ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠬᠦᠬᠡᠬᠤᠳᠡ ᠶᠢᠨ ᠰᠠᠶᠢᠬᠠᠨ ᠲᠣᠭᠤᠷᠢᠭ ᠤᠨ ᠠᠷᠠᠳ  ᠦᠨ ᠪᠠᠶᠢᠴᠠᠭᠠᠬᠤ ᠬᠤᠷᠢᠶ᠎ᠠ ᠠᠩᠬᠠᠳᠠᠭᠴᠢ ᠲᠡᠯᠡᠶ ᠲᠠᠩᠭᠢᠰ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠬᠤᠳᠠᠯᠳᠤᠨ ᠠᠪᠬᠤ ᠡᠷᠭ᠎ᠠ ᠬᠡᠯᠪᠡᠷᠢ ᠪᠠᠷ ᠵᠠᠰᠠᠨ ᠰᠡᠷᠭᠦᠭᠡᠬᠦ ᠶᠢ ᠣᠷᠣᠯᠠᠭᠤᠯᠤᠭᠰᠠᠨ ᠬᠡᠷᠡᠭ ᠲᠤ ᠢᠯᠡ ᠪᠠᠷ ᠭᠡᠷᠡᠴᠢᠯᠡᠭᠡ ᠰᠤᠨᠤᠰᠪᠡ   

2023-09-28 09:30:43
ᠵᠣᠬᠢᠶᠠᠭᠴᠢ
ᠰᠢᠦ ᠯᠠᠨ

  

 
        ᠣᠶᠢᠷ᠎ᠠ ᠳᠤ᠂ ᠬᠦᠬᠡᠬᠤᠳᠡ ᠶᠢᠨ ᠰᠠᠶᠢᠬᠠᠨ ᠲᠣᠭᠤᠷᠢᠭ ᠤᠨ ᠪᠠᠶᠢᠴᠠᠭᠠᠬᠤ ᠬᠤᠷᠢᠶ᠎ᠠ  ᠲᠠᠩ ᠣᠪᠣᠭᠲᠤ ︵ ᠪᠤᠷᠤᠭᠤᠯᠠᠭᠰᠠᠨ ᠣᠪᠣᠭ︶ ᠤᠨ ᠬᠤᠪᠣᠷ ᠨᠠᠨᠳᠢᠨ ᠬᠡᠭᠡᠷ᠎ᠡ ᠶᠢᠨ ᠠᠮᠢᠲᠠᠨ ᠳᠤ ᠬᠤᠤᠷ ᠬᠥᠨᠥᠭᠡᠯ ᠤᠴᠠᠷᠠᠭᠤᠯᠤᠭᠰᠠᠨ ᠰᠡᠵᠢᠭᠯᠡᠯᠲᠡᠶ ᠡᠷᠡᠭᠦᠤ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠬᠡᠷᠡᠭ ᠤᠨ ᠨᠡᠶᠢᠲᠡ ᠶᠢᠨ ᠠᠰᠢᠭᠲᠤ ᠵᠠᠷᠭᠤ ᠶᠢᠨ ᠬᠡᠷᠡᠭ ᠤᠨ ᠲᠤᠬᠠᠶ ᠢᠯᠡ ᠪᠠᠷ ᠭᠡᠷᠡᠴᠢᠯᠡᠭᠡ ᠰᠣᠨᠣᠰᠬᠤ ᠬᠤᠷᠠᠯ ᠬᠢᠪᠠ᠃ 2021 ᠣᠨ ᠳᠤ᠂ ᠶᠠᠯ᠎ᠠ ᠬᠢᠭᠰᠡᠨ ᠰᠡᠵᠢᠭᠳᠡᠨ  ᠲᠠᠩ ᠣᠪᠣᠭᠲᠤ ︵ ᠪᠤᠷᠤᠭᠤᠯᠠᠭᠰᠠᠨ ᠣᠪᠣᠭ︶ ︽ᠤᠰᠤᠨ ᠤ ᠬᠡᠭᠡᠷ᠎ᠡ ᠶᠢᠨ ᠠᠮᠢᠲᠠᠨ ᠢ ᠡᠵᠡᠩᠨᠡᠨ ᠠᠰᠢᠭᠯᠠᠬᠤ ᠵᠥᠪᠰᠢᠶᠡᠷᠡᠯ ᠤᠨ ᠦᠨᠡᠮᠯᠡᠯ︾ ᠵᠡᠷᠭᠡ ᠬᠤᠯᠪᠣᠭᠳᠠᠯ ᠪᠦᠬᠦᠢ ᠦᠨᠡᠮᠯᠡᠯ ᠦᠭᠡᠶ ᠪᠠᠶᠢᠳᠠᠯ ᠳᠣᠣᠷ᠎ᠠ᠂ ᠠᠰᠢᠭ ᠲᠤᠰᠠ ᠤᠯᠬᠤ ᠶᠢᠨ ᠲᠥᠯᠥᠭᠡ᠂ 4.5 ᠲᠦᠮᠡᠨ ᠲᠥᠭᠦᠷᠢᠭ ᠵᠠᠷᠤᠴᠠᠭᠤᠯᠵᠤ ᠪᠠᠶᠢᠭᠠᠳ ᠶᠠᠫᠣᠨ ᠠᠴᠠ 583 ᠭᠷᠠᠮ ᠤᠯᠠᠭᠠᠨ ᠱᠢᠷᠦ ᠬᠤᠳᠠᠯᠳᠤᠨ ᠠᠪᠴᠤ ᠬᠥᠬᠡᠬᠤᠲᠠ ᠳᠤ ᠢᠯᠡᠭᠡᠪᠡ᠃ ᠪᠠᠢ ᠲᠠ ᠪᠣᠭᠤᠮᠲᠠ︵白塔海关︶ ᠶᠢᠨ ᠪᠠᠶᠢᠴᠠᠭᠠᠨ ᠰᠢᠯᠭᠠᠵᠤ ᠬᠢᠨᠠᠨ ᠲᠣᠭᠲᠠᠭᠠᠭᠰᠠᠨ ᠢᠶᠠᠷ᠂ ᠲᠣᠰ ᠡᠳ᠋ ᠪᠣᠳᠠᠰ ᠨᠢ ︽ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠨᠡᠷᠡᠰ ᠤᠨ ᠵᠢᠭᠰᠠᠭᠠᠯᠲᠠ︾ ᠳᠤ ᠵᠢᠭᠰᠠᠭᠠᠭᠰᠠᠨ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠤᠰᠤᠨ ᠤ ᠬᠡᠭᠡᠷ᠎ᠡ ᠶᠢᠨ ᠠᠮᠢᠲᠠᠨ ᠪᠣᠯᠤᠨ᠎ᠠ᠃  ᠲᠠᠩ ᠣᠪᠣᠭᠲᠤ ︵ ᠪᠤᠷᠤᠭᠤᠯᠠᠭᠰᠠᠨ ᠣᠪᠣᠭ︶ ᠰᠠᠶᠢᠨ ᠳᠤᠷ᠎ᠠ ᠠᠴᠠ ᠪᠠᠨ 4.5 ᠲᠦᠮᠡᠨ ᠲᠥᠭᠦᠷᠢᠭ ᠤᠨ ᠲᠠᠯᠠᠢ ᠲᠠᠩᠭᠢᠰ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠬᠤᠳᠠᠯᠳᠤᠨ ᠠᠪᠴᠤ᠂ ᠬᠤᠬᠢᠷᠠᠯ ᠳᠤ ᠤᠴᠠᠷᠠᠭᠰᠠᠨ ᠲᠠᠯᠠᠢ ᠲᠠᠩᠭᠢᠰ ᠤᠨ ᠠᠮᠢ ᠠᠬᠤᠢ ᠶᠢ ᠰᠡᠷᠭᠦᠭᠡᠪᠡ᠃
        ᠭᠡᠷᠡᠴᠢᠯᠡᠭᠡ ᠰᠣᠨᠣᠰᠬᠤ ᠬᠤᠷᠠᠯ ᠳᠡᠭᠡᠷ᠎ᠡ᠂ ᠪᠠᠶᠢᠴᠠᠭᠠᠬᠤ ᠪᠠᠶᠢᠭᠤᠯᠭ᠎ᠠ ᠬᠡᠷᠡᠭ ᠤᠨ ᠦᠨᠳᠦᠰᠦᠨ ᠪᠠᠶᠢᠳᠠᠯ ᠢ ᠲᠠᠨᠢᠯᠴᠠᠭᠤᠯᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠠᠶ ᠳᠤ ᠴᠢᠩᠳᠣᠤ ᠬᠤᠲᠠ ᠶᠢᠨ ᠣᠷᠴᠢᠯ ᠠᠵᠤ ᠠᠬᠤᠶ ᠶᠢᠨ ᠨᠡᠶᠢᠭᠡᠮᠯᠢᠭ ᠤᠨ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠪᠠ ᠨᠡᠭᠦᠷᠡᠰᠦᠲᠥ᠋ᠷᠥᠭᠴᠢ ᠶᠢᠨ ᠠᠷᠠᠯᠵᠢᠶᠠᠨ ᠤ ᠲᠤᠰᠬᠠᠶ ᠺᠣᠮᠢᠰ ᠤᠨ ᠡᠷᠬᠢᠯᠡᠭᠴᠢ ᠲᠠᠢ ᠬᠤᠯᠪᠣᠭ᠎ᠠ ᠠᠪᠴᠤ᠂ ᠳᠠᠯᠠᠶ ᠲᠠᠩᠭᠢᠰ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠰᠢᠩᠭᠡᠭᠡᠨ ᠠᠪᠬᠤ ᠪᠠ ᠡᠷᠡᠭᠦᠦ ᠶᠢᠨ ᠬᠡᠷᠡᠭ ᠤᠨ ᠳᠤᠮᠳᠠᠬᠢ ᠳᠠᠯᠠᠶ ᠲᠠᠩᠭᠢᠰ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠬᠤᠬᠢᠷᠠᠯ ᠳᠤ ᠤᠴᠠᠷᠠᠭᠰᠠᠨ ᠳᠠᠯᠠᠶ ᠲᠠᠩᠭᠢᠰ ᠤᠨ ᠠᠮᠢ ᠠᠬᠤᠶ ᠳᠤ ᠨᠥᠬᠦᠪᠥᠷᠢ ᠥᠭᠬᠦ ᠪᠣᠯᠤᠮᠵᠢᠲᠤ ᠴᠢᠨᠠᠷ ᠵᠡᠷᠭᠡ ᠠᠰᠠᠭᠤᠳᠠᠯ ᠤᠨ ᠲᠤᠬᠠᠶ ᠠᠰᠠᠭᠤᠨ ᠯᠠᠪᠯᠠᠵᠤ᠂ ᠬᠤᠷᠠᠯ ᠳᠤ ᠣᠷᠣᠯᠴᠠᠭᠰᠠᠨ ᠰᠠᠨᠠᠯ ᠰᠣᠨᠣᠰᠤᠭᠴᠢ ᠤᠯᠠᠨ ᠲᠠᠯ᠎ᠠ ᠠᠴᠠ ᠲᠤᠰ ᠨᠥᠬᠦᠪᠥᠷᠢ ᠶᠢᠨ ᠠᠷᠭ᠎ᠠ ᠬᠡᠯᠪᠡᠷᠢ ᠶᠢ ᠬᠡᠷᠡᠭᠵᠢᠭᠦᠯᠬᠦ ᠪᠣᠯᠤᠮᠵᠢᠲᠤ ᠴᠢᠨᠠᠷ ᠵᠡᠷᠭᠡ ᠠᠰᠠᠭᠤᠳᠠᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ ᠬᠠᠮᠤᠭ ᠡᠴᠦᠰ ᠲᠤ ᠲᠠᠩ ᠣᠪᠣᠭᠲᠤ ︵ ᠪᠤᠷᠤᠭᠤᠯᠠᠭᠰᠠᠨ  ᠣᠪᠣᠭ︶ ᠤᠨ ᠳᠠᠯᠠᠢ ᠲᠠᠩᠭᠢᠰ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠬᠤᠳᠠᠯᠳᠤᠨ ᠠᠪᠬᠤ ᠠᠷᠭ᠎ᠠ ᠬᠡᠯᠪᠡᠷᠢ ᠪᠠᠷ ᠬᠤᠬᠢᠷᠠᠯ ᠳᠤ ᠤᠴᠠᠷᠠᠭᠰᠠᠨ ᠳᠠᠯᠠᠢ ᠲᠠᠩᠭᠢᠰ ᠤᠨ ᠠᠮᠢ ᠠᠬᠤᠢ ᠶᠢ ᠵᠠᠰᠠᠨ ᠰᠡᠷᠭᠦᠭᠡᠬᠦ ᠲᠤᠬᠠᠢ ᠪᠠᠶᠢᠴᠠᠭᠠᠬᠤ  ᠪᠠᠶᠢᠭᠤᠯᠭ᠎ᠠ ᠶᠢᠨ ᠰᠢᠢᠳᠪᠦᠷᠢᠯᠡᠬᠦ ᠰᠠᠨᠠᠯ ᠢ ᠰᠠᠨᠠᠯ ᠨᠢᠭᠡᠲᠡᠢ ᠵᠥᠪᠰᠢᠶᠡᠷᠡᠪᠡ᠃
       

 

ᠢᠷᠡᠯᠲᠡ
ᠬᠦᠬᠡᠬᠤᠳᠡ ᠶᠢᠨ ᠰᠠᠶᠢᠬᠠᠨ ᠲᠣᠭᠤᠷᠢᠭ ᠤᠨ ᠠᠷᠠᠳ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro