ᠲᠡᠷᠢᠭᠦᠨ ᠨᠢᠭᠤᠷ  -  ᠬᠡᠷᠡᠭ ᠢᠶᠡᠷ ᠬᠠᠥᠯᠢ ᠲᠠᠶᠢᠯᠪᠤᠷᠢᠯᠠᠬᠤ

ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠳᠠᠩᠰᠠᠯᠠᠯ ᠢ ᠬᠡᠷᠬᠢᠨ ᠭᠦᠢᠴᠡᠳᠬᠡᠬᠦ ᠲᠤᠬᠠᠢ ᠪᠠᠶᠢᠴᠠᠭᠠᠬᠤ ᠵᠢᠨ ᠬᠢᠨᠠᠯᠲᠠ  ᠡᠴᠡ ᠬᠠᠷᠢᠭᠤᠯᠲᠠ ᠦᠭᠭᠦᠯ᠎ᠡ 

2024-03-15 09:52:50
ᠵᠣᠬᠢᠶᠠᠭᠴᠢ
ᠰᠠᠷᠠᠭᠤᠯ

 

ᠭᠦᠢᠴᠡᠳᠬᠡᠭᠦᠯᠬᠦ ᠪᠡᠷ ᠭᠤᠶᠤᠴᠢᠯᠠᠭᠴᠢ ᠪᠠᠶ ᠣᠪᠣᠭᠲᠤ  ᠭᠤᠶᠤᠴᠢᠯᠠᠭᠰᠠᠨ ᠬᠡᠷᠡᠭ   ᠤᠨ ᠢᠶᠠᠨ 《ᠬᠡᠳᠦ ᠬᠡᠷᠡᠭᠯᠡᠭᠡᠨ ᠦ ᠬᠢᠵᠠᠭᠠᠷᠯᠠᠭᠳᠠᠭᠴᠢ 》  ᠪᠣᠯᠤᠭᠰᠠᠨ ᠢ ᠰᠣᠨᠣᠰᠬᠤ ᠳᠤ ᠢᠲᠡᠭᠡᠬᠦᠶ᠎ᠡ ᠪᠡᠷᠬᠡ ᠪᠣᠯᠪᠠᠴᠤ ᠦᠨᠡᠨ ᠬᠡᠷᠡᠭ ᠪᠤᠯᠵᠤ ᠡᠭᠦᠰᠦᠭᠰᠡᠨ ᠪᠠᠶᠢᠨ᠎ᠠ᠃ 

ᠥᠪᠡᠷ ᠢᠶᠡᠨ ᠥᠪᠡᠷ ᠢ ᠪᠡᠨ ᠬᠡᠳᠦ ᠬᠡᠷᠡᠭᠯᠡᠭᠡᠨ ᠢ ᠬᠢᠵᠠᠭᠠᠷᠯᠠᠬᠤ ᠨᠡᠷᠡᠰ ᠲᠦ  ᠤᠷᠤᠭᠤᠯᠤᠭᠰᠠᠨ ᠤ  ᠤᠴᠢᠷ  ᠶᠠᠭᠤ ᠪᠤᠢ︖

ᠪᠠᠶ ᠣᠪᠣᠭᠲᠤ ᠪᠣᠯ A ᠣᠷᠴᠢᠨ ᠠᠬᠤᠶ ᠶᠢᠨ ᠬᠠᠮᠠᠭᠠᠯᠠᠯᠲᠠ ᠶᠢᠨ ᠺᠣᠮᠫᠠᠨᠢ ᠶᠢᠨ ᠬᠤᠪᠢ ᠣᠷᠣᠭᠤᠯᠤᠭᠴᠢ  ᠮᠦᠷᠲᠡᠭᠡᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ  ᠪᠠᠶᠢᠵᠤ᠂  ᠰᠲ᠋ᠣᠺ ᠤᠨ ᠡᠷᠬᠡ ᠪᠡᠨ ᠰᠢᠯᠵᠢᠭᠦᠯᠦᠨ ᠥᠭᠬᠦ ᠶᠠᠪᠤᠴᠠ ᠳᠤ ᠽᠸᠤ ᠣᠪᠣᠭᠲᠤ ᠪᠠ Aᠣᠷᠴᠢᠨ ᠠᠬᠤᠶ ᠶᠢᠨ ᠬᠠᠮᠠᠭᠠᠯᠠᠯᠲᠠ ᠶᠢᠨ ᠺᠣᠮᠫᠠᠨᠢ ᠲᠠᠶ ᠵᠠᠭᠤᠷᠠᠯᠳᠤᠭᠠᠨ ᠡᠭᠦᠰᠴᠦ ᠰᠢᠭᠦᠬᠦ ᠬᠣᠷᠢᠶᠠᠨ ᠳᠤ ᠵᠠᠭᠠᠯᠳᠤᠪᠠ᠃ ᠰᠢᠭᠦᠬᠦ ᠬᠣᠷᠢᠶ᠎ᠠ ᠰᠢᠭᠦᠨ  ᠲᠠᠰᠤᠯᠤᠯᠲᠠ ᠭᠠᠷᠭᠠᠵᠤ ᠂ ᠽᠸᠦ ᠣᠪᠣᠭᠲᠤ ᠪᠣᠯᠤᠨ A ᠣᠷᠴᠢᠨ ᠠᠬᠤᠶ ᠶᠢᠨ ᠬᠠᠮᠠᠭᠠᠯᠠᠯᠲᠠ ᠶᠢᠨ ᠺᠣᠮᠫᠠᠨᠢ  ᠵᠠᠬ᠎ᠠ ᠳᠡᠯᠭᠡᠭᠦᠷ ᠦᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠦ ᠬᠦᠷᠴᠦ ᠪᠠᠶ ᠣᠪᠣᠭᠲᠤ  ᠵᠢᠨ A ᠣᠷᠴᠢᠨ ᠠᠬᠤᠶ ᠶᠢᠨ ᠬᠠᠮᠠᠭᠠᠯᠠᠯᠲᠠ ᠶᠢᠨ ᠺᠣᠮᠫᠠᠨᠢ ᠶᠢᠨ ᠬᠠᠤᠯᠢ  ᠪᠠᠷ ᠲᠣᠭᠲᠠᠭᠠᠭᠰᠠᠨ ᠲᠥᠯᠥᠭᠡᠯᠡᠭᠴᠢ  ᠪᠠᠷ  ᠪᠦᠷᠢᠳᠭᠡᠭᠦᠯᠦᠭᠰᠡᠨ ᠲᠠᠩᠰᠠᠯᠠᠯ ᠤᠨ ᠤᠴᠢᠷ ᠶᠠᠪᠤᠳᠠᠯ ᠢ ᠰᠢᠶᠳᠪᠦᠷᠢᠯᠡᠬᠦ ᠪᠡᠷ ᠰᠢᠭᠦᠨ ᠲᠡᠰᠦᠯᠵᠡᠶ ᠃ 

ᠰᠢᠭᠦᠨ ᠲᠠᠰᠤᠯᠤᠯᠲᠠ ᠬᠦᠴᠦᠨ ᠲᠡᠶ ᠪᠣᠯᠤᠭᠰᠠᠨ ᠤ ᠳᠠᠷᠠᠭ᠎ᠠ ᠪᠠᠶ ᠣᠪᠣᠭᠲᠤ ᠠᠯᠪᠠᠳᠠᠯᠭ᠎ᠠ ᠪᠠᠷ  ᠭᠦᠢᠴᠡᠳᠭᠡᠭᠦᠯᠬᠦ ᠪᠡᠷ ᠭᠤᠶᠤᠴᠢᠯᠠᠵᠠᠶ ᠃ ᠽᠸᠤ ᠣᠪᠣᠭᠲᠤ ᠪᠣᠯᠤᠨ A ᠣᠷᠴᠢᠨ ᠠᠬᠤᠶ ᠶᠢᠨ ᠬᠠᠮᠠᠭᠠᠯᠠᠯᠲᠠ ᠶᠢᠨ ᠺᠣᠮᠫᠠᠨᠢ ᠡᠭᠦᠷᠭᠡ ᠪᠡᠨ ᠭᠦᠢᠴᠡᠳᠬᠡᠭᠰᠡᠨ ᠦᠭᠡᠢ ᠤᠴᠢᠷ ᠠᠴᠠ ᠰᠢᠭᠦᠬᠦ ᠬᠣᠷᠢᠶ᠎ᠠ ᠠᠴᠠ  ᠲᠡᠳᠡᠨ ᠳᠦ ᠲᠤᠰ ᠲᠤᠰ 《 ᠬᠡᠳᠦ ᠬᠡᠷᠡᠭᠯᠡᠭᠡ ᠶᠢ ᠬᠢᠵᠠᠭᠠᠷᠯᠠᠬᠤ》 ᠠᠷᠭ᠎ᠠ ᠬᠡᠮᠵᠢᠶ᠎ᠡ ᠠᠪᠴᠠᠶ᠃  ᠡᠨᠡ ᠦᠶ᠎ᠡ ᠳᠦ ᠂ A ᠣᠷᠴᠢᠨ ᠠᠬᠤᠶ ᠶᠢᠨ ᠬᠠᠮᠠᠭᠠᠯᠠᠯᠲᠠ ᠶᠢᠨ ᠺᠣᠮᠫᠠᠨᠢ ᠶᠢᠨ ᠬᠠᠤᠯᠢ  ᠪᠠᠷ ᠲᠣᠭᠲᠠᠭᠠᠭᠰᠠᠨ ᠲᠥᠯᠥᠭᠡᠯᠡᠭᠴᠢ ᠨᠢ ᠮᠦᠨ ᠪᠠᠶ ᠣᠪᠣᠭᠲᠤ ᠪᠠᠶᠢᠵᠤ ᠂  ᠬᠤᠯᠪᠤᠭᠳᠠᠭᠰᠠᠨ ᠬᠡᠷᠡᠭᠯᠡᠭᠡ ᠶᠢ ᠬᠢᠵᠠᠭᠠᠷᠯᠠᠬᠤ ᠡᠲᠡᠭᠡᠳ ᠪᠣᠯᠤᠭᠰᠠᠨ ᠤ ᠬᠤᠪᠢ ᠳᠤ ᠂ ᠪᠠᠶ ᠣᠪᠣᠭᠲᠤ ᠪᠠᠰᠠ  ᠬᠡᠳᠦ ᠬᠡᠷᠡᠭᠯᠡᠭᠡ ᠶᠢ ᠬᠢᠵᠠᠭᠠᠷᠯᠠᠬᠤ ᠨᠡᠷᠡᠰ ᠲᠦ ᠤᠷᠤᠭᠰᠠᠨ ᠪᠠᠶᠢᠨ᠎ᠠ ᠃ 

ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠦᠷᠢᠳᠬᠡᠯ ᠢ   ᠠᠷᠢᠯᠭᠠᠵᠤ ᠳᠡᠶᠢᠯᠦᠭᠰᠡᠨ ᠦᠭᠡᠶ ᠂ ᠥᠪᠡᠷ ᠢᠶᠡᠨ ᠪᠠᠰᠠ  ᠬᠡᠳᠦ ᠬᠡᠷᠡᠭᠯᠡᠭᠡ ᠪᠡᠨ ᠬᠢᠵᠠᠭᠠᠷᠯᠠᠭᠳᠠᠭᠰᠠᠨ ᠠᠴᠠ ᠪᠠᠶ ᠣᠪᠣᠭᠲᠤ ᠠᠷᠭ᠎ᠠ ᠪᠤᠰᠤ ᠪᠠᠶᠢᠴᠠᠭᠠᠬᠤ ᠪᠠᠶᠢᠭᠤᠯᠭ᠎ᠠ ᠳᠤ ᠢᠷᠡᠵᠦ ᠬᠢᠨᠠᠯᠲᠠ ᠲᠠᠯᠪᠢᠭᠤᠯᠬᠤ ᠪᠠᠷ ᠭᠤᠶᠤᠴᠢᠯᠠᠵᠠᠶ ᠃ 

 ᠬᠥᠰᠢᠭᠦᠨ ᠪᠠᠶᠢᠳᠠᠯ ᠳᠤ  ᠤᠷᠤᠭᠰᠠᠨ ᠭᠦᠢᠴᠡᠳᠬᠡᠯᠲᠡ  ᠵᠢᠨ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖

ᠳᠠᠭᠠᠭᠠᠨ ᠰᠢᠶᠳᠪᠦᠷᠢᠯᠡᠬᠦ ᠪᠠᠶᠢᠴᠠᠭᠠᠬᠤ ᠲᠤᠰᠢᠶᠠᠯᠲᠠᠨ ᠰᠢᠭᠦᠬᠦ ᠬᠣᠷᠢᠶᠠᠨ ᠤ ᠭᠦᠢᠴᠡᠳᠬᠡᠬᠦ ᠬᠡᠷᠡᠭ ᠢ ᠳᠠᠭᠠᠭᠠᠨ ᠰᠢᠳᠬᠡᠭᠴᠢ ᠲᠡᠶ ᠴᠠᠭ ᠲᠤᠬᠠᠶ ᠳᠤᠨᠢ ᠬᠠᠷᠢᠯᠴᠠᠭᠰᠠᠨ ᠪᠥᠭᠡᠳ ᠭᠦᠢᠴᠡᠳᠬᠡᠬᠦ ᠡᠪᠬᠡᠮᠡᠯ ᠢ ᠰᠢᠯᠵᠢᠭᠦᠯᠦᠨ ᠠᠪᠤᠪᠠ᠃ 

 ᠵᠠᠳᠠᠯᠤᠯᠲᠠ ᠬᠢᠵᠦ ᠰᠤᠳᠤᠯᠤᠨ ᠮᠠᠭᠠᠳᠯᠠᠭᠰᠠᠨ ᠢᠶᠠᠷ ᠂ ᠲᠤᠰ ᠬᠡᠷᠡᠭ ᠦᠨ ᠵᠠᠩᠭᠢᠯᠠᠭ᠎ᠠ ᠨᠢ ᠬᠠᠤᠯᠢ  ᠪᠠᠷ ᠲᠣᠭᠲᠠᠭᠠᠭᠰᠠᠨ ᠲᠥᠯᠥᠭᠡᠯᠡᠭᠴᠢ ᠶᠢᠨ ᠳᠠᠩᠰᠠᠯᠠᠯ ᠢ   ᠠᠷᠢᠯᠭᠠᠬᠤ  ᠶᠢ ᠬᠡᠷᠬᠢᠨ ᠭᠦᠢᠴᠡᠳᠭᠡᠬᠦ ᠶᠠᠪᠤᠳᠠᠯ ᠪᠣᠯᠤᠨ᠎ᠠ ᠃ ᠰᠢᠭᠦᠬᠦ ᠬᠣᠷᠢᠶ᠎ᠠ ᠲᠤᠰ ᠬᠡᠷᠡᠭ ᠢ ᠭᠦᠢᠴᠡᠳᠬᠡᠬᠦ ᠶᠠᠪᠤᠴᠠ ᠳᠤ ᠵᠠᠬ᠎ᠠ ᠳᠡᠯᠭᠡᠭᠦᠷ ᠦᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠦ ᠬᠠᠮᠵᠢᠨ ᠭᠦᠢᠴᠡᠳᠬᠡᠭᠦᠯᠬᠦ ᠮᠡᠳᠡᠭᠳᠡᠯ ᠦᠨ ᠪᠢᠴᠢᠭ ᠶᠠᠪᠤᠭᠤᠯᠵᠤ᠂ ᠪᠠᠶ ᠣᠪᠣᠭᠲᠤ ᠶᠢᠨ A ᠣᠷᠴᠢᠨ ᠠᠬᠤᠶ ᠶᠢᠨ ᠬᠠᠮᠠᠭᠠᠯᠠᠯᠲᠠ ᠶᠢᠨ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠬᠤᠪᠢ ᠪᠠᠷ ᠳᠠᠩᠰᠠᠯᠠᠭᠤᠯᠤᠭᠰᠠᠨ ᠵᠦᠢᠯᠡᠰ ᠢ ᠬᠠᠪᠰᠤᠷᠤᠨ  ᠠᠷᠢᠯᠭᠠᠬᠤᠬᠡᠷᠡᠭᠲᠡᠶ ᠭᠡᠵᠦ ᠵᠠᠬ᠎ᠠ ᠳᠡᠯᠭᠡᠭᠦᠷ ᠦᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠦ ᠱᠠᠭᠠᠷᠳᠠᠵᠠᠶ᠃ ᠵᠠᠬ᠎ᠠ ᠳᠡᠯᠭᠡᠭᠦᠷ ᠦᠨ ᠬᠠᠮᠢᠶᠠᠷᠤᠯᠲᠠ ᠶᠢᠨ ᠰᠠᠯᠠᠭ᠎ᠠ ᠮᠥᠴᠢᠷ ᠦᠨ ᠬᠠᠷᠢᠭᠤ ᠵᠠᠬᠢᠳᠠᠯ ᠳᠤ  ᠪᠠᠨ ᠂ ᠬᠠᠸᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠣᠪᠣᠭ ᠨᠡᠷ᠎ᠡ ᠪᠣᠯ ᠬᠠᠸᠯᠢ ᠪᠠᠷ ᠲᠣᠭᠲᠠᠭᠠᠭᠰᠠᠨ ᠭᠤᠶᠤᠴᠢᠯᠠᠯ ᠢᠶᠠᠷ ᠳᠠᠩᠰᠠᠯᠠᠭᠤᠯᠬᠤ ᠵᠦᠶᠯᠡᠰ ᠮᠥᠨ ᠂ ᠰᠣᠯᠢᠵᠤ ᠪᠣᠯᠬᠤ ᠠᠴᠠ ᠪᠢᠰᠢ ᠬᠠᠰᠤᠵᠤ ᠪᠣᠯᠬᠤ ᠥᠬᠡᠶ ᠂ ᠡᠷᠬᠡᠪᠰᠢ ᠬᠠᠮᠵᠢᠯᠴᠠᠨ ᠭᠦᠶᠴᠡᠳᠬᠡᠬᠦ ᠳᠤᠮᠳᠠ ᠪᠠᠨ ᠲᠣᠰ ᠣᠷᠴᠢᠨ ᠠᠬᠤᠶ ᠶᠢᠨ ᠬᠠᠮᠠᠭᠠᠯᠠᠯᠲᠠ ᠶᠢᠨ ᠺᠣᠮᠫᠠᠨᠢ ᠶᠢᠨ ᠰᠢᠨ᠎ᠡ ᠪᠡᠷ ᠲᠣᠮᠢᠯᠠᠭᠳᠠᠭᠰᠠᠨ ᠬᠠᠸᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠵᠢᠱᠢᠭᠳᠡᠭᠴᠢ ᠶᠢ ᠲᠣᠳᠣᠷᠬᠠᠶᠢᠯᠠᠪᠠᠯ ᠰᠠᠶ᠋ᠢ ᠬᠠᠪᠰᠤᠷᠤᠨ ᠭᠦᠶᠴᠡᠳᠬᠡᠵᠦ ᠪᠣᠯᠤᠨ᠎ᠠ ᠭᠡᠵᠡᠶ ᠃ 

ᠰᠢᠭᠦᠬᠦ ᠬᠣᠷᠢᠶᠠᠨ ᠤ ᠭᠦᠢᠴᠡᠳᠬᠡᠬᠦ ᠰᠠᠯᠠᠭ᠎ᠠ ᠮᠥᠴᠢᠷ ᠡᠴᠡ ᠰᠢᠭᠦᠨ ᠲᠠᠰᠤᠯᠤᠯᠲᠠ ᠭᠠᠷᠭᠠᠭᠰᠠᠨ ᠰᠢᠭᠦᠨ ᠲᠠᠰᠤᠯᠬᠤ ᠰᠠᠯᠠᠭ᠎ᠠ ᠮᠥᠴᠢᠷ ᠲᠦ ᠵᠠᠬᠢᠳᠠᠯ ᠢᠯᠡᠭᠡᠵᠦ ᠰᠢᠨ᠎ᠡ ᠪᠡᠷ ᠲᠣᠮᠢᠯᠠᠭᠳᠠᠭᠰᠠᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠵᠢᠱᠢᠭᠳᠡᠭᠴᠢ ᠶᠢᠨ ᠠᠰᠠᠭᠤᠳᠠᠯ ᠢ ᠯᠠᠪᠯᠠᠨ ᠠᠰᠠᠭᠤᠪᠠ᠃ ᠰᠢᠭᠦᠨ ᠲᠠᠰᠤᠯᠬᠤ ᠰᠠᠯᠠᠭ᠎ᠠ ᠮᠥᠴᠢᠷ ᠬᠠᠷᠢᠭᠤ ᠵᠠᠬᠢᠳᠠᠯ ᠳᠠᠭᠠᠨ A ᠣᠷᠴᠢᠨ ᠠᠬᠤᠶ ᠶᠢᠨ ᠬᠠᠮᠠᠭᠠᠯᠠᠯᠲᠠ ᠶᠢᠨ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠰᠢᠨ᠎ᠡ ᠲᠥᠯᠥᠭᠡᠯᠡᠭᠴᠢ ᠶᠢᠨ ᠵᠢᠱᠢᠭᠳᠡᠭᠴᠢ ᠶᠢ ᠲᠤᠬᠠᠶ ᠶᠢᠨ ᠬᠥᠮᠦᠨ ᠦ ᠭᠤᠶᠤᠴᠢᠯᠠᠯ ᠵᠢᠴᠢ ᠰᠢᠭᠦᠬᠦ ᠬᠡᠪᠴᠢᠶᠡᠨ ᠳᠦ ᠣᠷᠣᠭᠤᠯᠬᠤ ᠦᠭᠡᠢ ᠪᠣᠯᠬᠣᠷ ᠲᠣᠭᠲᠠᠭᠠᠬᠤ ᠶᠢᠨ ᠠᠷᠭ᠎ᠠ ᠦᠭᠡᠢ ᠭᠡᠪᠡ᠃ 

ᠢᠩᠭᠢᠭᠡᠳ ᠬᠡᠷᠡᠭ ᠨᠢ ᠬᠥᠰᠢᠭᠦᠨ ᠪᠠᠶᠢᠳᠠᠯ ᠳᠤ ᠣᠷᠣᠪᠠ᠃ ᠭᠦᠢᠴᠡᠳᠬᠡᠬᠦ ᠶᠢᠨ ᠠᠷᠭ᠎ᠠ ᠦᠭᠡᠢ ᠲᠠᠰᠤᠯᠤᠯᠲᠠ ᠨᠢ ᠲᠤᠬᠠᠶ ᠶᠢᠨ ᠬᠥᠮᠦᠨ ᠦ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠢᠶᠠᠷ ᠪᠠᠷᠠᠬᠤ ᠦᠭᠡᠢ ᠪᠠᠰᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠬᠣᠬᠢᠷᠠᠭᠤᠯᠵᠠᠶ᠃ 

ᠪᠠᠶᠢᠴᠠᠭᠠᠬᠤ ᠬᠢᠨᠠᠯᠲᠠ ᠶᠢᠨ ᠣᠷᠣᠯᠴᠠᠭ᠎ᠠ ᠡᠴᠡ  ᠤᠴᠢᠷ ᠶᠠᠪᠤᠳᠠᠯ ᠢᠯᠭᠠᠭᠤᠷᠢ ᠭᠠᠷᠤᠯ᠎ᠠ

ᠳᠠᠭᠠᠭᠠᠨ ᠰᠢᠶᠳᠪᠦᠷᠢᠯᠡᠬᠦ ᠪᠠᠶᠢᠴᠠᠭᠠᠬᠤ ᠲᠤᠰᠢᠶᠠᠯᠲᠠᠨ ᠬᠥᠰᠢᠭᠦᠨ ᠪᠠᠶᠢᠳᠠᠯ ᠢ ᠡᠪᠳᠡᠬᠦ ᠪᠡᠷ ᠵᠣᠷᠢᠭ ᠰᠢᠭᠤᠳᠴᠤ᠂ ᠮᠠᠲ᠋ᠧᠷᠢᠶᠠᠯ ᠪᠠᠶᠢᠴᠠᠭᠠᠨ ᠦᠵᠡᠬᠦ᠂ ᠬᠡᠷᠡᠭ ᠦᠨ ᠵᠢᠱᠢᠶ᠎ᠡ ᠶᠢ ᠡᠷᠢᠬᠦ᠂ ᠪᠠᠶᠢᠴᠠᠭᠠᠬᠤ ᠲᠤᠰᠢᠶᠠᠯᠲᠠᠨ ᠤ ᠬᠠᠮᠲᠤᠷᠠᠭᠰᠠᠨ ᠬᠤᠷᠠᠯᠳᠤᠭᠠᠨ ᠢᠶᠠᠷ  ᠶᠠᠷᠢᠯᠴᠠᠬᠠᠤ ᠪᠠᠷ ᠳᠠᠮᠵᠢᠨ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠤᠪᠤᠭ ᠨᠡᠷ᠎ᠡ ᠶᠢ ᠵᠥᠪᠬᠡᠨ ᠰᠣᠯᠢᠬᠤ ᠪᠠᠷ ᠲᠠᠮᠵᠢᠪᠠᠯ ᠰᠠᠶ᠋ᠢ ᠠᠷᠢᠯᠭᠠᠵᠤ ᠪᠣᠯᠬᠤ ᠪᠢᠰᠢ ᠭᠡᠵᠦ ᠤᠯᠠᠨ ᠢᠶᠠᠷ ᠢᠶᠠᠨ ᠰᠠᠨᠠᠯ ᠨᠢᠭᠡᠲᠡᠶ ᠦᠵᠡᠪᠡ᠃ ᠬᠠᠤᠯᠢ ᠴᠠᠭᠠᠵᠠ ᠶᠢᠨ ᠦᠢᠯᠡᠳᠦᠯᠭᠡ ᠶᠢᠨ ᠳᠤᠮᠳᠠ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠬᠦᠰᠦᠨᠦᠭᠲᠦ ᠳᠦ  《 ᠠᠷᠢᠯᠭᠠᠬᠤ》 ᠪᠤᠶᠤ 《ᠨᠢᠭᠡᠨᠲᠡ   ᠠᠷᠢᠯᠭᠠᠭᠰᠠᠨ》 ᠭᠡᠵᠦ ᠳᠠᠩᠰᠠᠯᠠᠭᠤᠯᠬᠤ᠂ 《ᠬᠣᠭᠣᠰᠣᠨ ᠣᠷᠣ》 ᠪᠠᠷ ᠳᠠᠩᠰᠠᠯᠠᠭᠤᠯᠬᠤ ᠪᠤᠶᠤ ᠨᠡᠶᠢᠭᠡᠮ ᠦᠨ ᠨᠢᠭᠡᠳᠦᠯᠲᠡᠶ ᠣᠷᠣᠯᠠᠬᠤ ᠨᠣᠮᠧᠷ ᠢᠶᠡᠷ ᠣᠷᠣᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠳᠠᠩᠰᠠᠯᠠᠭᠤᠯᠤᠭᠰᠠᠨ ᠵᠦᠢᠯᠡᠰ ᠢ   ᠠᠷᠢᠯᠭᠠᠬᠤ ᠲᠠᠰᠤᠯᠤᠯᠲᠠ ᠶᠢ ᠭᠦᠢᠴᠡᠳᠬᠡᠵᠦ ᠪᠣᠯᠤᠨ᠎ᠠ᠃ 

ᠪᠠᠶᠢᠴᠠᠭᠠᠬᠤ ᠲᠤᠰᠢᠶᠠᠯᠲᠠᠨ ᠪᠠᠶᠢᠴᠠᠭᠠᠬᠤ ᠠᠵᠢᠯᠲᠠᠨ ᠪᠡᠭᠡᠵᠢᠩ᠂ ᠱᠠᠩᠬᠠᠶ᠂ ᠵᠧᠵᠢᠶᠠᠩ᠂ ᠵᠢᠶᠠᠩᠰᠦ ᠵᠡᠷᠭᠡ ᠭᠠᠵᠠᠷ ᠤᠨ ᠦᠯᠢᠭᠡᠷ ᠵᠢᠱᠢᠶ᠎ᠡ ᠶᠢ ᠡᠷᠢᠨ ᠣᠯᠵᠤ᠂ ᠵᠠᠬ᠎ᠠ ᠳᠡᠯᠭᠡᠭᠦᠷ ᠦᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠡᠶ ᠤᠯᠠᠨ ᠤᠳᠠᠭ᠎ᠠ ᠨᠡᠪᠲᠡᠷᠡᠯᠴᠡᠨ ᠰᠣᠯᠢᠯᠴᠠᠵᠤ᠂ ᠵᠠᠬ᠎ᠠ ᠳᠡᠯᠭᠡᠭᠦᠷ ᠦᠨ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠦᠰ ᠲᠡᠬᠡᠨ ᠪᠠᠶᠢᠴᠠᠭᠠᠬᠤ ᠪᠠᠶᠢᠭᠤᠯᠭ᠎ᠠ ᠶᠢᠨ ᠦᠵᠡᠯᠲᠡ ᠶᠢ  ᠵᠥᠪᠰᠢᠶᠡᠷᠡᠭᠰᠡᠨ ᠪᠠᠶᠢᠨ᠎ᠠ᠃ ᠣᠳᠣᠬᠠᠨ ᠳᠤ ᠂ ᠪᠠᠶ ᠣᠪᠣᠭᠲᠤ ᠶᠢᠨ ᠬᠠᠤᠯᠢ  ᠪᠠᠷ ᠲᠣᠭᠲᠠᠭᠠᠭᠰᠠᠨ ᠲᠥᠯᠥᠭᠡᠯᠡᠭᠴᠢ ᠶᠢᠨ ᠮᠡᠳᠡᠭᠡ ᠵᠠᠩᠭᠢ ᠨᠢ ᠨᠢᠭᠡᠨᠲᠡ   ᠠᠷᠢᠯᠭᠠᠭᠳᠠᠭᠰᠠᠨ ᠪᠠᠶᠢᠨ᠎ᠠ ᠃   

ᠣᠶᠢᠯᠠᠭᠠᠭᠰᠠᠨ ᠢᠶᠠᠷ ᠂ ᠡᠨᠡ ᠪᠣᠯ ᠪᠥᠬᠥ ᠣᠷᠣᠨ ᠤ ᠬᠠᠥᠯᠢ ᠪᠠᠷ ᠲᠣᠭᠲᠠᠭᠠᠭᠰᠠᠨ ᠲᠥᠯᠥᠭᠡᠯᠡᠭᠴᠢ   ᠵᠢᠨ ᠳᠠᠩᠰᠠᠯᠠᠯ ᠢ ᠠᠷᠢᠯᠭᠠᠬᠤ ᠵᠠᠭᠠᠯᠳᠤᠯᠭ᠎ᠠ ᠶᠢ ᠠᠮᠵᠢᠯᠲᠠᠲᠠᠶ ᠭᠦᠶᠴᠡᠳᠬᠡᠭᠰᠡᠨ ᠠᠩᠬᠠᠳᠠᠭᠴᠢ ᠬᠡᠷᠡᠭ ᠪᠣᠯᠤᠨ᠎ᠠ ᠃ ᠲᠤᠰ ᠬᠡᠷᠡᠭ ᠢ ᠠᠮᠵᠢᠯᠲᠠ ᠲᠠᠶ ᠪᠠᠷ ᠭᠦᠢᠴᠡᠳᠬᠡᠭᠰᠡᠨ ᠶᠠᠪᠤᠳᠠᠯ ᠨᠢ ᠬᠣᠶᠢᠰᠢᠳᠠ ᠶᠢᠨ ᠠᠳᠠᠯᠢᠪᠲᠤᠷ ᠬᠡᠷᠡᠭ ᠢ ᠰᠢᠶᠳᠪᠦᠷᠢᠯᠡᠬᠦ ᠳᠦ ᠴᠦ ᠠᠰᠢᠭᠲᠠᠶ ᠲᠤᠷᠰᠢᠯᠭ᠎ᠠ ᠶᠢ ᠬᠠᠩᠭᠠᠭᠰᠠᠨ ᠪᠠᠶᠢᠨ᠎ᠠ᠃ 

12 ᠰᠠᠷ᠎ᠠ ᠶᠢᠨ 27 ᠤ ᠡᠳᠦᠷ ᠂ ᠪᠠᠶ ᠣᠪᠣᠭᠲᠤ ᠳᠠᠭᠠᠭᠠᠨ ᠰᠢᠳᠬᠡᠭᠴᠢ ᠳᠦ ᠬᠡᠮᠡᠷᠯᠢᠭ ᠲᠤᠭ ᠬᠦᠷᠭᠡᠵᠦ ᠲᠠᠯᠠᠷᠬᠠᠯ ᠢᠶᠠᠨ ᠢᠯᠡᠳᠬᠡᠪᠡ ᠃

ᠶᠠᠭᠤ ᠶᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢ ᠠᠷᠢᠯᠭᠠᠬᠤ ᠲᠠᠨᠭᠰᠠᠯᠠᠯᠳᠠ ᠭᠡᠬᠦ ᠪᠤᠢ︖ 

ᠶᠣᠰᠣ ᠵᠦᠢ ᠶᠢᠨ ᠲᠠᠯ᠎ᠠ ᠪᠠᠷ ᠶᠡᠷᠦ ᠳᠡᠭᠡᠨ 《ᠠᠷᠢᠯᠭᠠᠬᠤ》 ᠭᠡᠳᠡᠭ ᠪᠣᠯ ᠪᠣᠳᠠᠰ ᠤᠨ ᠡᠷᠬᠡ ᠶᠢᠨ ᠬᠠᠤᠯᠢ ᠶᠢᠨ ᠨᠢᠭᠡᠨ ᠤᠬᠠᠭᠳᠠᠬᠤᠨ ᠮᠥᠨ᠂ ᠲᠡᠷᠡ ᠨᠢ ᠪᠠᠷᠢᠴᠠᠭᠠᠨ ᠤ ᠡᠳ᠋ ᠬᠦᠷᠦᠨᠭᠭᠡ ᠶᠢᠨ ᠥᠮᠴᠢᠯᠡᠯ ᠦᠨ ᠡᠷᠬᠡ ᠶᠢ ᠣᠯᠤᠭᠰᠠᠨ ᠰᠢᠯᠵᠢᠭᠦᠯᠦᠨ ᠠᠪᠤᠭᠴᠢ ᠨᠢ ᠥᠭᠴᠡᠭᠡᠲᠡᠨ ᠢ ᠣᠷᠣᠯᠠᠨ ᠪᠠᠷᠢᠴᠠᠭᠠᠨ ᠤ ᠳᠠᠭᠠᠭᠠᠯᠲᠠ ᠶᠢᠨ ᠪᠦᠬᠦ ᠥᠭᠴᠡᠭᠡ ᠶᠢ ᠲᠦᠯᠦᠵᠦ ᠳᠠᠭᠤᠰᠬᠠᠬᠤ ᠪᠠᠷ ᠳᠠᠮᠵᠢᠭᠤᠯᠤᠨ ᠪᠠᠷᠢᠴᠠᠭᠠᠨ ᠤ ᠡᠷᠬᠡ ᠶᠢ ᠤᠰᠠᠳᠬᠠᠵᠤ᠂ ᠡᠭᠦᠨ ᠦ ᠤᠯᠠᠮ ᠠᠴᠠ ᠪᠠᠷᠢᠴᠠᠭᠠᠨ ᠤ ᠳᠠᠭᠠᠭᠠᠯᠲᠠ ᠶᠢᠨ ᠲᠠᠨᠭᠰᠠᠯᠠᠯᠳᠠ ᠶᠢ ᠠᠷᠢᠯᠭᠠᠬᠤ ᠶᠢ ᠵᠢᠭᠠᠵᠤ ᠪᠠᠶᠢᠨ᠎ᠠ᠃ 《ᠺᠣᠮᠫᠠᠨᠢ ᠶᠢᠨ ᠲᠠᠨᠭᠰᠠᠯᠠᠯᠳᠠ ᠶᠢ ᠠᠷᠢᠯᠭᠠᠬᠤ》 ᠡᠨᠡ ᠬᠦ ᠤᠬᠠᠭᠳᠠᠬᠤᠨ ᠡᠭᠦᠨ ᠡᠴᠡ ᠤᠯᠠᠷᠢᠨ ᠰᠢᠯᠵᠢᠵᠦ᠂ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠳᠠᠨ ᠵᠡᠷᠭᠡ ᠬᠣᠯᠪᠣᠭᠳᠠᠯ ᠪᠦᠬᠥᠢ ᠬᠥᠮᠦᠰ ᠦᠨ ᠦᠢᠯᠡᠳᠪᠦᠷᠢ ᠬᠤᠳᠠᠯᠳᠤᠭᠠᠨ ᠤ ᠲᠠᠨᠭᠰᠠᠯᠠᠯᠳᠠ ᠶᠢᠨ ᠮᠡᠳᠡᠭᠡ ᠵᠠᠩᠭᠢ ᠳᠡᠭᠡᠷ᠎ᠡ ᠵᠠᠷᠯᠠᠨ ᠨᠡᠶᠢᠲᠡᠯᠡᠭᠰᠡᠨ ᠪᠡᠶ᠎ᠡ ᠬᠡᠮ ᠦᠨ ᠮᠡᠳᠡᠭᠡ ᠵᠠᠩᠭᠢ ᠪᠤᠶᠤ ᠲᠤᠰᠢᠶᠠᠯ ᠡᠭᠦᠷᠭᠡᠯᠡᠬᠦ ᠮᠡᠳᠡᠭᠡ ᠵᠠᠩᠭᠢ ᠪᠠᠨ ᠠᠷᠢᠯᠭᠠᠬᠤ ᠶᠢ ᠱᠠᠭᠠᠷᠳᠠᠬᠤ ᠶᠢ ᠵᠢᠭᠠᠵᠤ ᠪᠠᠶᠢᠨ᠎ᠠ᠃ 

 

 

 

ᠢᠷᠡᠯᠲᠡ
ᠰᠠᠢᠬᠠᠨ ᠲᠤᠭᠤᠷᠢᠭ ᠤᠨ ᠪᠠᠢᠴᠠᠭᠠᠬᠤ ᠬᠣᠷᠢᠶ᠎ᠠ 
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro