠤᠷᠤᠭᠴᠢᠳ ᠤᠨ ᠠᠮᠢᠳᠤᠷᠠᠯ ᠤᠨ ᠵᠠᠷᠤᠳᠠᠯ᠂ ᠰᠤᠷᠤᠯᠭ᠎ᠠ ᠶᠢᠨ ᠰᠤᠯᠠ ᠵᠠᠷᠤᠳᠠᠯ ᠢ ᠮᠡᠬᠡᠯᠡᠨ ᠠᠪᠳᠠᠭ᠃
ᠪᠠᠶᠢᠴᠠᠭᠠᠭᠴᠢ ᠠᠴᠠ ᠲᠠᠨ ᠳᠤ ᠰᠠᠨᠠᠭᠤᠯᠬᠤ ᠨᠢ᠄ ᠰᠢᠯᠭᠠᠭᠤᠯᠤᠭᠴᠢ ᠡᠯᠰᠡᠬᠦ ᠮᠡᠳᠡᠭᠳᠡᠯ ᠢ ᠣᠯᠤᠭᠰᠠᠨ ᠤ ᠳᠠᠷᠠᠭ᠎ᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠠᠯᠪᠠᠨ ᠬᠡᠷ ᠢᠶᠠᠷ ᠳᠡᠮᠵᠢᠨ ᠥᠪᠡᠷ ᠤᠨ ᠡᠯᠰᠡᠭᠳᠡᠭᠰᠡᠨ ᠮᠡᠳᠡᠭᠡ ᠵᠠᠩᠭᠢ ᠪᠠᠨ ᠯᠠᠪᠯᠠᠬᠤ ᠪᠤᠶᠤ ᠨᠡᠷ᠎ᠡ ᠮᠡᠳᠡᠭᠦᠯᠦᠭᠰᠡᠨ ᠲᠡᠭᠡᠳᠦ ᠰᠤᠷᠭᠠᠭᠤᠯᠢ ᠪᠠᠷ ᠳᠡᠮᠵᠢᠨ ᠡᠯᠰᠡᠭᠰᠡᠨ ᠪᠠᠶᠢᠳᠠᠯ ᠢ ᠬᠢᠨᠠᠨ ᠬᠠᠷᠭᠤᠭᠤᠯᠬᠤ ᠬᠡᠷᠡᠭᠲᠡᠶ᠃
      ᠵᠢᠷᠭᠤᠭ᠎ᠠ᠂ ᠲᠡᠭᠷᠢ ᠠᠴᠠ ᠪᠣᠭᠤᠷᠰᠤᠭ ᠣᠷᠣᠬᠤ ᠮᠠᠶᠠᠭ ᠤᠨ ︽ᠠᠮᠠᠷᠬᠠᠨ ᠵᠣᠭᠤᠰ ᠤᠯᠬᠤ︾ ︽ᠶᠡᠭᠡ ᠬᠡᠮᠵᠢᠶᠡᠨ ᠤ ᠬᠥᠯᠥᠰᠥ ᠣᠯᠭᠤᠮᠵᠢ ᠣᠯᠬᠤ︾ ᠮᠡᠬᠡᠯᠡᠯ
      ᠰᠢᠯᠭᠠᠭᠤᠯᠤᠭᠴᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠰᠠᠶ᠋ᠢᠬᠠᠨ ᠣᠷᠣᠯᠴᠠᠭᠠᠳ᠂ ᠠᠮᠠᠷᠠᠯᠲᠠ ᠶᠢᠨ ᠬᠤᠭᠤᠴᠠᠭ᠎ᠠ ᠨᠢ ᠨᠡᠯᠢᠶᠡᠳ ᠣᠷᠳᠣ ᠪᠠᠶᠢᠳᠠᠭ᠂ ᠡᠨᠡ ᠴᠠᠭ ᠢ ᠠᠰᠢᠭᠯᠠᠨ ᠠᠵᠢᠯ ᠣᠯᠵᠤ ᠪᠡᠶ᠎ᠡ ᠪᠠᠨ ᠪᠣᠯᠪᠠᠰᠤᠷᠠᠭᠤᠯᠤᠶ᠎ᠠ᠂ ᠪᠠᠰᠠ ᠪᠠᠭ᠎ᠠ ᠰᠠᠭ᠎ᠠ ᠰᠤᠯᠠ ᠵᠠᠷᠤᠬᠤ ᠵᠣᠭᠤᠰ ᠣᠯᠬᠤ ᠰᠠᠨᠠᠭ᠎ᠠ ᠲᠠᠢ ᠪᠠᠶᠢᠳᠠᠭ᠂ ᠭᠡᠪᠡᠴᠦ ᠨᠡᠶᠢᠭᠡᠮ ᠤᠨ ᠲᠤᠷᠰᠢᠯᠭ᠎ᠠ ᠪᠠᠷ ᠳᠤᠲᠠᠮᠠᠭ ᠪᠠᠶᠢᠵᠤ᠂ ᠶᠡᠷᠦ ᠨᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠡᠲᠡᠭᠡᠳ ᠤᠨ ︽ᠬᠠᠷᠠᠯᠲᠠᠲᠤ ᠠᠩ︾ ᠪᠣᠯᠵᠣ᠂ ᠥᠴᠥᠬᠡᠨ ᠬᠦᠴᠦᠨ ᠢᠶᠠᠷ ᠥᠨᠳᠦᠷ ᠬᠠᠷᠠᠮᠵᠢ ᠣᠯᠬᠤ ᠮᠡᠬᠡᠯᠡᠯ ᠳᠤ ᠤᠴᠠᠷᠠᠳᠠᠭ᠃
      ᠪᠠᠶᠢᠴᠠᠭᠠᠭᠴᠢ ᠠᠴᠠ ᠲᠠᠨ ᠳᠤ ᠰᠠᠨᠠᠭᠤᠯᠬᠤ ᠨᠢ᠄ ᠨᠢᠳᠦ ᠪᠠᠨ ᠬᠤᠷᠴᠠ ᠪᠠᠶᠢᠯᠭᠠᠨ᠂᠂ ︽ᠶᠡᠭᠡ ᠬᠤᠨᠵᠢᠪᠣᠷᠢ ᠳᠤ ᠰᠢᠨᠤᠬᠤ︾ ︽ᠬᠥᠩᠭᠡᠨ ᠬᠠᠭᠤᠳᠠᠮ ᠢᠶᠠᠷ ᠶᠡᠭᠡ ᠵᠣᠭᠤᠰ ᠤᠯᠬᠤ︾ ᠰᠡᠳᠬᠢᠴᠡ ᠲᠠᠢ ᠪᠠᠶᠢᠵᠤ ᠪᠣᠯᠬᠤ ᠥᠬᠡᠶ᠂ ᠲᠠᠨᠢᠯ ᠪᠤᠰᠤ ᠴᠥᠷᠬᠡᠯᠡᠭᠡ ᠶᠢ ᠳᠠᠷᠤᠵᠤ ᠪᠣᠯᠬᠤ ᠥᠬᠡᠶ᠃
 

ᠢᠷᠡᠯᠲᠡ
ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro