ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠰᠦᠯᠵᠢᠶᠡᠨ ᠦ ︽ᠵᠠᠯᠠᠭᠤᠴᠤᠳ ᠪᠠᠭᠠᠴᠤᠳ ᠤᠨ ᠵᠠᠭᠪᠤᠷ︾ ᠢ ᠪᠢᠲᠡᠭᠡᠶ ᠲᠣᠭᠤᠷᠢᠵᠤ ᠭᠠᠷᠤᠭᠠᠷᠠᠢ

2023-10-27 12:51:46
ᠵᠣᠬᠢᠶᠠᠭᠴᠢ
ᠦᠯᠵᠡᠢᠪᠢᠯᠢᠭᠲᠦ

 

 

    

 

      ᠰᠦᠯᠵᠢᠶᠡᠨ ᠤ ᠦᠢᠯᠡᠴᠢᠯᠡᠭᠡ ᠬᠠᠩᠭᠠᠭᠴᠢ ︽ᠵᠠᠯᠠᠭᠤᠴᠤᠳ ᠪᠠᠭᠠᠴᠤᠳ ᠤᠨ ᠵᠠᠭᠪᠤᠷ︾ ᠢ ᠲᠣᠬᠢᠷᠠᠭᠤᠯᠬᠤ ᠪᠣᠯ ᠨᠠᠰᠤᠨ ᠳᠤ ᠥᠯᠥ ᠭᠦᠷᠦᠭᠰᠡᠳ ᠤᠨ ︽ᠰᠦᠯᠵᠢᠶᠡᠨ ᠤ ᠬᠠᠮᠠᠭᠠᠯᠠᠯᠲᠠ︾ ᠶᠢ ᠨᠠᠶᠢᠳᠠᠪᠤᠷᠢᠵᠢᠭᠤᠯᠬᠤ ᠶᠢᠨ ᠨᠢᠭᠡᠨ ᠴᠢᠬᠤᠯᠠ ᠠᠭᠤᠯᠭ᠎ᠠ ᠮᠥᠨ᠃ ᠭᠡᠲᠡᠯ᠎ᠡ ᠪᠣᠳᠠᠲᠤ ᠠᠮᠢᠳᠤᠷᠠᠯ ᠳᠤᠮᠳᠠ᠂ ᠵᠠᠷᠢᠮ App ᠢ ᠨᠡᠭᠡᠭᠡᠨ ᠬᠥᠭᠵᠢᠭᠦᠯᠵᠦ᠂ ᠡᠵᠡᠩᠨᠡᠭᠴᠢ ᠨᠢ ᠬᠠᠷᠢᠨ ᠭᠡᠰᠢᠭᠦᠨ ᠢᠶᠠᠨ ᠨᠡᠭᠡᠭᠡᠪᠡᠯ ᠳᠠᠷᠤᠶ ︽ᠵᠠᠯᠠᠭᠤᠴᠤᠳ ᠪᠠᠭᠠᠴᠤᠳ ᠤᠨ ᠵᠠᠭᠪᠤᠷ︾ ᠢ ᠲᠣᠭᠤᠷᠢᠵᠤ ᠭᠠᠷᠴᠤ ᠪᠣᠯᠤᠨ᠎ᠠ᠃
     ᠣᠶᠢᠷ᠎ᠠ ᠳᠤ᠂ ᠲᠢᠶᠠᠨᠵᠢᠨ ᠬᠤᠲᠠ ᠶᠢᠨ ᠪᠢᠨᠬᠠᠢ ᠰᠢᠨ᠎ᠡ ᠲᠣᠭᠤᠷᠢᠭ ᠤᠨ ᠰᠢᠭᠦᠬᠦ ᠬᠤᠷᠢᠶ᠎ᠠ ᠳᠠᠷᠤᠶ ᠡᠶᠢᠮᠦ ᠨᠢᠭᠡᠨ ᠵᠦᠶ ᠪᠤᠰᠤ ᠥᠷᠢᠰᠥᠯᠳᠦᠭᠡᠨ ᠤ ᠬᠡᠷᠡᠭ ᠢ ᠰᠢᠭᠦᠵᠦ ᠳᠠᠭᠤᠰᠬᠠᠪᠠ᠄ ᠵᠠᠭᠠᠯᠳᠤᠭᠴᠢ ᠶᠢᠨ App ᠵᠥᠭᠡᠯᠡᠨ ᠲᠣᠨᠤᠭ ᠤᠨ ᠳᠣᠲᠣᠷ᠎ᠠ ︽ᠵᠠᠯᠠᠭᠤᠴᠤᠳ ᠪᠠᠭᠠᠴᠤᠳ ᠤᠨ ᠵᠠᠭᠪᠤᠷ︾ ᠢ ᠲᠣᠬᠢᠷᠠᠭᠤᠯᠤᠭᠰᠠᠨ ᠪᠠᠶᠢᠬᠤ ᠳᠤ ᠵᠠᠭᠠᠯᠳᠤᠭᠳᠠᠭᠴᠢ ᠺᠣᠮᠫᠠᠨᠢ ᠶᠢᠨ ᠡᠵᠡᠩᠨᠡᠵᠦ ᠪᠠᠶᠢᠭ᠎ᠠ App ᠨᠢ ᠬᠠᠷᠢᠨ ︽ᠵᠠᠯᠠᠭᠤᠴᠤᠳ ᠪᠠᠭᠠᠴᠤᠳ ᠤᠨ ᠵᠠᠭᠪᠤᠷ︾ ᠤᠨ ᠰᠤᠮᠤᠨ ᠴᠣᠩᠬᠤ ᠶᠢ ᠠᠶᠠᠨᠳᠠᠭᠠᠨ ᠬᠠᠭᠠᠬᠤ ᠴᠢᠳᠠᠮᠵᠢ ᠶᠢ ︽ᠭᠡᠰᠢᠭᠦᠳ ᠤᠨ ᠣᠨᠴᠠ ᠡᠷᠬᠡ︾ ᠶᠢᠨ ᠨᠢᠭᠡ ᠪᠣᠯᠭᠠᠭᠰᠠᠨ ᠪᠠᠶᠢᠨ᠎ᠠ᠃ ᠵᠠᠭᠠᠯᠳᠤᠭᠳᠠᠭᠴᠢ ᠶᠢᠨ ︽ᠭᠡᠰᠢᠭᠦᠨ︾ ᠢ ᠬᠤᠳᠠᠯᠳᠤᠨ ᠠᠪᠤᠭᠰᠠᠨ ᠤ ᠳᠠᠷᠠᠭ᠎ᠠ ᠵᠠᠭᠠᠯᠳᠤᠭᠴᠢ ᠶᠢᠨ ᠵᠥᠭᠡᠯᠡᠨ ᠲᠣᠨᠤᠭ ᠢ ᠨᠡᠭᠡᠭᠡᠪᠡᠯ᠂ ︽ᠵᠠᠯᠠᠭᠤᠴᠤᠳ ᠪᠠᠭᠠᠴᠤᠳ ᠤᠨ ᠵᠠᠭᠪᠤᠷ︾ ᠤᠨ ᠣᠷᠣᠬᠤ ᠴᠣᠩᠬᠤ ᠨᠢ ᠠᠶᠠᠨᠳᠠᠭᠠᠨ ᠦᠰᠦᠷᠦᠨ ᠭᠠᠷᠬᠤ ᠪᠤᠶᠤ ᠬᠠᠯᠬᠠᠯᠠᠭᠳᠠᠵᠤ᠂ ᠬᠡᠷᠡᠭᠯᠡᠭᠴᠢ ᠲᠦᠷᠦᠭᠦᠦ ᠨᠢᠭᠤᠷ ᠤᠨ ᠰᠠᠨᠠᠭᠤᠯᠤᠮᠵᠢ ᠪᠠᠷ ︽ᠵᠠᠯᠠᠭᠤᠴᠤᠳ ᠪᠠᠭᠠᠴᠤᠳ ᠤᠨ ᠵᠠᠭᠪᠤᠷ︾ ᠢ ᠬᠡᠷᠡᠭᠯᠡᠬᠦ ᠶᠢᠨ ᠠᠷᠭ᠎ᠠ ᠦᠭᠡᠢ ᠪᠣᠯᠳᠠᠭ᠃ ᠰᠢᠭᠦᠬᠦ ᠬᠤᠷᠢᠶ᠎ᠠ ᠰᠢᠭᠦᠨ ᠰᠢᠢᠳᠪᠦᠷᠢᠯᠡᠬᠦ ᠪᠠᠷ ᠳᠠᠮᠵᠢᠨ ᠦᠵᠡᠭᠰᠡᠨ ᠨᠢ᠂ ᠵᠠᠭᠠᠯᠳᠤᠭᠳᠠᠭᠴᠢ ᠶᠢᠨ ᠦᠢᠯᠡ ᠠᠵᠢᠯᠯᠠᠭ᠎ᠠ ᠨᠢ ᠪᠤᠰᠤᠳ ᠡᠵᠡᠩᠨᠡᠭᠴᠢ ᠶᠢᠨ ᠥᠷᠢᠰᠥᠯᠳᠦᠭᠡᠨ ᠤ ᠠᠰᠢᠭ ᠲᠤᠰᠠ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ᠂ ᠵᠦᠢ ᠪᠤᠰᠤ ᠥᠷᠢᠰᠥᠯᠳᠦᠭᠡᠨ ᠪᠣᠯᠵᠤ ᠪᠦᠷᠢᠯᠳᠦᠭᠰᠡᠨ ᠪᠣᠯᠬᠤᠷ ᠵᠠᠭᠠᠯᠳᠤᠭᠳᠠᠭᠴᠢ ᠪᠠᠷ ᠵᠠᠭᠠᠯᠳᠤᠭᠴᠢ ᠶᠢᠨ ᠠᠵᠤ ᠠᠬᠤᠢ ᠶᠢᠨ ᠬᠤᠬᠢᠷᠠᠯ ᠢ 300 ᠲᠦᠮᠡᠨ ᠲᠥᠭᠦᠷᠢᠭ ᠲᠥᠯᠥᠭᠦᠯᠬᠦ ᠪᠠᠷ ᠲᠠᠰᠤᠯᠪᠠ ︵10 ᠰᠠᠷ᠎ᠠ ᠶᠢᠨ 15 ᠤ ᠡᠳᠦᠷ ᠤᠨ ᠰᠢᠨᠬᠤᠸᠠ ᠬᠤᠷᠢᠶᠠᠨ ᠤ ᠮᠡᠳᠡᠭᠡ ᠶᠢ ᠦᠨᠳᠦᠰᠦᠯᠡᠪᠡᠯ︶᠃
     ᠢᠨᠲ᠋ᠧᠷ ᠰᠦᠯᠵᠢᠶᠡᠨ ᠤ ᠠᠵᠤ ᠠᠬᠤᠶ ᠶᠢᠨ ᠨᠢᠰᠬᠦ ᠮᠡᠲᠦ ᠲᠦᠷᠭᠡᠨ ᠬᠥᠭᠵᠢᠬᠦ ᠶᠢ ᠳᠠᠭᠠᠯᠳᠤᠨ᠂ ᠬᠤᠪᠢ ᠬᠥᠮᠦᠨ ᠤ ᠮᠡᠳᠡᠭᠡ ᠵᠠᠩᠭᠢ ᠬᠠᠯᠳᠠᠯᠭ᠎ᠠ ᠳᠤ ᠤᠴᠠᠷᠠᠬᠤ᠂ App ᠵᠥᠭᠡᠯᠡᠨ ᠲᠣᠨᠤᠭ ᠰᠠᠮᠠᠭᠤᠷᠠᠬᠤ ᠵᠡᠷᠭᠡ ᠠᠰᠠᠭᠤᠳᠠᠯ ᠨᠢ ᠬᠡᠷᠡᠭᠯᠡᠭᠴᠢᠳ ᠲᠤ ᠲᠠᠰᠤᠷᠠᠯᠲᠠ ᠥᠬᠡᠶ ᠪᠤᠬᠢᠨᠢᠳᠤᠯ ᠠᠪᠴᠢᠷᠠᠬᠤ ᠶᠢᠨ ᠬᠠᠮᠲᠤ ᠵᠥᠭᠡᠯᠡᠨ ᠲᠣᠨᠤᠭ ᠤᠨ ᠠᠵᠤ ᠠᠬᠤᠶᠢᠯᠠᠯ ᠤᠨ ᠬᠤᠭᠤᠷᠣᠨᠳᠣᠬᠢ ᠡᠮᠬᠢ ᠵᠠᠮᠪᠠᠷᠠᠭ᠎ᠠ ᠥᠬᠡᠶ ᠥᠷᠢᠰᠥᠯᠳᠦᠭᠡᠨ ᠨᠢ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠬᠦ ᠪᠠ ᠡᠵᠡᠩᠨᠡᠭᠴᠢ ᠶᠢᠨ ᠮᠡᠳᠡᠷᠡᠯ ᠢ ᠤᠯᠠᠮ ᠠᠴᠠ ᠤᠯᠠᠮ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃ ᠡᠭᠦᠨ ᠤ ᠲᠤᠯᠠᠳᠠ᠂ 2017 ᠣᠨ ᠳᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠶᠢᠨ 12 ᠳ᠋ᠤᠭᠠᠷ ᠵᠦᠢᠯ ᠳᠤ ᠲᠤᠰᠬᠠᠶᠢᠯᠠᠨ ᠰᠦᠯᠵᠢᠶᠡᠨ ᠤ ᠣᠷᠴᠢᠨ ᠨᠥᠬᠦᠴᠡᠯ ᠤᠨ ᠳᠣᠣᠷᠠᠬᠢ ᠵᠦᠢ ᠪᠤᠰᠤ ᠥᠷᠢᠰᠥᠯᠳᠦᠭᠡᠨ ᠤ ᠦᠢᠯᠡ ᠠᠵᠢᠯᠯᠠᠭ᠎ᠠ ᠶᠢᠨ ᠲᠤᠬᠠᠢ ᠲᠣᠭᠲᠠᠭᠠᠯ ᠭᠠᠷᠭᠠᠪᠠ᠂ ᠡᠭᠦᠨ ᠢ ᠶᠡᠷᠦ ᠳᠡᠭᠡᠨ 《 ᠢᠨᠲ᠋ᠧᠷ ᠰᠦᠯᠵᠢᠶᠡᠨ ᠤ ᠲᠤᠰᠬᠠᠢ ᠵᠦᠢᠯ 》 ᠭᠡᠳᠡᠭ᠃ ᠡᠨᠡᠬᠦ ᠬᠡᠷᠡᠭ ᠤᠨ ᠰᠢᠭᠦᠨ ᠲᠠᠰᠤᠯᠤᠯᠲᠠ ᠨᠢ 《 ᠢᠨᠲ᠋ᠧᠷ ᠰᠦᠯᠵᠢᠶᠡᠨ ᠤ ᠲᠤᠰᠬᠠᠶ ᠵᠤᠷᠪᠤᠰ 》 ᠢ ᠪᠠᠰᠠ ᠨᠢᠭᠡ ᠤᠳᠠᠭ᠎ᠠ ᠠᠮᠵᠢᠯᠲᠠ ᠲᠠᠢ ᠪᠠᠷ ᠨᠠᠶᠢᠳᠠᠪᠤᠷᠢᠵᠢᠭᠤᠯᠵᠠᠶ᠃ ᠮᠡᠳᠡᠭᠡᠯᠡᠯ ᠢ ᠦᠨᠳᠦᠰᠦᠯᠡᠪᠡᠯ᠂ ᠲᠤᠰ ᠬᠡᠷᠡᠭ ᠤᠨ ᠲᠠᠰᠤᠯᠤᠯᠲᠠ ᠶᠢ ᠨᠡᠶᠢᠲᠡᠯᠡᠭᠰᠡᠨ ᠤ ᠳᠠᠷᠠᠭ᠎ᠠ᠂ ᠵᠠᠭᠠᠯᠳᠤᠭᠴᠢ ᠪᠣᠯᠤᠨ ᠵᠠᠭᠠᠯᠳᠤᠭᠳᠠᠭᠴᠢ ᠴᠥᠮ ᠳᠡᠭᠡᠭᠰᠢ ᠵᠠᠭᠠᠯᠳᠤᠭᠰᠠᠨ ᠦᠭᠡᠶ᠂ ᠨᠢᠭᠡᠨᠲᠡ 《 ᠬᠡᠷᠡᠭ ᠢ ᠳᠠᠭᠤᠰᠬᠠᠵᠠᠶ 》᠃ ᠭᠡᠲᠡᠯ᠎ᠡ᠂ ᠲᠣᠰ ᠬᠡᠷᠡᠭ ᠤᠨ ᠲᠤᠰᠬᠠᠭᠰᠠᠨ ᠨᠠᠰᠤᠨ ᠳᠤ ᠥᠯᠥ ᠭᠦᠷᠦᠭᠰᠡᠳ ᠤᠨ 《 ᠰᠦᠯᠵᠢᠶᠡᠨ ᠤ ᠬᠠᠮᠠᠭᠠᠯᠠᠯᠲᠠ 》 ᠳᠤ ᠣᠷᠣᠰᠢᠵᠤ ᠪᠠᠶᠢᠭ᠎ᠠ ᠳᠠᠯᠳᠠ ᠬᠡᠮ ᠨᠢ ᠬᠥᠮᠦᠰ ᠤᠨ ᠨᠠᠩ ᠣᠯᠠᠨ ᠪᠣᠳᠣᠯᠬᠢᠯᠠᠯ ᠢ ᠡᠭᠦᠰᠭᠡᠪᠡ᠃
     ᠣᠶᠢᠷ᠎ᠠ ᠶᠢᠨ ᠵᠢᠯ ᠳᠦ᠂ 《 ᠭᠡᠰᠢᠭᠦᠨ ᠬᠤᠳᠠᠯᠳᠤᠨ ᠠᠪᠤᠪᠠᠯ ᠵᠠᠷ ᠭᠠᠷᠬᠤ ᠦᠭᠡᠢ 》 ᠭᠡᠬᠦ ᠮᠡᠲᠦ ᠶᠢᠨ ᠵᠥᠭᠡᠯᠡᠨ ᠲᠣᠨᠤᠭ ᠨᠢ ᠰᠦᠯᠵᠢᠶᠡᠨ ᠤ ᠲᠠᠪᠴᠠᠩ᠂ ᠭᠠᠷ ᠤᠲᠠᠰᠤᠨ ᠤ ᠦᠵᠦᠭᠦᠷᠯᠢᠭ ᠲᠤ ᠲᠠᠰᠤᠷᠠᠯᠲᠠ ᠥᠬᠡᠶ ᠢᠯᠡᠷᠡᠵᠦ ᠪᠠᠶᠢᠨ᠎ᠠ᠂ ᠣᠲᠣ᠂ 《 ᠵᠠᠯᠠᠭᠤᠴᠤᠳ ᠪᠠᠭᠠᠴᠤᠳ ᠤᠨ ᠵᠠᠭᠪᠤᠷ 》 ᠲᠤ ᠬᠤᠯᠪᠣᠭᠳᠠᠬᠤ ᠥᠬᠡᠶ ᠪᠣᠯᠵᠠᠶ᠂ ᠡᠭᠦᠨ ᠳᠤ ᠬᠤᠯᠪᠣᠭᠳᠠᠭᠰᠠᠨ ᠠᠰᠠᠭᠤᠳᠠᠯ ᠨᠢ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠡᠮᠬᠢ ᠵᠢᠷᠤᠮ ᠪᠠ ᠬᠡᠷᠡᠭᠯᠡᠭᠴᠢᠳ ᠤᠨ ᠡᠷᠬᠡ ᠠᠰᠢᠭ ᠤᠨ ᠬᠡᠪᠴᠢᠶ᠎ᠡ ᠠᠴᠠ ᠬᠤᠯᠠ ᠳᠠᠪᠠᠵᠤ᠂ ᠨᠠᠰᠤᠨ ᠳᠤ ᠥᠯᠥ ᠭᠦᠷᠦᠭᠰᠡᠳ ᠤᠨ ᠡᠨᠡ ᠬᠦ 《 ᠦᠨᠳᠦᠰᠦᠲᠡᠨ ᠤ ᠦᠶᠯᠡᠰ 》 ᠢ ᠬᠠᠮᠠᠭᠠᠯᠠᠬᠤ ᠲᠠᠢ ᠬᠤᠯᠪᠣᠭᠳᠠᠵᠤ ᠪᠠᠶᠢᠨ᠎ᠠ᠃
     ᠣᠯᠠᠨ ᠵᠢᠯ ᠤᠨ ᠬᠠᠶᠢᠨ ᠰᠥᠪᠡᠭᠴᠢᠯᠡᠯᠲᠡ᠂ ᠵᠠᠰᠠᠭ ᠵᠠᠬᠢᠷᠭᠠᠨ ᠤ ᠬᠦᠴᠦ ᠪᠠ ᠬᠠᠤᠯᠢ ᠲᠣᠭᠲᠠᠭᠠᠯᠲᠠ ᠶᠢᠨ ᠠᠬᠢᠭᠤᠯᠤᠯ ᠢᠶᠠᠷ ᠳᠡᠮᠵᠢᠨ᠂ 《 ᠵᠠᠯᠠᠭᠤᠴᠤᠳ ᠪᠠᠭᠠᠴᠤᠳ ᠤᠨ ᠵᠠᠭᠪᠤᠷ 》 ᠢ ᠬᠡᠷᠡᠭᠵᠢᠭᠦᠯᠬᠦ ᠨᠢ ᠨᠢᠭᠡᠨᠲᠡ ᠮᠠᠨ ᠤ ᠤᠯᠤᠰ ᠤᠨ ᠨᠠᠰᠤᠨ ᠳᠤ ᠥᠯᠥ ᠭᠦᠷᠦᠭᠰᠡᠳ ᠤᠨ 《 ᠰᠦᠯᠵᠢᠶᠡᠨ ᠤ ᠬᠠᠮᠠᠭᠠᠯᠠᠯᠲᠠ 》 ᠶᠢᠨ ᠠᠵᠢᠯ ᠤᠨ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠪᠠᠶᠢᠨ᠎ᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠶᠢᠨ 74 ᠳ᠋ᠦ᠋ᠭᠡᠷ ᠵᠦᠶᠯ ᠤᠨ 2 ᠳ᠋ᠤᠭᠠᠷ ᠪᠠᠳᠠᠭ ᠲᠤ᠂ ᠰᠦᠯᠵᠢᠶᠡᠨ ᠤ ᠲᠣᠭᠯᠠᠭᠠᠮ᠂ ᠰᠦᠯᠵᠢᠶᠡᠨ ᠤ ᠰᠢᠭᠤᠳ ᠨᠡᠪᠲᠡᠷᠡᠭᠦᠯᠭᠡ᠂ ᠰᠦᠯᠵᠢᠶᠡᠨ ᠤ ᠲᠠᠭᠤ ᠳᠦᠷᠰᠦ ᠰᠢᠩᠭᠡᠭᠡᠯᠲᠡ᠂ ᠰᠦᠯᠵᠢᠶᠡᠨ ᠤ ᠨᠡᠶᠢᠭᠡᠮ ᠤᠨ ᠬᠠᠷᠢᠯᠴᠠᠭ᠎ᠠ ᠵᠡᠷᠭᠡ ᠰᠦᠯᠵᠢᠶᠡᠨ ᠤ ᠦᠶᠯᠡᠴᠢᠯᠡᠭᠡ ᠬᠠᠩᠭᠠᠭᠴᠢ ᠨᠢ ᠨᠠᠰᠤᠨ ᠳᠤ ᠥᠯᠥ ᠭᠦᠷᠦᠭᠰᠡᠳ ᠤᠨ ᠦᠶᠯᠡᠴᠢᠯᠡᠭᠡ ᠪᠠᠨ ᠬᠡᠷᠡᠭᠯᠡᠬᠦ ᠳᠤ ᠴᠢᠭᠯᠡᠭᠦᠯᠦᠨ ᠵᠣᠬᠢᠴᠠᠩᠭᠤᠶ ᠴᠠᠭ ᠤᠨ ᠬᠠᠮᠢᠶᠠᠷᠤᠯᠲᠠ᠂ ᠡᠷᠬᠡ ᠶᠢᠨ ᠬᠢᠵᠠᠭᠠᠷ ᠤᠨ ᠬᠠᠮᠢᠶᠠᠷᠤᠯᠲᠠ᠂ ᠬᠡᠷᠡᠭᠯᠡᠭᠡᠨ ᠤ ᠬᠠᠮᠢᠶᠠᠷᠤᠯᠲᠠ ᠵᠡᠷᠭᠡ ᠴᠢᠳᠠᠮᠵᠢ ᠲᠣᠬᠢᠷᠠᠭᠤᠯᠬᠤ ᠬᠡᠷᠡᠭᠲᠡᠶ ᠭᠡᠵᠦ ᠲᠣᠭᠲᠠᠭᠠᠵᠠᠶ᠃ ᠡᠨᠡ ᠬᠦ ᠲᠣᠭᠲᠠᠭᠠᠯ ᠪᠣᠯ ᠬᠤᠯᠪᠣᠭᠳᠠᠯ ᠪᠥᠬᠦᠶ ᠰᠦᠯᠵᠢᠶᠡᠨ ᠤ ᠲᠠᠪᠴᠠᠩ ᠳᠤ 《 ᠵᠠᠯᠠᠭᠤᠴᠤᠳ ᠪᠠᠭᠠᠴᠤᠳ ᠤᠨ ᠵᠠᠭᠪᠤᠷ 》 ᠢ ᠲᠣᠬᠢᠷᠠᠭᠤᠯᠬᠤ ᠲᠤᠬᠠᠶ ᠬᠠᠤᠯᠢ ᠲᠣᠭᠲᠠᠭᠠᠯᠲᠠ ᠶᠢᠨ ᠠᠯᠪᠠᠳᠠᠯᠭ᠎ᠠ ᠶᠢᠨ ᠴᠢᠨᠠᠷᠲᠠᠶ ᠱᠠᠭᠠᠷᠳᠠᠯᠭ᠎ᠠ ᠮᠥᠨ᠃ ᠭᠡᠲᠡᠯ᠎ᠡ᠂ ᠥᠷᠭᠡᠨ ᠣᠯᠠᠨ ᠰᠦᠯᠵᠢᠶᠡᠨ ᠤ ᠲᠠᠪᠴᠠᠩ᠂ ᠵᠥᠭᠡᠯᠡᠨ ᠲᠣᠨᠤᠭ ᠢ ᠨᠡᠭᠡᠭᠡᠨ ᠠᠰᠢᠭᠯᠠᠬᠤ ᠪᠠ ᠡᠵᠡᠩᠨᠡᠭᠴᠢ ᠬᠠᠤᠯᠢ ᠲᠣᠭᠲᠠᠭᠠᠬᠤ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ ᠪᠠᠶᠢᠭ᠎ᠠ ᠦᠶ᠎ᠡ ᠳᠤ᠂ 《 ᠵᠠᠯᠠᠭᠤᠴᠤᠳ ᠪᠠᠭᠠᠴᠤᠳ ᠤᠨ ᠵᠠᠭᠪᠤᠷ 》 ᠨᠢ ᠬᠠᠷᠢᠨ 《 ᠦᠨᠳᠦᠰᠦᠨ ᠠᠴᠠ ᠨᠢ ᠰᠢᠶᠳᠪᠦᠷᠢᠯᠡᠬᠦ 》 ᠠᠶᠤᠯ ᠳᠤ ᠲᠤᠯᠭᠠᠷᠠᠵᠤ ᠪᠠᠶᠢᠨ᠎ᠠ᠂ ᠭᠡᠰᠢᠭᠦᠨ ᠨᠡᠮᠡᠭᠳᠡᠪᠡᠯ ᠳᠠᠷᠤᠶ ᠠᠮᠠᠷᠬᠠᠨ ᠲᠣᠭᠤᠷᠢᠵᠤ ᠭᠠᠷᠴᠤ ᠴᠢᠳᠠᠨ᠎ᠠ᠃ ᠬᠡᠷᠪᠡ ᠠᠳᠠᠯᠢᠪᠲᠤᠷ ᠵᠥᠭᠡᠯᠡᠨ ᠲᠣᠨᠤᠭ ᠠᠷᠪᠢᠨ ᠪᠣᠯ ᠦᠷ᠎ᠡ ᠳ᠋ᠦᠩ ᠨᠢ ᠰᠡᠳᠬᠢᠭᠳᠡᠰᠢ ᠦᠭᠡᠢ︕
    

ᠢᠷᠡᠯᠲᠡ
ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ  
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro