ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

8000 ᠵᠢᠷᠠᠭᠠᠬᠠᠶ ᠶᠢ ᠦᠷᠡᠵᠢᠭᠦᠯᠦᠨ ᠲᠠᠯᠪᠢᠵᠤ ᠨᠡᠶᠢᠲᠡ ᠶᠢᠨ ᠠᠰᠢᠭᠲᠤ ᠵᠠᠷᠭᠤ ᠨᠢ ᠠᠮᠢ ᠠᠬᠤᠶ ᠶᠢᠨ ᠰᠡᠷᠭᠦᠭᠡᠯᠲᠡ ᠳᠤ ᠬᠦᠴᠦᠨ ᠨᠡᠮᠡᠷᠢᠯᠡᠪᠡ

2023-11-09 17:34:02
ᠵᠣᠬᠢᠶᠠᠭᠴᠢ
ᠯᠢ ᠬᠤᠩ ᠮᠧᠢ

 

 
  
        ︽ᠠᠮᠢ ᠠᠬᠤᠶ ᠶᠢᠨ ᠪᠠᠶᠢᠴᠠᠭᠠᠬᠤ ᠠᠵᠢᠯ ᠤᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠶ ᠠᠵᠢᠯᠯᠠᠭ᠎ᠠ︾ ᠶᠢᠨ ᠠᠵᠢᠯ ᠤᠨ ᠪᠠᠶᠢᠷᠢᠯᠠᠭᠤᠯᠤᠯᠲᠠ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠯᠬ᠎ᠠ ᠭᠤᠣᠯ ᠤᠨ ᠠᠮᠢ ᠠᠬᠤᠶ ᠵᠢᠨ ᠬᠠᠮᠠᠭᠠᠯᠠᠯᠲᠠ ᠶᠢᠨ ᠪᠠᠶᠢᠴᠠᠭᠠᠬᠤ ᠠᠵᠢᠯ ᠤᠨ ᠨᠡᠶᠢᠲᠡ ᠶᠢᠨ ᠠᠰᠢᠭᠲᠤ ᠵᠠᠷᠭᠤ ᠶᠢᠨ ᠰᠢᠨ᠎ᠡ ᠶᠢ ᠡᠭᠦᠳᠬᠦ ᠦᠢᠯᠡᠳᠦᠯᠭᠡ ᠵᠢᠨ ᠰᠠᠭᠤᠷᠢᠨ ᠭᠠᠵᠠᠷ ᠬᠢᠭᠡᠳ ︽ ᠤᠢ ᠵᠢᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠠᠮᠵᠢᠯᠴᠠᠨ ᠠᠵᠢᠯᠯᠠᠬᠤ ᠲᠣᠭᠲᠠᠴᠠ ᠶᠢᠨ ᠦᠢᠯᠡᠳᠦᠯ ᠢ ᠭᠦᠢᠴᠡᠳ  ᠪᠠᠳᠠᠷᠠᠭᠤᠯᠵᠤ᠂ ᠰᠡᠷᠭᠦᠭᠡᠯᠲᠡ ᠶᠢᠨ ᠴᠢᠨᠠᠷᠲᠠᠶ ᠬᠠᠤᠯᠢ ᠪᠠᠷᠢᠬᠤ  ᠤᠨᠤᠯᠵᠢᠬᠤᠨ ᠢ ᠦᠢᠯᠡᠳᠦᠯᠭᠡᠵᠢᠭᠦᠯᠬᠦ ᠵᠢᠨ ᠲᠦᠯᠦᠭᠡ᠂ 10 ᠰᠠᠷ᠎ᠠ ᠶᠢᠨ 16 ᠤ ᠡᠳᠦᠷ᠂ ᠷᠠᠰᠢᠶᠠᠨ ᠬᠤᠲᠠ ᠶᠢᠨ ᠪᠠᠶᠢᠴᠠᠭᠠᠬᠤ ᠬᠤᠷᠢᠶ᠎ᠠ ᠷᠠᠰᠢᠶᠠᠨ ᠬᠤᠲᠠ ᠶᠢᠨ ᠰᠢᠭᠦᠬᠦ ᠬᠤᠷᠢᠶ᠎ᠠ᠂ ᠷᠠᠰᠢᠶᠠᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂  ᠬᠢᠩᠭᠠᠨ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠷᠠᠰᠢᠶᠠᠨ ᠤ ᠬᠤᠪᠢᠶᠠᠷᠢ ᠲᠣᠪᠴᠢᠶ᠎ᠠ ᠲᠠᠢ ᠬᠠᠮᠲᠤᠷᠠᠨ ᠬᠠᠯᠬ᠎ᠠ ᠭᠤᠤᠯ ︵ᠷᠠᠰᠢᠶᠠᠨ ᠤ ᠬᠡᠰᠡᠭ︶ ᠤᠨ ᠤᠰᠤᠨ ᠣᠷᠣᠨ ᠳᠤ ᠨᠡᠶᠢᠲᠡ ᠶᠢᠨ ᠠᠰᠢᠭᠲᠤ ᠵᠠᠷᠭᠤ ᠶᠢᠨ ᠦᠷᠡᠵᠢᠭᠦᠯᠦᠨ ᠲᠠᠯᠪᠢᠬᠤ ᠠᠵᠢᠯᠯᠠᠭ᠎ᠠ ᠥᠷᠨᠢᠭᠦᠯᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ᠂ ᠠᠯᠪᠠᠨ ᠭᠡᠷᠡᠴᠢᠯᠡᠭᠡ ᠶᠢᠨ ᠭᠠᠵᠠᠷ ᠤᠨ ᠠᠵᠢᠯᠲᠠᠨ᠂ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ ᠵᠢᠴᠢ ︽ᠨᠡᠶᠢᠲᠡ ᠶᠢᠨ ᠲᠥᠯᠥᠭᠡ ᠰᠡᠳᠬᠢᠯ ᠲᠠᠯᠪᠢᠬᠤ︾ ᠰᠠᠶᠢᠨ ᠳᠤᠷ᠎ᠠ ᠶᠢᠨ ᠠᠵᠢᠯᠯᠠᠭᠴᠢ ᠶᠢ ᠤᠷᠢᠵᠤ ᠤᠷᠤᠯᠴᠠᠭᠤᠯᠵᠠᠢ᠃

 

 

        2022 ᠣᠨ ᠳᠤ᠂ ᠵᠤ ᠣᠪᠣᠭᠲᠤ ᠤᠯᠤᠰ ᠤᠨ ᠬᠤᠶᠠᠳᠤᠭᠠᠷ ᠳᠡᠰ ‍ᠤᠨ ᠬᠠᠮᠠᠭᠠᠯᠠᠯᠲᠠ ᠳᠤ ᠪᠠᠶᠢᠭ᠎ᠠ ᠬᠡᠭᠡᠷ᠎ᠡ ᠶᠢᠨ ᠠᠮᠢᠲᠠᠨ 14  ᠨᠠᠷᠢᠨ ᠬᠠᠢᠷᠰᠤᠲᠤ ᠲᠤᠯᠦ  ᠶᠢ ᠬᠠᠤᠯᠢ ᠪᠤᠰᠤ ᠪᠠᠷ ᠠᠩᠨᠠᠵᠤ ᠱᠦᠭᠦᠵᠦ᠂ ᠤᠯᠤᠰ ᠤᠨ ᠬᠤᠶᠠᠳᠤᠭᠠᠷ ᠳᠡᠰ  ᠤᠨ ᠬᠠᠮᠠᠭᠠᠯᠠᠯᠲᠠ ᠳᠤ ᠪᠠᠶᠢᠭ᠎ᠠ ᠬᠡᠭᠡᠷ᠎ᠡ ᠶᠢᠨ ᠠᠮᠢᠲᠠᠨ 4 ᠵᠢᠷᠠ ᠲᠤᠯᠤ ᠶᠢ ᠬᠠᠤᠯᠢ ᠪᠤᠰᠤ ᠪᠠᠷ ᠬᠤᠳᠠᠯᠳᠤᠨ ᠠᠪᠴᠤ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠪᠣᠯᠬᠤᠷ ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠪᠠᠰᠠ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠪᠠᠶᠢᠴᠠᠭᠠᠬᠤ ᠪᠠᠶᠢᠭᠤᠯᠭ᠎ᠠ ᠠᠴᠠ ᠠᠯᠪᠠᠨ ᠵᠠᠭᠠᠯᠳᠤᠯᠭ᠎ᠠ ᠭᠠᠷᠭᠠᠭᠰᠠᠨ ᠤ ᠲᠠᠷᠠᠭ᠎ᠠ᠂   ᠵᠣ ᠣᠪᠣᠭᠲᠤ ᠥᠪᠡᠷ ᠤᠨ ᠦᠢᠯᠡ ᠠᠵᠢᠯᠯᠠᠭ᠎ᠠ ᠶᠢᠨ ᠪᠤᠷᠤᠭᠤ ᠶᠢ ᠭᠦᠨᠵᠡᠭᠡᠶ ᠲᠠᠨᠢᠵᠤ᠂ ᠠᠮᠢ ᠠᠬᠤᠶ ᠶᠢᠨ ᠬᠤᠬᠢᠷᠠᠯ ᠤᠨ ᠲᠥᠯᠥᠪᠦᠷᠢ ᠶᠢᠨ ᠮᠥᠩᠭᠦ ᠶᠢ ᠰᠠᠨᠠᠭᠠᠴᠢᠯᠠᠭ᠎ᠠ ᠠᠴᠠ ᠪᠠᠨ ᠲᠤᠰᠢᠶᠠᠪᠠ᠃ ︽ᠬᠡᠨ ᠬᠤᠬᠢᠷᠠᠭᠤᠯᠪᠠᠯ ᠬᠡᠨ ᠵᠠᠰᠠᠵᠤ ᠰᠡᠷᠭᠦᠭᠡᠬᠦ︾ ᠵᠠᠷᠴᠢᠮ ᠤᠨ ᠶᠣᠰᠣᠭᠠᠷ᠂ ᠷᠠᠰᠢᠶᠠᠨ ᠬᠤᠲᠠ ᠶᠢᠨ ᠪᠠᠶᠢᠴᠠᠭᠠᠬᠤ ᠬᠤᠷᠢᠶ᠎ᠠ ᠭᠤᠷᠪᠠᠳᠠᠬᠢ ᠡᠲᠡᠭᠡᠳ ᠲᠤ ᠨᠠᠶᠢᠳᠠᠵᠤ ᠦᠷᠡᠵᠢᠭᠦᠯᠦᠨ ᠲᠠᠯᠪᠢᠵᠤ ᠶᠠᠪᠤᠭᠤᠯᠬᠤ ᠲᠥᠰᠦᠯ ᠲᠣᠭᠲᠠᠭᠠᠯᠭᠠᠵᠤ᠂ ᠵᠤ ᠣᠪᠣᠭᠲᠤ ᠶᠢᠨ ᠲᠤᠰᠢᠶᠠᠭᠰᠠᠨ ᠠᠮᠢ ᠠᠬᠤᠶ ᠶᠢᠨ ᠬᠤᠬᠢᠷᠠᠯ ᠤᠨ ᠲᠥᠯᠥᠪᠦᠷᠢ ᠶᠢᠨ ᠮᠥᠩᠭᠦ ᠶᠢ ᠲᠣᠰ ᠤᠳᠠᠭᠠᠨ ᠤ ᠦᠷᠡᠵᠢᠭᠦᠯᠦᠨ ᠲᠠᠯᠪᠢᠵᠤ ᠶᠠᠪᠤᠭᠤᠯᠤᠭᠰᠠᠨ 8000  ᠬᠦᠢᠲᠡᠨ ᠤᠰᠤᠨ ᠤ ᠨᠠᠷᠢᠨ ᠬᠠᠢᠷᠰᠤᠲᠤ ᠲᠤᠯᠤ ᠶᠢᠨ ᠵᠢᠷᠠᠭᠠᠬᠠᠶ ᠶᠢᠨ ᠴᠢᠬᠢ ᠶᠢ ᠬᠤᠳᠠᠯᠳᠤᠨ ᠠᠪᠬᠤ ᠳᠤ ᠬᠡᠷᠡᠭᠯᠡᠪᠡ᠃
        ᠲᠣᠰ ᠤᠳᠠᠭᠠᠨ ᠤ ᠠᠵᠢᠯᠯᠠᠭ᠎ᠠ ᠶᠢᠨ ᠳᠤᠮᠳᠠ᠂ ᠠᠯᠪᠠᠨ ᠭᠡᠷᠡᠴᠢᠯᠡᠭᠡᠨ ᠤ ᠭᠠᠵᠠᠷ ᠤᠨ ᠠᠵᠢᠯᠲᠠᠨ ᠲᠤᠬᠠᠶ ᠶᠢᠨ ᠲᠠᠯᠠᠪᠤᠷ ᠲᠤ ᠵᠢᠷᠠᠭᠠᠬᠠᠶ ᠵᠢᠨ ᠥᠯᠢᠭᠡᠷ ᠠᠪᠬᠤ᠂ ᠬᠦᠨᠳᠦ ᠶᠢ ᠪᠤᠳᠤᠬᠤ᠂ ᠲᠤᠭ᠎ᠠ ᠶᠢ ᠪᠤᠳᠤᠬᠤ ᠵᠡᠷᠭᠡ ᠲᠠᠯ᠎ᠠ ᠪᠠᠷ ᠬᠠᠮᠠᠭᠠᠯᠠᠨ ᠬᠠᠳᠠᠭᠠᠯᠠᠬᠤ ᠶᠢᠨ ᠬᠠᠮᠲᠤ ᠪᠥᠬᠦ ᠶᠠᠪᠤᠴᠠ ᠳᠤ ᠲᠠᠭᠤ ᠳᠦᠷᠰᠦ ᠰᠢᠩᠭᠡᠭᠡᠵᠦ᠂ ᠦᠷᠡᠵᠢᠭᠦᠯᠦᠨ ᠲᠠᠯᠪᠢᠵᠤ ᠶᠠᠪᠤᠭᠤᠯᠬᠤ ᠠᠵᠢᠯᠯᠠᠭ᠎ᠠ ᠶᠢᠨ ᠵᠢᠷᠤᠮᠵᠢᠯᠳᠤ ᠴᠢᠨᠠᠷ ᠪᠠ ᠦᠨᠡᠨ ᠪᠣᠳᠠᠲᠤ ᠴᠢᠨᠠᠷ ᠢ ᠡᠬᠢ ᠡᠭᠦᠰᠦᠯ ᠠᠴᠠ ᠨᠢ ᠦᠨᠡᠨ ᠬᠦ ᠪᠠᠲᠤᠯᠠᠭᠰᠠᠨ ᠪᠠᠶᠢᠨ᠎ᠠ᠃ ᠠᠵᠢᠯᠯᠠᠭ᠎ᠠ ᠨᠢ ᠠᠯᠪᠠᠨ ᠭᠡᠷᠡᠴᠢᠯᠡᠭᠡ ᠶᠢᠨ ᠭᠠᠵᠠᠷ ᠤᠨ ᠠᠵᠢᠯᠲᠠᠨ ᠤ ᠠᠯᠪᠠᠨ ᠭᠡᠷᠡᠴᠢᠯᠡᠭᠡ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ‍ᠦ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ᠂ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ ᠤ ᠲᠤᠰᠠᠯᠠᠭᠴᠢ᠂ ︽ᠨᠡᠶᠢᠲᠡ ᠶᠢᠨ ᠲᠥᠯᠥᠭᠡ ᠰᠡᠳᠬᠢᠯ ᠲᠠᠯᠪᠢᠬᠤ︾ ᠰᠠᠶᠢᠨ ᠳᠤᠷ᠎ᠠ ᠶᠢᠨ ᠠᠵᠢᠯᠯᠠᠭᠴᠢ ᠶᠢᠨ ᠬᠢᠨᠠᠯᠲᠠ ᠳᠣᠣᠷ᠎ᠠ ᠲᠡᠭᠦᠰ ᠠᠮᠵᠢᠯᠲᠠ ᠲᠠᠢ ᠪᠠᠷ ᠪᠡᠶᠡᠯᠡᠭᠳᠡᠵᠡᠶ᠃
        ᠲᠠᠷᠠᠭᠠᠴᠢ ᠶᠢᠨ ᠠᠯᠬᠤᠮ ᠳᠤ᠂ ᠷᠠᠰᠢᠶᠠᠨ ᠬᠤᠳᠠ ᠶᠢᠨ ᠪᠠᠶᠢᠴᠠᠭᠠᠬᠤ ᠬᠣᠷᠢᠶ᠎ᠠ ᠦᠷᠭᠦᠯᠵᠢᠯᠡᠨ ︽ᠠᠮᠢ ᠠᠬᠤᠢ ᠶᠢᠨ ᠪᠠᠶᠢᠴᠠᠭᠠᠯᠲᠠ ᠶᠢᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ᠨᠡᠶᠢᠲᠡ ᠶᠢᠨ ᠠᠰᠢᠭᠲᠤ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠬᠢ ᠶᠢ ᠢᠳᠡᠪᠬᠢᠲᠡᠢ ᠭᠦᠢᠴᠡᠳᠬᠡᠵᠦ᠂ ︽ᠴᠣᠬᠢᠯᠲᠠ ᠥᠭᠬᠦ ᠪᠠ ᠵᠠᠰᠠᠨ ᠰᠡᠷᠭᠦᠭᠡᠬᠦ ᠶᠢ ᠵᠡᠷᠭᠡᠪᠡᠷ ᠴᠢᠬᠤᠯᠠᠴᠢᠯᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠵᠤ᠂ ︽ᠪᠠᠶᠢᠴᠠᠭᠠᠬᠤ ᠠᠵᠢᠯ ᠤᠨ ᠬᠥᠬᠡᠮᠳᠦᠭ︾ ᠢᠶᠠᠷ ︽ᠠᠮᠢ ᠠᠬᠤᠢ ᠶᠢᠨ ᠬᠥᠬᠡᠮᠳᠦᠭ︾ ᠢ ᠬᠠᠮᠠᠭᠠᠯᠠᠬᠤ ᠤᠨᠤᠯᠵᠢᠬᠤᠨ ᠢ ᠬᠥᠮᠦᠰ ᠤᠨ ᠰᠡᠳᠬᠢᠯ ᠳᠤ  ᠬᠠᠳᠠᠩᠰᠢᠭᠤᠯᠤᠨ᠎ᠠ᠃
        ᠮᠡᠳᠡᠯᠭᠡ ᠶᠢᠨ ᠬᠤᠯᠪᠣᠭᠠᠰᠤ᠄
        【 ᠦᠷᠡᠵᠢᠭᠦᠯᠦᠨ ᠲᠠᠯᠪᠢᠵᠤ ᠶᠠᠪᠤᠭᠤᠯᠬᠤ ᠠᠭᠤᠯᠭ᠎ᠠ 】
        ᠦᠷᠡᠵᠢᠭᠦᠯᠦᠨ ᠲᠠᠯᠪᠢᠵᠤ ᠶᠠᠪᠤᠭᠤᠯᠬᠤ ᠭᠡᠳᠡᠭ ᠨᠢ ᠭᠤᠣᠯ ᠮᠥᠷᠡᠨ᠂ ᠨᠠᠭᠤᠷ ᠴᠥᠭᠦᠷᠥᠮ᠂ ᠳᠠᠯᠠᠢ ᠲᠠᠩᠭᠢᠰ ᠲᠤ ᠤᠰᠤᠨ ᠤ ᠠᠮᠢᠳᠤ ᠪᠣᠳᠠᠰ ᠤᠨ ᠥᠨᠳᠡᠭᠡ᠂ ᠨᠢᠯᠬ᠎ᠠ ᠪᠡᠶ᠎ᠡ ᠪᠤᠶᠤ ᠪᠡᠶ᠎ᠡ ᠭᠦᠢᠴᠡᠭᠰᠡᠨ ᠪᠡᠶ᠎ᠡ ᠶᠢ ᠲᠠᠯᠪᠢᠬᠤ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃ ᠦᠷᠡᠵᠢᠭᠦᠯᠦᠨ ᠲᠠᠯᠪᠢᠵᠤ ᠶᠠᠪᠤᠭᠤᠯᠬᠤ ᠠᠵᠢᠯᠯᠠᠭ᠎ᠠ ᠨᠢ ᠤᠰᠤᠨ ‍ᠤ ᠠᠮᠢᠳᠤ ᠪᠣᠳᠠᠰ ᠤᠨ ᠡᠬᠢ ᠪᠠᠶᠠᠯᠢᠭ ᠲᠤ ᠤᠴᠠᠷᠠᠭᠤᠯᠤᠭᠰᠠᠨ ᠬᠤᠬᠢᠷᠠᠯ ᠢ ᠵᠠᠰᠠᠨ ᠰᠡᠷᠭᠦᠭᠡᠵᠦ᠂ ᠤᠰᠤᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠤᠯᠠᠮ ᠨᠢᠭᠡ ᠠᠯᠬᠤᠮ ᠪᠠᠲᠤᠯᠠᠨ᠂ ᠵᠢᠭᠠᠰᠤᠨ ᠠᠵᠤ ᠠᠬᠤᠶ ᠶᠢᠨ ᠳᠦᠷᠰᠦ ᠶᠢᠨ ᠰᠦᠷᠦᠭ ᠤᠨ ᠡᠬᠢ ᠪᠠᠶᠠᠯᠢᠭ  ᠢ ᠰᠡᠷᠭᠦᠭᠡᠬᠦ ᠪᠠ ᠵᠢᠭᠠᠰᠤᠨ ᠠᠵᠤ ᠠᠬᠤᠶ ᠵᠢᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠠᠰᠢᠭᠲᠠᠶ ᠶᠤᠮ᠃
        【 ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠤᠷᠪᠤᠰ 】
        ᠡᠷᠡᠭᠦᠦ ᠶᠢᠨ ᠬᠠᠤᠯᠢ ᠶᠢᠨ ᠭᠤᠷᠪᠠᠨ ᠵᠠᠭᠤ ᠳᠥᠴᠢᠨ ᠨᠢᠭᠡᠳᠦᠭᠡᠷ ᠵᠦᠢᠯ 【 ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ 】 ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠭᠰᠠᠨ᠂ ᠠᠯᠠᠭᠰᠠᠨ᠂ ᠡᠰᠡᠬᠦᠯ᠎ᠡ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠵᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠬᠤᠳᠠᠯᠳᠤᠭᠰᠠᠨ ᠪᠠᠶᠢᠪᠠᠯ᠂ ᠲᠠᠪᠤᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠲᠠᠪᠤᠨ ᠵᠢᠯ ᠠᠴᠠ ᠳᠡᠭᠡᠭᠰᠢ ᠠᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︔ ᠤᠢᠢᠯᠠ ᠪᠠᠶᠢᠳᠠᠯ ᠨᠢ ᠣᠨᠴᠠᠭᠠᠶ ᠬᠦᠨᠳᠦ ᠨᠣᠴᠢᠲᠠᠶ ᠪᠠᠶᠢᠪᠠᠯ᠂ ᠠᠷᠪᠠᠨ ᠵᠢᠯ ᠠᠴᠠ ᠳᠡᠭᠡᠭᠰᠢ ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠵᠣᠭᠤᠰ ᠢᠶᠠᠷ ᠲᠣᠷᠭᠠᠬᠤ ᠪᠤᠶᠤ ᠡᠳ᠋ ᠬᠦᠷᠦᠩᠭᠡ ᠶᠢ ᠨᠢ ᠬᠤᠷᠢᠶᠠᠵᠤ ᠠᠪᠬᠤ ᠪᠠᠷ ᠨᠡᠶᠢᠯᠡᠭᠦᠯᠦᠨ ᠰᠢᠳᠬᠡᠨ᠎ᠡ᠃
        

 
  

 

ᠢᠷᠡᠯᠲᠡ
ᠷᠠᠰᠢᠶᠠᠨ ᠬᠤᠲᠠ ᠶᠢᠨ ᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro