ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

 ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢᠨ ᠤᠬᠠᠭᠤᠯᠭ᠎ᠠ

2023-10-12 18:05:01
ᠵᠣᠬᠢᠶᠠᠭᠴᠢ
ᠵᠠᠩᠭ᠎ᠠ


      ᠣᠯᠠᠩᠬᠢ ᠬᠥᠮᠦᠰ ᠭᠠᠵᠢᠭᠤ ᠨᠣᠮᠯᠠᠯ ᠪᠢᠳᠡᠨ ᠠᠴᠠ ᠮᠠᠰᠢ ᠬᠤᠯᠠ ᠪᠠᠶᠢᠨ᠎ᠠ ᠭᠡᠵᠦ ᠦᠵᠡᠳᠡᠭ᠂ ᠴᠢᠨᠠᠭᠰᠢᠯᠠᠪᠠᠯ ᠥᠪᠡᠷ ᠢ ᠪᠠᠨ ᠭᠠᠵᠢᠭᠤ ᠨᠣᠮᠯᠠᠯ ᠳᠤ ᠲᠥᠭᠡᠷᠢᠭᠳᠡᠬᠦ ᠪᠣᠯᠤᠯᠴᠠᠭ᠎ᠠ ᠦᠭᠡᠢ ᠭᠡᠵᠦ ᠦᠵᠡᠳᠡᠭ᠂ ᠭᠡᠪᠡᠴᠦ ᠪᠣᠳᠠᠲᠤ ᠠᠮᠢᠳᠤᠷᠠᠯ ᠤᠨ ᠳᠤᠮᠳᠠ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠠᠷᠭ᠎ᠠ ᠵᠠᠮ ᠣᠯᠠᠨ ᠪᠠᠶᠢᠵᠤ᠂ ᠭᠠᠷ  ᠢᠶᠠᠨ ᠰᠤᠩᠭᠠᠬᠤ ᠦᠭᠡᠢ ᠭᠠᠵᠠᠷ ᠪᠠᠶᠢᠬᠤ ᠦᠭᠡᠢ᠃ ᠲᠡᠳᠡ ᠦᠷᠭᠦᠯᠵᠢ ᠡᠯᠳᠡᠪ ᠵᠦᠢᠯ ᠤᠨ ᠬᠥᠮᠦᠨ ᠢ ᠮᠡᠬᠡᠯᠡᠬᠦ ᠨᠡᠷ᠎ᠡ ᠪᠠᠷ ᠥᠪᠡᠷ ᠢ ᠪᠠᠨ ᠴᠢᠮᠡᠭᠯᠡᠵᠦ᠂ ᠬᠥᠮᠦᠨ ᠢ ᠮᠡᠬᠡᠯᠡᠬᠦ ᠠᠷᠭ᠎ᠠ ᠮᠡᠭᠡ ᠪᠠᠨ ᠲᠠᠰᠤᠷᠠᠯᠲᠠ ᠦᠭᠡᠢ ᠰᠢᠨᠡᠳᠬᠡᠵᠦ᠂ ᠵᠢᠭᠠᠬᠠᠨ ᠬᠢᠴᠢᠶᠡᠬᠦ ᠦᠭᠡᠢ ᠪᠣᠯ ᠭᠠᠵᠢᠭᠤ ᠨᠣᠮᠯᠠᠯ ᠤᠨ ᠮᠡᠬᠡᠨ ᠳᠤ ᠤᠨᠠᠬᠤ ᠮᠠᠭᠠᠳ᠃  ᠭᠠᠵᠢᠭᠤ ᠨᠣᠮᠯᠠᠯ ᠤᠨ ᠮᠥᠨ ᠴᠢᠨᠠᠷ ᠪᠠ ᠨᠡᠶᠢᠭᠡᠮ ᠤᠨ ᠬᠤᠣᠷ ᠬᠦᠨᠤᠭᠡᠯᠳᠤ ᠴᠢᠨᠠᠷ ᠢ ᠤᠬᠠᠭᠤᠯᠵᠤ᠂ ᠤᠯᠠᠨ ᠲᠦᠮᠡᠨ ᠤ ᠭᠠᠵᠢᠭᠤ ᠨᠣᠮᠯᠠᠯ ᠢ ᠢᠯᠭᠠᠨ ᠲᠠᠨᠢᠬᠤ ᠴᠢᠳᠠᠪᠤᠷᠢ ᠶᠢ ᠨᠡᠮᠡᠭᠳᠡᠭᠦᠯᠬᠦ ᠶᠢᠨ ᠲᠥᠯᠥᠭᠡ᠂ ᠳᠣᠣᠷ᠎ᠠ ᠪᠢᠳᠠ ᠬᠠᠮᠲᠤ ᠪᠠᠷ ᠭᠠᠵᠢᠭᠤ ᠨᠣᠮᠯᠠᠯ ᠢ ᠡᠰᠡᠷᠭᠦᠴᠡᠬᠦ ᠠᠶᠤᠯᠭᠦᠢ ᠶᠢᠨ ᠮᠡᠳᠡᠯᠭᠡ ᠶᠢ ᠰᠤᠷᠤᠯᠴᠠᠶ᠎ᠠ᠃
      ᠨᠢᠭᠡ᠂ ᠶᠠᠭᠤ ᠶᠢ ᠭᠠᠵᠢᠭᠤ ᠨᠣᠮᠯᠠᠯ ᠭᠡᠬᠦ ᠪᠤᠢ︖
      ᠭᠠᠵᠢᠭᠤ ᠨᠣᠮᠯᠠᠯ ᠭᠡᠳᠡᠭ ᠨᠢ ᠱᠠᠰᠢᠨ ᠰᠤᠷᠲᠠᠬᠤᠨ᠂ ᠠᠮᠢᠰᠬᠤᠯ ᠤᠨ ᠲᠠᠮᠢᠷ ᠪᠤᠶᠤ ᠪᠤᠰᠤᠳ ᠨᠡᠷ᠎ᠡ ᠪᠠᠷ ᠪᠠᠶᠢᠭᠤᠯᠤᠭᠰᠠᠨ ᠨᠢᠭᠡ ᠵᠦᠢᠯ ᠤᠨ ᠰᠠᠬᠢᠭᠤᠯᠰᠤᠨᠴᠢᠯᠠᠭᠰᠠᠨ ᠲᠣᠯᠣᠭᠠᠶᠢᠯᠠᠭᠴᠢ ᠶᠢᠨ ᠮᠤᠬᠤᠷ ᠰᠦᠰᠦᠭ ᠤᠨ ᠭᠠᠵᠢᠭᠤ ᠰᠤᠷᠭᠠᠯ ᠢ ᠦᠢᠯᠡᠳᠬᠦ᠂ ᠲᠠᠷᠬᠠᠭᠠᠬᠤ ᠵᠡᠷᠭᠡ ᠠᠷᠭ᠎ᠠ ᠪᠠᠷᠢᠯ ᠢ ᠠᠰᠢᠭᠯᠠᠨ ᠪᠤᠰᠤᠳ ᠢ ᠲᠥᠭᠡᠷᠢᠭᠳᠡᠭᠦᠯᠬᠦ᠂ ᠮᠡᠬᠡᠯᠡᠬᠦ᠂ ᠡᠵᠡᠮᠳᠡᠬᠦ᠂ ᠨᠡᠶᠢᠭᠡᠮ ᠳᠤ ᠬᠤᠣᠷ ᠬᠥᠨᠥᠭᠡᠯ ᠤᠴᠠᠷᠠᠭᠤᠯᠬᠤ ᠬᠠᠤᠯᠢ ᠪᠤᠰᠤ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ᠃
      ᠬᠤᠶᠠᠷ᠂ ᠭᠠᠵᠢᠭᠤ ᠨᠣᠮᠯᠠᠯ ᠶᠠᠮᠠᠷ ᠣᠨᠴᠠᠯᠢᠭ ᠲᠠᠢ ᠪᠤᠢ︖
      ︵ᠨᠢᠭᠡ︶ ᠱᠠᠰᠢᠨ ᠤ ᠡᠵᠡᠨ ᠤ ᠰᠢᠲᠦᠯᠭᠡ᠃ ᠭᠠᠵᠢᠭᠤ ᠨᠣᠮᠯᠠᠯ ᠤᠨ ᠲᠦᠷᠦᠭᠦᠦ ᠨᠢ ︽ᠶᠢᠷᠲᠢᠨᠴᠦ ᠶᠢ ᠠᠪᠤᠷᠠᠭᠴᠢ︾ ᠶᠢᠨ ᠲᠦᠷᠢ ᠪᠠᠷ ᠢᠯᠡᠷᠡᠵᠦ᠂ ᠥᠪᠡᠷ ᠢ ᠪᠠᠨ ᠵᠥᠩᠨᠡᠨ ᠮᠡᠳᠡᠭᠴᠢ᠂ ᠱᠠᠰᠢᠨ ᠤ ᠡᠵᠡᠨ᠂ ᠶᠡᠭᠡ ᠪᠠᠭᠰᠢ ᠭᠡᠵᠦ ᠡᠷᠭᠦᠮᠵᠢᠯᠡᠵᠦ᠂ ᠥᠪᠡᠷ ᠢ ᠪᠠᠨ ᠣᠨᠴᠠᠭᠠᠢ ᠴᠢᠳᠠᠮᠵᠢ ᠲᠠᠢ᠂ ᠰᠠᠬᠢᠭᠤᠯᠰᠤᠨ ᠤ ᠰᠡᠷᠡᠯ ᠵᠡᠷᠭᠡ ᠪᠠᠶᠢᠭᠠᠯᠢ ᠠᠴᠠ ᠳᠠᠪᠠᠭᠰᠠᠨ ᠴᠢᠳᠠᠪᠤᠷᠢ ᠲᠠᠢ᠂ ᠮᠡᠳᠡᠬᠦ ᠦᠭᠡᠢ ᠶᠠᠭᠤᠮ᠎ᠠ ᠦᠭᠡᠢ᠂ ᠴᠢᠳᠠᠬᠤ ᠦᠭᠡᠢ ᠶᠠᠭᠤᠮ᠎ᠠ ᠠᠯᠠᠭ᠎ᠠ ᠭᠡᠵᠦ ᠬᠡᠯᠡᠳᠡᠭ᠃
      ︵ᠬᠤᠶᠠᠷ︶ ᠨᠢᠭᠤᠴᠠ ᠪᠠᠷ ᠡᠪᠯᠡᠨ ᠬᠤᠷᠰᠢᠬᠤ᠃ ︽ᠡᠪᠯᠡᠯ ᠬᠤᠯᠪᠣᠭ᠎ᠠ ᠪᠠᠶᠢᠭᠤᠯᠬᠤ︾ ᠪᠣᠯ ᠭᠠᠵᠢᠭᠤ ᠨᠣᠮᠯᠠᠯ ᠤᠨ ︽ᠨᠢᠭᠤᠴᠠ ᠸᠠᠩᠲᠤ ᠤᠯᠤᠰ︾ ᠪᠠᠶᠢᠭᠤᠯᠵᠤ᠂ ᠭᠠᠵᠢᠭᠤ ᠬᠦᠴᠦᠨ ᠢ ᠥᠷᠭᠡᠳᠬᠡᠬᠦ ᠭᠤᠣᠯ ᠠᠷᠭ᠎ᠠ ᠪᠠᠷᠢᠯ ᠮᠥᠨ᠃ ᠲᠡᠭᠦᠨ ᠤ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠴᠢᠩᠭ᠎ᠠ᠂ ᠣᠨᠴᠠ ᠡᠷᠬᠡᠲᠦ ᠦᠵᠡᠯ ᠬᠦᠨᠳᠦ ᠨᠣᠴᠢᠲᠠᠶ᠃ ᠬᠠᠤᠯᠢ ᠪᠤᠰᠤ ᠪᠠᠷ ᠬᠡᠲᠦ ᠠᠰᠢᠭ ᠣᠯᠬᠤ᠂ ᠵᠣᠬᠢᠶᠠᠭᠰᠠᠨ ᠨᠣᠮ ᠪᠢᠴᠢᠭ ᠪᠣᠯᠤᠨ ︽ᠠᠷᠢᠭᠤᠨ ᠡᠳ᠋︾ ᠭᠡᠳᠡᠭ ᠢᠶᠠᠨ ᠪᠣᠷᠣᠯᠠᠭᠤᠯᠬᠤ ᠪᠠᠷ ᠳᠠᠮᠵᠢᠭᠤᠯᠤᠨ᠂ ᠪᠦᠷᠢᠯᠳᠦᠬᠦᠨ ᠢᠶᠠᠷ ᠬᠤᠳᠠᠯᠳᠤᠨ ᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ ᠶᠡᠭᠡ ᠬᠡᠮᠵᠢᠶᠡᠨ ᠤ ᠵᠣᠭᠤᠰ ᠮᠥᠩᠭᠦ ᠴᠤᠭᠯᠠᠭᠤᠯᠬᠤ ᠶᠢ ᠰᠢᠭᠤᠳ ᠱᠠᠭᠠᠷᠳᠠᠳᠠᠭ᠃
      ︵ᠭᠤᠷᠪᠠ︶ ᠬᠤᠳᠠᠯ ᠦᠭᠡ ᠵᠣᠬᠢᠶᠠᠬᠤ᠃ ᠱᠠᠰᠢᠨ ᠤ ᠨᠣᠮᠯᠠᠯ ᠢ ᠭᠠᠵᠢᠭᠤᠳᠠᠭᠤᠯᠤᠭᠰᠠᠨ ᠪᠤᠶᠤ ᠰᠢᠨᠵᠢᠯᠡᠬᠦ ᠤᠬᠠᠭᠠᠨ ᠤ ᠮᠡᠳᠡᠯᠭᠡ ᠶᠢ ᠬᠤᠯᠠᠭᠠᠶᠢᠯᠠᠨ ᠬᠡᠷᠡᠭᠯᠡᠵᠦ ︽ᠱᠠᠰᠢᠨ ᠤ ᠶᠣᠰᠣ ᠨᠣᠮᠯᠠᠯ︾ ᠬᠡᠮᠡᠭᠰᠡᠨ ᠪᠥᠭᠡᠳ ᠨᠡᠯᠢᠶᠡᠳ ᠪᠣᠳᠠᠲᠠᠢ ︽ᠭᠠᠯᠪᠠ ᠶᠡᠭᠦᠷᠡᠬᠦ ᠡᠳᠦᠷ︾᠂ ᠶᠡᠭᠡ ᠭᠠᠢ ᠭᠠᠮᠰᠢᠭ ᠪᠤᠶᠤ ᠭᠠᠢ ᠭᠠᠮᠰᠢᠭ ᠵᠡᠷᠭᠡ ᠶᠢ ᠵᠣᠬᠢᠶᠠᠵᠤ᠂ ᠬᠥᠮᠦᠰ ᠤᠨ ᠰᠡᠳᠬᠢᠯ ᠢ ᠲᠥᠭᠡᠷᠢᠭᠳᠡᠭᠦᠯᠳᠡᠭ᠃
      ︵ᠳᠥᠷᠪᠠ︶ ᠤᠶᠤᠨ ᠤ ᠡᠵᠡᠮᠰᠢᠯ᠃ ᠡᠯ᠎ᠡ ᠵᠦᠢᠯ ᠤᠨ ᠭᠠᠵᠢᠭᠤ ᠶᠣᠰᠣ ᠭᠠᠵᠢᠭᠤ ᠶᠠᠷᠢᠶ᠎ᠠ᠂ ᠬᠤᠳᠠᠯ ᠦᠭᠡ ᠮᠡᠬᠡᠯᠡᠯ᠂ ᠰᠡᠳᠬᠢᠴᠡ ᠶᠢᠨ ᠲᠤᠬᠢᠯᠳᠠ ᠵᠡᠷᠭᠡ ᠪᠠᠷ ᠰᠦᠰᠦᠭᠲᠡᠨ ᠤ ᠪᠠᠨ ᠲᠠᠷᠢᠬᠢ ᠶᠢ ᠤᠬᠢᠶᠠᠨ ᠴᠡᠪᠡᠷᠯᠡᠵᠦ᠂ ᠲᠡᠳᠡᠨ ᠢ ︽ᠱᠠᠰᠢᠨ ᠤ ᠡᠵᠡᠨ︾ ᠤ ᠰᠠᠨᠠᠭᠠᠨ ᠲᠡᠪᠡ ᠪᠠᠷ ᠢᠶᠠᠨ ᠦᠢᠯᠡᠳᠬᠦ᠂ ᠳᠤᠷ᠎ᠠ ᠪᠠᠷ ᠨᠢ ᠲᠠᠯᠪᠢᠬᠤ ᠪᠣᠯᠭᠠᠳᠠᠭ᠃
      ᠭᠤᠷᠪᠠ᠂ ᠭᠠᠵᠢᠭᠤ ᠨᠣᠮᠯᠠᠯ ᠬᠥᠮᠦᠨ ᠢ ᠶᠠᠭᠠᠬᠢᠵᠤ ᠮᠡᠬᠡᠯᠡᠳᠡᠭ ᠪᠤᠢ︖
      ᠭᠠᠵᠢᠭᠤ ᠶᠣᠰᠣ ᠭᠠᠵᠢᠭᠤ ᠦᠭᠡ ᠪᠠᠷ ᠬᠥᠮᠦᠨ ᠢ  ᠮᠡᠬᠡᠯᠡᠬᠦ  ᠱᠠᠰᠢᠨ ᠤ ᠨᠡᠷ᠎ᠡ ᠪᠠᠷ ᠬᠥᠮᠦᠨ ᠢ ᠮᠡᠬᠡᠯᠡᠬᠦ᠂ ᠡᠪᠡᠳᠴᠢᠨ ᠢ ᠵᠠᠰᠠᠵᠤ᠂ ᠭᠠᠮᠰᠢᠭ ᠠᠴᠠ ᠬᠡᠯᠲᠦᠷᠢᠭᠦᠯᠬᠦ ᠪᠠᠷ ᠬᠥᠮᠦᠨ ᠢ  ᠲᠠᠲᠠᠬᠤ ᠡᠯ᠎ᠠ ᠵᠦᠢᠯ ᠤᠨ ᠹᠧᠣᠳᠠᠯ ᠤᠨ ᠮᠤᠬᠤᠷ ᠪᠢᠰᠢᠷᠡᠯ ᠢᠶᠠᠷ ᠬᠥᠮᠦᠨ ᠢ ᠠᠶᠤᠯᠭᠠᠵᠤ᠂ ᠪᠠᠭ᠎ᠠ ᠰᠠᠭ᠎ᠠ ᠠᠰᠢᠭ ᠂ ᠬᠦ᠋ᠴᠦᠷᠬᠡᠭᠯᠡᠯ ᠤᠨ ᠠᠷᠭ᠎ᠠ ᠪᠠᠷ ᠬᠥᠮᠦᠨ ᠢ ᠰᠦᠷᠳᠡᠭᠦᠯᠬᠦ᠃
      ᠳᠥᠷᠪᠠ᠂ ᠭᠠᠵᠢᠭᠤ ᠨᠣᠮᠯᠠᠯ ᠠᠴᠠ ᠬᠡᠷᠬᠢᠨ ᠵᠠᠶᠢᠯᠠᠬᠤ ᠪᠤᠢ︖
      ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠭᠠᠵᠢᠭᠤ ᠨᠣᠮᠯᠠᠯ ᠢ ᠡᠰᠡᠷᠭᠦᠴᠡᠨ᠎ᠡ᠃ ᠭᠠᠵᠢᠭᠤ ᠨᠣᠮᠯᠠᠯ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠤᠬᠠᠭᠤᠯᠬᠤ ᠬᠠᠭᠤᠳᠠᠰᠤ᠂ ᠵᠠᠬᠢᠳᠠᠯ ᠴᠢᠮᠡᠭᠡ᠂ ᠰᠢᠦᠳᠠᠨ ᠤ ᠵᠦᠢᠯ᠂ ᠯᠠᠶᠢᠰᠧᠷ ᠲᠡᠪᠠᠬ᠂ ᠹᠠᠺᠰ ᠵᠡᠷᠭᠡ ᠲᠡᠷᠰᠯᠡᠭᠦᠦ ᠮᠠᠲ᠋ᠧᠷᠢᠶᠠᠯ ᠢ ᠤᠬᠠᠭᠤᠯᠬᠤ ᠶᠢ ᠲᠠᠪᠴᠢᠨ᠎ᠡ᠃ ᠭᠠᠵᠢᠭᠤ ᠨᠣᠮᠯᠠᠯ ᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠡᠩ ᠤᠨ ᠦᠶ᠎ᠡ ᠳᠤ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠢᠯᠡᠭᠦᠬᠡᠨ ᠰᠤᠷᠤᠯᠴᠠᠵᠤ᠂ ᠡᠵᠡᠨ ᠬᠥᠮᠦᠨ ᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ᠂ ᠰᠦᠪᠡᠭᠴᠢ ᠶᠢ ᠣᠯᠵᠤ ᠮᠡᠳᠡᠪᠡᠯ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠦᠭᠰᠢᠭᠦᠷᠢ ᠮᠡᠳᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡᠨ ᠬᠠᠤᠯᠢ ᠮᠡᠳᠡᠬᠦ ᠠᠷᠠᠳ ᠢᠷᠭᠡᠨ ᠪᠣᠯᠵᠤ᠂ ᠬᠠᠤᠯᠢ ᠴᠠᠭᠠᠵᠠ ᠶᠢᠨ ᠤᠬᠠᠮᠰᠠᠷ ᠢᠶᠠᠨ ᠳᠡᠭᠡᠭᠰᠢᠯᠡᠭᠦᠯᠦᠶ᠎ᠡ᠃ ᠰᠢᠨᠵᠢᠯᠡᠬᠦ ᠤᠬᠠᠭᠠᠨ ᠤ ᠨᠣᠮ ᠪᠢᠴᠢᠭ ᠢ ᠢᠯᠡᠭᠦᠬᠡᠨ ᠤᠩᠰᠢᠵᠤ᠂ ᠰᠠᠶᠢᠨ ᠰᠠᠶᠢᠬᠠᠨ ᠳᠠᠳᠬᠠᠯ ᠢ ᠪᠤᠢ ᠪᠣᠯᠭᠠᠨ᠎ᠠ᠃ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠥᠪᠡᠷ ᠢ ᠪᠠᠨ ᠬᠠᠮᠠᠭᠠᠯᠠᠬᠤ ᠶᠢ ᠮᠡᠳᠡᠵᠦ᠂ ᠬᠠᠤᠯᠢ ᠴᠠᠭᠠᠵᠠ ᠪᠠᠷ ᠭᠠᠵᠢᠭᠤ ᠨᠣᠮᠯᠠᠯ ᠤᠨ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠬᠡᠬᠦ ᠬᠡᠷᠡᠭᠲᠡᠢ᠃
    

ᠢᠷᠡᠯᠲᠡ
ᠡᠵᠡᠨ ᠬᠤᠷᠤᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro