ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠬᠠᠭᠤᠷᠮᠠᠭ ᠡᠮ ᠬᠤᠳᠠᠯᠳᠤᠪᠠᠯ ᠭᠢᠨᠳᠠᠨ ᠳᠤ ᠰᠠᠭᠤᠬᠤ ᠪᠤᠯᠤᠨ᠎ᠠ

2023-08-08 18:12:43
ᠵᠣᠬᠢᠶᠠᠭᠴᠢ
ᠤᠷᠭᠤᠮᠠᠯ

       ᠡᠮ ᠲᠠᠩ ᠡᠪᠡᠳᠴᠢᠨ ᠢ ᠵᠠᠰᠠᠵᠤ ᠡᠳᠡᠭᠡᠷᠡᠭᠦᠯᠬᠦ ᠤᠨᠴᠠᠭᠠᠢ ᠲᠠᠸᠠᠷ ᠪᠤᠯᠤᠭᠰᠠᠨ ᠤ ᠬᠤᠪᠢ ᠳᠤ᠂ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠨᠢᠭᠳᠠ ᠬᠤᠯᠪᠤᠭᠳᠠᠯᠳᠠᠢ ᠪᠠᠶᠢᠳᠠᠭ᠃ ᠤᠶᠢᠷ᠎ᠠ ᠳᠤ᠂ ᠵᠠᠷᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠶᠤᠰᠤᠭᠠᠷ ᠨᠢᠭᠡᠨ ᠬᠠᠭᠤᠷᠮᠠᠭ ᠡᠮ ᠪᠤᠷᠤᠯᠠᠭᠤᠯᠤᠭᠰᠠᠨ ᠬᠡᠷᠡᠭ ᠲᠤ ᠠᠯᠪᠠᠨ ᠵᠠᠭᠠᠯᠳᠤᠯᠭ᠎ᠠ ᠭᠠᠷᠭᠠᠵᠤ᠂ ᠡᠮ ᠤᠨ ᠵᠦᠢᠯᠡᠰ ᠤᠨ ᠬᠦᠷᠢᠶᠡᠨ ᠳᠠᠬᠢ ᠠᠮᠤᠷ ᠲᠦᠪᠰᠢᠨ ᠢ ᠬᠠᠮᠠᠭᠠᠯᠠᠪᠠ᠃
 

  
      ᠬᠡᠷᠡᠭ ᠤᠨ ᠲᠤᠬᠠᠢ ᠡᠷᠬᠢᠴᠡᠭᠦᠯᠦᠯ᠄ 2020 ᠤᠨ ᠤ ᠡᠪᠦᠯ ᠤᠨ ᠤᠯᠠᠷᠢᠯ ᠠᠴᠠ 2021 ᠤᠨ ᠤ 6 ᠰᠠᠷ᠎ᠠ ᠶᠢᠨ ᠬᠤᠭᠤᠷᠤᠨᠳᠤ᠂ ᠵᠠᠭᠠᠯᠳᠤᠭᠳᠠᠭᠴᠢ ᠱᠠᠩ ᠤᠪᠤᠭᠳᠤ ︽ᠬᠡᠷᠡᠬᠦ ᠡᠪᠡᠳᠴᠢᠨ ᠢ ᠠᠷᠢᠯᠭᠠᠬᠤ ᠬᠤᠮᠵᠢᠶ᠎ᠠ︾ ᠪᠤᠷᠤᠯᠠᠭᠤᠯᠵᠠᠢ᠃ 2022 ᠤᠨ ᠤ 4 ᠰᠠᠷ᠎ᠠ ᠳᠦ  ᠰᠢᠯᠭᠠᠨᠲᠤᠭᠳᠠᠭᠠᠬᠤ ᠪᠠᠷ ᠲᠠᠮᠵᠢᠨ᠂ ᠲᠡᠬᠦᠨ ᠤ ᠬᠤᠳᠠᠯᠳᠤᠭᠠᠯᠠᠵᠤ ᠪᠠᠶᠢᠭᠰᠠᠨ ︽ᠬᠡᠷᠡᠬᠦ ᠡᠪᠡᠳᠴᠢᠨ ᠢ ᠠᠷᠢᠯᠭᠠᠬᠤ ᠬᠤᠮᠵᠢᠶ᠎ᠠ︾ ᠳᠤ ︽ᠡᠮ ᠤᠨ ᠬᠠᠮᠢᠶᠠᠷᠤᠯᠳᠠ ᠶᠢᠨ ᠬᠠᠤᠯᠢ︾ ᠶᠢᠨ ᠶᠠᠷᠡᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠲᠤ ᠲᠤᠭᠳᠠᠭᠠᠭᠰᠠᠨ ᠡᠮ ᠤᠨ ᠵᠦᠢᠯ ᠳᠤ ᠠᠭᠤᠯᠤᠭᠳᠠᠬᠤ ᠪᠦᠷᠢᠯᠳᠦᠬᠦᠨ ᠨᠢ ᠤᠯᠤᠰ ᠤᠨ ᠡᠮ ᠤᠨ ᠵᠦᠢᠯ ᠤᠨ ᠪᠠᠷᠢᠮᠵᠢᠶ᠎ᠠ ᠳᠤ ᠲᠤᠭᠳᠠᠭᠠᠭᠰᠠᠨ ᠪᠦᠷᠢᠯᠳᠦᠬᠦᠨ ᠲᠠᠢ ᠦᠯᠦ ᠨᠡᠶᠢᠴᠡᠬᠦ ᠬᠤᠤᠰ ᠾᠯᠤᠷᠲᠦ ᠹᠧᠨᠤᠯ ᠬᠦᠴᠢᠯ ᠤᠨ ᠨᠠᠲᠷᠢ ᠵᠡᠷᠬᠡ ᠬᠢᠮᠢ ᠶᠢᠨ ᠪᠦᠷᠢᠯᠳᠦᠬᠦᠨ ᠠᠭᠤᠯᠤᠭᠳᠠᠵᠤ᠂ ᠬᠠᠭᠤᠷᠮᠠᠭ ᠡᠮ ᠳᠤ ᠬᠠᠷᠢᠶᠠᠯᠠᠭᠳᠠᠨ᠎ᠠ᠃

 

    
      ᠪᠠᠶᠢᠴᠠᠭᠠᠬᠤ ᠲᠤᠰᠢᠶᠠᠯᠳᠠᠨ ᠠᠴᠠ ᠰᠠᠨᠠᠭᠤᠯᠬᠤ ᠨᠢ᠄ ᠬᠠᠭᠤᠷᠮᠠᠭ ᠡᠮ ᠪᠤᠷᠤᠯᠠᠭᠤᠯᠤᠭᠰᠠᠨ ᠦᠢᠯᠡ ᠠᠵᠢᠯᠯᠠᠭ᠎ᠠ ᠳᠤ᠂ ᠪᠤᠷᠤᠯᠠᠭᠤᠯᠤᠭᠰᠠᠨ ᠲᠤᠭ᠎ᠠ ᠬᠡᠮᠵᠢᠶ᠎ᠡ ᠶᠢᠨ ᠶᠡᠭᠡ ᠪᠠᠭ᠎ᠠ ᠬᠡᠰᠡᠨ ᠦᠬᠡᠢ᠂ ᠬᠠᠭᠤᠷᠮᠠᠭ ᠡᠮ ᠬᠡᠵᠦ ᠲᠤᠳᠤᠷᠬᠠᠢ ᠮᠡᠳᠡᠵᠤ ᠪᠠᠶᠢᠭᠠᠳ ᠪᠤᠷᠤᠯᠠᠭᠤᠯᠤᠭᠰᠠᠨ ᠯᠠ ᠪᠠᠶᠢᠪᠠᠯ᠂ ᠲᠠᠷᠤᠢ ᠬᠠᠭᠤᠷᠮᠠᠭ ᠡᠮ ᠪᠤᠷᠤᠯᠠᠭᠤᠯᠤᠭᠰᠠᠨ ᠶᠠᠯ᠎ᠠ ᠳᠤ ᠲᠤᠭᠠᠴᠠᠭᠳᠠᠨ᠎ᠠ᠃ ᠬᠠᠭᠤᠷᠮᠠᠭ ᠡᠮ ᠦᠢᠯᠡᠳᠪᠦᠷᠢᠯᠡᠬᠦ᠂ ᠪᠤᠷᠤᠯᠠᠭᠤᠯᠬᠤ ᠵᠡᠷᠬᠡ ᠶᠠᠯᠠᠳᠤ ᠠᠵᠢᠯᠯᠠᠭ᠎ᠠ ᠨᠢ ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠵᠤ᠂ ᠤᠯᠠᠨ ᠨᠡᠶᠢᠳᠡ ᠶᠢᠨ ᠠᠮᠢ ᠨᠠᠰᠤᠨ ᠤ ᠠᠮᠤᠷ ᠲᠦᠪᠰᠢᠨ ᠡᠷᠡᠭᠦᠯ ᠮᠡᠨᠳᠦ ᠶᠢ ᠰᠦᠷᠳᠡᠬᠦᠯᠦᠨ᠂ ᠨᠡᠶᠢᠬᠡᠮ ᠨᠡᠶᠢᠳᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠠᠴᠠ ᠬᠠᠤᠯᠢ ᠴᠠᠭᠠᠵᠠ ᠶᠢᠨ ᠴᠢᠩᠭ᠎ᠠ ᠰᠢᠳᠬᠡᠯ ᠤᠯᠬᠤ ᠨᠢ ᠯᠠᠪᠳᠠᠢ᠃ ᠬᠡᠷᠡᠭᠯᠡᠭᠴᠢᠳ ᠡᠮ ᠤᠨ ᠵᠦᠢᠯ ᠢ ᠬᠤᠳᠠᠯᠳᠤᠨ ᠠᠪᠬᠤ ᠳᠠᠭᠠᠨ ᠬᠤᠪᠢ ᠬᠦᠮᠦᠨ ᠤ ᠬᠤᠳᠠᠯᠳᠤᠭᠠᠯᠠᠵᠤ ᠪᠠᠶᠢᠭ᠎ᠠ ᠡᠮ ᠤᠨ ᠵᠦᠢᠯ᠂ ︽ᠭᠤᠷᠪᠠ ᠦᠬᠡᠢ︾ ᠡᠮ ᠢ ᠠᠪᠬᠤ ᠦᠬᠡᠢ ᠪᠠᠶᠢᠵᠤ᠂ ᠡᠷᠬᠡᠪᠰᠢ ᠵᠢᠩᠬᠢᠨᠢ ᠡᠮᠨᠡᠯᠬᠡ ᠶᠢᠨ ᠬᠤᠷᠢᠶ᠎ᠠ᠂ ᠡᠮ ᠤᠨ ᠲᠡᠯᠬᠡᠭᠦᠷ ᠠᠴᠠ ᠬᠤᠳᠠᠯᠳᠤᠨ ᠠᠪᠬᠤ ᠬᠡᠷᠡᠭᠳᠡᠢ᠃ ᠡᠭᠦᠨ ᠤ ᠬᠠᠮᠳᠤ ᠡᠮ ᠤᠨ ᠵᠦᠢᠯ ᠤᠨ ᠲᠤᠳᠤᠷᠬᠠᠶᠢᠯᠠᠯᠳᠠ ᠶᠢᠨ ᠪᠢᠴᠢᠭ᠂ ᠴᠢᠨᠠᠷ ᠢ ᠪᠠᠳᠤᠯᠠᠬᠤ ᠬᠤᠭᠤᠴᠠᠭ᠎ᠠ ᠵᠢᠴᠢ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠶᠢ ᠪᠠᠶᠢᠴᠠᠭᠠᠨ ᠦᠵᠡᠬᠦ ᠲᠠᠳᠬᠠᠯ  ᠢ ᠪᠤᠢ ᠪᠤᠯᠭᠠᠵᠤ᠂ ᠬᠤᠳᠠᠯᠳᠤᠨ ᠠᠪᠤᠭᠰᠠᠨ ᠬᠡᠷᠡᠴᠢ ᠪᠠᠷᠢᠮᠳᠠ ᠪᠠᠨ ᠦᠯᠡᠳᠡᠬᠡᠨ᠂ ᠡᠮ ᠬᠡᠷᠡᠭᠯᠡᠬᠦ ᠠᠮᠤᠷ ᠲᠦᠪᠰᠢᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠬᠠᠭᠤᠷᠮᠠᠭ ᠡᠮ᠂ ᠮᠠᠭᠤ ᠡᠮ ᠪᠤᠷᠤᠯᠠᠭᠤᠯᠤᠭᠰᠠᠨ ᠰᠡᠵᠢᠭᠳᠡᠨ ᠪᠤᠶᠤ ᠰᠦᠪᠡᠭᠴᠢ ᠶᠢ ᠤᠯᠵᠤ ᠮᠡᠳᠡᠪᠡᠯ᠂ ᠲᠡᠷᠡ ᠲᠠᠷᠤᠢ ᠳᠤᠨᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠦ ᠰᠢᠳᠪᠦᠷᠢᠯᠡᠬᠦᠯᠬᠦ ᠬᠡᠷᠡᠭᠳᠡᠢ᠃    
    ᠬᠠᠤᠯᠢ ᠶᠢᠨ ᠬᠤᠯᠪᠤᠭᠠᠰᠤ᠄ ︽ᠡᠷᠡᠭᠦᠦ ᠶᠢᠨ ᠬᠠᠤᠯᠢ︾ ᠶᠢᠨ ᠵᠠᠭᠤ ᠲᠦᠴᠢᠨ ᠨᠢᠭᠡᠳᠦᠬᠡᠷ ᠵᠦᠢᠯ ᠳᠤ᠂ ᠬᠠᠭᠤᠷᠮᠠᠭ ᠡᠮ ᠦᠢᠯᠡᠳᠪᠦᠷᠢᠯᠡᠵᠦ ᠪᠤᠷᠤᠯᠠᠭᠤᠯᠤᠭᠰᠠᠨ ᠪᠠᠶᠢᠪᠠᠯ᠂ ᠭᠤᠷᠪᠠᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠦᠳᠡᠯᠮᠦᠷᠢᠯᠡᠬᠦᠯᠬᠦ ᠪᠠᠷ ᠰᠢᠳᠬᠡᠬᠡᠳ ᠵᠤᠭᠤᠰ ᠢᠶᠠᠷ ᠶᠠᠯᠠᠳᠠᠬᠤ ᠪᠠᠷ ᠨᠡᠶᠢᠯᠡᠬᠦᠯᠦᠨ ᠰᠢᠳᠬᠡᠨ᠎ᠡ᠃ ᠬᠦᠮᠦᠨ ᠤ ᠪᠡᠶ᠎ᠡ ᠶᠢᠨ ᠡᠷᠡᠭᠦᠯ ᠮᠡᠨᠳᠦ ᠳᠤ ᠬᠦᠨᠳᠦ ᠨᠤᠴᠢᠳᠠᠢ ᠬᠤᠤᠷ ᠬᠦᠨᠦᠬᠡᠯ ᠤᠴᠠᠷᠠᠭᠤᠯᠤᠭᠰᠠᠨ ᠪᠤᠶᠤ ᠪᠤᠰᠤᠳ ᠬᠦᠨᠳᠦ ᠨᠤᠴᠢᠳᠠᠢ ᠦᠢᠯᠡ ᠪᠠᠶᠢᠳᠠᠯ ᠲᠠᠢ ᠪᠠᠶᠢᠪᠠᠯ᠂ ᠭᠤᠷᠪᠠᠨ ᠵᠢᠯ ᠠᠴᠠ ᠲᠡᠭᠡᠭᠰᠢ ᠠᠷᠪᠠᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠵᠤᠭᠤᠰ ᠢᠶᠠᠷ ᠶᠠᠯᠠᠳᠠᠬᠤ ᠪᠠᠷ ᠨᠡᠶᠢᠯᠡᠬᠦᠯᠦᠨ ᠰᠢᠳᠬᠡᠨ᠎ᠡ᠃ ᠬᠦᠮᠦᠨ ᠢ ᠦᠬᠦᠭᠦᠯᠦᠭᠰᠡᠨ ᠪᠤᠶᠤ ᠪᠤᠰᠤᠳ ᠤᠨᠴᠠᠭᠠᠢ ᠬᠦᠨᠳᠦ ᠨᠤᠴᠢᠳᠠᠢ ᠦᠢᠯᠡ ᠪᠠᠶᠢᠳᠠᠯ ᠲᠠᠢ ᠪᠠᠶᠢᠪᠠᠯ᠂ ᠠᠷᠪᠠᠨ ᠵᠢᠯ ᠠᠴᠠ ᠲᠡᠭᠡᠭᠡᠰᠢ ᠬᠤᠭᠤᠴᠠᠭ᠎ᠠ ᠲᠠᠢ ᠬᠤᠷᠢᠬᠤ᠂ ᠬᠤᠭᠤᠴᠠᠭ᠎ᠠ ᠦᠬᠡᠢ ᠬᠤᠷᠢᠬᠤ ᠪᠤᠶᠤ ᠠᠯᠠᠬᠤ ᠪᠠᠷ ᠰᠢᠳᠬᠡᠬᠡᠳ᠂ ᠵᠤᠭᠤᠰ ᠢᠶᠠᠷ ᠶᠠᠯᠠᠳᠠᠬᠤ ᠪᠤᠶᠤ ᠡᠳ᠋ ᠬᠦᠷᠦᠩᠬᠡ ᠶᠢ ᠨᠢ ᠬᠤᠷᠢᠶᠠᠨ ᠠᠪᠬᠤ ᠪᠠᠷ ᠨᠡᠶᠢᠯᠡᠬᠦᠯᠦᠨ ᠰᠢᠳᠬᠡᠨ᠎ᠡ᠃  ᠲᠤᠰ ᠵᠦᠢᠯ ᠳᠤ ᠬᠡᠯᠡᠵᠦ ᠪᠠᠶᠢᠭ᠎ᠠ ᠬᠠᠭᠤᠷᠮᠠᠭ ᠡᠮ ᠬᠡᠳᠡᠭ ᠪᠤᠯ ︽ᠪᠦᠬᠦᠳᠡ ᠨᠡᠶᠢᠷᠠᠮᠳᠠᠬᠤ ᠲᠤᠮᠳᠠᠳᠤ ᠠᠷᠠᠳ ᠤᠯᠤᠰ ᠤᠨ ᠡᠮ ᠤᠨ ᠬᠠᠮᠢᠶᠠᠷᠤᠯᠳᠠ ᠶᠢᠨ ᠬᠠᠤᠯᠢ︾ ᠳᠤ ᠲᠤᠭᠳᠠᠭᠠᠭᠰᠠᠨ ᠬᠠᠭᠤᠷᠮᠠᠭ ᠡᠮ ᠳᠤ ᠲᠤᠭᠠᠴᠠᠭᠳᠠᠬᠤ ᠪᠠ ᠬᠠᠭᠤᠷᠮᠠᠭ ᠡᠮ ᠢᠶᠠᠷ ᠰᠢᠳᠪᠦᠷᠢᠯᠡᠬᠦ ᠡᠮ ᠤᠨ ᠵᠦᠢᠯ ᠪᠠ ᠡᠮ ᠤᠨ ᠪᠤᠰᠤ ᠵᠦᠢᠯ ᠢ ᠵᠢᠭᠠᠵᠤ ᠪᠠᠶᠢᠨ᠎ᠠ᠃ 

ᠢᠷᠡᠯᠲᠡ
ᠲᠦᠩᠯᠢᠶᠤᠤ ᠬᠤᠲᠠ ᠵᠢᠨ ᠵᠠᠷᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro