ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠬᠦᠳᠡᠯᠮᠦᠷᠢᠯᠡᠭᠦᠯᠬᠦ ᠪᠠᠷ ᠤᠷᠤᠯᠠᠨ ᠲᠦᠯᠦᠪᠦᠷᠢᠯᠡᠭᠦᠯᠬᠦ ᠨᠢ ᠬᠠᠥᠯᠢ ᠪᠤᠰᠤ ᠪᠠᠷ ᠠᠩ ᠠᠩᠨᠠᠭᠴᠢ  ᠶᠢ  ᠬᠡᠭᠡᠷ᠎ᠡ ᠶᠢᠨ ᠠᠮᠢᠲᠠᠨ  ᠤ ᠬᠠᠮᠠᠭᠠᠯᠠᠭᠴᠢ ᠪᠤᠯᠭᠠᠪᠠ

2023-08-28 20:35:32
ᠵᠣᠬᠢᠶᠠᠭᠴᠢ
ᠯᠢ ᠬᠤᠩ ᠮᠧᠢ

 
        ᠤᠶᠢᠷ᠎ᠠ ᠶᠢᠨ ᠡᠳᠦᠷ᠂ ᠷᠠᠰᠢᠶᠠᠨ ᠬᠤᠲᠠ ᠵᠢᠨ ᠪᠠᠶᠢᠴᠠᠭᠠᠬᠤ ᠬᠤᠷᠢᠶ᠎ᠠ ᠠᠮᠢ ᠠᠬᠤᠢ ᠶᠢᠨ ᠤᠷᠴᠢᠨ ᠲᠤᠭᠤᠷᠢᠨ ᠤ ᠬᠤᠬᠢᠷᠠᠯ ᠢ ᠲᠦᠯᠦᠪᠦᠷᠢᠯᠡᠬᠦ ᠪᠠ ᠨᠦᠬᠦᠪᠦᠷᠢᠯᠡᠨ ᠵᠠᠰᠠᠬᠤ ᠰᠢᠨ᠎ᠡ ᠬᠡᠪ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠨᠢᠭᠡᠨ ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠬᠡᠷᠡᠭ ᠤᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠢ ᠰᠢᠢᠳᠪᠦᠷᠢᠯᠡᠬᠦ ᠶᠠᠪᠤᠴᠠ ᠳᠤ᠂ ᠲᠤᠬᠠᠢ ᠶᠢᠨ ᠬᠦᠮᠦᠨ ᠢ ᠬᠦᠲᠦᠯᠦᠨ ︽ᠬᠦᠳᠡᠯᠮᠦᠷᠢᠯᠡᠭᠦᠯᠬᠦ ᠪᠠᠷ ᠤᠷᠤᠯᠠᠨ ᠲᠦᠯᠦᠪᠦᠷᠢᠯᠡᠭᠦᠯᠬᠦ︾ ᠠᠷᠭ᠎ᠠ ᠪᠠᠷ ᠳᠠᠮᠵᠢᠨ ᠠᠮᠢ ᠠᠬᠤᠢ ᠶᠢᠨ ᠤᠷᠴᠢᠨ ᠲᠤᠭᠤᠷᠢᠨ ᠤ ᠬᠤᠬᠢᠷᠠᠯ ᠢ ᠰᠠᠭᠤᠯᠭᠠᠨ ᠪᠤᠳᠤᠵᠦ᠂ < ᠬᠠᠥᠯᠢ ᠪᠤᠰᠤ ᠪᠠᠷ ᠠᠩ ᠡᠩᠨᠠᠭᠴᠢ > ᠶᠢ < ᠬᠡᠭᠡᠷ᠎ᠡ ᠶᠢᠨ ᠠᠮᠢᠲᠠᠨ  ᠤ ᠬᠠᠮᠠᠭᠠᠯᠠᠭᠴᠢ > ᠪᠤᠯᠭᠠᠬᠤ ᠶᠢ ᠢᠳᠡᠪᠬᠢᠲᠡᠢ ᠠᠬᠢᠭᠤᠯᠵᠠᠢ᠃
        ᠬᠡᠷᠡᠭ ᠤᠨ ᠨᠠᠷᠢᠨ ᠪᠠᠶᠢᠳᠠᠯ —
         2022 ᠤᠨ ᠤ 9 ᠰᠠᠷ᠎ᠠ ᠠᠴᠠ 11 ᠰᠠᠷ᠎ᠠ ᠶᠢᠨ ᠬᠤᠭᠤᠷᠤᠨᠳᠦ᠂ ᠰᠢᠨ︵ ᠪᠤᠷᠤᠭᠤᠯᠠᠭᠰᠠᠨ ᠤᠪᠤᠭ︶ ᠤᠪᠤᠭᠲᠤ ᠢᠷᠪᠢᠰ ᠪᠠᠯᠭᠠᠰᠤᠨ ᠠᠴᠠ ᠪᠤᠯᠤᠳ ᠳᠡᠭᠡᠰᠦ ᠬᠤᠳᠠᠯᠳᠤᠨ ᠠᠪᠪᠤᠨ ᠬᠠᠪᠬ᠎ᠠ ᠬᠢᠵᠦ᠂ ᠪᠠᠢ ᠯᠠᠩ ᠤᠢ ᠰᠢᠭᠤᠢ ᠶᠢᠨ ᠲᠣᠪᠴᠢᠶ᠎ᠠ ᠲᠠᠬᠢ ᠲᠤᠤᠷ ᠤᠨ ᠭᠤᠤᠯ ᠤᠨ ᠤᠢ ᠰᠢᠭᠤᠢ ᠶᠢᠨ ᠲᠠᠯᠠᠪᠠᠢ ᠶᠢᠨ ᠠᠵᠢᠯᠯᠠᠬᠤ ᠤᠷᠤᠨ  ᠳᠤ 11 ᠵᠦᠷ ᠠᠩᠨᠠᠵᠤ᠂ ᠡᠭᠦᠨ ᠳᠤ 10 ᠦᠬᠦᠲᠡᠯ ᠵᠦᠷ ᠢ ᠰᠢᠨ ᠤᠪᠤᠭᠲᠤ ᠤᠨ ᠰᠠᠭᠤᠭ᠎ᠠ ᠭᠠᠵᠠᠷ ᠤᠨ ᠰᠠᠩ ᠬᠦᠮᠦᠷᠭᠡᠨ ᠳᠤ ᠪᠠᠨ ᠬᠠᠳᠠᠭᠠᠯᠠᠵᠦ᠂ ᠦᠯᠡᠳᠡᠭᠰᠡᠨ 1 ᠨᠢ ᠨᠢᠭᠡᠨᠲᠡ ᠢᠳᠡᠰᠢ ᠪᠣᠯᠵᠠᠢ᠃ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠬᠡᠭᠡᠷ᠎ᠡ ᠶᠢᠨ ᠠᠮᠢᠲᠠᠨ ᠢ ᠲᠤᠷᠰᠢᠨ ᠪᠠᠶᠢᠴᠠᠭᠠᠬᠤ ᠲᠦᠪ ᠢ ᠤᠷᠢᠨ ᠵᠠᠯᠠᠵᠦ ᠰᠢᠨ ᠤᠪᠤᠭᠲᠤ ᠶᠢᠨ ᠠᠨᠭᠨᠠᠭᠰᠠᠨ 11 ᠬᠡᠭᠡᠷ᠎ᠡ ᠶᠢᠨ ᠠᠮᠢᠲᠠᠨ ᠳᠤ ᠬᠢᠨᠠᠨ ᠲᠤᠭᠲᠠᠭᠠᠯᠲᠠ ᠬᠢᠯᠭᠡᠭᠰᠡᠨ  ᠳᠦ᠂ ᠬᠢᠨᠠᠨ ᠲᠤᠭᠲᠠᠭᠠᠭᠰᠠ ᠰᠠᠨᠠᠯ ᠨᠢ ᠪᠦᠷ ᠠᠴᠠ ᠲᠤᠭᠤᠷᠠᠶᠢᠲᠡᠨ ᠤ ᠪᠤᠭᠤ ᠶᠢᠨ ᠢᠵᠠᠭᠤᠷ ᠤᠨ ᠵᠦᠷ ᠪᠤᠯᠤᠨ᠎ᠠ᠃ ᠬᠢᠨᠠᠨ ᠪᠠᠶᠢᠴᠠᠭᠠᠬᠤ ᠪᠠᠷ ᠳᠠᠮᠵᠢᠨ ᠮᠠᠭᠠᠳᠯᠠᠨ ᠲᠤᠭᠲᠠᠭᠠᠭᠰᠠᠨ ᠨᠢ᠂ ᠰᠢᠨ ᠤᠪᠤᠭᠲᠠᠨ ᠤ ᠠᠵᠢᠯᠯᠠᠭ᠎ᠠ ᠨᠢ ᠡᠷᠡᠭᠦᠦ ᠶᠢᠨ ᠬᠠᠥᠯᠢ ᠳᠤ ᠬᠠᠯᠳᠠᠭᠰᠠᠨ ᠢᠶᠠᠷ ᠦᠯᠦ ᠪᠠᠷᠠᠨ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠴᠦ ᠬᠤᠬᠢᠷᠠᠭᠤᠯᠵᠦ᠂ ᠡᠷᠡᠭᠦᠦ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠳᠠᠭᠠᠦ ᠪᠠᠰᠠ ᠠᠮᠢ ᠠᠬᠤᠢ ᠶᠢᠨ ᠤᠷᠴᠢᠨ ᠲᠤᠭᠤᠷᠢᠨ ᠢ  ᠵᠠᠰᠠᠨ ᠰᠡᠷᠭᠦᠭᠡᠬᠦ ᠢᠷᠭᠡᠨ ᠤ ᠬᠠᠷᠢᠭᠤᠴᠠᠯᠭ᠎ᠠ ᠶᠢ ᠴᠦ ᠡᠭᠦᠷᠭᠡᠯᠡᠬᠦ ᠬᠡᠷᠡᠭᠲᠡᠢ᠃ ᠡᠶᠢᠮᠦ ᠠᠴᠠ ᠡᠷᠡᠭᠦᠦ ᠶᠢᠨ ᠬᠡᠷᠡᠭ ᠢ ᠰᠢᠢᠳᠪᠦᠷᠢᠯᠡᠬᠦ ᠶᠢᠨ ᠳᠠᠭᠠᠤ ᠳᠤ ᠨᠡᠶᠢᠲᠡ ᠶᠢᠨ ᠠᠰᠢᠭᠲᠤ ᠵᠠᠷᠭᠤ ᠶᠢᠨ ᠬᠡᠯᠲᠡᠰ ᠵᠡᠷᠭᠡ ᠪᠠᠷ ᠤᠷᠤᠯᠴᠠᠵᠦ᠂ ᠬᠠᠥᠯᠢ ᠶᠤᠰᠤᠭᠠᠷ ᠡᠨᠡᠬᠦ ᠬᠠᠥᠯᠢ ᠪᠤᠰᠤ ᠪᠠᠷ ᠠᠡᠭ ᠠᠩᠨᠠᠵᠤ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠬᠡᠷᠡᠭ ᠢ ᠬᠡᠷᠡᠭ ᠪᠤᠯᠭᠠᠨ ᠳᠠᠩᠰᠠᠯᠠᠨ ᠪᠠᠶᠢᠴᠠᠭᠠᠵᠦ᠂ ᠬᠠᠥᠯᠢ ᠶᠤᠰᠤᠭᠠᠷ ᠵᠠᠷᠯᠠᠨ ᠨᠡᠶᠢᠲᠡᠯᠡᠵᠦ᠂ ᠬᠢᠨᠠᠨ ᠲᠤᠭᠲᠠᠭᠠᠬᠤ ᠪᠠᠶᠢᠭᠤᠯᠤᠮᠵᠢ ᠶᠢᠨ ᠦᠨᠡᠯᠡᠨ ᠲᠤᠭᠲᠠᠭᠠᠭᠰᠠᠨ ᠢᠶᠠᠷ ᠰᠢᠨ ᠤᠪᠤᠭᠲᠤ ᠶᠢᠨ ᠠᠵᠢᠯᠯᠠᠭ᠎ᠠ ᠶᠢᠨ ᠠᠮᠢ ᠠᠬᠤᠢ ᠶᠢᠨ ᠰᠢᠭᠤᠳ ᠬᠤᠬᠢᠷᠠᠯ ᠤᠨ ᠦᠷᠳᠡᠭ ᠨᠢ 33000 ᠲᠦᠭᠦᠷᠢᠭ᠃
        ᠬᠡᠷᠡᠭ ᠰᠢᠢᠳᠪᠦᠷᠢᠯᠡᠭᠴᠢ ᠶᠢᠨ ᠰᠤᠷᠪᠤᠯᠵᠢᠯᠠᠨ ᠪᠠᠶᠢᠴᠠᠭᠠᠯᠲᠠ ᠬᠢᠭᠰᠡᠨ ᠢᠶᠠᠷ ᠳᠠᠮᠵᠢᠨ᠂ ᠰᠢᠨ ᠤᠪᠤᠭᠲᠤ ᠶᠢᠨ ᠠᠮᠢᠳᠤᠷᠠᠯ ᠬᠦᠴᠢᠷᠳᠡᠯᠲᠡᠢ  ᠪᠠᠢᠢᠵᠤ᠂ ᠪᠦᠬᠦ ᠲᠦᠯᠦᠪᠦᠷᠢᠯᠡᠬᠦ ᠮᠥᠩᠭᠦ ᠶᠢ ᠲᠤᠰᠢᠶᠠᠬᠤ ᠳᠤ ᠬᠦᠴᠢᠷ ᠤᠴᠢᠷ ᠠᠴᠠ᠂ ᠷᠠᠰᠢᠶᠠᠨ ᠬᠣᠲᠠ ᠵᠢᠨ  ᠪᠠᠶᠢᠴᠠᠭᠠᠬᠤ ᠬᠤᠷᠢᠶ᠎ᠠ ︽ᠬᠦᠳᠡᠯᠮᠦᠷᠢᠯᠡᠭᠦᠯᠬᠦ ᠪᠠᠷ ᠤᠷᠤᠯᠠᠨ ᠲᠦᠯᠦᠪᠦᠷᠢᠯᠡᠭᠦᠯᠬᠦ ︾ ᠬᠡᠯᠪᠡᠷᠢ  ᠶᠢ ᠬᠠᠶᠢᠨ ᠰᠦᠪᠡᠭᠴᠢᠯᠡᠵᠦ᠂ ᠤᠢ ᠶᠢ ᠬᠠᠮᠠᠭᠠᠯᠠᠨ ᠠᠭᠤᠯᠠ ᠶᠢ ᠴᠠᠭᠳᠠᠨ ᠲᠤᠭᠤᠷᠢᠬᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠶᠢ ᠤᠬᠠᠭᠤᠯᠬᠤ ᠵᠡᠷᠭᠡ ᠠᠮᠢ ᠠᠬᠤᠢ ᠶᠢ ᠬᠠᠮᠠᠭᠠᠯᠠᠬᠤ ᠠᠵᠢᠯ ᠢᠶᠠᠷ ᠲᠦᠯᠦᠪᠦᠷᠢᠯᠡᠬᠦ ᠡᠭᠦᠷᠭᠡ ᠶᠢ ᠤᠷᠤᠯᠠᠬᠤ ᠪᠠᠷ ᠲᠤᠭᠤᠷᠪᠢᠨ ᠲᠤᠭᠲᠠᠭᠠᠵᠠᠢ᠃
        ᠡᠴᠤᠰ ᠲᠤ᠂ ᠰᠢᠨ ᠤᠪᠤᠭᠲᠤ ᠨᠢᠭᠡ ᠲᠦᠮᠡᠨ ᠲᠦᠭᠦᠷᠢᠭ ᠤᠨ ᠠᠮᠢ ᠠᠬᠤᠢ ᠶᠢ ᠵᠠᠰᠠᠨ ᠰᠡᠷᠭᠦᠭᠡᠬᠦ ᠮᠥᠩᠭᠦ ᠲᠤᠰᠢᠶᠠᠵᠦ᠂ ᠤᠯᠠᠨ ᠨᠡᠶᠢᠲᠡ ᠶᠢᠨ ᠵᠠᠭᠤᠴᠢᠯᠠᠭᠤᠷ ᠳᠡᠭᠡᠷ᠎ᠡ ᠢᠯᠡ ᠪᠠᠷ ᠪᠤᠷᠤᠭᠤ ᠮᠡᠳᠡᠬᠦ ᠢᠯᠡᠷᠬᠡᠶᠢᠯᠡᠯᠲᠡ ᠬᠢᠵᠦ᠂ ᠬᠢᠩᠭᠠᠨ ᠠᠶᠢᠮᠠᠭ ᠤᠨ ᠪᠠᠢ ᠯᠠᠩ ᠤᠢ ᠰᠢᠭᠤᠢ ᠶᠢᠨ ᠲᠤᠪᠴᠢᠶᠠᠨ ᠤ ᠲᠤᠤᠷ ᠤᠨ ᠭᠤᠤᠯ ᠤᠨ ᠤᠢ ᠰᠢᠭᠤᠢ ᠶᠢᠨ ᠲᠠᠯᠠᠪᠠᠢ ᠲᠠᠢ ︽ᠬᠦᠳᠡᠯᠮᠦᠷᠢᠯᠡᠭᠦᠯᠬᠦ ᠪᠠᠷ ᠤᠷᠤᠯᠠᠨ ᠲᠦᠯᠦᠪᠦᠷᠢᠯᠡᠭᠦᠯᠬᠦ ᠤᠶᠢᠯᠡᠴᠢᠯᠡᠭᠡ  ᠵᠢᠨ ᠬᠡᠯᠡᠯᠴᠡᠭᠡᠷ︾ ᠪᠠᠶᠢᠭᠤᠯᠵᠠᠢ᠃ 
        ︽ᠪᠢ ᠦᠪᠡᠷ ᠤᠨ ᠪᠤᠷᠤᠭᠤ ᠪᠠᠨ ᠭᠦᠨᠵᠡᠭᠡᠢ ᠲᠠᠨᠢᠵᠦ ᠮᠡᠳᠡᠵᠡᠢ᠂ ᠪᠠᠶᠢᠴᠠᠭᠠᠬᠤ ᠪᠠᠶᠢᠭᠤᠯᠭ᠎ᠠ ᠶᠢᠨ ᠨᠠᠳᠠ ᠳᠤ ᠦᠭᠭᠦᠭᠰᠡᠨ ᠲᠤᠰ ᠤᠳᠠᠭᠠᠨ ᠤ < ᠬᠦᠳᠡᠯᠮᠦᠷᠢᠯᠡᠭᠦᠯᠬᠦ ᠪᠠᠷ ᠤᠷᠤᠯᠠᠨ ᠲᠦᠯᠦᠪᠦᠷᠢᠯᠡᠭᠦᠯᠬᠦ  > ᠳᠤᠬᠢᠶᠠᠯ  ᠳᠦ ᠦᠨᠡᠨ ᠰᠡᠳᠭᠢᠯ ᠠᠴᠠ ᠪᠠᠨ ᠲᠠᠯᠠᠷᠬᠠᠵᠦ᠂ ᠬᠤᠵᠢᠮ ᠪᠢ ᠪᠠᠰᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ < ᠤᠬᠠᠭᠤᠯᠤᠭᠴᠢ > ᠪᠤᠯᠤᠨ᠎ᠠ᠃︾ 7 ᠰᠠᠷ᠎ᠠ ᠶᠢᠨ 26 ᠤ ᠡᠳᠦᠷ᠂ ᠷᠠᠰᠢᠶᠠᠨ  ᠬᠤᠲᠠ ᠵᠢᠨ ᠪᠠᠶᠢᠴᠠᠭᠠᠬᠤ ᠬᠤᠷᠢᠶᠠᠨ ᠤ ᠶᠠᠪᠤᠭᠳᠠᠭᠤᠯᠤᠭᠰᠠᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠥᠯᠢ ᠴᠠᠭᠠᠵᠠ ᠶᠢᠨ ᠤᠬᠠᠭᠤᠯᠭ᠎ᠠ ᠶᠢᠨ ᠬᠦᠳᠡᠯᠭᠡᠭᠡᠨ ᠤ ᠳᠤᠮᠳᠠ ᠰᠢᠨ ᠤᠪᠤᠭᠲᠤ < ᠤᠬᠠᠭᠤᠯᠤᠭᠴᠢ > ᠪᠤᠯᠵᠤ᠂ ᠤᠯᠠᠨ ᠲᠦᠮᠡᠨ ᠤ ᠳᠤᠮᠳᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠶᠢᠨ ᠠᠴᠢ ᠬᠤᠯᠪᠤᠭᠳᠠᠯ ᠪᠠ ᠬᠡᠭᠡᠷ᠎ᠡ ᠶᠢᠨ ᠠᠮᠢᠲᠠᠨ ᠢ ᠠᠩᠨᠠᠬᠤ ᠠᠵᠢᠯᠯᠠᠭ᠎ᠠ ᠶᠢᠨ ᠭᠠᠷᠭᠠᠬᠤ ᠬᠠᠥᠯᠢ ᠴᠠᠭᠠᠵᠠ ᠶᠢᠨ ᠦᠷᠡᠭᠳᠡᠯ ᠰᠦᠢᠲᠡᠯ ᠢ ᠤᠬᠠᠭᠤᠯᠤᠨ ᠶᠠᠷᠢᠵᠦ᠂ ᠦᠷᠭᠡᠨ ᠤᠯᠠᠨ ᠠᠷᠠᠳ ᠲᠦᠮᠡᠨ ᠢ ᠬᠡᠭᠡᠷ᠎ᠡ ᠶᠢᠨ ᠠᠮᠢᠲᠠᠨ ᠢ ᠪᠠᠷᠢᠪᠴᠢᠯᠠᠨ ᠠᠯᠠᠬᠤ ᠦᠭᠡᠢ᠂ ᠠᠷᠠᠯᠵᠢᠶᠠᠯᠠᠬᠤ ᠦᠭᠡᠢ᠂  ᠢᠳᠡᠰᠢ ᠪᠤᠯᠭᠠᠬᠤ ᠦᠭᠡᠢ᠂ ᠪᠤᠯᠪᠠᠰᠤᠨ ᠡᠷᠡᠭᠦᠯ ᠪᠤᠬᠢᠷᠲᠤᠯ ᠦᠭᠡᠢ ᠨᠡᠶᠢᠭᠡᠮ ᠤᠨ ᠠᠭᠤᠷ ᠠᠮᠢᠰᠬᠤᠯ ᠢ ᠬᠠᠮᠲᠦ ᠪᠠᠷ ᠡᠭᠦᠳᠦᠨ ᠪᠦᠲᠦᠭᠡᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠢ ᠬᠦᠮᠦᠰ ᠤᠨ ᠰᠡᠳᠭᠢᠯ ᠳᠤ ᠭᠦᠨᠵᠡᠭᠡᠶᠢᠷᠡᠭᠦᠯᠬᠦ ᠶᠢ ᠬᠦᠲᠦᠯᠥᠨ ᠤᠬᠠᠭᠤᠯᠵᠠᠢ᠃
        ᠬᠦᠳᠡᠯᠮᠦᠷᠢ ᠤᠶᠢᠯᠡᠴᠢᠯᠡᠭᠡ ᠪᠠᠷ ᠤᠷᠤᠯᠠᠨ ᠲᠦᠯᠦᠪᠦᠷᠢᠯᠡᠬᠦ ᠬᠡᠯᠪᠡᠷᠢ ᠨᠢ ︽ᠬᠡᠨ ᠪᠤᠬᠢᠷᠲᠤᠭᠤᠯᠪᠠᠯ᠂ ᠬᠡᠨ  ᠵᠠᠰᠠᠵᠤ᠂ ᠬᠡᠨ ᠬᠤᠬᠢᠷᠠᠭᠤᠯᠪᠠᠯ᠂ ᠬᠡᠨ ᠲᠦᠯᠦᠪᠦᠷᠢᠯᠡᠬᠦ︾ ᠤᠷᠴᠢᠨ ᠲᠤᠭᠤᠷᠢᠨ ᠤ ᠨᠡᠶᠢᠲᠡ ᠶᠢᠨ  ᠠᠰᠢᠭᠲᠤ ᠵᠠᠷᠭᠤ ᠶᠢᠨ ᠬᠠᠥᠯᠢ ᠲᠤᠭᠲᠠᠭᠠᠬᠤ ᠵᠤᠷᠢᠯᠲᠠ ᠳᠤ ᠨᠡᠶᠢᠴᠡᠵᠦ᠂ ᠤᠷᠢᠲᠦ ᠶᠢᠨ ᠭᠠᠭᠴᠠ ᠲᠤᠷᠭᠠᠯᠲᠠ ᠪᠠᠷ ᠬᠡᠷᠡᠭ ᠢ ᠰᠢᠢᠳᠪᠦᠷᠢᠯᠡᠬᠦ ᠳᠦᠭᠦᠮ ᠲᠤᠷᠠᠭᠠᠨ ᠰᠢᠢᠳᠪᠦᠷᠢᠯᠡᠬᠦ ᠬᠡᠯᠪᠡᠷᠢ ᠶᠢ ᠬᠤᠪᠢᠷᠠᠭᠤᠯᠵᠦ᠂ ᠬᠡᠷᠡᠭ ᠤᠨ ᠲᠤᠬᠠᠢ ᠶᠢᠨ ᠬᠦᠮᠦᠨ ᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ᠂ ᠠᠮᠢ ᠠᠬᠤᠢ ᠶᠢᠨ ᠤᠷᠴᠢᠨ ᠲᠤᠭᠤᠷᠢᠨ ᠢ ᠰᠡᠷᠭᠦᠭᠡᠨ ᠵᠠᠰᠠᠬᠤ ᠵᠡᠷᠭᠡ ᠠᠵᠢᠯ ᠢ ᠬᠢᠬᠦ ᠪᠠᠷ ᠳᠠᠮᠵᠢᠨ ᠲᠦᠯᠦᠪᠦᠷᠢᠯᠡᠬᠦ ᠮᠥᠩᠭᠦ ᠪᠠᠨ ᠤᠷᠤᠯᠠᠨ  ᠨᠤᠭᠤᠯᠵᠤ᠂ ᠡᠭᠦᠨ ᠢᠶᠠᠷ ᠳᠠᠮᠵᠢᠨ ᠠᠮᠢ ᠠᠬᠤᠢ ᠶᠢᠨ ᠤᠷᠴᠢᠨ ᠲᠤᠭᠤᠷᠢᠨ ᠤ ᠴᠢᠳᠠᠮᠵᠢ ᠲᠠᠬᠢ ᠤᠷᠤᠯᠠᠯᠲᠠ ᠶᠢᠨ ᠴᠢᠨᠠᠷᠲᠠᠢ ᠨᠦᠬᠦᠪᠦᠷᠢᠯᠡᠯᠲᠡ ᠶᠢᠨ ᠵᠤᠷᠢᠯᠭ᠎ᠠ ᠳᠤ ᠬᠦᠷᠴᠦ᠂ ︽ᠭᠡᠷᠡᠭᠵᠢᠭᠦᠯᠬᠦ ᠳᠤ ᠪᠡᠷᠬᠡ︾ ᠪᠠᠶᠢᠳᠠᠯ ᠢ ᠪᠦᠲᠦᠮᠵᠢᠲᠡᠢ ᠰᠢᠢᠳᠪᠦᠷᠢᠯᠡᠵᠦ ᠳᠡᠶᠢᠯᠬᠦ ᠶᠢᠨ ᠬᠠᠮᠲᠦ ᠨᠡᠩ ᠴᠦ ᠪᠠᠶᠢᠴᠠᠭᠠᠬᠤ ᠪᠠᠶᠢᠭᠤᠯᠭ᠎ᠠ ᠶᠢᠨ ᠬᠠᠥᠯᠢ ᠪᠠᠷᠢᠬᠤ ᠨᠡᠶᠢᠲᠡ ᠶᠢᠨ ᠢᠲᠡᠭᠡᠮᠵᠢ ᠶᠢᠨ ᠬᠦᠴᠦᠨ ᠢ ᠳᠡᠭᠡᠭᠰᠢᠯᠡᠭᠦᠯᠵᠦ᠂ ᠬᠠᠥᠯᠢ ᠪᠠᠷᠢᠬᠤ ᠳᠤᠯᠠᠭᠠᠴᠠ ᠶᠢ ᠲᠤᠲᠤᠷᠠᠭᠤᠯᠵᠦ᠂ ᠨᠡᠶᠢᠭᠡᠮ ᠤᠨ ᠡᠶ᠎ᠡ ᠨᠠᠶᠢᠷᠠᠮᠳᠠᠭᠤ ᠠᠮᠦᠷ ᠲᠤᠭᠲᠠᠭᠤᠨ ᠢ ᠠᠬᠢᠭᠤᠯᠵᠦ᠂ ᠬᠠᠥᠯᠢ ᠪᠠᠷᠢᠵᠤ ᠬᠡᠷᠡᠭ ᠰᠢᠢᠳᠪᠦᠷᠢᠯᠡᠬᠦ ᠶᠢᠨ ᠤᠯᠤᠰ ᠲᠦᠷᠦ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ᠂ ᠬᠠᠥᠯᠢ ᠴᠠᠭᠠᠵᠠ ᠶᠢᠨ ᠦᠷ᠎ᠡ ᠪᠦᠲᠦᠮᠵᠢ ᠶᠢᠨ ᠤᠷᠭᠠᠨᠢᠭ ᠨᠢᠭᠡᠲᠦᠯ ᠢ ᠪᠡᠶᠡᠯᠡᠭᠦᠯᠵᠡᠢ᠃
   

    

ᠢᠷᠡᠯᠲᠡ
ᠷᠠᠰᠢᠶᠠᠨ ᠬᠤᠲᠠ ᠵᠢᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro