ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

《ᠬᠦᠴᠢᠯᠯᠢᠭ ᠡᠭᠡᠳᠡᠩ ᠲᠡᠶ ᠳ᠋ᠧᠦᠹᠦ᠋》 ᠶᠢᠨ ᠰᠢᠨ᠎ᠡ ᠠᠮᠢᠯᠠᠯ ᠤᠨ ᠲᠡᠮᠳᠡᠭᠯᠡᠯ

2023-10-13 09:33:35
ᠵᠣᠬᠢᠶᠠᠭᠴᠢ
ᠰᠠᠷᠠᠭᠤᠯ

 

 

ᠵᠢᠵᠢᠭᠬᠡᠨ 《ᠬᠦᠴᠢᠯᠯᠢᠭ ᠡᠭᠡᠳᠡᠩ ᠲᠡᠶ ᠳ᠋ᠧᠦᠹᠦ᠋》 ᠨᠢ ᠪᠠᠶᠢᠴᠠᠭᠠᠬᠤ ᠠᠵᠢᠯᠲᠠᠨ ᠤ ᠰᠡᠳᠬᠢᠯ  ᠢ ᠲᠠᠲᠠᠵᠤ ᠪᠠᠶᠢᠨ᠎ᠠ ᠃ ᠣᠶᠢᠷ᠎ᠠ ᠳᠤ ᠂ ᠬᠥᠬᠡᠬᠣᠲᠠ ᠶᠢᠨ ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠶ᠎ᠠ ᠢᠯᠡ ᠪᠡᠷ ᠭᠡᠷᠡᠴᠢᠯᠡᠭᠡ ᠰᠣᠨᠣᠰᠬᠤ ᠪᠠᠷ ᠳᠡᠮᠵᠢᠨ ᠂ ᠨᠢᠭᠡᠨ ᠳ᠋ᠧᠦᠹᠦ᠋ ᠶᠢᠨ ᠬᠣᠷᠰᠢᠶ᠎ᠠ ᠪᠣᠯᠤᠨ ᠰᠠᠶᠢᠬᠠᠨ ᠲᠣᠭᠣᠷᠢᠭ ᠤᠨ ᠨᠢᠭᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠶᠡᠳᠡᠬᠦ ᠬᠡᠯᠡᠯᠴᠡᠭᠡᠷ ᠲᠣᠭᠲᠠᠬᠤ ᠶᠢ ᠳᠥᠯᠭᠢᠨ ᠠᠬᠢᠭᠤᠯᠵᠤ ᠂ 8.5 ᠲᠦᠮᠡᠨ ᠲᠥᠭᠥᠷᠢᠭ ᠦᠨ ᠵᠣᠭᠣᠰ ᠢᠶᠠᠷ ᠲᠣᠷᠭᠠᠬᠤ ᠶᠢ ᠬᠡᠯᠲᠦᠷᠢᠭᠦᠯᠪᠡ ᠃ ᠣᠳᠣᠬᠠᠨ ᠳᠤ ᠂ ᠲᠤᠰ ᠡᠶᠡᠳᠡᠬᠦ ᠬᠡᠯᠡᠯᠴᠡᠭᠡᠷ ᠢ ᠨᠢᠭᠡᠨᠲᠡ ᠪᠦᠬᠦᠨ ᠢ ᠭᠦᠢᠴᠡᠳᠬᠡᠵᠦ ᠳᠠᠭᠤᠰᠬᠠᠪᠠ ᠃

ᠡᠨᠡ ᠵᠢᠯ ᠦᠨ 8 ᠰᠠᠷ᠎ᠠ  ᠶᠢᠨ ᠡᠬᠢ ᠪᠡᠷ ᠨᠢᠭᠡᠨ ᠳ᠋ᠧᠦᠹᠦ᠋  ᠶᠢᠨ ᠬᠣᠷᠰᠢᠶᠠᠨ ᠤ ᠬᠠᠷᠢᠭᠤᠴᠠᠯᠭᠠᠲᠠᠨ ᠴᠢᠷᠠᠶ ᠪᠠᠷᠤᠶᠢᠯᠭᠠᠨ ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠶᠠᠨ ᠤ 12309 ᠪᠠᠶᠢᠴᠠᠭᠠᠬᠤ ᠦᠢᠯᠡᠴᠢᠯᠡᠭᠡᠨ ᠦ ᠲᠥᠪ ᠲᠦ ᠬᠦᠷᠴᠦ ᠪᠠᠶᠢᠳᠠᠯ  ᠢ ᠲᠤᠰᠬᠠᠪᠠ ᠄ 《 ᠬᠦᠴᠢᠯᠯᠢᠭ ᠡᠭᠡᠳᠡᠩ ᠲᠠᠢ ᠳ᠋ᠧᠦᠹᠦ᠋  ᠶᠢᠨ ᠨᠢᠭᠡ ᠲᠥᠭᠥᠷᠢᠭ ᠦᠨ ᠠᠰᠢᠭ ᠬᠣᠨᠵᠢᠪᠣᠷᠢ ᠨᠢ ᠬᠡᠳᠦᠨ ᠮᠥᠩᠭᠥ ᠡᠴᠡ ᠬᠡᠲᠦᠷᠡᠬᠦ ᠦᠭᠡᠶ ᠂ ᠠᠷᠪᠠᠨ ᠬᠡᠳᠦᠨ ᠲᠦᠮᠡᠨ ᠲᠥᠭᠥᠷᠢᠭ ᠦᠨ ᠲᠣᠷᠭᠠᠭᠤᠯᠢ  ᠶᠢᠨ ᠵᠣᠭᠣᠰ  ᠢ ᠦᠨᠡᠬᠡᠷ ᠳᠠᠭᠠᠭᠠᠬᠤ ᠦᠭᠡᠶ ᠂ ᠺᠣᠮᠫᠠᠨᠢ  ᠶᠢᠨ ᠳᠠᠩᠰᠠᠨ ᠡᠷᠦᠬᠡ  ᠶᠢ ᠴᠡᠪᠳᠡᠭᠯᠡᠵᠦ ᠂ ᠬᠡᠳᠦᠨ ᠠᠷᠪᠠᠨ ᠠᠵᠢᠯᠴᠢᠨ ᠤ ᠨᠡᠶᠢᠭᠡᠮ ᠦᠨ ᠳᠠᠭᠠᠳᠬᠠᠯ  ᠢ ᠲᠤᠰᠢᠶᠠᠬᠤ ᠶᠠᠪᠤᠳᠠᠯ ᠴᠤ ᠨᠥᠯᠥᠭᠡᠯᠡᠭᠳᠡᠵᠦ ᠂ ᠵᠠᠯᠭᠠᠭᠠᠳ ᠳᠠᠮᠫᠤᠷᠠᠬᠤ ᠪᠣᠯᠤᠨ᠎ᠠ ᠃ ᠪᠢᠳᠡ ᠬᠢᠨᠠᠯᠲᠠ ᠲᠠᠯᠪᠢᠭᠤᠯᠬᠤ ᠪᠠᠷ ᠭᠤᠶᠤᠴᠢᠯᠠᠶ᠎ᠠ᠂ ᠵᠠᠷᠢᠮ ᠬᠦᠴᠢᠷᠳᠡᠯ ᠢ ᠨᠢ ᠬᠠᠪᠰᠤᠷᠤᠨ ᠰᠢᠶᠳᠪᠦᠷᠢᠯᠡᠵᠦ ᠥᠭᠬᠦ ᠶᠢ ᠪᠠᠶᠢᠴᠠᠭᠠᠬᠤ ᠪᠠᠶᠢᠭᠤᠯᠭ᠎ᠠ ᠳᠤ ᠬᠦᠰᠡᠵᠦ ᠪᠠᠶᠢᠨ᠎ᠠ》 ᠭᠡᠵᠡᠶ᠃ 

 

  

ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠶ᠎ᠠ ᠶᠢᠨ ᠵᠠᠰᠠᠭ ᠵᠠᠬᠢᠷᠭᠠᠨ ᠤ ᠪᠠᠶᠢᠴᠠᠭᠠᠬᠤ ᠰᠠᠯᠠᠭ᠎ᠠ ᠮᠥᠴᠢᠷ ᠦᠨ ᠠᠵᠢᠯᠲᠠᠨ ᠲᠤᠬᠠᠶ ᠶᠢᠨ ᠬᠥᠮᠦᠨ ᠢ ᠬᠦᠯᠢᠴᠡᠩᠭᠦᠶ ᠪᠡᠷ ᠭᠥᠯᠢᠶᠡᠨ ᠠᠪᠴᠤ ᠂ ᠭᠤᠶᠤᠴᠢᠯᠠᠯ ᠤᠨ ᠮᠠᠲ᠋ᠧᠷᠢᠶᠠᠯ ᠢ ᠨᠠᠷᠢᠨ ᠨᠢᠮᠪᠠᠶ ᠪᠠᠶᠢᠴᠠᠭᠠᠨ ᠦᠵᠡᠵᠦ ᠂ ᠬᠣᠯᠪᠣᠭᠳᠠᠯ ᠪᠥᠬᠥᠶ ᠲᠠᠩᠰᠠ ᠡᠪᠬᠡᠮᠡᠯ ᠢ ᠪᠠᠶᠢᠴᠠᠭᠠᠨ ᠦᠵᠡᠵᠦ ᠂ ᠬᠡᠷᠡᠭ ᠦᠨ ᠤᠴᠢᠷ ᠰᠢᠯᠲᠠᠭᠠᠨ ᠢ ᠲᠣᠳᠣᠷᠬᠠᠶ ᠣᠶᠢᠯᠠᠭᠠᠪᠠ ᠃

2021 ᠣᠨ ᠤ 8 ᠰᠠᠷ᠎ᠠ ᠳᠤ ᠂ ᠨᠢᠭᠡᠨ ᠳ᠋ᠧᠦᠹᠦ᠋ ᠶᠢᠨ ᠬᠣᠷᠰᠢᠶᠠᠨ ᠤ ᠦᠶᠯᠡᠳᠪᠦᠷᠢᠯᠡᠭᠰᠡᠨ 《 ᠬᠦᠴᠢᠯᠯᠢᠭ ᠡᠭᠡᠳᠡᠩ  ᠲᠠᠢ ᠳ᠋ᠧᠦᠹᠦ᠋ 》  ᠵᠢᠨ ᠪᠦᠳᠦᠭᠦᠨ ᠭᠡᠳᠡᠰᠦᠨ ᠦ ᠰᠠᠪᠬᠠᠨᠴᠢᠷ ᠪᠠᠺᠲ᠋ᠧᠷᠢ ᠪᠠᠷᠢᠮᠵᠢᠶ᠎ᠠ ᠠᠴᠠ ᠬᠡᠲᠦᠷᠡᠭᠰᠡᠨ ᠢ ᠰᠣᠩᠭᠣᠨ ᠪᠠᠶᠢᠴᠠᠭᠠᠵᠤ ᠭᠠᠷᠭᠠᠵᠠᠶ ᠂ ᠨᠢᠭᠡᠨ ᠵᠠᠰᠠᠭ ᠵᠠᠬᠢᠷᠭᠠᠨ ᠤ ᠪᠠᠶᠢᠭᠤᠯᠭ᠎ᠠ ᠬᠠᠸᠯᠢ ᠴᠠᠭᠠᠵᠠ ᠶᠢᠨ ᠲᠣᠭᠲᠠᠭᠠᠯ ᠶᠣᠰᠣᠭᠠᠷ ᠲᠡᠭᠦᠨ ᠢ 8.5 ᠲᠦᠮᠡᠨ ᠲᠥᠭᠥᠷᠢᠭ ᠢᠶᠡᠷ ᠲᠣᠷᠭᠠᠬᠤ ᠶᠢᠨ ᠬᠠᠮᠲᠤ ᠬᠠᠸᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠣᠷᠢᠶᠠᠨ ᠠᠪᠴᠠᠶ ᠃ ᠲᠤᠰ ᠳ᠋ᠧᠦᠹᠦ᠋ ᠶᠢᠨ ᠬᠤᠷᠰᠢᠶ᠎ᠠ ᠲᠣᠭᠲᠠᠭᠰᠠᠨ ᠬᠤᠭᠤᠴᠠᠭᠠᠨ ᠳᠠᠭᠠᠨ ᠲᠣᠷᠭᠠᠭᠤᠯᠢ ᠶᠢᠨ ᠵᠣᠭᠣᠰ ᠢᠶᠠᠨ ᠲᠤᠰᠢᠶᠠᠭᠰᠠᠨ ᠦᠭᠡᠢ ᠪᠥᠭᠡᠳ ᠲᠣᠭᠲᠠᠭᠰᠠᠨ ᠬᠤᠭᠤᠴᠠᠭᠠᠨ ᠤ ᠳᠣᠲᠣᠷ᠎ᠠ ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠬᠦ ᠪᠡᠷ ᠭᠤᠶᠤᠴᠢᠯᠠᠭᠰᠠᠨ ᠦᠭᠡᠢ ᠪᠤᠶᠤ ᠵᠠᠰᠠᠭ ᠵᠠᠬᠢᠷᠭᠠᠨ ᠤ ᠵᠠᠷᠭᠤ ᠬᠢᠭᠰᠡᠨ ᠦᠭᠡᠢ᠂ ᠵᠠᠰᠠᠭ ᠵᠠᠬᠢᠷᠭᠠᠨ ᠤ ᠪᠠᠶᠢᠭᠤᠯᠭ᠎ᠠ ᠰᠢᠪᠠᠳᠠᠨ ᠮᠡᠳᠡᠭᠳᠡᠭᠰᠡᠨ ᠦ ᠲᠠᠷᠠᠭ᠎ᠠ᠂ ᠲᠡᠭᠦᠨ ᠢ  8.5 ᠲᠦᠮᠡᠨ ᠲᠥᠭᠥᠷᠢᠭ ᠢᠶᠡᠷ ᠲᠣᠷᠭᠠᠬᠤ ᠪᠠᠷ ᠨᠡᠮᠡᠵᠦ ᠰᠢᠳᠬᠡᠭᠰᠡᠨ ᠪᠥᠭᠡᠳ ᠰᠢᠭᠦᠬᠦ ᠬᠣᠷᠢᠶᠠᠨ ᠳᠤ ᠠᠯᠪᠠᠳᠠᠨ ᠭᠦᠢᠴᠡᠳᠬᠡᠭᠦᠯᠬᠦ ᠪᠡᠷ ᠭᠤᠶᠤᠴᠢᠯᠠᠵᠠᠶ᠃2022 ᠣᠨ ᠤ 6 ᠰᠠᠷ᠎ᠠ ᠳᠤ ᠂ ᠰᠢᠭᠦᠬᠦ ᠬᠣᠷᠢᠶ᠎ᠠ ᠠᠴᠠ ᠲᠣᠰ ᠳ᠋ᠧᠦᠹᠦ᠋ ᠶᠢᠨ ᠬᠣᠷᠰᠢᠶ᠎ᠠ ᠶᠢ ᠠᠯᠪᠠᠳᠠᠯᠭ᠎ᠠ ᠪᠠᠷ ᠵᠣᠭᠣᠰ ᠢᠶᠠᠷ ᠲᠣᠷᠭᠠᠬᠤ ᠪᠠ ᠨᠡᠶᠢᠲᠡ 17 ᠲᠦᠮᠡᠨ ᠲᠥᠭᠥᠷᠢᠭ ᠦᠨ ᠵᠣᠭᠣᠰ ᠢᠶᠠᠷ ᠲᠣᠷᠭᠠᠬᠤ ᠪᠠᠷ ᠨᠡᠮᠡᠵᠦ ᠰᠢᠳᠬᠡᠬᠦ ᠶᠢ ᠵᠥᠪᠰᠢᠶᠡᠷᠡᠬᠦ ᠲᠣᠭᠲᠠᠭᠠᠯᠲᠠ ᠭᠠᠷᠭᠠᠪᠠ ᠃ᠲᠤᠰ ᠳ᠋ᠧᠦᠹᠦ᠋ ᠶᠢᠨ ᠬᠤᠷᠰᠢᠶ᠎ᠠ ᠨᠢ ᠪᠠᠶᠢᠳᠠᠯ ᠢ ᠨᠢ ᠦᠵᠡᠵᠦ ᠪᠠᠶᠢᠭᠠᠳ ᠬᠡᠰᠡᠭ ᠲᠣᠷᠭᠠᠭᠤᠯᠢ ᠶᠢᠨ ᠵᠣᠭᠣᠰ ᠢ ᠬᠥᠩᠭᠡᠯᠡᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ ᠶᠢ ᠬᠦᠰᠡᠵᠦ ᠪᠠᠶᠢᠨ᠎ᠠ᠃ ᠲᠣᠰ ᠬᠡᠷᠡᠭ ᠢ ᠰᠢᠶᠳᠪᠦᠷᠢᠯᠡᠬᠦ ᠪᠡᠷ ᠭᠥᠯᠢᠶᠡᠨ ᠠᠪᠤᠭᠰᠠᠨ ᠤ ᠳᠠᠷᠠᠭ᠎ᠠ ᠂ ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠶᠠᠨ ᠤ ᠵᠠᠰᠠᠭ ᠵᠠᠬᠢᠷᠭᠠᠨ ᠤ ᠪᠠᠶᠢᠴᠠᠭᠠᠬᠤ ᠰᠠᠯᠠᠭ᠎ᠠ ᠮᠥᠴᠢᠷ ᠲᠡᠷᠡ ᠳᠠᠷᠤᠶ ᠳᠤᠨᠢ ᠵᠠᠰᠠᠭ ᠵᠠᠬᠢᠷᠭᠠᠨ ᠤ ᠪᠠᠶᠢᠭᠤᠯᠭ᠎ᠠ ᠲᠠᠶ ᠨᠡᠪᠲᠡᠷᠡᠯᠴᠡᠵᠦ ᠂ ᠲᠡᠭᠦᠨ ᠦ ᠲᠣᠷᠭᠠᠭᠤᠯᠢ ᠶᠢᠨ ᠵᠣᠭᠣᠰ ᠢ ᠬᠠᠰᠤᠵᠤ ᠭᠡᠯᠳᠦᠷᠢᠭᠦᠯᠬᠦ ᠪᠠ ᠨᠡᠮᠡᠵᠦ ᠰᠢᠳᠬᠡᠬᠦ ᠬᠦᠰᠡᠯ ᠲᠡᠶ ᠪᠠᠶᠢᠬᠤ ᠶᠢ ᠣᠯᠵᠤ ᠮᠡᠳᠡᠵᠡᠶ ᠃

 

  

ᠲᠣᠷᠭᠠᠭᠤᠯᠢ  ᠶᠢᠨ ᠵᠣᠭᠣᠰ  ᠢ ᠬᠥᠩᠭᠡᠯᠡᠨ ᠬᠡᠯᠲᠦᠷᠢᠭᠦᠯᠵᠦ ᠂ ᠨᠡᠮᠡᠵᠦ ᠰᠢᠳᠬᠡᠵᠦ ᠪᠣᠯᠬᠤ ᠡᠰᠡᠬᠦ ᠲᠤᠬᠠᠶ ᠲᠤᠰ ᠬᠣᠷᠢᠶᠠᠨ ᠤ ᠵᠠᠰᠠᠭ ᠵᠠᠬᠢᠷᠭᠠᠨ ᠤ ᠪᠠᠶᠢᠴᠠᠭᠠᠬᠤ ᠰᠠᠯᠠᠭ᠎ᠠ ᠮᠥᠴᠢᠷ ᠬᠠᠤᠯᠢ ᠴᠠᠭᠠᠵᠠ  ᠶᠢᠨ ᠲᠣᠭᠲᠠᠭᠠᠯ  ᠢ ᠨᠠᠷᠢᠨ ᠬᠢᠨᠠᠮᠠᠭᠠᠶ ᠰᠤᠳᠤᠯᠤᠭᠰᠠᠨ ᠤ ᠳᠠᠷᠠᠭ᠎ᠠ ᠰᠠᠨᠠᠯ ᠨᠢᠭᠡᠲᠡᠶ ᠦᠵᠡᠭᠰᠡᠨ ᠨᠢ ᠂ ᠵᠠᠰᠠᠭ ᠵᠠᠬᠢᠷᠭᠠᠨ ᠤ ᠠᠯᠪᠠᠳᠠᠯᠭ᠎ᠠ  ᠶᠢᠨ ᠬᠠᠤᠯᠢ  ᠶᠢᠨ ᠬᠣᠯᠪᠣᠭᠳᠠᠯ ᠪᠦᠬᠦᠢ ᠲᠣᠭᠲᠠᠭᠠᠯ  ᠢ ᠦᠨᠳᠦᠰᠦᠯᠡᠪᠡᠯ ᠂ ᠵᠠᠰᠠᠭ ᠵᠠᠬᠢᠷᠭᠠᠨ ᠤ ᠪᠠᠶᠢᠭᠤᠯᠭ᠎ᠠ ᠠᠯᠪᠠᠳᠠᠯᠭ᠎ᠠ ᠪᠠᠷ ᠭᠦᠢᠴᠡᠳᠬᠡᠬᠦ ᠠᠵᠢᠯᠯᠠᠭ᠎ᠠ ᠳᠤᠮᠳᠠ ᠪᠠᠨ ᠡᠳ᠋ ᠬᠥᠷᠥᠩᠭᠡ  ᠶᠢᠨ ᠴᠢᠨᠠᠷᠲᠠᠶ ᠰᠢᠳᠭᠡᠯ ᠳᠦ ᠵᠣᠬᠢᠬᠤ ᠬᠡᠮᠵᠢᠶᠡᠨ ᠦ ᠴᠢᠯᠥᠭᠡᠲᠦ ᠲᠠᠰᠤᠯᠤᠯᠲᠠ  ᠶᠢᠨ ᠡᠷᠬᠡ ᠲᠡᠶ ᠃ᠠᠯᠪᠠᠳᠠᠨ ᠭᠦᠢᠴᠡᠳᠬᠡᠭᠦᠯᠬᠦ ᠠᠵᠢᠯᠯᠠᠭ᠎ᠠ ᠨᠢ ᠰᠢᠭᠦᠬᠦ ᠬᠣᠷᠢᠶᠠᠨ ᠤ ᠵᠠᠷᠭᠤ ᠶᠢᠨ ᠪᠤᠰᠤ ᠭᠦᠢᠴᠡᠳᠬᠡᠬᠦ ᠵᠠᠩᠭᠢᠯᠠᠭ᠎ᠠ ᠳᠤ ᠤᠷᠤᠭᠰᠠᠨ ᠤ ᠲᠠᠷᠠᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠮᠥᠨ ᠯᠡ ᠦᠢᠯᠡᠳᠦᠯ ᠭᠠᠷᠭᠠᠵᠤ ᠪᠣᠯᠤᠨ᠎ᠠ᠃ ᠪᠡᠶᠡᠴᠢ ᠲᠠᠯ᠎ᠠ ᠠᠴᠠ ᠪᠤᠷᠤᠭᠤ ᠶᠢ ᠲᠠᠨᠢᠵᠤ᠂ ᠪᠤᠰᠤᠳᠴᠢ ᠲᠠᠯ᠎ᠠ ᠠᠴᠠ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠰᠠᠨ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠢ ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠢᠴᠡᠳᠬᠡᠬᠦ ᠶᠠᠪᠤᠴᠠ ᠳᠤ ᠵᠣᠬᠢᠬᠤ ᠨᠥᠬᠥᠴᠡᠯ ᠳᠦ ᠨᠡᠶᠢᠴᠡᠨ᠎ᠡ ᠭᠡᠵᠦ ᠦᠵᠡᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠡᠭᠦᠨ ᠲᠡᠶ ᠭᠦᠢᠴᠡᠳᠬᠡᠬᠦ ᠬᠡᠯᠡᠯᠴᠡᠭᠡᠷ ᠲᠣᠭᠲᠠᠭᠠᠬᠤ ᠣᠷᠣᠨ ᠵᠠᠶ ᠲᠠᠶ᠃ ᠬᠣᠯᠪᠣᠭᠳᠠᠯ ᠪᠦᠬᠦᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠵᠢᠴᠢ ᠬᠣᠯᠪᠣᠭᠳᠠᠯ ᠪᠦᠬᠦᠢ ᠬᠡᠷᠡᠭ ᠦᠨ ᠵᠢᠱᠢᠢ᠎ᠡ ᠶᠢ ᠡᠷᠢᠵᠦ ᠣᠯᠤᠭᠰᠠᠨ ᠤ ᠳᠠᠷᠠᠭ᠎ᠠ᠂ ᠡᠨᠡ ᠵᠢᠯ ᠦᠨ 8 ᠰᠠᠷ᠎ᠠ ᠶᠢᠨ 21  ᠤ ᠡᠳᠦᠷ᠂ ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠢ᠎ᠠ ᠶᠢᠨ ᠵᠠᠰᠠᠭ ᠵᠠᠬᠢᠷᠭᠠᠨ ᠤ ᠪᠠᠶᠢᠴᠠᠭᠠᠭᠴᠢ ᠲᠤᠰᠢᠶᠠᠯᠲᠠᠨ ᠳ᠋ᠧᠦᠹᠦ᠋ ᠦᠢᠯᠡᠳᠪᠦᠷᠢᠯᠡᠬᠦ ᠲᠠᠰᠤᠭ ᠲᠤ ᠬᠦᠷᠴᠦ᠂ ᠲᠤᠰ ᠳ᠋ᠧᠦᠹᠦ᠋ ᠶᠢᠨ ᠬᠤᠷᠰᠢᠶ᠎ᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠢᠨᠠᠨ ᠮᠠᠭᠠᠳᠯᠠᠭᠰᠠᠨ ᠢᠶᠠᠷ ᠂ ᠲᠣᠰ ᠳ᠋ᠧᠦᠹᠦ᠋ ᠶᠢᠨ ᠬᠣᠷᠰᠢᠶ᠎ᠠ ᠶᠢ ᠰᠢᠳᠬᠡᠭᠰᠡᠨ ᠦ ᠳᠠᠷᠠᠭ᠎ᠠ ᠢᠳᠡᠪᠬᠢᠲᠡᠶ ᠪᠡᠷ ᠴᠡᠭᠴᠡᠯᠡᠨ ᠥᠭᠡᠷᠡᠴᠢᠯᠡᠵᠦ ᠂ ᠳ᠋ᠧᠦᠹᠦ᠋ ᠶᠢ ᠰᠣᠯᠢᠬᠤ ᠳᠤ ᠬᠡᠷᠡᠭᠯᠡᠬᠦ ᠤᠰᠤ ᠂ ᠦᠶᠯᠡᠳᠪᠦᠷᠢᠯᠡᠯ ᠦᠨ ᠲᠠᠰᠤᠭ ᠲᠤ ᠬᠦᠷᠢᠨ ᠦ ᠭᠠᠳᠠᠨᠠᠬᠢ ᠲᠤᠶᠠᠭᠠᠨ ᠤ ᠸᠢᠷᠦ᠋ᠰ ᠠᠯᠠᠬᠤ ᠲᠥᠬᠥᠭᠡᠷᠦᠮᠵᠢ ᠨᠡᠮᠡᠬᠦ ᠂ ᠭᠠᠳᠠᠷ ᠪᠣᠭᠣᠳᠠᠯ ᠳᠡᠭᠡᠷ᠎ᠡ ᠢᠳᠡᠭᠡᠨ ᠦ ᠰᠠᠨᠠᠭᠤᠯᠤᠮᠵᠢ ᠬᠠᠳᠠᠬᠤ ᠵᠡᠷᠭᠡ ᠠᠷᠭ᠎ᠠ ᠬᠡᠮᠵᠢᠶ᠎ᠡ ᠠᠪᠴᠤ 《ᠬᠦᠴᠢᠯᠯᠢᠭ ᠡᠭᠡᠳᠡᠩ ᠲᠠᠢ ᠳ᠋ᠧᠦᠹᠦ᠋ 》  ᠶᠢ ᠨᠠᠩ ᠠᠷᠢᠭᠤᠨ ᠴᠡᠪᠡᠷ ᠪᠣᠯᠭᠠᠵᠠᠶ ᠃ ᠪᠠᠶᠢᠴᠠᠭᠠᠬᠤ ᠲᠤᠰᠢᠶᠠᠯᠲᠠᠨ ᠤᠯᠠᠮ ᠨᠢᠭᠡ ᠠᠯᠬᠤᠮ ᠣᠶᠢᠯᠠᠭᠠᠭᠰᠠᠨ ᠢᠶᠠᠷ ᠂ ᠲᠣᠰ ᠳ᠋ᠧᠦᠹᠦ᠋ ᠶᠢᠨ ᠬᠣᠷᠰᠢᠶᠠᠵᠢᠯ ᠤᠨ ᠲᠣᠷᠭᠠᠭᠤᠯᠢ ᠶᠢᠨ ᠵᠣᠭᠣᠰ ᠢ ᠴᠠᠭ ᠲᠤᠬᠠᠶ ᠳᠤᠨᠢ ᠲᠤᠰᠢᠶᠠᠭᠰᠠᠨ ᠥᠬᠡᠶ ᠨᠢ ᠲᠤᠬᠠᠶ ᠶᠢᠨ ᠦᠶ᠎ᠡ ᠶᠢᠨ ᠬᠢᠵᠢᠭ ᠦᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠪᠤᠰᠤᠳᠴᠢ ᠬᠦᠴᠦᠨ ᠵᠦᠶᠯ ᠦᠨ ᠨᠥᠯᠥᠭᠡ ᠶᠢ ᠦᠨᠡᠨ ᠬᠦ ᠭᠥᠷᠳᠡᠭᠰᠡᠨ ᠪᠠᠶᠢᠨ᠎ᠠ᠃

8 ᠰᠠᠷ᠎ᠠ ᠶᠢᠨ 23 ᠤ ᠡᠳᠦᠷ ᠂ ᠲᠣᠷᠭᠠᠭᠤᠯᠢ ᠶᠢᠨ ᠵᠣᠭᠣᠰ ᠢ ᠬᠠᠰᠤᠵᠤ ᠭᠡᠯᠳᠦᠷᠢᠭᠦᠯᠬᠦ ᠪᠠ ᠨᠡᠮᠡᠵᠦ ᠰᠢᠳᠬᠡᠵᠦ ᠪᠣᠯᠬᠤ ᠡᠰᠡᠬᠦ ᠠᠰᠠᠭᠤᠳᠠᠯ ᠳᠤ ᠴᠢᠭᠯᠡᠭᠦᠯᠦᠨ ᠂ ᠰᠠᠶᠢᠬᠠᠨ ᠲᠣᠭᠣᠷᠢᠭ ᠤᠨ ᠪᠠᠶᠢᠴᠠᠭᠠᠬᠤ ᠬᠣᠷᠢᠶ᠎ᠠ ᠢᠯᠡ ᠪᠡᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠂ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠦ ᠭᠡᠰᠢᠭᠦᠨ ᠢ ᠤᠷᠢᠨ ᠣᠷᠣᠯᠴᠠᠭᠤᠯᠵᠠᠶ ᠃ ᠭᠡᠷᠡᠴᠢᠯᠡᠭᠡ ᠰᠣᠨᠣᠰᠬᠤ ᠬᠤᠷᠠᠯ ᠳᠡᠭᠡᠷ᠎ᠡ ᠂ ᠬᠡᠷᠡᠭ ᠰᠢᠶᠳᠪᠦᠷᠢᠯᠡᠬᠦ ᠠᠵᠢᠯᠲᠠᠨ ᠬᠡᠷᠡᠭ ᠦᠨ ᠭᠣᠸᠯ ᠪᠠᠶᠢᠳᠠᠯ ᠪᠠ ᠭᠡᠷᠡᠴᠢᠯᠡᠭᠡ ᠰᠣᠨᠣᠰᠬᠤ ᠴᠢᠬᠤᠯᠠᠲᠠᠶ ᠠᠰᠠᠭᠤᠳᠠᠯ ᠢ ᠲᠠᠨᠢᠯᠴᠠᠭᠤᠯᠵᠤ ᠂ ᠲᠣᠰ ᠳ᠋ᠧᠦᠹᠦ᠋ ᠶᠢᠨ ᠬᠣᠷᠰᠢᠶᠠᠨ ᠤ ᠬᠠᠷᠢᠭᠤᠴᠠᠯᠭᠠᠲᠠᠨ ᠲᠣᠷᠭᠠᠭᠤᠯᠢ ᠶᠢᠨ ᠵᠣᠭᠣᠰ ᠢ ᠬᠠᠰᠤᠵᠤ ᠭᠡᠯᠳᠦᠷᠢᠭᠦᠯᠬᠦ ᠪᠡᠷ ᠭᠤᠶᠤᠴᠢᠯᠠᠬᠤ ᠤᠴᠢᠷ ᠰᠢᠯᠲᠠᠭᠠᠨ ᠢᠶᠠᠨ ᠲᠣᠳᠣᠷᠬᠠᠶᠢᠯᠠᠨ ᠥᠭᠦᠯᠡᠵᠦ ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠥᠯᠥᠭᠡᠯᠡᠭᠴᠢ ᠬᠡᠷᠡᠭ ᠢ ᠰᠢᠶᠳᠪᠦᠷᠢᠯᠡᠭᠰᠡᠨ ᠶᠠᠪᠤᠴᠠ ᠶᠢ ᠲᠠᠨᠢᠯᠴᠠᠭᠤᠯᠤᠭᠰᠠᠨ ᠪᠥᠭᠡᠳ ᠰᠠᠨᠠᠯ ᠢᠶᠠᠨ ᠢᠯᠡᠳᠬᠡᠵᠦ ᠂ ᠭᠡᠷᠡᠴᠢᠯᠡᠭᠡ ᠰᠣᠨᠣᠰᠤᠭᠴᠢ ᠳ᠋ᠧᠦᠹᠦ᠋ ᠶᠢᠨ ᠬᠣᠷᠰᠢᠶᠠᠨ ᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠂ ᠦᠶᠯᠡᠳᠪᠦᠷᠢᠯᠡᠯ ᠡᠵᠡᠩᠨᠡᠯᠲᠡ ᠶᠢᠨ ᠣᠳᠣᠬᠢ ᠪᠠᠶᠢᠳᠠᠯ ᠵᠡᠷᠭᠡ ᠠᠰᠠᠭᠤᠳᠠᠯ ᠤᠨ ᠲᠣᠭᠣᠷᠢᠨ ᠳᠤ ᠯᠠᠪᠯᠠᠨ ᠠᠰᠠᠭᠤᠵᠠᠶ ᠃ ᠰᠠᠨᠠᠯ ᠰᠣᠨᠣᠰᠤᠭᠴᠢ ᠠᠴᠠ ᠲᠤᠰ ᠳ᠋ᠧᠦᠹᠦ᠋ ᠶᠢᠨ ᠬᠤᠷᠰᠢᠶ᠎ᠠ ᠶᠢ ᠵᠣᠭᠣᠰ ᠢᠶᠠᠷ ᠲᠣᠷᠭᠠᠬᠤ ᠠᠴᠠ ᠬᠡᠯᠲᠦᠷᠢᠭᠦᠯᠬᠦ ᠪᠡᠷ ᠰᠠᠨᠠᠯ ᠨᠢᠭᠡᠲᠡᠶ ᠵᠥᠪᠰᠢᠶᠡᠷᠡᠪᠡ᠃

 

  

ᠬᠤᠷᠠᠯ ᠤᠨ ᠲᠠᠷᠠᠭ᠎ᠠ᠂ ᠰᠠᠨᠠᠯ ᠰᠣᠨᠣᠰᠬᠤ ᠬᠤᠷᠠᠯ ᠤᠨ ᠰᠠᠨᠠᠯ ᠲᠠᠶ ᠤᠶᠠᠯᠳᠤᠭᠤᠯᠤᠨ᠂ ᠪᠠᠶᠢᠴᠠᠭᠠᠬᠤ ᠪᠠᠶᠢᠭᠤᠯᠭ᠎ᠠ ᠶᠢᠨ ᠡᠷᠬᠢᠯᠡᠯ ᠳᠣᠣᠷ᠎ᠠ᠂ ᠲᠤᠰ ᠳ᠋ᠧᠦᠹᠦ᠋ ᠶᠢᠨ ᠬᠤᠷᠰᠢᠶ᠎ᠠ ᠨᠢ ᠨᠢᠭᠡᠨ ᠵᠠᠰᠠᠭ ᠵᠠᠬᠢᠷᠭᠠᠨ ᠤ ᠪᠠᠶᠢᠭᠤᠯᠭ᠎ᠠ ᠲᠠᠶ ᠡᠶᠡᠳᠡᠬᠦ ᠬᠡᠯᠡᠯᠴᠡᠭᠡᠷ ᠲᠣᠭᠲᠠᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ 8.5 ᠲᠦᠮᠡᠨ ᠲᠥᠭᠥᠷᠢᠭ ᠦᠨ ᠵᠣᠭᠣᠰ ᠢᠶᠠᠷ ᠨᠡᠮᠡᠵᠦ ᠲᠣᠷᠭᠠᠬᠤ ᠶᠢ ᠬᠡᠯᠲᠦᠷᠢᠭᠦᠯᠬᠦ ᠶᠢ ᠵᠥᠪᠰᠢᠶᠡᠷᠡᠪᠡ᠃ ᠬᠡᠯᠡᠯᠴᠡᠭᠡᠷ ᠲᠦ ᠭᠠᠷ ᠤᠨ ᠦᠰᠦᠭ ᠵᠢᠷᠤᠭᠰᠠᠨ ᠤ ᠲᠠᠷᠠᠭ᠎ᠠ᠂ ᠬᠡᠷᠡᠭ ᠰᠢᠶᠳᠪᠦᠷᠢᠯᠡᠬᠦ ᠠᠵᠢᠯᠳᠠᠨ ᠲᠡᠷᠡ ᠳᠠᠷᠤᠶ ᠳᠤᠨᠢ ᠬᠣᠶᠠᠷ ᠲᠠᠯ᠎ᠠ ᠶᠢᠨ ᠲᠤᠬᠠᠶ ᠶᠢᠨ ᠬᠥᠮᠦᠨ ᠢ ᠳᠠᠭᠠᠭᠤᠯᠤᠨ ᠰᠢᠭᠦᠬᠦ ᠬᠣᠷᠢᠶᠠᠨ ᠳᠤ ᠬᠦᠷᠴᠦ ᠡᠶᠡᠳᠡᠬᠦ ᠬᠡᠯᠡᠯᠴᠡᠭᠡᠷ ᠢᠶᠡᠨ ᠳᠡᠪᠰᠢᠭᠦᠯᠦᠭᠡᠳ᠂ ᠪᠠᠶᠢᠴᠠᠭᠠᠬᠤ ᠠᠵᠢᠯ ᠤᠨ ᠲᠠᠯ᠎ᠠ ᠪᠠᠷ ᠡᠶᠡᠳᠡᠬᠦ ᠪᠠ ᠭᠦᠢᠴᠡᠳᠬᠡᠬᠦ ᠠᠵᠢᠯ ᠤᠨ ᠲᠠᠯ᠎ᠠ ᠪᠠᠷ ᠡᠶᠡᠳᠡᠬᠦ ᠶᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠪᠡ᠃

 

ᠢᠷᠡᠯᠲᠡ
ᠬᠦᠬᠡᠬᠤᠲᠠ ᠵᠢᠨ ᠰᠠᠢᠬᠠᠨ  ᠲᠣᠭᠣᠷᠢᠭ ᠦ᠋ᠨ ᠪᠠᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro